7 ᠳ᠋ᠤᠭᠠᠷ ᠰᠠᠷ᠎ᠠ ᠶᠢᠨ 20 ᠤ ᠦᠳᠡ ᠶᠢᠨ ᠡᠮᠦᠨ᠎ᠡ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠰᠤᠨᠢᠨ ᠮᠡᠳᠡᠭᠡᠨ ᠤ ᠠᠯᠪᠠᠨ ᠭᠡᠷ᠂ ᠲᠡᠭᠡᠷ᠎ᠠ ᠬᠠᠭᠠᠰ ᠵᠢᠯ ᠤᠨ ᠠᠵᠤ ᠠᠬᠤᠢ ᠶᠢᠨ ᠡᠷᠭᠢᠯᠳᠠ ᠶᠢᠨ | ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ | ᠲᠤᠪᠴᠢᠶᠠᠨ ᠤ ᠰᠤᠨᠢᠨ ᠮᠡᠳᠡᠭᠡᠨ ᠤ ᠦᠬᠦᠯᠡᠭᠴᠢ᠂ ᠲᠡᠳ᠋ ᠲᠤᠪᠴᠢᠶᠠᠨ ᠲᠠᠷᠤᠭ᠎ᠠ ᠫᠠᠨ ᡁᠢ ᠹᠧᠩ ᠢ ᠤᠷᠢᠵᠦ᠂ | ᠲᠡᠭᠡᠷ᠎ᠡ ᠬᠠᠭᠠᠰ ᠵᠢᠯ ᠤᠨ ᠮᠠᠨ ᠤ ᠤᠷᠤᠨ ᠤ ᠠᠵᠦ ᠠᠬᠤᠢ ᠶᠢᠨ ᠡᠷᠬᠢᠯᠳᠡ ᠶᠢᠨ ᠪᠠᠶᠢᠳᠠᠯ ᠤᠨ ᠲᠤᠬᠠᠢ | ᠲᠠᠨᠢᠯᠴᠠᠭᠤᠯᠵᠦ᠂ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠵᠠᠢ᠃ | ᠰᠤᠷᠪᠤᠯᠵᠢᠯᠠᠬᠴᠢ᠄ ᠳᠡᠭᠡᠷ᠎ᠠ ᠬᠠᠭᠠᠰ ᠵᠢᠯ ᠤᠨ ᠥᠪᠡᠷᠲᠡᠭᠡᠨ ᠵᠠᠰᠠᠬᠤ ᠤᠷᠤᠨ ᠤ ᠠᠵᠥ ᠠᠬᠤᠢ ᠶᠢᠨ | ᠡᠷᠬᠢᠯᠲᠡ ᠶᠢᠨ ᠤᠨᠴᠠᠯᠢᠭ ᠪᠠ ᠪᠠᠶᠢᠳᠠᠯ ᠬᠠᠨᠳᠤᠰᠢ ᠶᠢ ᠬᠡᠷᠬᠢᠨ ᠦᠨᠡᠯᠡᠬᠦ ᠪᠤᠢ︖ | ᠫᠠᠨ ᡁᠢ ᠹᠧᠩ᠄ ᠳᠡᠭᠡᠷ᠎ᠠ ᠬᠠᠭᠠᠰ ᠵᠢᠯ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠡᠷᠬᠢᠯᠲᠡ ᠶᠢᠨ | ᠶᠡᠷᠥᠩᠬᠡᠢ ᠪᠠᠶᠢᠳᠠᠯ ︽ᠲᠤᠭᠲᠠᠭᠤᠨ ᠤ ᠲᠤᠮᠳᠠ ᠠᠬᠢᠯᠲᠡ ᠲᠠᠢ᠂ ᠲᠤᠭᠲᠠᠭᠤᠨ ᠤ ᠲᠤᠮᠳᠠ ᠰᠠᠶᠢᠵᠢᠷᠠᠯᠳᠠ ᠲᠠᠢ︾᠃ | ︽ᠲᠤᠭᠲᠠᠭᠤᠨ︾ ᠤ ᠭᠤᠤᠯ ᠢᠯᠡᠷᠡᠯ᠄ ᠨᠢᠭᠡᠳᠥᠭᠡᠷ ︽ᠲᠤᠭᠲᠠᠭᠤᠨ︾ ᠨᠢ᠂ ᠪᠥᠬᠦᠯᠢ ᠴᠤᠭᠴᠠ ᠶᠢᠨ | ᠪᠠᠶᠢᠳᠠᠯ ᠬᠠᠨᠳᠤᠰᠢ ᠶᠢᠨ ᠲᠤᠭᠲᠠᠭᠤᠨ᠃ ᠳᠡᠭᠡᠷ᠎ᠠ ᠬᠠᠭᠠᠰ ᠵᠢᠯ ᠪᠥᠬᠦ ᠤᠷᠤᠨ ᠤ ᠤᠢᠢᠯᠡᠳᠪᠥᠷᠢᠯᠡᠯ ᠤᠨ ᠶᠡᠷᠥᠩᠬᠡᠢ | ᠥᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.1% ᠢᠶᠠᠷ ᠨᠡᠮᠡᠭᠳᠡᠵᠥ᠂ ᠪᠥᠬᠦ ᠤᠯᠤᠰ ᠤᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.4 ᠬᠤᠪᠢ ᠥᠨᠳᠥᠷ ᠪᠤᠯᠤᠬᠰᠠᠨ ᠪᠦᠭᠡᠳ | ᠨᠢᠳᠤᠨᠤᠨ ᠤ ᠠᠳᠠᠯᠢ ᠬᠤᠭᠤᠴᠠᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.2 ᠬᠤᠪᠢ | ᠥᠨᠳᠥᠷ ᠪᠤᠯᠪᠠ᠃ 2015 ᠣᠨ ᠤ ᠭᠤᠷᠪᠠᠳᠤᠭᠠᠷ ᠤᠯᠠᠷᠢᠯ ᠠᠴᠠ ᠨᠠᠰᠢ ᠨᠢᠭᠡᠨᠲᠡ ᠳᠥᠷᠪᠡᠨ ᠤᠯᠠᠷᠢᠯ ᠳᠠᠷᠠᠭᠠᠯᠠᠨ | 7% ᠠᠴᠠ ᠳᠡᠭᠡᠭᠰᠢ ᠲᠥᠪᠰᠢᠨ ᠳᠤ ᠲᠤᠭᠲᠠᠪᠤᠷᠢᠵᠢᠭᠰᠠᠨ ᠠᠴᠠ ᠲᠤᠭᠲᠠᠭᠤᠨ ᠨᠡᠮᠡᠭᠳᠡᠯ ᠢ ᠪᠠᠲᠤᠯᠠᠵᠤ ᠴᠢᠳᠠᠵᠠᠢ᠃ | ᠬᠤᠶᠠᠳᠤᠭᠠᠷ ︽ᠲᠤᠭᠲᠠᠭᠤᠨ︾ ᠨᠢ᠂ ᠮᠠᠯ ᠠᠵᠦ ᠠᠬᠤᠢ ᠲᠠᠷᠢᠶᠠᠯᠠᠩ ᠤᠨ ᠤᠢᠢᠯᠡᠳᠪᠥᠷᠢᠯᠡᠯ ᠤᠨ | ᠲᠤᠭᠲᠠᠭᠤᠨ᠃ ᠬᠡᠳᠦ᠋ᠢᠪᠡᠷ ᠤᠳᠤ ᠮᠠᠨ ᠤ ᠤᠷᠤᠨ ᠤ ᠠᠮᠤ ᠪᠤᠳᠠᠭ᠎ᠠ ᠬᠤᠷᠢᠶᠠᠵᠦ᠂ ᠮᠠᠯ ᠢ ᠶᠡᠭᠡ ᠬᠡᠮᠵᠢᠶ᠎ᠡ ᠪᠠᠷ | ᠪᠤᠷᠤᠯᠠᠭᠤᠯᠬᠤ ᠤᠯᠠᠷᠢᠯ ᠪᠤᠯᠤᠭ᠎ᠠ ᠥᠭᠡᠢ ᠪᠤᠯᠪᠠᠴᠥ ᠡᠨᠡ ᠵᠢᠯ ᠤᠨ ᠲᠠᠷᠢᠮᠠᠯ ᠤᠨ ᠲᠠᠯᠠᠪᠠᠢ ᠥᠨᠳᠥᠰᠥᠨ ᠳᠡᠭᠡᠨ | ᠲᠤᠬᠳᠠᠪᠤᠷᠢᠵᠢᠵᠠᠢ᠃ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ ᠤᠨ | ᠪᠥᠷᠢᠳᠬᠡᠯ ᠢ ᠥᠨᠳᠥᠰᠥᠯᠡᠪᠡᠯ᠂ ᠡᠨᠡ ᠵᠢᠯ ᠪᠥᠬᠦ ᠤᠷᠤᠨ ᠤ ᠲᠠᠷᠢᠮᠠᠯ ᠲᠠᠷᠢᠬᠰᠠᠨ ᠪᠥᠬᠦ ᠲᠠᠯᠠᠪᠠᠢ ᠵᠢᠴᠢ ᠠᠮᠥ | ᠪᠤᠳᠠᠭᠠᠨ ᠤ ᠲᠠᠷᠢᠮᠠᠯ ᠲᠠᠷᠢᠬᠰᠠᠨ ᠲᠠᠯᠠᠪᠠᠢ ᠪᠥᠷ 1 ᠳ᠋ᠦᠩᠰᠢᠭᠤᠷ ᠮᠥ ᠶᠢ ᠲᠠᠪᠠᠵᠦ᠂ ᠤᠤᠯ ᠤᠨ | ᠬᠠᠷᠠᠯᠲᠠ ᠠᠴᠠ ᠪᠠᠨ ᠬᠤᠯᠠ ᠳᠠᠪᠠᠵᠤ᠂ ᠲᠠᠷᠠᠭᠠᠴᠢ ᠶᠢᠨ ᠬᠤᠭᠤᠴᠠᠭᠠᠨ ᠳᠤ ᠪᠥᠬᠦ ᠤᠷᠤᠨ ᠳᠤ ᠶᠡᠭᠡ ᠬᠡᠪᠴᠢᠶᠡᠨ ᠤ | ᠪᠠᠶᠢᠭᠠᠯᠢ ᠤᠨ ᠭᠠᠮᠰᠢᠭ ᠭᠠᠷᠬᠤ ᠥᠬᠡᠢ ᠯᠡ ᠪᠤᠯ᠂ ᠪᠥᠬᠦ ᠤᠷᠤᠨ ᠤ ᠠᠮᠥ ᠪᠤᠳᠠᠭ᠎ᠠ ᠡᠯᠪᠡᠭ ᠬᠤᠷᠢᠶᠠᠯᠲᠠ | ᠤᠯᠬᠤ ᠳᠤ ᠠᠰᠠᠭᠤᠳᠠᠯ ᠥᠭᠡᠢ᠃ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ | ᠤᠨ ᠪᠥᠷᠢᠳᠬᠡᠯ ᠢ ᠥᠨᠳᠥᠰᠥᠯᠡᠪᠡᠯ᠂ 4 ᠳ᠋ᠦ᠋ᠭᠡᠷ ᠰᠠᠷ᠎ᠠ ᠶᠢᠨ ᠰᠡᠬᠦᠯᠴᠢ ᠪᠤᠯᠲᠠᠯ᠎ᠠ᠂ ᠪᠥᠬᠦ ᠤᠷᠤᠨ ᠨᠡᠶᠢᠲᠡ 6330 | ᠲᠥᠮᠡᠨ ᠲᠥᠯ ᠲᠤᠰᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 5.4% ᠢᠶᠠᠷ ᠨᠡᠮᠡᠭᠳᠡᠵᠦ᠂ | ᠡᠳᠡᠭᠡᠷᠡᠯᠳᠡ ᠶᠢᠨ ᠨᠤᠷᠮ᠎ᠠ 98% ᠳᠤ ᠬᠦᠷᠴᠡᠢ᠃ | ᠭᠤᠷᠪᠠᠳᠤᠭᠠᠷ ︽ᠲᠤᠭᠲᠠᠭᠤᠨ︾ ᠨᠢ᠂ ᠠᠵᠤ ᠤᠢᠢᠯᠡᠳᠪᠦᠷᠢ ᠪᠠ ᠪᠠᠷᠢᠯᠭ᠎ᠠ ᠶᠢᠨ ᠤᠢᠢᠯᠡᠰ ᠤᠨ | ᠤᠢᠢᠯᠡᠳᠪᠥᠷᠢᠯᠡᠯ ᠤᠨ ᠲᠤᠭᠲᠠᠭᠤᠨ᠃ ᠳᠡᠭᠡᠷ᠎ᠡ ᠬᠠᠭᠠᠰ ᠵᠢᠯ ᠪᠥᠬᠦ ᠤᠷᠤᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠤᠢᠢᠯᠡᠳᠪᠦᠷᠢ ᠶᠢᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 8.1% ᠢᠶᠠᠷ | ᠨᠡᠮᠡᠭᠳᠡᠵᠥ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠲᠠᠢ ᠠᠳᠠᠯᠢ ᠪᠤᠯᠵᠦ᠂ | ᠲᠦᠷᠦᠬᠦᠤ ᠤᠯᠠᠷᠢᠯ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.2 ᠬᠤᠪᠢ ᠥᠨᠳᠥᠷ | ᠪᠤᠯᠤᠬᠰᠠᠨ ᠲᠡᠳᠥᠢ ᠥᠭᠡᠢ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ | ᠬᠠᠷᠢᠴᠠᠯ ᠢᠶᠠᠷ 2.1 ᠬᠤᠪᠢ ᠥᠨᠳᠥᠷ ᠪᠤᠯᠵᠦ᠂ ᠪᠥᠭᠦ ᠤᠯᠤᠰ ᠤᠨ ᠡᠯ᠎ᠡ ᠮᠤᠵᠢ ᠬᠤᠲᠠ ᠶᠢᠨ ᠳᠤᠲᠤᠷ᠎ᠠ 7 | ᠳ᠋ᠤᠭᠠᠷ ᠲᠤ ᠤᠷᠤᠵᠠᠢ᠃ ᠪᠠᠷᠢᠯᠭ᠎ᠠ ᠶᠢᠨ ᠤᠢᠢᠯᠡᠰ ᠤᠨ ᠨᠡᠮᠡᠭᠳᠡᠯ ᠦᠷᠲᠡᠭ ᠨᠢ 435.88 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.8% ᠢᠶᠠᠷ ᠨᠡᠮᠡᠭᠳᠡᠨ᠂ | ᠲᠤᠭᠲᠠᠭᠤᠨ ᠨᠡᠮᠡᠭᠳᠡᠯ ᠢ ᠪᠡᠶᠡᠯᠡᠭᠦᠯᠵᠠᠢ᠃ | ᠲᠥᠷᠪᠡᠳᠥᠭᠡᠷ ︽ᠲᠤᠭᠲᠠᠭᠤᠨ︾ ᠨᠢ᠂ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ | ᠤᠨ ᠲᠤᠭᠲᠠᠭᠤᠨ᠃ ᠳᠡᠭᠡᠷ᠎ᠡ ᠬᠠᠭᠠᠰ ᠵᠢᠯ ᠳᠤ᠂ ᠪᠥᠬᠦ ᠤᠷᠤᠨ ᠤ 500 ᠲᠥᠮᠡᠨ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠤᠨ ᠲᠤᠭᠲᠠᠮᠠᠯ ᠬᠥᠷᠥᠩᠬᠡ ᠶᠢᠨ ᠪᠡᠯᠡ ᠤᠷᠤᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 13.1% ᠢᠶᠠᠷ ᠨᠡᠮᠡᠭᠳᠡᠵᠥ᠂ ᠡᠨᠡ ᠵᠢᠯ ᠤᠨ ᠵᠢᠱᠢᠭᠰᠡᠨ ᠬᠠᠷᠠᠯᠲᠠ ᠠᠴᠠ ᠵᠠᠭᠤᠨ ᠤ ᠬᠠᠷᠢᠴᠠᠯ ᠢᠶᠠᠷ 1. | 1 ᠬᠤᠪᠢ ᠥᠨᠳᠥᠷ ᠪᠤᠯᠤᠬᠰᠠᠨ ᠪᠦᠭᠡᠳ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ | ᠬᠠᠷᠢᠴᠠᠯ ᠢᠶᠠᠷ 4.1 ᠬᠤᠪᠢ ᠥᠨᠳᠥᠷ ᠪᠤᠯᠵᠦ᠂ ᠪᠥᠬᠦ ᠤᠯᠤᠰ ᠤᠨ ᠡᠯ᠎ᠡ ᠮᠤᠵᠢ ᠤᠷᠤᠨ ᠬᠤᠲᠠ ᠶᠢᠨ ᠳᠤᠲᠤᠷ᠎ᠠ | 11 ᠳ᠋ᠦ᠋ᠭᠡᠷ ᠲᠤ ᠤᠷᠤᠵᠤ᠂ ᠤᠷᠴᠢᠮ ᠤᠨ ᠬᠤᠶᠠᠷ ᠵᠢᠯ ᠤᠨ ᠲᠤᠭᠲᠠᠭᠤᠨ ᠨᠡᠮᠡᠭᠳᠡᠯ ᠤᠨ ᠬᠠᠨᠳᠤᠰᠢ ᠪᠠᠨ | ᠥᠷᠭᠦᠯᠵᠢᠯᠡᠨ ᠪᠠᠲᠤᠯᠠᠵᠤ ᠴᠢᠳᠠᠭᠰᠠᠨ ᠪᠠᠶᠢᠨ᠎ᠠ᠃ | ᠲᠠᠪᠤᠳᠤᠭᠠᠷ ︽ᠲᠤᠭᠲᠠᠭᠤᠨ︾ ᠨᠢ᠂ ᠪᠠᠷᠠᠭᠠᠨ ᠤ ᠥᠨ᠎ᠡ ᠶᠢᠨ ᠲᠥᠪᠰᠢᠨ ᠤ ᠲᠤᠭᠲᠠᠭᠤᠨ᠃ ᠳᠡᠭᠡᠷ᠎ᠡ | ᠬᠠᠭᠠᠰ ᠵᠢᠯ ᠪᠥᠬᠦ ᠤᠷᠤᠨ ᠤ ᠰᠠᠭᠤᠭᠠᠯᠢ ᠠᠷᠠᠳ ᠤᠨ ᠬᠡᠷᠡᠭᠯᠡᠭᠡ ᠶᠢᠨ ᠥᠨ᠎ᠡ ᠶᠢᠨ ᠲᠥᠪᠰᠢᠨ ᠨᠢᠳᠤᠨᠤᠨ ᠤ | ᠠᠳᠠᠯᠢ ᠬᠤᠭᠤᠴᠠᠭᠠᠨ ᠤ ᠠᠴᠠ 1.3% ᠢᠶᠠᠷ ᠦᠰᠴᠤ᠂ ᠲᠦᠷᠦᠬᠦᠦ ᠤᠯᠠᠷᠢᠯ ᠤᠨ ᠥᠰᠥᠯᠲᠡ ᠶᠢᠨ ᠨᠤᠷᠮ᠎ᠠ ᠠᠴᠠ | ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠤᠯᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠠᠴᠠ ᠵᠠᠭᠤᠨ | ᠤ ᠬᠠᠷᠢᠴᠠᠯ ᠢᠶᠠᠷ 0.8 ᠳᠤᠤᠷ᠎ᠠ ᠪᠤᠯᠵᠦ᠂ ᠪᠥᠬᠦᠯᠢ ᠴᠤᠭᠴᠠ ᠲᠠᠭᠠᠨ ᠪᠠᠭ᠎ᠠ ᠥᠰᠦᠭᠰᠡᠨ ᠬᠠᠨᠳᠤᠰᠢ ᠲᠠᠢ᠃ | ︽ᠠᠬᠢᠯᠲᠡ︾ ᠶᠢᠨ ᠢᠯᠡᠷᠡᠯ᠄ ᠨᠢᠭᠡᠳᠥᠭᠡᠷ ︽ᠠᠬᠢᠯᠲᠡ︾ ᠨᠢ᠂ ᠤᠢᠢᠯᠡᠳᠪᠥᠷᠢᠯᠡᠯ ᠤᠨ ᠪᠥᠲᠥᠴᠡ ᠶᠢᠨ ︽ | ᠠᠬᠢᠯᠲᠡ︾᠃ ᠪᠥᠬᠦ ᠤᠷᠤᠨ ᠤ ᠭᠤᠷᠪᠠᠨ ᠠᠵᠦ ᠦᠢᠯᠡᠰ ᠤᠨ ᠪᠥᠲᠥᠴᠡ 2015 ᠣᠨ ᠤ ᠳᠡᠭᠡᠷ᠎ᠡ ᠬᠠᠭᠠᠰ ᠵᠢᠯ | ᠤᠨ 4.1᠄ 52.1᠄ 43.8 ᠪᠠᠶᠢᠬᠰᠠᠨ ᠠᠴᠠ ᠡᠨᠡ ᠵᠢᠯ ᠤᠨ ᠳᠡᠭᠡᠷ᠎ᠡ ᠬᠠᠭᠠᠰ ᠵᠢᠯ ᠤᠨ 4.3᠄ 49.1᠄ 46. | 6 ᠪᠤᠯᠵᠤ ᠬᠤᠪᠢᠷᠠᠨ᠂ ᠡᠨᠡᠬᠦ ᠬᠤᠪᠢᠷᠠᠯᠲᠠ ᠠᠴᠠ ᠪᠢᠲᠡ ᠨᠢᠭᠡᠳᠥᠭᠡᠷ ᠠᠵᠥ ᠤᠢᠢᠯᠡᠰ ᠪᠠ ᠬᠤᠶᠠᠳᠤᠭᠠᠷ ᠠᠵᠥ | ᠤᠢᠢᠯᠡᠰ ᠤᠨ ᠬᠠᠷᠢᠴᠠᠯ ᠪᠥᠷ ᠳᠡᠭᠡᠭᠰᠢᠯᠡᠨ᠂ ᠤᠨᠴᠠᠭᠠᠢᠢᠯᠠᠨ ᠭᠤᠷᠪᠠᠳᠤᠭᠠᠷ ᠠᠵᠤ ᠤᠢᠢᠯᠡᠰ ᠤᠨ ᠬᠠᠷᠢᠴᠠᠯ ᠨᠢ | ᠨᠡᠯᠢᠶᠡᠳ ᠬᠡᠮᠵᠢᠶᠡᠨ ᠤ ᠨᠡᠮᠡᠭᠳᠡᠯ ᠢ ᠪᠡᠶᠡᠯᠡᠭᠦᠯᠦᠭᠰᠡᠨ ᠢ ᠤᠯᠵᠦ ᠬᠠᠷᠠᠨ᠎ᠠ᠃ ᠳᠡᠭᠡᠷ᠎ᠡ ᠬᠠᠭᠠᠰ ᠵᠢᠯ ᠳᠤ᠂ | ᠭᠤᠷᠪᠠᠳᠤᠭᠠᠷ ᠠᠵᠥ ᠤᠢᠢᠯᠡᠰ ᠤᠨ ᠨᠡᠮᠡᠭᠳᠡᠯ ᠦᠷᠲᠡᠭ ᠤᠨ GDP ᠲᠠᠬᠢ ᠡᠵᠡᠯᠡᠬᠦ ᠬᠠᠷᠢᠴᠠᠯ ᠨᠢ 46.6% ᠳᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 2.8 ᠬᠤᠪᠢ | ᠳᠡᠭᠡᠭᠰᠢᠯᠡᠵᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7% ᠢᠶᠠᠷ ᠨᠡᠮᠡᠭᠳᠡᠨ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.5 ᠬᠤᠪᠢ ᠳᠡᠭᠡᠭᠰᠢᠯᠡᠵᠠᠢ᠃ | ᠡᠨᠡ ᠨᠢ ᠠᠵᠦ ᠦᠢᠯᠡᠰ ᠤᠨ ᠪᠥᠲᠥᠴᠡ ᠶᠢᠨ ᠲᠤᠬᠢᠷᠠᠭᠤᠯᠤᠯᠳᠠ ᠶᠢᠨ ᠵᠠᠶᠢᠯᠠᠰᠢ ᠥᠭᠡᠢ ᠬᠠᠨᠳᠤᠰᠢ ᠪᠤᠯᠬᠤ ᠪᠦᠭᠡᠳ | ᠮᠥᠨᠴᠥ ᠪᠥᠬᠦ ᠤᠷᠤᠨ ᠤ ᠬᠠᠨᠭ᠍ᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠳᠠᠢ ᠥᠭᠡᠷᠡᠴᠢᠯᠡᠯᠲᠡ ᠶᠢᠨ ᠥᠷ᠎ᠡ | ᠪᠥᠲᠥᠭᠡᠯ ᠢ ᠢᠯᠡᠷᠡᠭᠦᠯᠵᠠᠢ᠃ ᠠᠵᠤ ᠤᠢᠢᠯᠡᠳᠪᠤᠷᠢ ᠶᠢᠨ ᠳᠤᠲᠤᠭᠠᠲᠥ ᠪᠥᠲᠥᠴᠡ ᠠᠴᠠ ᠥᠵᠡᠪᠡᠯ᠂ ᠠᠵᠥ | ᠤᠢᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠲᠠᠪᠰᠢᠬᠦ ᠶᠢ ᠳᠠᠭᠠᠯᠳᠤᠨ᠂ ᠪᠥᠬᠦ | ᠤᠷᠤᠨ ᠤ ᠲᠡᠭᠡᠳᠦ ᠰᠢᠨ᠎ᠡ ᠮᠡᠷᠬᠡᠵᠢᠯ ᠤᠨ ᠠᠵᠦ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ | ᠮᠠᠲ᠋ᠧᠷᠢᠶᠠᠯ ᠤᠨ ᠠᠵᠦ ᠦᠢᠯᠡᠳᠪᠦᠷᠢ ᠵᠢᠴᠢ ᠮᠠᠰᠢᠨ ᠲᠤᠨᠤᠬᠯᠠᠯ ᠦᠢᠯᠡᠳᠬᠦ ᠠᠵᠦ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠬᠤᠶᠠᠷ ᠤᠷᠤᠨᠲᠥ ᠲᠤᠭ᠎ᠠ ᠶᠢ ᠳᠠᠪᠠᠵᠤ᠂ ᠨᠡᠯᠢᠶᠡᠳ ᠰᠠᠶᠢᠨ ᠬᠥᠭᠵᠢᠯᠲᠡ | ᠶᠢᠨ ᠬᠠᠨᠳᠤᠰᠢ ᠶᠢ ᠢᠯᠡᠷᠡᠭᠦᠯᠵᠠᠢ᠃ | ᠬᠤᠶᠠᠳᠤᠭᠠᠷ ︽ᠠᠬᠢᠯᠲᠡ︾ ᠨᠢ᠂ ᠬᠡᠷᠡᠭᠴᠡᠭᠡ ᠱᠠᠭᠠᠷᠳᠠᠯᠭ᠎ᠠ ᠶᠢᠨ ︽ᠠᠬᠢᠯᠲᠡ︾᠃ ᠳᠡᠭᠡᠷ᠎ᠡ ᠬᠠᠭᠠᠰ ᠵᠢᠯ | ᠪᠥᠬᠦ ᠤᠷᠤᠨ ᠤ ᠨᠡᠶᠢᠭᠡᠮ ᠤᠨ ᠬᠡᠷᠡᠭᠯᠡᠭᠡ ᠶᠢᠨ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠶᠡᠷᠥᠩᠬᠡᠢ ᠬᠡᠮᠵᠢᠶ᠎ᠠ ᠶᠢᠨ | ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ | ᠬᠠᠷᠢᠴᠠᠯ ᠢᠶᠠᠷ 2.2 ᠬᠤᠪᠢ ᠥᠨᠳᠥᠷ ᠪᠤᠯᠪᠠ᠃ ᠲᠦᠷᠦᠬᠦᠦ 5 ᠰᠠᠷ᠎ᠠ ᠳᠤ᠂ ᠪᠥᠬᠦ ᠤᠷᠤᠨ ᠤ ᠲᠥᠷᠭᠡᠨ | ᠭᠤᠪᠢᠭᠤᠯᠭ᠎ᠠ ᠶᠢᠨ ᠤᠢᠢᠯᠡᠰ ᠤᠨ ᠤᠷᠤᠯᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 33.6% ᠢᠶᠠᠷ | ᠨᠡᠮᠡᠭᠳᠡᠵᠠᠢ᠃ | ᠭᠤᠷᠪᠠᠳᠤᠭᠠᠷ ︽ᠠᠬᠢᠯᠲᠡ︾ ᠨᠢ᠂ ᠶᠠᠰᠤ ᠴᠢᠨᠠᠷ ᠤᠨ ᠨᠡᠮᠡᠭᠳᠡᠯ ᠤᠨ ︽ᠠᠬᠢᠯᠲᠡ︾᠃ ᠳᠡᠭᠡᠷ᠎ᠡ ᠬᠠᠭᠠᠰ | ᠵᠢᠯ ᠪᠥᠬᠦ ᠤᠷᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠤᠢᠢᠯᠡᠳᠪᠦᠷᠢ ᠶᠢᠨ ᠠᠵᠥ ᠠᠬᠤᠢᠢᠯᠠᠯ ᠤᠨ ᠨᠡᠮᠡᠭᠳᠡᠯ | ᠦᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.1% ᠢᠶᠠᠷ ᠨᠡᠮᠡᠭᠳᠡᠭᠰᠡᠨ ᠪᠤᠯᠪᠠᠴᠥ ᠶᠡᠷᠥᠩᠬᠡᠶᠢᠯᠡᠭᠰᠡᠨ | ᠡᠨᠧᠷᠬᠢ ᠶᠢᠨ ᠬᠤᠷᠤᠬᠳᠠᠯ ᠤᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠥᠪᠬᠡᠨ 0.6% ᠢᠶᠠᠷ | ᠨᠡᠮᠡᠭᠳᠡᠵᠠᠢ᠃ ᠬᠠᠷᠢᠨ ᠳᠤᠯᠤᠭᠠᠨ ᠶᠡᠭᠡ ᠤᠯᠠᠮᠵᠢᠯᠠᠯᠲᠥ ᠡᠨᠧᠷᠬᠢ ᠶᠢᠨ ᠬᠤᠷᠤᠬᠳᠠᠯ ᠢᠶᠠᠷ ᠶᠡᠭᠡ ᠠᠵᠢᠯ ᠲᠥᠷᠥᠯ ᠤᠨ | ᠡᠨᠧᠷᠬᠢ ᠶᠢᠨ ᠬᠡᠷᠡᠭᠯᠡᠭᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠥᠪᠬᠡᠨ 0.2% ᠢᠶᠠᠷ ᠯᠡ | ᠨᠡᠮᠡᠭᠳᠡᠵᠠᠢ᠃ | ︽ᠰᠠᠶᠢᠵᠢᠷᠠᠯᠳᠠ︾ ᠶᠢᠨ ᠢᠯᠡᠷᠡᠯ᠄ ᠤᠳᠤᠬᠠᠨ ᠤ ᠤᠯᠠᠩᠬᠢ ᠠᠵᠤ ᠠᠬᠤᠢ ᠶᠢᠨ ᠵᠢᠭᠠᠯᠳᠠ ᠲᠤᠭ᠎ᠠ ᠶᠢᠨ | ᠨᠡᠮᠡᠭᠳᠡᠯ ᠵᠢᠯ ᠤᠨ ᠡᠬᠢᠨ ᠤ ᠵᠢᠱᠢᠯᠳᠡ ᠠᠴᠠ ᠰᠠᠶᠢᠨ᠃ ᠳᠡᠭᠡᠷ᠎ᠡ ᠬᠠᠭᠠᠰ ᠵᠢᠯ ᠳᠤ᠂ ᠪᠥᠬᠦ ᠤᠷᠤᠨ ᠤ ᠲᠤᠭᠲᠠᠮᠠᠯ | ᠬᠥᠷᠥᠩᠭᠡ ᠶᠢᠨ ᠪᠡᠯᠡ ᠤᠷᠤᠭᠤᠯᠤᠯᠲᠡ᠂ ᠬᠡᠷᠡᠭᠯᠡᠭᠡ ᠶᠢᠨ ᠵᠠᠬ᠎ᠠ ᠳᠡᠯᠭᠡᠭᠦᠷ᠂ ᠡᠳ᠋ ᠤᠨ ᠵᠠᠰᠠᠭ ᠤᠨ ᠤᠷᠤᠯᠭ᠎ᠠ ᠵᠡᠷᠭᠡ | ᠵᠢᠭᠠᠯᠳᠠ ᠲᠤᠭ᠎ᠠ ᠶᠢᠨ ᠨᠡᠮᠡᠭᠳᠡᠯ ᠤᠨ ᠬᠤᠷᠳᠤᠴᠠ ᠵᠢᠯ ᠤᠨ ᠡᠬᠢᠨ ᠳᠤ ᠲᠤᠭᠲᠠᠭᠠᠭᠰᠠᠨ ᠵᠢᠱᠢᠭᠰᠡᠨ ᠨᠡᠮᠡᠭᠳᠡᠯ ᠤᠨ | ᠬᠠᠷᠠᠯᠲᠠ ᠠᠴᠠ ᠥᠨᠳᠥᠷ ᠪᠤᠯᠪᠠ᠃ ᠪᠠᠷᠠᠭᠠᠨ ᠤ ᠥᠨ᠎ᠡ ᠶᠢᠨ ᠥᠰᠥᠯᠲᠡ ᠪᠠᠭᠤᠷᠠᠯᠳᠠ᠂ ᠬᠤᠲᠠ ᠪᠠᠯᠭᠠᠰᠤᠨ ᠤ | ᠲᠠᠩᠰᠠᠯᠠᠬᠰᠠᠨ ᠠᠵᠢᠯ ᠠᠯᠳᠠᠯᠳᠠ ᠶᠢᠨ ᠨᠤᠷᠮ᠎ᠠ᠂ ᠨᠢᠬᠡᠴᠢ GDP ᠤᠨ ᠡᠨᠧᠷᠬᠢ ᠶᠢᠨ ᠬᠤᠷᠤᠬᠳᠠᠯ ᠵᠡᠷᠭᠡ | ᠬᠦᠯᠢᠶᠡᠰᠦᠯᠠᠯ ᠤᠨ ᠴᠢᠨᠠᠷᠲᠠᠢ ᠪᠠᠷᠢᠮᠵᠢᠶ᠎ᠠ ᠨᠢ ᠴᠥ ᠵᠢᠯ ᠤᠨ ᠡᠬᠢᠨ ᠳᠤ ᠵᠢᠱᠢᠭᠰᠡᠨ ᠬᠠᠷᠠᠯᠲᠠ ᠶᠢᠨ ᠳᠤᠲᠤᠷ᠎ᠠ ᠪᠠᠶᠢᠨ᠎ᠠ | ᠃ ᠨᠥᠭᠦᠭᠡ ᠲᠠᠯ᠎ᠠ ᠪᠠᠷ᠂ ᠡᠨᠡ ᠵᠢᠯ ᠤᠨ ᠤᠯᠠᠩᠬᠢ ᠠᠵᠥ ᠠᠬᠤᠢ ᠶᠢᠨ ᠵᠢᠭᠠᠯᠳᠠ ᠲᠤᠭ᠎ᠠ ᠶᠢᠨ ᠨᠡᠮᠡᠭᠳᠡᠯ ᠪᠥᠷ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ᠃ ᠡᠨᠡ ᠵᠢᠯ ᠠᠵᠤ ᠠᠬᠤᠢ ᠮᠠᠭᠤᠳᠠᠬᠤ ᠲᠠᠷᠤᠭᠠᠰᠤ | ᠮᠠᠰᠢ ᠶᠡᠭᠡ ᠪᠠᠶᠢᠳᠠᠯ ᠲᠤᠤᠷ᠎ᠠ᠂ ᠳᠡᠭᠡᠷ᠎ᠡ ᠬᠠᠭᠠᠰ ᠵᠢᠯ ᠳᠤ᠂ ᠪᠥᠬᠦ ᠤᠷᠤᠨ ᠤ ᠤᠢᠢᠯᠡᠳᠪᠥᠷᠢᠯᠡᠯ ᠤᠨ ᠶᠡᠷᠦᠩᠬᠡᠢ | ᠥᠷᠲᠡᠭ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠶᠡᠷᠥᠩᠬᠡᠢ ᠬᠡᠮᠵᠢᠶ᠎ᠠ᠂ ᠡᠳ᠋ ᠤᠨ | ᠵᠠᠰᠠᠭ ᠤᠨ ᠤᠷᠤᠯᠭ᠎ᠠ᠂ ᠪᠠᠷᠠᠭᠠᠨ ᠤ ᠲᠡᠬᠡᠬᠡᠪᠦᠷᠢ ᠵᠡᠷᠭᠡ ᠶᠡᠬᠡᠨᠭᠭᠢ ᠵᠢᠭᠠᠯᠳᠠ ᠲᠤᠭ᠎ᠠ ᠶᠢᠨ ᠨᠡᠮᠡᠭᠳᠡᠯ ᠤᠨ ᠬᠤᠷᠳᠤᠴᠠ | ᠪᠦᠷ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠥᠨᠳᠦᠷ ᠪᠤᠯᠵᠠᠢ᠃ | ᠰᠤᠷᠪᠤᠯᠵᠢᠯᠠᠭᠴᠢ᠄ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠬᠤ ᠪᠠ | ᠬᠦᠲᠦᠯᠦᠨ ᠲᠠᠭᠠᠭᠤᠯᠬᠤ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ | ᠠᠬᠢᠭᠤᠯᠬᠤ ᠲᠠᠯ᠎ᠠ ᠪᠠᠷ᠂ ᠮᠠᠨ ᠤ ᠣᠷᠣᠨ ᠶᠠᠮᠠᠷ ᠰᠢᠦ ᠠᠬᠢᠯᠲᠠ ᠲᠠᠢ ᠪᠣᠯᠣᠭᠰᠠᠨ ᠪᠤᠢ︖ | ᠫᠠᠨ ᡁᠢ ᠹᠧᠩ᠄ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠤᠶᠢᠪᠢᠰᠢ | ᠦᠭᠡᠢ ᠠᠬᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠬᠢ ᠠᠵᠤ | ᠠᠬᠤᠢ ᠶᠢᠨ ᠠᠵᠢᠯ ᠳᠤ ᠠᠪᠤᠭᠰᠠᠨ ᠨᠢᠭᠡᠨ ᠦᠨᠳᠦᠰᠦᠨ ᠲᠦᠷᠦ ᠶᠢᠨ ᠪᠤᠳᠤᠯᠭ᠎ᠠ ᠶᠢᠨ ᠬᠠᠨᠳᠤᠯᠭ᠎ᠠ ᠪᠤᠯᠤᠨ᠎ᠠ᠃ ᠡᠨᠡ | ᠵᠢᠯ ᠠᠴᠠ ᠨᠠᠰᠢ᠂ ᠮᠠᠨ ᠤ ᠤᠷᠤᠨ ᠭᠤᠤᠯᠳᠠᠯᠭ᠎ᠠ ᠶᠢᠨ ᠳᠤᠭᠤᠷᠢᠨ ᠳᠤ᠂ ᠶᠡᠷᠦᠩᠭᠡᠶᠢᠯᠡᠭᠰᠡᠨ ᠲᠦᠷᠦ ᠶᠢᠨ | ᠪᠤᠳᠤᠯᠭ᠎ᠠ ᠶᠢ ᠭᠡᠷᠡᠭᠵᠢᠬᠦᠯᠪᠠ᠃ ᠨᠢᠭᠡ ᠳᠤ᠂ ᠲᠦᠷᠦᠯ ᠬᠤᠪᠢᠶᠠᠨ ᠵᠢᠯᠤᠭᠤᠳᠴᠤ᠂ ᠠᠳᠠᠯᠢ ᠪᠤᠰᠤ ᠲᠦᠷᠦᠯ ᠤᠨ | ᠦᠯᠡᠬᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠰᠢᠢᠳᠪᠦᠷᠢᠯᠡᠵᠤ᠂ ᠲᠦᠰᠦᠪ ᠪᠠ ᠴᠠᠭ ᠤᠨ ᠬᠦᠰᠦᠨᠦᠭ | ᠭᠠᠷᠭᠠᠪᠠ᠃ ᠬᠤᠶᠠᠷ ᠲᠤ᠂ ᠠᠵᠤ ᠠᠬᠤᠢᠢᠯᠠᠯ ᠢ ᠵᠢᠯᠤᠭᠤᠳᠴᠤ ᠦᠢᠯᠡᠳᠪᠦᠷᠢᠯᠡᠯ ᠤᠨ ᠬᠡᠮᠵᠢᠶ᠎ᠠ ᠶᠢ ᠨᠢ ᠪᠠᠭᠠᠰᠬᠠᠨ᠂ | ᠨᠡᠶᠢᠯᠡᠬᠦᠯᠦᠨ ᠳᠠᠬᠢᠨ ᠵᠤᠬᠢᠶᠠᠨ ᠪᠠᠶᠢᠭᠤᠯᠵᠤ᠂ ᠰᠢᠯᠢᠳᠡᠭ ᠢ ᠨᠢ ᠦᠯᠡᠳᠡᠭᠡᠵᠤ ᠰᠢᠭᠠᠷᠤ ᠶᠢ ᠨᠢ ᠲᠠᠶᠠᠭᠳᠠᠪᠠ᠃ | ᠭᠤᠷᠪᠠ ᠳᠤ᠂ ᠡᠯ᠎ᠡ ᠲᠦᠷᠦᠯ ᠤᠨ ᠪᠠᠳᠤᠯᠠᠪᠤᠷᠢ ᠶᠢᠨ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂ | ᠰᠢᠯᠵᠢᠭᠰᠡᠨ ᠬᠦᠮᠦᠰ ᠢ ᠲᠦᠪᠬᠢᠨᠡᠬᠦᠯᠬᠦ ᠠᠵᠢᠯ ᠢ ᠰᠠᠶᠢᠳᠤᠷ ᠬᠢᠵᠤ᠂ ᠨᠡᠶᠢᠭᠡᠮ ᠤᠨ ᠠᠮᠤᠷ ᠳᠤᠭᠳᠠᠭᠤᠨ ᠢ ᠪᠠᠳᠤᠯᠠᠪᠠ | ᠃ ᠳᠡᠭᠡᠷ᠎ᠡ ᠬᠠᠭᠠᠰ ᠵᠢᠯ ᠤᠨ ᠰᠡᠬᠦᠯᠴᠢ ᠪᠤᠯᠳᠠᠯ᠎ᠠ᠂ ᠮᠠᠨ ᠤ ᠤᠷᠤᠨ ᠪᠦᠳᠦᠴᠡ ᠶᠢᠨ ᠳᠤᠬᠢᠷᠠᠭᠤᠯᠤᠯᠳᠠ ᠶᠢ | ᠦᠷᠬᠦᠯᠵᠢᠯᠡᠨ ᠠᠬᠢᠭᠤᠯᠵᠦ᠂ ᠬᠠᠨᠭ᠍ᠭᠠᠯᠭ᠎ᠠ ᠶᠢᠨ ᠳᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠰᠢᠢᠳᠪᠦᠷᠢᠯᠡᠵᠤ ᠨᠢᠭᠡ ᠶᠢ ᠪᠠᠭᠤᠷᠠᠭᠤᠯᠵᠤ ᠨᠢᠭᠡ ᠶᠢ | ᠨᠦᠬᠦᠪᠦᠷᠢᠯᠡᠬᠦ︾᠂ ︽ᠳᠠᠪᠤᠨ ᠶᠡᠭᠡ ᠡᠬᠦᠷᠭᠡ︾ ᠠᠩᠬ᠎ᠠ ᠠᠯᠬᠤᠮ ᠤᠨ ᠦᠷ᠎ᠠ ᠪᠦᠳᠦᠮᠵᠢ ᠤᠯᠵᠤ᠂ | ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷ ᠲᠠᠢ ᠥᠭᠡᠷᠡᠴᠢᠯᠡᠯᠲᠡ ᠶᠢᠨ ᠨᠦᠯᠦᠬᠡᠯᠡᠯ ᠳᠤᠪᠤᠶᠢᠮ᠎ᠡ ᠪᠤᠯᠪᠠ᠃ | ᠦᠯᠡᠬᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠰᠢᠢᠳᠪᠦᠷᠢᠯᠡᠬᠦ ᠠᠵᠢᠯ ᠡᠮᠬᠢ ᠵᠢᠷᠤᠮ ᠲᠠᠢ ᠶᠠᠪᠤᠭᠳᠠᠵᠤ | ᠪᠠᠶᠢᠨ᠎ᠡ᠃ ᠳᠡᠭᠡᠷ᠎ᠡ ᠬᠠᠭᠠᠰ ᠵᠢᠯ ᠳᠤ᠂ ᠨᠡᠬᠦᠷᠡᠰᠦᠨ ᠤ ᠦᠢᠯᠡᠳᠪᠦᠷᠢᠯᠡᠯ ᠤᠨ ᠬᠡᠮᠵᠢᠶ᠎ᠠ ᠳᠡᠭᠡᠷ᠎ᠡ ᠵᠢᠯ ᠤᠨ ᠠᠳᠠᠯᠢ | ᠬᠤᠭᠤᠴᠠᠭ᠎ᠠ ᠶᠢᠨ ᠬᠢ ᠠᠴᠠ 10.4% ᠢᠶᠠᠷ ᠪᠠᠭᠤᠷᠠᠵᠤ᠂ ᠬᠡᠤᠷᠡᠰᠤ ᠶᠢᠨ ᠭᠠᠷᠤᠯᠳᠠ 16% ᠢᠶᠠᠷ ᠪᠠᠭᠤᠷᠠᠵᠤ᠂ | ᠰᠢᠷᠠᠮᠤ ᠶᠢᠨ ᠭᠠᠷᠤᠯᠳᠠ 0.8% ᠢᠶᠠᠷ ᠪᠠᠭᠤᠷᠠᠵᠤ᠂ ᠪᠦᠳᠦᠭᠦᠯᠢᠭ ᠪᠤᠯᠤᠳ ᠤᠨ ᠭᠠᠷᠤᠯᠳᠠ 1.5% ᠢᠶᠠᠷ | ᠪᠠᠭᠤᠷᠠᠵᠤ᠂ ᠳᠡᠭᠰᠢ ᠬᠠᠪᠳᠠᠭᠠᠢ ᠰᠢᠯ ᠪᠠ ᠪᠤᠯᠤᠳ ᠮᠠᠲ᠋ᠧᠷᠢᠶᠠᠯ ᠤᠨ ᠦᠢᠯᠡᠳᠪᠦᠷᠢᠯᠡᠯ ᠤᠨ ᠬᠡᠮᠵᠢᠶ᠎ᠠ ᠳᠡᠭᠡᠷ᠎ᠡ ᠵᠢᠯ | ᠤᠨ ᠠᠳᠠᠯᠢ ᠬᠤᠭᠤᠴᠠᠭ᠎ᠠ ᠶᠢᠨ ᠬᠢ ᠠᠴᠠ ᠨᠡᠮᠡᠭᠳᠡᠭᠰᠡᠨ ᠦᠭᠡᠢ᠂ ᠱᠦᠢᠨᠢ ᠶᠢᠨ ᠦᠢᠯᠡᠳᠪᠦᠷᠢᠯᠡᠯ ᠤᠨ ᠬᠡᠮᠵᠢᠶ᠎ᠠ | ᠳᠡᠭᠡᠷ᠎ᠡ ᠵᠢᠯ ᠤᠨ ᠠᠳᠠᠯᠢ ᠬᠤᠭᠤᠴᠠᠭ᠎ᠠ ᠶᠢᠨ ᠬᠢ ᠠᠴᠠ ᠵᠦᠪᠬᠡᠨ 1.3% ᠢᠶᠠᠷ ᠨᠡᠮᠡᠭᠳᠡᠪᠡ᠃ | ᠭᠡᠷ ᠭᠠᠵᠠᠷ ᠤᠨ ᠬᠦᠷᠦᠩᠭᠡ ᠶᠢᠨ ᠪᠡᠯᠡᠨ ᠪᠠᠶᠢᠭ᠎ᠠ ᠠᠰᠠᠷ ᠪᠠᠷᠢᠯᠭ᠎ᠠ ᠶᠢ ᠰᠢᠢᠳᠪᠦᠷᠢᠯᠡᠬᠦ ᠠᠬᠢᠴᠠ ᠲᠦᠷᠭᠡᠳᠪᠠ | ᠃ ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ᠬᠤᠳᠠᠯᠳᠤᠭᠠᠨ ᠤ ᠠᠰᠠᠷ ᠪᠠᠶᠢᠰᠢᠩ ᠢ ᠪᠤᠷᠤᠯᠠᠭᠤᠯᠤᠭᠰᠠᠨ | ᠳᠠᠯᠠᠪᠠᠢ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠶᠢᠨ ᠬᠢ ᠠᠴᠠ 17% ᠢᠶᠠᠷ ᠨᠡᠮᠡᠭᠳᠡᠵᠤ᠂ ᠬᠤᠳᠠᠯᠳᠤᠭᠠᠨ ᠤ | ᠠᠰᠠᠷ ᠪᠠᠶᠢᠰᠢᠩ ᠢ ᠪᠤᠷᠤᠯᠠᠭᠤᠯᠤᠭᠰᠠᠨ ᠬᠡᠮᠵᠢᠶ᠎ᠠ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠬᠢ ᠠᠴᠠ 11.8% ᠢᠶᠠᠷ | ᠨᠡᠮᠡᠭᠳᠡᠪᠡ᠃ | ᠦᠪᠡᠷ ᠤᠨ ᠦᠷᠳᠡᠭ ᠢ ᠪᠠᠭᠤᠷᠠᠭᠤᠯᠵᠤ ᠦᠷ᠎ᠠ ᠪᠦᠲᠦᠮᠵᠢ ᠶᠢ ᠳᠡᠭᠡᠭᠰᠢᠯᠡᠬᠦᠯᠬᠦ ᠲᠠᠯ᠎ᠠ ᠪᠠᠷ ᠦᠷ᠎ᠠ ᠪᠦᠳᠦᠮᠵᠢ | ᠢᠯᠡᠷᠬᠡᠢ᠃ ᠲᠦᠷᠦᠬᠦᠦ 5 ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠢᠢᠯᠠᠯ ᠤᠨ ᠭᠤᠤᠯ ᠡᠵᠡᠩᠨᠡᠯᠳᠡ ᠶᠢᠨ ᠤᠷᠤᠯᠭ᠎ᠠ ᠨᠢ ᠳᠡᠭᠡᠷ᠎ᠠ ᠵᠢᠯ ᠤᠨ ᠠᠳᠠᠯᠢ ᠬᠤᠭᠤᠴᠠᠭᠠᠨ | ᠤ ᠬᠢ ᠠᠴᠠ 1.9% ᠢᠶᠠᠷ ᠨᠡᠮᠡᠭᠳᠡᠪᠡ︔ ᠠᠰᠢᠭ ᠤᠷᠤᠯᠭ᠎ᠠ ᠶᠢᠨ ᠶᠡᠷᠦᠩᠬᠡᠢ ᠬᠡᠮᠵᠢᠶ᠎ᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 1.1% ᠢᠶᠠᠷ ᠨᠡᠮᠡᠭᠳᠡᠵᠤ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠶᠢᠨ ᠬᠢ ᠠᠴᠠ | ᠵᠠᠭᠤᠨ ᠤ ᠬᠠᠷᠢᠴᠠᠯ ᠢᠶᠠᠷ 29.1 ᠬᠤᠪᠢ ᠥᠨᠳᠦᠷ ᠪᠤᠯᠪᠠ᠃ ᠬᠦᠭᠵᠢᠯᠳᠡ ᠶᠢᠨ ᠲᠤᠳᠠᠭᠤᠳᠠᠯ ᠢᠶᠠᠨ ᠲᠦᠷᠭᠡᠳᠭᠡᠨ | ᠨᠦᠬᠦᠪᠦᠷᠢᠯᠡᠪᠡ᠃ ᠰᠠᠭᠤᠷᠢ ᠲᠦᠭᠦᠭᠡᠷᠦᠮᠵᠢ ᠶᠢᠨ ᠪᠡᠯᠡ ᠤᠷᠤᠭᠤᠯᠤᠯᠳᠠ ᠲᠦᠢᠷᠭᠡᠳᠴᠦ᠂ ︽ᠠᠷᠪᠠ ᠶᠢ ᠪᠦᠷᠢᠨ | ᠪᠦᠷᠬᠦᠬᠦᠯᠬᠦ︾᠂ ᠲᠦᠭᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠵᠠᠰᠬᠠᠤ᠂ ᠵᠠᠮ | ᠬᠠᠷᠢᠯᠴᠠᠭ᠎ᠠ ᠲᠡᠭᠡᠭᠡᠪᠤᠷᠢ ᠵᠢᠴᠢ ᠬᠤᠳᠠ ᠶᠢᠨ ᠶᠠᠪᠤᠳᠠᠯ ᠤᠨ ᠲᠦᠭᠦᠭᠡᠷᠦᠮᠵᠢ ᠵᠡᠷᠬᠡ ᠬᠦᠷᠢᠶ᠎ᠠ ᠴᠠᠷᠠᠭ᠎ᠠ ᠳᠠᠬᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠡᠮᠵᠢᠪᠡ᠃ ᠲᠡᠭᠡᠷ᠎ᠠ ᠬᠠᠭᠠᠰ ᠵᠢᠯ ᠳᠤ᠂ ᠪᠦᠬᠦ | ᠤᠷᠤᠨ ᠤ ᠰᠠᠭᠤᠷᠢ ᠲᠦᠭᠦᠭᠡᠷᠦᠮᠵᠢ ᠶᠢᠨ ᠪᠡᠯᠡ ᠤᠷᠤᠭᠤᠯᠤᠯᠳᠠ 1569.5 ᠳ᠋ᠦᠩᠰᠢᠭᠤᠷ ᠲᠦᠭᠦᠷᠢᠭ ᠲᠤ ᠬᠦᠷᠴᠦ | ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 45.6% ᠢᠶᠠᠷ ᠨᠡᠮᠡᠭᠳᠡᠵᠦ᠂ ᠪᠦᠬᠦ ᠤᠯᠤᠰ ᠤᠨ | ᠲᠤᠮᠳᠠᠴᠢ ᠨᠡᠮᠡᠭᠳᠡᠯ ᠤᠨ ᠬᠤᠷᠳᠤᠴᠠ ︵20.9%︶ ᠶᠢᠨ ᠬᠤᠶᠠᠷ ᠲᠠᠬᠢᠨ ᠭᠠᠷᠤᠢ ᠳᠤ ᠬᠦᠷᠴᠡᠢ᠃ | ᠠᠷᠠᠳ ᠤᠨ ᠠᠮᠢᠳᠤᠷᠠᠯ ᠢ ᠪᠠᠳᠤᠯᠠᠬᠤ ᠡᠷᠴᠢᠮ ᠴᠢᠩᠭᠠᠷᠠᠪᠠ᠃ ᠲᠡᠭᠡᠷ᠎ᠠ ᠬᠠᠭᠠᠰ ᠵᠢᠯ ᠳᠤ᠂ ᠪᠦᠬᠦ ᠤᠷᠤᠨ ᠤ | ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ 2133.49 ᠳ᠋ᠦᠩᠰᠢᠭᠤᠷ ᠲᠦᠭᠦᠷᠢᠭ ᠲᠤ ᠬᠦᠷᠴᠦ᠂ | ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 19.9% ᠢᠶᠠᠷ ᠨᠡᠮᠡᠭᠳᠡᠪᠡ᠃ ᠲᠡᠭᠡᠷ᠎ᠠ ᠬᠠᠭᠠᠰ ᠵᠢᠯ ᠪᠦᠬᠦ | ᠤᠷᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ 