ᠪᠡᠭᠡᠵᠢᠩ ᠥᠪᠥᠷ ᠮᠣᠩᠭᠤᠯ ᠤᠨ ︽ᠠᠭᠠᠷ ᠤᠨ ᠠᠮᠢ ᠨᠠᠰᠤᠨ ᠤ ᠬᠤᠩᠭᠢᠯ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2016/7/21
     7 ᠳ᠋ᠤᠭᠠᠷ ᠰᠠᠷ᠎ᠠ ᠶᠢᠨ 20᠎ ᠤ ᠡᠳᠦᠷ᠂ ᠪᠡᠭᠡᠵᠢᠩ ᠥᠪᠥᠷ ᠮᠣᠩᠭᠤᠯ ᠤᠨ ᠬᠤᠭᠤᠷᠤᠨᠳᠤᠬᠢ ᠠᠭᠠᠷ ᠤᠨ ᠵᠠᠮ ᠢ ᠠᠰᠢᠭᠯᠠᠨ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠬᠢᠬᠦ ᠵᠥᠪᠯᠡᠯᠴᠡᠭᠡᠷ ᠲᠤ ᠭᠠᠷ ᠦᠰᠦᠭ ᠵᠢᠷᠤᠬᠤ ᠶᠣᠰᠤᠯᠠᠯ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠲᠤ ᠶᠠᠪᠤᠭᠳᠠᠵᠠᠢ᠂ ᠡᠨᠡ ᠪᠣᠯ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠤᠣᠰᠯᠠᠯ ᠪᠣᠯᠵᠤ ᠲᠤᠰᠠᠯᠠᠨ ᠲᠡᠳᠬᠦᠬᠦ ᠠᠵᠢᠯ ᠮᠥᠨ ᠴᠢᠨᠠᠷ ᠤᠨ ᠱᠠᠲᠤᠨ ᠳᠤ ᠤᠷᠤᠵᠤ᠂ ᠪᠡᠭᠡᠵᠢᠩ᠂ ᠥᠪᠥᠷ ᠮᠣᠩᠭᠤᠯ ᠤᠨ ︽ᠠᠭᠠᠷ ᠤᠨ ᠠᠮᠢ ᠨᠠᠰᠤᠨ ᠤ ᠬᠤᠩᠭᠢᠯ︾ ᠵᠢᠩᠬᠢᠨᠢ ᠪᠠᠷ ᠡᠬᠢᠯᠡᠭᠰᠡᠨ ᠢ ᠬᠠᠷᠠᠭᠤᠯᠤᠭᠰᠠᠨ ᠪᠠᠶᠢᠨ᠎ᠠ᠃      ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠸᠠᠩ ᠬᠠᠢ ᠵᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠴᠧᠩ ᠸᠠᠩ᠂ ᠪᠡᠭᠡᠵᠢᠩ ᠬᠤᠳᠠ ᠶᠢᠨ ᠬᠤᠣᠰᠯᠠᠯ ᠪᠣᠯᠵᠤ ᠲᠤᠰᠠᠯᠠᠨ ᠲᠡᠳᠬᠦᠬᠦ ᠬᠠᠮᠲᠤᠷᠠᠯᠴᠠᠭᠠᠨ ᠤ ᠠᠯᠪᠠᠨ ᠭᠡᠷ ᠤᠨ ᠳᠡᠳ᠋ ᠡᠷᠬᠢᠯᠡᠭᠴᠢ ᠼᠦᠢ ᠬᠤᠩ ᠲᠤᠤ᠂ ᠵᠢᠴᠢ ᠪᠡᠭᠡᠵᠢᠩ᠂ ᠲᠢᠶᠠᠨᠵᠢᠨ᠂ ᠾᠤᠪᠸᠢ ᠪᠣᠯᠤᠨ ᠥᠪᠥᠷ ᠮᠣᠩᠭᠤᠯ ᠤᠨ ᠬᠠᠮᠢᠶ᠎ᠠ ᠪᠦᠬᠦᠢ ᠤᠳᠤᠷᠢᠳᠤᠯᠭ᠎ᠠ ᠨᠤᠭᠤᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠠᠯᠢᠶᠠᠬᠦᠤ ᠶᠠᠷᠢᠶᠠᠨ ᠳᠠᠭᠠᠨ ᠭᠠᠷ ᠤᠨ ᠦᠰᠦᠭ ᠵᠢᠷᠤᠬᠤ ᠶᠣᠰᠣᠯᠠᠯ ᠳᠤ ᠤᠷᠤᠯᠴᠠᠭᠰᠠᠨ ᠡᠷᠬᠢᠮ ᠵᠣᠴᠢᠳ᠂ ᠡᠯ᠎ᠡ ᠡᠲᠡᠭᠡᠳ ᠤᠨ ᠬᠥᠮᠦᠰ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠨ ᠲᠠᠯᠠᠷᠬᠠᠯ ᠢᠶᠠᠨ ᠳᠡᠪᠰᠢᠭᠦᠯᠪᠡ᠃      ᠲᠠᠨᠢᠯᠴᠠᠭᠤᠯᠤᠭᠰᠠᠨ ᠢᠶᠠᠷ᠂ ︽12·5︾᠎ ᠶᠢᠨ ᠬᠤᠭᠤᠴᠠᠭᠠᠨ ᠳᠤ᠂ ᠪᠡᠭᠡᠵᠢᠩ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠯᠠᠭᠠᠨᠴᠠᠪ ᠬᠤᠳᠠ ᠳᠤ 17.3448 ᠲᠦᠮᠡᠨ ᠲᠥᠭᠦᠷᠢᠭ ᠤᠨ ᠦᠷᠲᠡᠭ ᠪᠦᠬᠦᠢ ᠬᠤᠪᠴᠠᠰᠤ ᠬᠤᠨᠠᠷ ᠵᠡᠷᠭᠡ ᠠᠮᠢᠳᠤᠷᠠᠯ ᠤᠨ ᠡᠳ᠋ ᠪᠣᠳᠠᠰ ᠥᠭᠴᠡᠢ︔ ᠪᠡᠭᠡᠵᠢᠩ ᠬᠤᠲᠠ ᠶᠢᠨ ᠤᠯᠠᠭᠠᠨ ᠵᠠᠭᠠᠯᠮᠠᠶᠢᠳᠠᠨ ᠤ ᠰᠠᠭᠤᠷᠢ ᠮᠥᠩᠭᠦᠨ ᠤ ᠨᠡᠶᠢᠭᠡᠮᠯᠢᠭ 15 ᠲᠦᠮᠡᠨ ᠲᠥᠭᠦᠷᠢᠭ ᠴᠤᠭᠯᠠᠭᠤᠯᠤᠨ ᠤᠯᠠᠭᠠᠨᠴᠠᠪ ᠬᠤᠲᠠ ᠶᠢᠨ ᠶᠠᠳᠠᠭᠤ ᠬᠦᠴᠢᠷᠳᠡᠯᠲᠡᠶ ᠴᠠᠭᠠᠨ ᠬᠠᠷᠠᠩ ᠤᠷᠤᠭᠰᠠᠨ 66 ᠡᠪᠡᠳᠴᠢᠲᠡᠨ ᠳᠤ ᠮᠡᠰᠡ ᠵᠠᠰᠠᠯ ᠬᠢᠵᠦ ᠥᠭᠴᠡᠢ︔ ᠥᠪᠥᠷ ᠮᠣᠩᠭᠤᠯ ᠣᠷᠣᠨ ᠳᠤ ᠠᠭᠠᠷ ᠤᠨ ᠵᠠᠮ ᠢᠶᠠᠷ ᠡᠮ ᠡᠮᠨᠡᠯᠭᠡ ᠶᠢᠨ ᠲᠡᠭᠡᠭᠡᠪᠦᠷᠢᠯᠡᠨ ᠬᠦᠷᠭᠡᠬᠦ ᠨᠢᠰᠦᠯᠲᠡ ᠶᠢ 9 ᠤᠳᠠᠭ᠎ᠠ ᠦᠷᠨᠢᠭᠦᠯᠪᠡ᠃ ᠡᠨᠡ ᠵᠢᠯ ᠠᠴᠠ ᠨᠠᠰᠢ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ︽ᠠᠷᠠᠳ ᠲᠦᠮᠡᠨ ᠢᠶᠠᠷ ᠭᠤᠣᠯ ᠪᠣᠯᠭᠠᠬᠤ᠂ ᠬᠥᠮᠦᠯᠢᠭ ᠦᠵᠡᠯ ᠢᠶᠠᠷ ᠦᠨᠳᠦᠰᠦ ᠪᠣᠯᠭᠠᠬᠤ︾ ᠣᠨᠤᠯᠵᠢᠬᠤᠨ ᠢ ᠵᠢᠷᠤᠮᠯᠠᠨ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠭᠤᠷᠤᠨᠳᠤᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠤᠣᠰᠯᠠᠯ ᠪᠣᠯᠵᠤ ᠲᠤᠰᠠᠯᠠᠨ ᠲᠡᠳᠬᠦᠬᠦ ᠠᠵᠢᠯ ᠤᠨ ᠲᠣᠭᠲᠠᠴᠠ ᠶᠢ ᠰᠢᠨᠡᠴᠢᠯᠡᠬᠦ ᠲᠤᠬᠠᠢ ᠦᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠤᠭᠰᠠᠨ ᠪᠦᠭᠡᠳ ᠠᠭᠠᠷ ᠤᠨ ᠵᠠᠮ ᠢᠶᠠᠷ ᠠᠪᠤᠷᠠᠨ ᠲᠤᠰᠠᠯᠠᠬᠤ ᠶᠢ ᠠᠬᠢᠭᠤᠯᠬᠤ᠂ ᠬᠤᠣᠰᠯᠠᠯ ᠪᠣᠯᠵᠤ ᠲᠤᠰᠠᠯᠠᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠯᠲᠠ ᠶᠢᠨ ᠪᠣᠯᠪᠠᠰᠤᠷᠠᠭᠤᠯᠤᠯ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠪᠠ ᠰᠣᠯᠢᠯᠴᠠᠭ᠎ᠠ ᠥᠷᠨᠢᠭᠦᠯᠬᠦ ᠵᠡᠷᠭᠡ ᠲᠠᠯ᠎ᠠ ᠪᠠᠷ ᠰᠠᠨᠠᠯ ᠨᠢᠭᠡᠳᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠦᠴᠦᠨ ᠢᠶᠠᠨ ᠬᠠᠮᠲᠤᠳᠬᠠᠨ ᠬᠠᠮᠲᠤᠷᠠᠯᠴᠠᠵᠤ᠂ ᠰᠢᠨ᠎ᠡ ᠶᠢ ᠡᠭᠦᠳᠦᠨ ᠬᠦᠭᠵᠢᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠪᠠᠴᠢᠮ ᠪᠠᠶᠢᠳᠠᠯ ᠢ ᠠᠭᠠᠷ ᠤᠨ ᠵᠠᠮ ᠢᠶᠠᠷ ᠠᠷᠭᠠᠴᠠᠨ ᠠᠪᠤᠷᠠᠬᠤ ᠶᠢ ᠴᠣᠣᠷᠢᠶᠠᠳᠤᠨ ᠳᠠᠭᠠᠬᠤ ᠲᠣᠭᠲᠠᠴᠠ ᠎ ᠶᠢ ᠰᠦᠪᠡᠭᠴᠢᠯᠡᠨ ᠪᠠᠶᠢᠭᠤᠯᠵᠤ᠂ ᠰᠠᠭᠤᠷᠢ ᠪᠡᠯᠡᠳᠬᠡᠮᠵᠢ ᠶᠢ ᠪᠦᠷᠢᠨᠰᠢᠭᠦᠯᠦᠨ᠂ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ ᠠᠪᠤᠷᠠᠨ ᠲᠤᠰᠠᠯᠠᠯᠲᠠ ᠶᠢ ᠪᠦᠷᠢᠨ ᠪᠦᠷᠬᠦᠭᠦᠯᠬᠦ ᠪᠣᠯᠤᠨ᠎ᠠ᠃      ᠬᠥᠬᠡᠬᠤᠲᠠ᠂ ᠪᠤᠭᠤᠲᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ ᠵᠢᠴᠢ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠳ᠂ ᠥᠪᠥᠷ ᠮᠣᠩᠭᠤᠯ ᠤᠨ ᠡᠮ ᠡᠮᠨᠡᠯᠭᠡ ᠶᠢᠨ ᠠᠭᠠᠷ ᠤᠨ ᠠᠪᠤᠷᠠᠨ ᠲᠤᠰᠠᠯᠠᠯᠲᠠ ᠶᠢᠨ ᠬᠤᠯᠪᠤᠭ᠎ᠠ ᠶᠢᠨ 29 ᠡᠮᠨᠡᠯᠭᠡ ᠶᠢᠨ ᠬᠤᠷᠢᠶ᠎ᠠ ᠶᠢᠨ ᠲᠥᠯᠥᠭᠡᠯᠡᠭᠴᠢᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号