ᠳᠣᠣᠷ᠎ᠠ ᠬᠠᠭᠠᠰ ᠵᠢᠯ ᠳᠤ ᠥᠪᠥᠷ ᠮᠣᠩᠭᠤᠯ ᠤᠨ ᠰᠣᠶᠣᠯ ᠤᠨ 7 ᠭᠤᠣᠯᠳᠠᠯᠭ᠎ᠠ ᠲᠠᠢ ᠠᠵᠢᠯ ᠢ ᠲᠣᠭᠲᠠᠭᠠᠪᠠ
ᠨᠡᠶᠢᠲᠡᠯᠡᠭᠰᠡᠨ ᠴᠠᠭ᠄
2016/7/21
     7 ᠳ᠋ᠤᠭᠠᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠲᠦᠩ ᠭᠦᠸᠧ ᠴᠢᠩ ᠬᠤᠷᠠᠯ ᠳᠡᠭᠡᠷ᠎ᠡ 2016 ᠣᠨ ᠤ ᠥᠪᠥᠷ ᠮᠣᠩᠭᠤᠯ ᠤᠨ ᠳᠡᠭᠡᠳᠦ ᠬᠠᠭᠠᠰ ᠵᠢᠯ ᠤᠨ ᠡᠯ᠎ᠡ ᠵᠦᠢᠯ ᠤᠨ ᠰᠣᠶᠣᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ ᠳᠣᠣᠷ᠎ᠠ ᠬᠠᠭᠠᠰ ᠵᠢᠯ ᠳᠤ ᠰᠣᠶᠣᠯ ᠤᠨ ᠠᠵᠢᠯ ᠢ 7 ᠲᠠᠯ᠎ᠠ ᠪᠠᠷ ᠬᠦᠴᠦᠲᠡᠶ ᠠᠳᠬᠤᠨ ᠨᠠᠶᠢᠳᠠᠪᠤᠷᠢᠵᠢᠭᠤᠯᠬᠤ ᠠᠵᠢᠯ ᠤᠨ ᠭᠤᠣᠯᠳᠠᠯᠭ᠎ᠠ ᠶᠢ ᠪᠠᠶᠢᠷᠢᠯᠠᠭᠤᠯᠪᠠ᠃      ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠠᠯ᠎ᠠ ᠪᠠᠷ᠂ ᠳᠣᠣᠷ᠎ᠠ ᠬᠠᠭᠠᠰ ᠵᠢᠯ ᠳᠤ᠂ ᠥᠪᠥᠷ ᠮᠣᠩᠭᠤᠯ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠬᠢᠭᠡᠳ ᠲᠣᠭᠯᠠᠯᠲᠠ ᠶᠢᠨ  ᠡᠷᠴᠢᠮ ᠢᠶᠠᠨ ᠴᠢᠩᠭᠠᠷᠠᠭᠤᠯᠵᠤ᠂ ᠰᠢ ᠵᠦᠴᠦᠭᠡ᠂ ᠰᠢ ᠳᠠᠭᠤᠷᠢᠯᠢᠭ ᠢ ᠤᠯᠠᠮᠵᠢᠯᠠᠨ ᠬᠥᠭᠵᠢᠭᠦᠯᠬᠦ ᠶᠢ ᠳᠡᠮᠵᠢᠬᠦ ᠲᠤᠬᠠᠶ ᠨᠢᠵᠡᠭᠡᠳ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠪᠠᠶᠠᠷ ᠤᠨ ᠲᠣᠭᠯᠠᠯᠲᠠ ᠶᠢ ᠢᠳᠡᠪᠬᠢᠲᠡᠢ ᠪᠡᠯᠡᠳᠬᠡᠵᠦ᠂ ᠤᠳᠠᠯ ᠦᠭᠡᠢ ᠶᠠᠪᠤᠭᠳᠠᠬᠤ ᠭᠡᠵᠦ ᠪᠠᠶᠢᠭ᠎ᠠ ᠸᠧᠨ ᠬᠤᠸᠠ ᠱᠠᠩᠨᠠᠯ᠂ ᠴᠢᠶᠦ᠋ᠨ ᠰᠢᠩ ᠱᠠᠩᠨᠠᠯ ᠤᠨ ᠰᠢᠯᠭᠠᠷᠠᠭᠤᠯᠤᠯᠲᠠ ᠳᠤ ᠪᠦᠬᠦ ᠬᠦᠴᠦ ᠪᠠᠷ ᠢᠶᠠᠨ ᠴᠢᠷᠮᠠᠶᠢᠬᠤ ᠬᠡᠷᠡᠭᠲᠡᠢ᠃ ᠡᠭᠦᠨ ᠤ ᠵᠡᠷᠭᠡᠪᠡᠷ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠢᠯᠢᠳᠡᠭ ᠲᠣᠭᠯᠠᠯᠲᠠ ᠨᠤᠭᠤᠳ ᠢ ᠥᠷᠭᠦᠯᠵᠢᠯᠡᠨ ᠰᠢᠯᠢᠳᠡᠭᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢ ᠵᠦᠴᠦᠭᠡ ᠶᠢ ᠰᠤᠷᠭᠠᠭᠤᠯᠢ ᠶᠢᠨ ᠬᠦᠷᠢᠶ᠎ᠡ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠳᠤ  ᠣᠷᠣᠭᠤᠯᠬᠤ ᠪᠣᠳᠠᠲᠠᠶ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃      ᠤᠯᠠᠨ ᠨᠡᠶᠢᠲᠡ ᠶᠢᠨ ᠰᠣᠶᠣᠯ ᠤᠨ ᠠᠵᠢᠯ ᠤᠨ ᠲᠠᠯ᠎ᠠ ᠪᠠᠷ᠂ ︽ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠬᠤ ᠲᠤᠬᠠᠶ ᠰᠠᠨᠠᠯ︾᠎ ᠢ ᠥᠷᠭᠦᠯᠵᠢᠯᠡᠨ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠠᠯᠬᠤᠮ ᠳᠤ᠂ ᠠᠵᠢᠯ ᠤᠨ ᠭᠤᠣᠯᠳᠠᠯᠭ᠎ᠠ ᠶᠢ ᠦᠨᠳᠦᠰᠦᠯᠡᠨ᠂ ᠲᠤᠲᠠᠭᠤ ᠎ ᠪᠠᠨ ᠬᠦᠴᠦᠯᠡᠨ ᠨᠥᠬᠦᠪᠦᠷᠢᠯᠡᠵᠦ᠂ ᠰᠣᠶᠣᠯ ᠢᠶᠠᠷ ᠲᠤᠶᠢᠯ ᠤᠨ  ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠷ᠎ᠡ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃      ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠠᠯ᠎ᠠ ᠪᠠᠷ᠂ ᠳᠣᠣᠷ᠎ᠠ ᠬᠠᠭᠠᠰ ᠵᠢᠯ ᠳᠤ᠂  ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠯᠢᠶᠣᠤ ᠤᠯᠤᠰ ᠤᠨ ᠳᠡᠭᠡᠳᠦ ᠨᠡᠶᠢᠰᠡᠯᠡᠯ᠂ ︽ᠨᠢᠭᠡ ᠪᠦᠰᠡ ᠨᠢᠭᠡ ᠵᠠᠮ ︾᠎ ᠢ ᠳᠡᠯᠡᠬᠡᠶ ᠶᠢᠨ ᠥᠪ ᠲᠤ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠨᠡᠩ ᠣᠯᠠᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢ ᠨᠡᠶᠢᠭᠡᠮ ᠳᠤ ᠴᠢᠯᠥᠭᠡᠲᠡᠶ ᠪᠠᠶᠢᠯᠭᠠᠬᠤ ᠶᠢ ᠲᠦᠯᠬᠢᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ ᠵᠢᠭᠤᠯᠴᠢᠯᠠᠯ ᠤᠨ ᠠᠵᠤ ᠦᠢᠯᠡᠰ ᠲᠠᠢ ᠠᠭᠤᠰᠤᠯᠳᠤᠭᠤᠯᠤᠨ ᠬᠦᠭᠵᠢᠭᠦᠯᠬᠦ ᠶᠢ ᠠᠬᠢᠭᠤᠯᠵᠤ᠂ ᠨᠡᠩ ᠣᠯᠠᠨ ᠰᠣᠶᠣᠯ  ᠤᠨ ᠪᠦᠲᠦᠭᠡᠯᠴᠢ ᠦᠢᠯᠡᠳᠬᠦᠨ ᠢ ᠡᠭᠦᠳᠦᠨ ᠪᠦᠲᠦᠭᠡᠬᠦ ᠬᠡᠷᠡᠭᠲᠡᠢ᠃       ᠳᠣᠣᠷ᠎ᠠ ᠬᠠᠭᠠᠰ ᠵᠢᠯ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠳᠤ ᠬᠠᠤᠯᠢ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠥᠪᠯᠡᠨ ᠤᠯᠠᠮᠵᠢᠯᠠᠭᠴᠢ ᠶᠢ  ᠠᠪᠤᠷᠠᠯᠲᠠ ᠶᠢᠨ ᠴᠢᠨᠠᠷᠲᠠᠶ ᠪᠦᠷᠢᠳᠬᠡᠨ ᠲᠡᠮᠳᠡᠭᠯᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾᠎ ᠢ ᠨᠠᠶᠢᠳᠠᠪᠤᠷᠢᠵᠢᠭᠤᠯᠵᠤ᠂ ᠪᠠᠶᠢᠭᠤᠯᠤᠯ ᠤᠨ ᠲᠣᠭᠲᠠᠴᠠ ᠶᠢ ᠪᠦᠷᠢᠨᠰᠢᠭᠦᠯᠵᠦ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ᠰᠣᠶᠣᠯ ᠤᠨ ᠠᠵᠤ ᠦᠢᠯᠡᠰ ᠤᠨ ᠬᠥᠭᠵᠢᠯᠲᠡ ᠳᠤ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠬᠠᠮᠲᠤ ᠳᠤᠨᠢ ᠬᠠᠷᠠᠭᠠᠯᠵᠠᠵᠤ᠂ ᠪᠦᠲᠦᠭᠡᠯᠴᠢ ᠰᠠᠨᠠᠭ᠎ᠠ ᠰᠢᠨ᠎ᠡ ᠶᠢ ᠡᠭᠦᠳᠬᠦ ᠶᠢ ᠳᠣᠪᠣᠶᠢᠯᠭᠠᠨ᠂ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠰᠣᠶᠣᠯ ᠤᠨ ᠠᠵᠤ ᠦᠢᠯᠡᠰ ᠢ ᠮᠥᠩᠭᠦᠨ ᠭᠦᠢᠯᠭᠡᠭᠡᠨ ᠲᠠᠢ ᠵᠤᠯᠭᠠᠯᠳᠤᠭᠤᠯᠵᠤ᠂ ᠢᠲᠡᠭᠡᠮᠵᠢᠲᠦ ᠵᠢᠭᠡᠯᠡᠯᠭᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠨᠢᠭᠡ ᠪᠦᠯᠦᠭ ᠦᠵᠡᠮᠵᠢᠲᠦ ᠣᠷᠣᠨ ᠢ ᠰᠤᠩᠭᠤᠨ ᠰᠣᠶᠣᠯ ᠵᠢᠭᠤᠯᠴᠢᠯᠠᠯ ᠤᠨ ᠲᠤᠷᠰᠢᠯᠲᠠ ᠶᠢᠨ ᠴᠢᠭ᠋ ᠪᠣᠯᠭᠠᠵᠤ᠂ ᠲᠣᠷᠭᠠᠨ ᠵᠠᠮ ︵ᠳ᠋ᠦᠨᠬᠤᠸᠠᠩ ︶ ᠤᠯᠠᠨ ᠤᠯᠤᠰ ᠤᠨ ᠰᠣᠶᠣᠯ ᠤᠨ ᠦᠵᠡᠭᠦᠯᠦᠯᠭᠡ ᠶᠢᠨ ᠴᠤᠭᠯᠠᠭᠠᠨ ᠵᠡᠷᠭᠡ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ︔ ᠭᠠᠳᠠᠭᠠᠳᠤ ᠲᠠᠢ ᠰᠣᠯᠢᠯᠴᠠᠭ᠎ᠠ ᠬᠢᠬᠦ ᠠᠵᠢᠯ ᠤᠨ ᠲᠠᠯ᠎ᠠ ᠪᠠᠷ᠂ ︽ᠭᠠᠳᠠᠭᠠᠳᠤ ᠳᠠᠬᠢ ᠰᠣᠶᠣᠯ ᠤᠨ ᠵᠠᠬ᠎ᠠ ᠳᠡᠯᠭᠡᠭᠦᠷ ᠢ ᠠᠭᠤᠳᠠᠯᠠᠬᠤ ᠠᠵᠢᠯᠯᠠᠭ᠎ᠠ ᠶᠢᠨ ᠲᠥᠯᠥᠪᠯᠡᠭᠡ ︵2016-2020 ᠣᠨ︶︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠯᠡᠬᠡᠶ ᠳᠠᠶᠠᠭᠠᠷ ᠲᠤ ᠨᠥᠯᠥᠭᠡᠯᠡᠬᠦ ᠬᠦᠴᠦᠨ ᠲᠠᠢ ᠪᠦᠭᠡᠳ ᠨᠡᠯᠢᠶᠡᠳ ᠴᠢᠩᠭ᠎ᠠ  ᠨᠥᠯᠥᠭᠡᠯᠡᠬᠦ ᠬᠦᠴᠦᠨ ᠪᠦᠬᠦᠢ ᠨᠢᠭᠡ ᠪᠦᠯᠦᠭ ᠰᠣᠶᠣᠯ ᠤᠨ ᠨᠡᠷᠡᠲᠦ ᠲᠡᠮᠳᠡᠭ ᠢ ᠡᠭᠦᠳᠬᠦ ᠶᠢᠨ ᠬᠠᠮᠲᠤ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢᠨ ᠲᠣᠭᠤᠷᠢᠨ ᠳᠤ  ᠰᠣᠶᠣᠯ ᠤᠨ ᠰᠣᠯᠢᠯᠴᠠᠭ᠎ᠠ ᠶᠢ ᠥᠷᠭᠦᠯᠵᠢᠯᠡᠨ ᠦᠷᠨᠢᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号