1227 ᠳ᠋ᠦᠩᠰᠢᠭᠤᠷ ᠲᠦᠭᠦᠷᠢᠭ ᠲᠤ | ᠬᠦᠷᠴᠦ᠂ 17.7% ᠢᠶᠠᠷ ᠨᠡᠮᠡᠭᠳᠡᠨ᠂ ᠡᠩ ᠤᠨ ᠲᠦᠰᠦᠪ ᠤᠨ ᠵᠠᠷᠤᠯᠭ᠎ᠠ ᠶᠢᠨ 57.5% ᠢ ᠡᠵᠡᠯᠡᠵᠡᠢ᠂ | ᠡᠭᠦᠨ ᠳᠤ ᠰᠤᠷᠭᠠᠨ ᠬᠦᠮᠦᠵᠢᠯ ᠤᠨ ᠵᠠᠷᠤᠯᠭ᠎ᠠ 11.3% ᠢᠶᠠᠷ ᠨᠡᠮᠡᠭᠳᠡᠨ᠂ ᠨᠡᠶᠢᠭᠡᠮ ᠤᠨ ᠪᠠᠳᠤᠯᠠᠭ᠎ᠠ ᠪᠠ ᠠᠵᠢᠯ | ᠤᠯᠭᠤᠯᠳᠠ ᠶᠢᠨ ᠵᠠᠷᠤᠯᠭ᠎ᠠ 13.7% ᠢᠶᠠᠷ ᠨᠡᠮᠡᠭᠳᠡᠵᠦ᠂ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠤ ᠦᠷᠡᠵᠢᠯ ᠤᠨ | ᠵᠠᠷᠤᠯᠭ᠎ᠠ 8.3% ᠢᠶᠠᠷ ᠨᠡᠮᠡᠭᠳᠡᠨ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠷᠤᠯᠭ᠎ᠠ 32.6% ᠢᠶᠠᠷ | ᠨᠡᠮᠡᠭᠳᠡᠪᠡ᠃ | ᠰᠤᠷᠪᠤᠯᠵᠢᠯᠠᠭᠴᠢ᠄ ᠲᠡᠭᠡᠷ᠎ᠠ ᠬᠠᠭᠠᠰ ᠵᠢᠯ ᠳᠤ ᠪᠦᠬᠦ ᠤᠷᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ | ᠲᠠᠯ᠎ᠠ ᠪᠠᠷ ᠶᠠᠮᠠᠷ ᠰᠢᠤᠬᠠᠨ ᠠᠮᠵᠢᠯᠲᠠ ᠣᠯᠣᠭᠰᠠᠨ ᠪᠤᠢ︖ | ᠫᠠᠨ ᡁᠢ ᠹᠧᠩ᠄ ᠡᠨᠡ ᠵᠢᠯ ᠠᠴᠠ ᠨᠠᠰᠢ ︽ᠬᠤᠷᠢᠭ᠎ᠠ ᠱᠤᠭᠤᠮ ᠢ ᠰᠠᠬᠢᠬᠤ᠂ ᠭᠤᠤᠯᠳᠠᠯᠭ᠎ᠠ ᠪᠠᠨ | ᠲᠤᠪᠤᠶᠢᠯᠭᠠᠬᠤ᠂ ᠲᠦᠷᠢᠮ ᠲᠤᠭᠳᠠᠭᠠᠯ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡ ᠶᠢ ᠬᠦᠳᠦᠯᠦᠨ ᠵᠢᠯᠤᠭᠤᠳᠬᠤ︾ | ᠰᠡᠳᠭᠢᠴᠡ ᠪᠠᠷ᠂ ᠠᠵᠢᠯ ᠤᠨ ᠲᠤᠮᠳᠠ ᠪᠠᠨ ᠦᠷᠭᠦᠯᠵᠢᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠴᠢᠬᠤᠯᠠ ᠠᠵᠢᠯ ᠤᠨ ᠡᠭᠦᠷᠭᠡ ᠪᠤᠯᠭᠠᠵᠤ᠂ ᠪᠡᠯᠡ ᠤᠷᠤᠭᠤᠯᠤᠯᠳᠠ ᠪᠠᠨ ᠨᠡᠮᠡᠭᠳᠡᠭᠦᠯᠦᠨ᠂ ᠦᠨᠳᠦᠰᠦᠨ ᠤᠯᠠᠨ | ᠨᠡᠶᠢᠳᠡ ᠶᠢᠨ ᠦᠢᠯᠡᠴᠢᠯᠡᠭᠡᠨ ᠤ ᠲᠦᠪᠰᠢᠨ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ | ᠲᠦᠪᠰᠢᠨ ᠢ ᠬᠦᠴᠦᠯᠡᠨ ᠲᠡᠭᠡᠭᠰᠢᠯᠡᠭᠦᠯᠪᠠ᠃ ᠪᠤᠳᠠᠳᠠᠢ ᠢᠯᠡᠷᠡᠯ ᠨᠢ᠄ | ᠨᠢᠭᠡ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠭᠳᠠᠭᠤᠨ ᠢᠶᠠᠷ ᠨᠡᠮᠡᠭᠳᠡᠪᠡ᠃ | ᠲᠡᠭᠡᠷ᠎ᠠ ᠬᠠᠭᠠᠰ ᠵᠢᠯ᠂ ᠪᠦᠬᠦ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ | ᠤᠷᠤᠯᠭ᠎ᠠ 11472 ᠲᠦᠭᠦᠷᠢᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 8. | 7% ᠢᠶᠠᠷ ᠨᠡᠮᠡᠭᠳᠡᠨ᠂ ᠪᠦᠬᠦ ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠲᠠᠢ ᠲᠡᠩᠴᠡᠵᠡᠢ᠃ ᠬᠤᠳᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ | 16339 ᠲᠦᠭᠦᠷᠢᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 8% ᠢᠶᠠᠷ ᠨᠡᠮᠡᠭᠳᠡᠵᠦ | ᠂ ᠪᠦᠬᠦ ᠤᠯᠤᠰ ᠤᠨ ᠲᠡᠭᠰᠢᠳᠭᠡᠭᠰᠡᠨ ᠨᠡᠮᠡᠭᠳᠡᠯ ᠤᠨ ᠬᠤᠷᠳᠤᠴᠠ ᠪᠠ ᠲᠦᠷᠦᠬᠦᠦ ᠤᠯᠠᠷᠢᠯ ᠤᠨ ᠨᠡᠮᠡᠭᠳᠡᠯ ᠤᠨ | ᠬᠤᠷᠳᠤᠴᠠ ᠲᠠᠢ ᠲᠠᠩᠴᠡᠪᠡ︔ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 4695 ᠲᠦᠭᠦᠷᠢᠭ ᠲᠤ ᠬᠦᠷᠴᠦ᠂ ᠲᠡᠭᠡᠷ᠎ᠠ ᠵᠢᠯ ᠤᠨ | ᠠᠳᠠᠯᠢ ᠬᠤᠭᠤᠴᠠᠭᠠᠨ ᠤ ᠬᠢ ᠠᠴᠠ 8% ᠢᠶᠠᠷ ᠨᠡᠮᠡᠭᠳᠡᠵᠡᠢ᠃ | ᠬᠤᠶᠠᠷ ᠲᠤ᠂ ᠠᠵᠢᠯ ᠤᠯᠭᠤᠯᠳᠠ ᠶᠢᠨ ᠪᠠᠶᠢᠳᠠᠯ ᠬᠠᠷᠢᠴᠠᠩᠭᠤᠢ ᠲᠤᠭᠳᠠᠭᠤᠨ᠂ ᠤᠶᠤᠳᠠᠳ ᠤᠨ ᠠᠵᠢᠯ | ᠤᠯᠭᠤᠯᠳᠠ ᠶᠢᠨ ᠪᠠᠶᠢᠳᠠᠯ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠤᠯᠪᠠ᠃ ᠲᠡᠭᠡᠷ᠎ᠠ ᠬᠠᠭᠠᠰ | ᠵᠢᠯ ᠪᠦᠬᠦ ᠤᠷᠤᠨ ᠤ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠤᠭᠰᠠᠳ 15.1 ᠲᠦᠮᠡᠨ | ᠬᠦᠮᠦᠨ ᠳᠤ ᠬᠦᠷᠴᠦ᠂ ᠪᠦᠬᠦ ᠵᠢᠯ ᠤᠨ ᠬᠠᠷᠠᠯᠳᠠ ᠡᠭᠦᠷᠭᠡ ᠶᠢᠨ ᠢᠶᠠᠨ 58.1% ᠢ ᠪᠡᠶᠡᠯᠡᠭᠦᠯᠵᠡᠢ︔ ᠬᠤᠳᠠ | ᠪᠠᠯᠭᠠᠰᠤᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ 3.65% ᠳᠤ ᠬᠦᠷᠴᠦ᠂ ᠵᠢᠯ ᠤᠨ ᠡᠬᠢᠨ ᠳᠤ | ᠲᠤᠭᠳᠠᠭᠰᠠᠨ ᠬᠢᠵᠠᠭᠠᠷᠯᠠᠬᠤ ᠬᠠᠷᠠᠯᠳᠠ ᠠᠴᠠ ᠵᠠᠭᠤᠨ ᠤ ᠬᠠᠷᠢᠴᠠᠯ ᠢᠶᠠᠷ 0.35 ᠬᠤᠪᠢ ᠲᠤᠤᠷ᠎ᠠ ᠪᠤᠯᠪᠠ᠃ ᠡᠭᠦᠨ | ᠤ ᠲᠤᠳᠤᠷ᠎ᠠ᠂ ᠠᠵᠢᠯ ᠤᠯᠬᠤ ᠳᠤ ᠬᠦᠴᠢᠷᠳᠡᠢ ᠬᠦᠮᠦᠰ ᠠᠴᠠ 2.8 ᠲᠦᠮᠡᠨ ᠬᠦᠮᠦᠨ ᠠᠵᠢᠯ ᠤᠯᠵᠤ᠂ ᠵᠢᠯ ᠤᠨ | ᠲᠦᠯᠦᠪᠯᠡᠭᠡ ᠶᠢᠨ ᠢᠶᠠᠨ 56% ᠢ ᠪᠡᠶᠡᠯᠡᠭᠦᠯᠵᠡᠢ︔ ᠬᠤᠳᠠ ᠪᠠᠯᠭᠠᠰᠤᠨ ᠤ ᠠᠵᠢᠯ ᠠᠯᠳᠠᠭᠰᠠᠳ ᠠᠴᠠ ᠲᠠᠬᠢᠵᠤ | ᠠᠵᠢᠯ ᠤᠯᠤᠭᠰᠠᠳ 3.3 ᠲᠦᠮᠡᠨ ᠬᠦᠮᠦᠨ ᠪᠤᠯᠵᠤ᠂ ᠵᠢᠯ ᠤᠨ ᠲᠦᠯᠦᠪᠯᠡᠭᠡ ᠶᠢᠨ ᠢᠶᠠᠨ 66% ᠢ ᠪᠡᠶᠡᠯᠡᠭᠦᠯᠵᠡᠢ︔ | ᠮᠠᠯᠴᠢᠨ ᠲᠠᠷᠢᠶᠠᠴᠢᠨ ᠢ ᠰᠢᠯᠵᠢᠭᠦᠯᠦᠨ 223.1 ᠲᠦᠮᠡᠨ ᠬᠦᠮᠦᠨ ᠳᠤ ᠠᠵᠢᠯ ᠤᠯᠭᠤᠵᠤ ᠵᠢᠯ ᠤᠨ | ᠲᠦᠯᠦᠪᠯᠡᠭᠡ ᠶᠢᠨ ᠢᠶᠠᠨ 91% ᠢ ᠪᠡᠶᠡᠯᠡᠭᠦᠯᠵᠡᠢ᠃ ᠵᠠᠯᠠᠭᠤ ᠦᠢᠯᠡᠰ ᠪᠤᠰᠬᠠᠭᠴᠢᠳ ᠢ ᠪᠦᠬᠦ ᠬᠦᠴᠦᠨ ᠢᠶᠠᠷ | ᠲᠡᠮᠵᠢᠪᠡ᠃ ᠤᠳᠤᠬᠠᠨ ᠳᠤ᠂ ᠪᠦᠬᠦ ᠤᠷᠤᠨ ᠳᠤ ᠭᠤᠷᠪᠠᠨ ᠱᠠᠳᠤᠨ ᠤ ᠵᠠᠯᠠᠭᠤᠴᠤᠳ ᠤᠨ ᠦᠢᠯᠡᠰ ᠪᠤᠰᠬᠠᠬᠤ ᠶᠢ | ᠨᠡᠪᠴᠢᠭᠦᠯᠬᠦ ᠬᠤᠯᠪᠤᠭᠠᠯᠠᠨ ᠪᠠᠶᠢᠭᠤᠯᠬᠤ ᠬᠠᠮᠳᠤᠷᠠᠨ ᠪᠠᠶᠢᠭᠤᠯᠬᠤ ᠲᠤᠭᠳᠠᠴᠠ ᠶᠢ ᠨᠢᠭᠡᠨᠳᠡ ᠡᠭᠦᠳᠴᠦ᠂ 8 ᠵᠠᠯᠠᠭᠤ | ᠦᠢᠯᠡᠰ ᠪᠤᠰᠬᠠᠭᠴᠢ ᠶᠢ ᠨᠡᠪᠴᠢᠭᠦᠯᠬᠦ ᠰᠠᠭᠤᠷᠢᠨ ᠢ ᠨᠢᠬᠡᠨᠳᠡ ᠪᠠᠶᠢᠭᠤᠯᠵᠤ᠂ 42 ᠢ ᠶᠠᠬ ᠰᠠᠶᠢᠬᠠᠨ ᠪᠦᠳᠦᠭᠡᠨ | ᠪᠠᠶᠢᠭᠤᠯᠵᠤ᠂ ᠵᠠᠯᠠᠭᠤᠴᠤᠳ ᠤᠨ ᠦᠢᠯᠡᠰ ᠪᠤᠰᠬᠠᠬᠤ ᠲᠦᠷᠦᠯ ᠵᠦᠢᠯ ᠳᠤ ᠪᠡᠯᠡ ᠮᠦᠩᠭᠦ ᠵᠤᠯᠭᠠᠯᠴᠠᠭᠤᠯᠬᠤ ᠵᠡᠷᠭᠡ | ᠦᠷᠳᠡᠭᠡᠨ ᠤ ᠬᠡᠯᠪᠡᠷᠢ ᠶᠢᠨ ᠦᠢᠯᠡᠴᠢᠯᠡᠭᠡ ᠬᠠᠩᠭᠠᠵᠤ ᠪᠤᠢ᠃ ᠤᠶᠤᠳᠠᠳ ᠤᠨ ᠠᠵᠢᠯ ᠤᠯᠭᠤᠯᠳᠠ ᠶᠢᠨ ᠪᠠᠶᠢᠳᠠᠯ | ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠤᠯᠪᠠ᠃ 2016 ᠣᠨ ᠤ ᠪᠦᠬᠦ ᠤᠷᠤᠨ ᠤ ᠶᠡᠭᠡ | ᠲᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠢ ᠲᠤᠭ᠎ᠠ 116670 ᠬᠦᠮᠦᠨ ᠳᠤ ᠬᠦᠷᠴᠦ᠂ ᠲᠡᠭᠡᠷ᠎ᠠ ᠵᠢᠯ | ᠤᠨ ᠠᠳᠠᠯᠢ ᠬᠤᠭᠤᠴᠠᠭᠠᠨ ᠤ ᠬᠢ ᠠᠴᠠ 0.4 ᠲᠦᠮᠡᠨ ᠬᠦᠮᠦᠨ ᠨᠡᠮᠡᠭᠳᠡᠪᠡ᠃ 6 ᠳ᠋ᠤᠭᠠᠷ ᠰᠠᠷ᠎ᠠ ᠶᠢᠨ 28 ᠤ | ᠡᠳᠦᠷ ᠪᠤᠯᠳᠠᠯ᠎ᠠ᠂ ᠪᠦᠬᠦ ᠤᠷᠤᠨ ᠤ ᠶᠡᠭᠡ ᠲᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠤᠯᠭᠤᠯᠳᠠ ᠶᠢᠨ | ᠵᠦᠪᠳᠡᠯᠴᠡᠬᠡᠷ ᠲᠤᠭᠳᠠᠭᠰᠠᠨ ᠨᠤᠷᠮ᠎ᠠ 71.4% ᠳᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ | ᠤ ᠬᠢ ᠠᠴᠠ ᠵᠠᠭᠤᠨ ᠤ ᠬᠠᠷᠢᠴᠠᠯ ᠢᠶᠠᠷ 7 ᠬᠤᠪᠢ ᠤᠷᠴᠢᠮ ᠲᠡᠭᠡᠭᠰᠢᠯᠡᠪᠡ᠃ | ᠭᠤᠷᠪᠠ ᠳᠤ᠂ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠤᠨ ᠠᠬᠢᠴᠠ ᠮᠠᠰᠢ ᠰᠠᠶᠢᠨ ᠪᠤᠯᠪᠠ᠃ | ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠲᠦᠯᠦᠪᠯᠡᠭᠡ ᠶᠤᠰᠤᠭᠠᠷ ᠪᠦᠳᠦᠮᠵᠢᠳᠡᠢ ᠶᠠᠪᠤᠭᠳᠠᠵᠤ ᠪᠤᠢ᠃ | ᠲᠡᠭᠡᠷ᠎ᠠ ᠬᠠᠭᠠᠰ ᠵᠢᠯ ᠪᠦᠬᠦ ᠤᠷᠤᠨ ᠤ ︽ᠠᠷᠪᠠ ᠶᠢ ᠪᠦᠷᠢᠨ ᠪᠦᠷᠬᠦᠬᠦᠯᠬᠦ︾ 10 ᠲᠦᠷᠦᠯ ᠤᠨ ᠢᠨᠵᠧᠨᠧᠷᠢᠩ ᠳᠤ | 471 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠬᠡᠪᠴᠢᠶ᠎ᠠ ᠶᠢ ᠦᠷᠭᠡᠳᠭᠡᠬᠦ ᠢᠨᠵᠧᠨᠧᠷᠢᠩ ᠤᠨ ᠪᠡᠯᠡ | ᠤᠷᠤᠭᠤᠯᠤᠯᠳᠠ 343.6 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠯᠡᠭᠡᠳ 814.6 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠵᠠᠢ᠃ | ᠰᠤᠷᠪᠤᠯᠵᠢᠯᠠᠭᠴᠢ᠄ ᠪᠤᠬᠢᠷᠳᠤᠯ ᠦᠭᠡᠢ ᠬᠦᠭᠵᠢᠯᠳᠡ ᠪᠤᠯ ᠤᠳᠤ ᠶᠢᠨ ᠬᠠᠯᠠᠮᠰᠢᠯ ᠰᠡᠳᠦᠪ ᠪᠤᠯᠤᠨ᠎ᠠ᠃ | ᠲᠡᠭᠡᠪᠡᠯ ᠡᠨᠧᠷᠬᠢ ᠶᠢᠨ ᠲᠤᠮᠤ ᠤᠷᠤᠨ ᠪᠤᠯᠤᠭᠰᠠᠨ ᠤ ᠬᠤᠪᠢ ᠳᠤ ᠦᠪᠦᠷ ᠮᠤᠩᠭᠤᠯ ᠪᠤᠬᠢᠷᠳᠤᠯ ᠦᠭᠡᠢ | ᠬᠦᠭᠵᠢᠯᠳᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠵᠦ᠂ ᠬᠢᠷᠢ ᠵᠡᠷᠭᠡ ᠶᠢᠨ ᠠᠮᠵᠢᠯᠲᠠ ᠣᠯᠣᠭᠰᠠᠨ ᠪᠤᠢ︖ | ᠫᠠᠨ ᡁᠢ ᠹᠧᠩ᠄ ︽12·5︾ ᠶᠢᠨ ᠬᠤᠭᠤᠴᠠᠭᠠᠨ ᠳᠤ᠂ ᠪᠦᠬᠦ ᠤᠷᠤᠨ ᠤ ᠨᠢᠭᠡᠴᠢ GDP ᠶᠢᠨ | ᠡᠨᠧᠷᠬᠢ ᠶᠢᠨ ᠬᠤᠷᠤᠭᠳᠠᠯ 18.8% ᠢᠶᠠᠷ ᠪᠠᠭᠠᠰᠴᠤ᠂ ︽12·5︾ ᠶᠢᠨ ᠡᠨᠧᠷᠬᠢ ᠠᠷᠪᠢᠯᠠᠬᠤ ᠶᠡᠷᠦᠩᠬᠡᠢ | ᠬᠠᠷᠠᠯᠳᠠ ᠠᠴᠠ ᠵᠠᠭᠤᠨ ᠤ ᠬᠠᠷᠢᠴᠠᠯ ᠢᠶᠠᠷ 3.8 ᠬᠤᠪᠢ ᠲᠠᠪᠠᠵᠠᠢ᠂ 