ᠳᠡᠭᠡᠳᠦ ᠬᠠᠭᠠᠰ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠤ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠲᠠᠢ ᠪᠠᠶᠢᠨ᠎ᠠ᠃ 6 ᠳ᠋ᠤᠭᠠᠷ | ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ | ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 18568.11 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 14.13% ᠨᠡᠮᠡᠭᠳᠡᠪᠡ︔ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 0.03 ᠵᠠᠭᠤᠨ ᠤ ᠴᠡᠭ ᠦᠰᠴᠦ᠂ ᠵᠢᠯ ᠤᠨ ᠡᠬᠢᠨ ᠤ ᠬᠢ ᠠᠴᠠ 1427.43 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 111.74 ᠳ᠋ᠦᠩᠰᠢᠭᠤᠷ | ᠲᠥᠭᠦᠷᠢᠭ ᠨᠡᠮᠡᠭᠳᠡᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ 2016 ᠣᠨ ᠤ ᠳᠡᠭᠡᠳᠦ | ᠬᠠᠭᠠᠰ ᠵᠢᠯ ᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ | ᠮᠡᠳᠡᠭᠦᠯᠦᠯᠲᠡ ᠶᠢᠨ ᠵᠠᠳᠠᠯᠤᠯᠲᠠ ᠠᠴᠠ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠮᠠᠨ ᠤ ᠤᠷᠤᠨ ᠤ ᠠᠷᠠᠳ ᠤᠨ | ᠵᠣᠭᠤᠰᠣᠨ ᠤ ᠵᠢᠭᠡᠯᠡᠯᠭᠡ ᠦᠷᠭᠦᠯᠵᠢᠯᠡᠨ ᠨᠡᠮᠡᠭᠳᠡᠵᠦ᠂ ᠭᠤᠷᠪᠠᠨ ᠤᠨᠴᠠᠯᠢᠭ ᠢ ᠢᠯᠡᠷᠡᠭᠦᠯᠪᠡ᠄ ᠬᠠᠳᠠᠭᠠᠯᠠᠬᠤ ᠵᠢᠭᠡᠯᠡᠬᠦ | ᠬᠠᠷᠢᠴᠠᠯ ᠠᠴᠠ ᠠᠪᠴᠤ ᠦᠵᠡᠪᠡᠯ᠂ ᠮᠠᠨ ᠤ ᠤᠷᠤᠨ ᠤ ᠠᠷᠠᠳ ᠤᠨ ᠵᠣᠭᠤᠰᠣᠨ ᠤ ᠦᠯᠡᠳᠡᠪᠦᠷᠢ ᠬᠠᠳᠠᠭᠠᠯᠠᠮᠵᠢ | ᠵᠢᠭᠡᠯᠡᠯᠭᠡ ᠶᠢᠨ ᠬᠠᠷᠢᠴᠠᠯ 92.8% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠴᠡᠭ | ᠪᠠᠭᠤᠷᠠᠵᠤ᠂ 2015 ᠤᠨ ᠤ 2 ᠳ᠋ᠤᠭᠠᠷ ᠰᠠᠷ᠎ᠠ ᠠᠴᠠ ᠨᠠᠰᠢ ᠬᠠᠮᠤᠭ ᠤᠨ ᠳᠣᠣᠷ᠎ᠠ ᠪᠤᠯᠪᠠ᠃ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦᠨ ᠤ ᠢᠷᠡᠯᠳᠡ ᠠᠴᠠ ᠠᠪᠴᠤ ᠦᠵᠡᠪᠡᠯ᠂ ᠲᠦᠷᠦ ᠶᠢᠨ ᠪᠤᠳᠤᠯᠭ᠎ᠠ ᠶᠢᠨ ᠴᠢᠨᠠᠷᠲᠠᠶ | ᠪᠠᠩᠬᠢ ᠶᠢᠨ ᠢᠲᠡᠭᠡᠮᠵᠢᠲᠦ ᠵᠢᠭᠡᠯᠡᠯᠭᠡ ᠲᠡᠷᠢᠭᠦᠨ ᠳᠤ ᠤᠷᠤᠵᠤ᠂ ᠰᠢᠨ᠎ᠡ ᠪᠠᠷ 627.58 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠨᠡᠮᠡᠭᠳᠡᠵᠦ᠂ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠤᠭ᠎ᠠ ᠶᠢᠨ 43. | 97% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.45 ᠵᠠᠭᠤᠨ ᠤ ᠴᠡᠭ ᠳᠡᠭᠡᠭᠰᠢᠯᠡᠪᠡ᠃ | ᠵᠢᠭᠡᠯᠡᠯᠭᠡ ᠶᠢᠨ ᠬᠤᠭᠤᠴᠠᠭ᠎ᠠ ᠠᠴᠠ ᠠᠪᠴᠤ ᠦᠵᠡᠪᠡᠯ᠂ ᠳᠤᠮᠳᠠ ᠤᠷᠳᠤ ᠬᠤᠭᠤᠴᠠᠭᠠᠨ ᠤ ᠵᠢᠭᠡᠯᠡᠯᠭᠡ ᠶᠢᠨ | ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠰᠢᠨ᠎ᠡ ᠪᠠᠷ 920.82 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 352.83 ᠳ᠋ᠦᠩᠰᠢᠭᠤᠷ ᠲᠥᠭᠦᠷᠢᠭ ᠨᠡᠮᠡᠭᠳᠡᠵᠦ᠂ ᠪᠦᠬᠦ | ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ 64.51% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 21. | 34 ᠵᠠᠭᠤᠨ ᠤ ᠴᠡᠭ ᠨᠡᠮᠡᠭᠳᠡᠪᠡ᠃ |