ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠲᠡᠭᠡᠮᠵᠢᠲᠦ | ᠵᠢᠭᠡᠯᠡᠯᠭᠡ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠬᠦᠴᠦᠲᠡᠶ ᠳᠡᠮᠵᠢᠪᠡ᠃ | ᠡᠨᠡ ᠵᠢᠯ ᠠᠴᠠ ᠨᠠᠰᠢ᠂ ᠪᠥᠬᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠠᠵᠤ | ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠶ ᠲᠦᠯᠬᠢᠨ ᠠᠬᠢᠭᠤᠯᠵᠤ᠂ | ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ | ᠬᠦᠭᠵᠢᠭᠰᠡᠨ ᠠᠵᠤ ᠦᠢᠯᠡᠰ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ | ᠵᠡᠷᠭᠡ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠲᠤ ᠲᠠᠯᠪᠢᠬᠤ ᠢᠲᠡᠭᠡᠮᠵᠢᠲᠦ ᠵᠢᠭᠡᠯᠡᠯᠭᠡ ᠶᠢᠨ | ᠬᠡᠮᠵᠢᠶ᠎ᠡ ᠪᠠᠨ ᠲᠡᠰᠦᠷᠡᠯᠳᠠ ᠤᠢᠭᠡᠢ ᠦᠷᠭᠡᠳᠭᠡᠪᠡ᠃ ᠡᠭᠦᠨ ᠤ ᠬᠠᠮᠲᠤ᠂ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠶᠢ ᠦᠷᠭᠦᠯᠵᠢᠯᠡᠨ ᠵᠡᠭᠦᠨ ᠪᠡᠶ᠎ᠡ ᠲᠡᠰᠢ ᠬᠡᠯᠪᠡᠶᠢᠯᠭᠡᠵᠤ᠂ ᠣᠷᠣᠨ ᠪᠦᠰᠡ ᠶᠢᠨ ᠬᠤᠭᠤᠷᠤᠨᠳᠤᠬᠢ ᠢᠲᠡᠭᠡᠮᠵᠢᠲᠦ | ᠵᠢᠭᠡᠯᠡᠯᠭᠡ ᠶᠢᠨ ᠲᠡᠩᠴᠡᠭᠦᠷᠢ ᠦᠭᠡᠢ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ 2016 ᠣᠨ ᠤ ᠳᠡᠭᠡᠳᠦ | ᠬᠠᠭᠠᠰ ᠵᠢᠯ ᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ ᠥᠪᠡᠷᠲᠡᠭᠡᠨ | ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠮᠡᠳᠡᠭᠦᠯᠦᠯᠲᠡ ᠶᠢᠨ ᠵᠠᠳᠠᠯᠤᠯᠲᠠ ᠶᠢ ᠦᠨᠳᠦᠰᠦᠯᠡᠪᠡᠯ᠂ | ᠠᠵᠢᠯ ᠲᠦᠷᠦᠯ ᠢᠶᠠᠷ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠰᠢᠨ᠎ᠡ ᠪᠠᠷ ᠵᠢᠭᠡᠯᠡᠯᠭᠡ ᠲᠠᠯᠪᠢᠭᠰᠠᠨ ᠡᠮᠦᠨᠡᠬᠢ | ᠪᠠᠶᠢᠷᠢᠨ ᠳᠤ ᠵᠢᠭᠰᠠᠭᠠᠭᠳᠠᠬᠤ 6 ᠠᠵᠢᠯ ᠲᠥᠷᠥᠯ ᠭᠡᠪᠡᠯ ᠤᠰᠤᠨ ᠠᠰᠢᠭᠯᠠᠯᠲᠠ᠂ ᠣᠷᠴᠢᠨ ᠲᠣᠭᠤᠷᠢᠨ ᠪᠤᠯᠤᠨ | ᠤᠯᠠᠨ ᠨᠡᠶᠢᠲᠡ ᠶᠢᠨ ᠪᠡᠯᠡᠳᠭᠡᠮᠵᠢ ᠶᠢᠨ ᠬᠠᠮᠢᠶᠠᠷᠤᠯᠲᠠ ᠶᠢᠨ ᠦᠢᠯᠡᠰ᠂ ᠵᠠᠮ ᠲᠡᠭᠡᠭᠡᠪᠦᠷᠢ ᠶᠢᠨ ᠬᠦᠮᠦᠷᠭᠡᠯᠡᠯᠲᠡ ᠪᠠ | ᠰᠢᠦᠳᠠᠨ ᠤ ᠦᠢᠯᠡᠰ᠂ ᠦᠢᠯᠡᠳᠬᠦ ᠦᠢᠯᠡᠰ᠂ ᠠᠭᠤᠷᠬᠠᠶ ᠮᠠᠯᠲᠠᠬᠤ ᠦᠢᠯᠡᠰ᠂ ᠲᠦᠷᠢᠶᠡᠰᠦᠯᠡᠭᠦᠯᠬᠦ ᠪᠠ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠪᠤᠯᠤᠨ᠎ᠠ᠃ ᠡᠨᠡ 6 ᠶᠡᠭᠡ | ᠠᠵᠢᠯ ᠲᠥᠷᠥᠯ ᠳᠤ ᠲᠠᠯᠪᠢᠭᠰᠠᠨ ᠵᠢᠭᠡᠯᠡᠯᠭᠡ ᠶᠢ ᠵᠢᠯ ᠤᠨ ᠡᠬᠢᠨ ᠤ ᠬᠢ ᠠᠴᠠ 1039.29 ᠳ᠋ᠦᠡᠭᠰᠢᠭᠤᠷ | ᠲᠥᠭᠦᠷᠢᠭ ᠨᠡᠮᠡᠵᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠨᠢ ᠪᠦᠬᠦ ᠠᠵᠢᠯ ᠲᠦᠷᠤᠯ ᠳᠤ ᠰᠢᠨ᠎ᠡ ᠪᠠᠷ ᠨᠡᠮᠡᠵᠤ | ᠲᠠᠯᠪᠢᠭᠰᠠᠨ ᠵᠢᠭᠡᠯᠡᠯᠭᠡ ᠶᠢᠨ 97.23% ᠶᠢ ᠡᠵᠡᠯᠡᠨ᠎ᠡ︔ ᠤᠷᠤᠭᠤᠯᠤᠯᠲᠠ ᠠᠴᠠ ᠦᠵᠡᠪᠡᠯ᠂ 6 ᠳ᠋ᠤᠭᠠᠷ | ᠰᠠᠷ᠎ᠠ ᠶᠢᠨ ᠡᠴᠦᠰ ᠪᠣᠯᠲᠠᠯ᠎ᠠ᠂ ᠵᠡᠭᠦᠨ ᠪᠡᠶ᠎ᠡ ᠶᠢᠨ ᠠᠶᠢᠮᠠᠭ ᠬᠤᠳᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ | 4535.04 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 16.72% ᠨᠡᠮᠡᠭᠳᠡᠵᠤ᠂ | ᠪᠦᠬᠦ ᠣᠷᠣᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ 2.43 ᠵᠠᠭᠤᠨ ᠤ ᠴᠡᠭ ᠲᠦᠷᠭᠡᠳᠴᠦ᠂ ᠵᠢᠯ ᠤᠨ | ᠡᠬᠢᠨ ᠤ ᠬᠢ ᠠᠴᠠ 402.09 ᠳ᠋ᠦᠡᠭᠰᠢᠭᠤᠷ ᠲᠥᠭᠦᠷᠢᠭ ᠰᠢᠨ᠎ᠡ ᠪᠠᠷ ᠨᠡᠮᠡᠭᠳᠡᠨ᠂ ᠪᠦᠬᠦ ᠣᠷᠣᠨ ᠤ ᠰᠢᠨ᠎ᠡ ᠪᠠᠷ | ᠨᠡᠮᠡᠭᠳᠡᠭᠰᠡᠨ ᠵᠢᠭᠡᠯᠡᠯᠭᠡ ᠶᠢᠨ 28.17% ᠶᠢ ᠡᠵᠡᠯᠡᠪᠡ᠃ ᠡᠭᠦᠨ ᠠᠴᠠ ᠭᠠᠳᠠᠨ᠎ᠠ᠂ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠬᠦᠴᠢᠷᠳᠡᠯᠲᠡᠶ ᠠᠵᠤ ᠠᠬᠤᠶᠢᠯᠠᠯ ᠤᠨ ᠳᠠᠷᠤᠯᠲᠠ ᠶᠢ ᠰᠠᠨᠠᠭᠠᠴᠢᠯᠠᠭ᠎ᠠ ᠠᠴᠠ ᠪᠠᠨ | ᠪᠠᠭᠤᠷᠠᠭᠤᠯᠤᠨ᠂ ᠳᠠᠷᠤᠭᠠᠰᠤ ᠶᠢ ᠨᠢ ᠬᠥᠩᠭᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠦᠢᠳᠬᠡᠯ ᠢ | ᠬᠦᠡᠭᠭᠡᠷᠡᠭᠦᠯᠵᠤ ᠬᠡᠯᠲᠦᠷᠢᠭᠦᠯᠬᠦ᠂ ᠦᠢᠯᠡᠳᠬᠦᠨ ᠢ ᠰᠣᠯᠢᠬᠤ᠂ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ | ᠵᠢᠭᠡᠯᠡᠯᠭᠡ ᠪᠠᠨ ᠪᠤᠴᠠᠭᠠᠬᠤ ᠲᠥᠯᠥᠪᠯᠡᠭᠡ ᠶᠢ ᠲᠣᠬᠢᠷᠠᠭᠤᠯᠬᠤ᠂ ᠰᠢᠨ᠎ᠡ ᠪᠠᠷ ᠵᠢᠬᠡᠯᠡᠵᠤ ᠡᠮᠦᠨᠡᠬᠢ ᠪᠠᠨ ᠪᠤᠴᠠᠭᠠᠬᠤ᠂ | ᠲᠠᠬᠢᠨ ᠪᠡᠯᠡ ᠲᠤᠬᠢᠷᠠᠭᠤᠯᠵᠤ ᠦᠷᠭᠦᠯᠵᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ︽ᠪᠡᠯᠡ | ᠲᠣᠬᠢᠷᠠᠭᠤᠯᠬᠤ ᠦᠷᠲᠡᠭ ᠶᠡᠭᠡ︾᠂ ︽ᠪᠡᠯᠡ ᠲᠣᠬᠢᠷᠠᠭᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ | ᠨᠠᠮᠳᠠᠭᠤᠯᠪᠠ᠃ |