2014 ᠣᠨ ᠳᠤ᠂ ︽12·5︾ ᠶᠢᠨ | ᠨᠢᠭᠡᠴᠢ GDP ᠤᠨ ᠡᠨᠧᠷᠬᠢ ᠶᠢᠨ ᠬᠤᠷᠤᠭᠳᠠᠯ ᠢ ᠪᠠᠭᠤᠷᠠᠭᠤᠯᠬᠤ ᠬᠠᠷᠠᠯᠳᠠ ᠶᠢ ᠤᠷᠢᠳᠴᠢᠯᠠᠨ ᠨᠢᠭᠡ ᠵᠢᠯ | ᠪᠡᠶᠡᠯᠡᠭᠦᠯᠵᠦ᠂ ᠠᠵᠤ ᠠᠬᠤᠢ ᠶᠢᠨ ᠶᠠᠰᠤ ᠴᠢᠨᠠᠷ ᠢᠶᠠᠨ ᠰᠠᠶᠢᠵᠢᠷᠠᠭᠤᠯᠵᠤ ᠦᠷ᠎ᠠ ᠠᠰᠢᠭ ᠢᠶᠠᠨ ᠨᠡᠮᠡᠭᠳᠡᠭᠦᠯᠦᠨ ᠲᠡᠰ | ᠲᠡᠪᠰᠢᠬᠦ ᠶᠢ ᠠᠬᠢᠭᠤᠯᠵᠠᠢ᠃ ᠡᠨᠡ ᠵᠢᠯ ᠤᠨ ᠲᠦᠷᠦᠬᠦᠦ ᠤᠯᠠᠷᠢᠯ ᠳᠤ᠂ ᠮᠠᠨ ᠤ ᠤᠷᠤᠨ ᠤ ᠨᠢᠭᠡᠴᠢ GDP ᠤᠨ | ᠡᠨᠧᠷᠬᠢ ᠶᠢᠨ ᠬᠤᠷᠤᠭᠳᠠᠯ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 3.1% ᠪᠠᠭᠤᠷᠠᠵᠤ᠂ | ᠪᠠᠭᠤᠷᠠᠯᠳᠠ ᠶᠢᠨ ᠨᠤᠷᠮ᠎ᠠ ᠨᠢ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0. | 05 ᠬᠤᠪᠢ ᠦᠷᠭᠡᠳᠪᠡ᠃ ᠵᠢᠱᠢᠯᠳᠡ ᠪᠠᠷ᠂ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠨᠢᠭᠡᠴᠢ GDP ᠤᠨ | ᠡᠨᠧᠷᠬᠢ ᠶᠢᠨ ᠬᠤᠷᠤᠭᠳᠠᠯ ᠤᠨ ᠪᠠᠭᠤᠷᠠᠯᠳᠠ ᠶᠢᠨ ᠨᠤᠷᠮ᠎ᠠ ᠲᠦᠷᠦᠬᠦᠦ ᠤᠯᠠᠷᠢᠯ ᠤᠨ ᠬᠢ ᠲᠠᠢ ᠦᠨᠳᠦᠰᠦᠨ ᠳᠡᠭᠡᠨ | ᠠᠳᠠᠯᠢ ᠪᠤᠯᠤᠨ᠎ᠠ᠃ ᠪᠢᠳᠡ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠤᠮᠠᠷᠠᠳᠤ ᠶᠢᠨ ᠭᠤᠷᠪᠠᠨ | ᠤᠷᠤᠨ ᠤ ᠬᠠᠯᠬᠠᠪᠴᠢ ᠤᠢ᠂ ᠪᠠᠶᠢᠭᠠᠯᠢᠯᠢᠭ ᠤᠢ ᠰᠢᠭᠤᠢ ᠶᠢ ᠬᠠᠮᠠᠭᠠᠯᠠᠬᠤ᠂ ᠪᠡᠯᠴᠢᠭᠡᠷᠯᠡᠬᠦᠯᠬᠦ ᠶᠢ ᠵᠤᠬᠰᠤᠭᠠᠵᠦ | ᠨᠤᠲᠤᠭ ᠪᠡᠯᠴᠢᠬᠡᠷ ᠢ ᠰᠡᠷᠬᠦᠬᠡᠬᠦ᠂ ᠰᠢᠨ᠎ᠠ ᠨᠢᠬᠡ ᠡᠬᠡᠯᠵᠢ ᠶᠢᠨ ᠲᠠᠷᠢᠶᠠᠯᠠᠬᠤ ᠶᠢ ᠵᠤᠬᠰᠤᠭᠠᠵᠦ ᠤᠢ ᠰᠢᠭᠤᠢ ᠡᠪᠡᠰᠦ | ᠪᠡᠯᠴᠢᠬᠡᠷ ᠢ ᠰᠡᠷᠬᠦᠬᠡᠬᠦ ᠵᠡᠷᠭᠡ ᠠᠮᠢ ᠠᠬᠤᠢ ᠶᠢ ᠰᠡᠷᠬᠦᠬᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠪᠡ᠃ ᠨᠠᠮ | ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠭᠤᠷᠪᠠᠨ ᠵᠢᠯ ᠳᠤ ᠨᠡᠶᠢᠳᠡ 387 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠵᠦ᠂ 2 ᠳ᠋ᠦᠩᠰᠢᠭᠤᠷ ᠮᠦ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠬᠢᠪᠡ᠃ ᠨᠤᠲᠤᠬ | ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ 10.1 ᠳ᠋ᠦᠩᠰᠢᠭᠤᠷ ᠮᠦ ᠠᠰᠢᠬᠯᠠᠵᠦ ᠪᠤᠯᠬᠤ ᠨᠤᠲᠤᠬ ᠪᠡᠯᠴᠢᠬᠡᠷ ᠢ ᠬᠠᠮᠠᠭᠠᠯᠠᠯᠳᠠ ᠶᠢᠨ | ᠬᠦᠷᠢᠶ᠎ᠠ ᠬᠡᠪᠴᠢᠶᠡᠨ ᠳᠤ ᠤᠷᠤᠭᠤᠯᠪᠠ᠃ ᠵᠢᠷᠭᠤᠭᠠᠨ ᠶᠡᠭᠡ ᠭᠤᠤᠯᠳᠠᠯᠭ᠎ᠠ ᠲᠠᠢ ᠤᠷᠤᠨ ᠪᠦᠰᠡ ᠶᠢᠨ | ᠨᠤᠭᠤᠭᠠᠷᠠᠭᠤᠯᠤᠯᠳᠠ ᠶᠢᠨ ᠢᠨᠵᠧᠨᠧᠷᠢᠩ ᠢ ᠢᠳᠡᠪᠬᠢᠳᠡᠢ ᠠᠬᠢᠭᠤᠯᠵᠦ᠂ 615 ᠲᠦᠮᠡᠨ ᠮᠦ ᠲᠠᠯᠠᠪᠠᠢ ᠶᠢ | ᠨᠤᠭᠤᠭᠠᠷᠠᠭᠤᠯᠵᠠᠢ᠃ 2015 ᠣᠨ ᠳᠤ ᠪᠦᠬᠦ ᠤᠷᠤᠨ ᠤ ᠤᠢ ᠰᠢᠭᠤᠢ ᠶᠢᠨ ᠪᠦᠷᠬᠦᠴᠡ 21% ᠳᠤ ᠬᠦᠷᠴᠦ᠂ | ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ 44% ᠳᠤ ᠬᠦᠷᠴᠡᠢ᠃ | ᠦᠪᠡᠷᠲᠡᠭᠡᠨ ᠵᠠᠰᠠᠬᠤ ᠤᠷᠤᠨ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠶᠡᠷᠦᠨᠢ | ᠪᠠᠷᠢᠮᠳᠠᠯᠠᠵᠦ᠂ ᠰᠢᠨ᠎ᠠ ᠶᠢ ᠡᠬᠦᠳᠬᠦ ᠪᠠᠷ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠢ | ᠪᠦᠷᠢᠨᠰᠢᠬᠦᠯᠦᠨ ᠲᠡᠬᠦᠯᠳᠡᠷᠵᠢᠬᠦᠯᠪᠡ᠃ ︽ᠦᠪᠦᠷ ᠮᠤᠩᠭᠤᠯ ᠤᠨ ᠪᠠᠶᠢᠭᠠᠯᠢ ᠶᠢᠨ ᠡᠬᠢ ᠪᠠᠶᠠᠯᠢᠬ ᠤᠨ ᠡᠳ᠋ | ᠬᠦᠷᠦᠩᠬᠡ ᠶᠢᠨ ᠦᠷᠢᠳᠦᠯ ᠤᠨ ᠬᠦᠰᠦᠨᠦᠭ ᠢ ᠬᠠᠶᠢᠨ ᠵᠤᠬᠢᠶᠠᠬᠤ ᠶᠡᠷᠦᠩᠬᠡᠢ ᠲᠦᠰᠦᠯ︾ ᠪᠠ ᠬᠠᠷᠭᠤᠭᠤᠯᠤᠨ | ᠪᠤᠳᠤᠬᠤ ᠲᠤᠷᠰᠢᠯᠳᠠ ᠶᠢᠨ ᠴᠢᠬ ᠤᠨ ᠲᠦᠰᠤᠯ ᠢ ᠵᠤᠬᠢᠶᠠᠵᠦ᠂ ᠦᠪᠡᠷᠲᠡᠬᠡᠨ ᠵᠠᠰᠠᠬᠤ ᠤᠷᠤᠨ ᠤ ᠲᠤᠭ᠎ᠠ | ᠪᠦᠷᠢᠳᠬᠡᠯ ᠤᠨ ᠲᠤᠪᠴᠢᠶ᠎ᠠ ᠠᠴᠠ ᠤᠳᠤᠬᠠᠨ ᠳᠤ ᠡᠨᠡᠬᠦ ᠠᠵᠢᠯ ᠢ ᠠᠶᠢᠮᠠᠬ ᠬᠤᠳᠠ ᠳᠤ ᠬᠦᠷᠳᠡᠯ᠎ᠠ ᠠᠬᠢᠭᠤᠯᠤᠭᠠᠳ | ᠪᠠᠶᠢᠨ᠎ᠠ᠃ ᠦᠪᠡᠷᠲᠡᠬᠡᠨ ᠵᠠᠰᠠᠬᠤ ᠤᠷᠤᠨ ᠠᠴᠠ ᠪᠠᠰᠠ ︽ᠦᠪᠡᠷᠲᠡᠭᠡᠨ ᠵᠠᠰᠠᠬᠤ ᠤᠷᠤᠨ ᠤ ᠤᠳᠤᠷᠢᠳᠬᠤ | ᠺᠠᠳ᠋ᠷᠴᠤᠳ ᠲᠤ ᠪᠠᠶᠢᠭᠠᠯᠢ ᠶᠢᠨ ᠡᠬᠢ ᠪᠠᠶᠠᠯᠢᠬ ᠤᠨ ᠲᠤᠰᠢᠶᠠᠯ ᠠᠴᠠ ᠰᠠᠯᠬᠤ ᠬᠢᠨᠠᠨ ᠪᠤᠳᠤᠯᠳᠠ ᠬᠢᠬᠦ | ᠲᠤᠷᠰᠢᠯᠳᠠ ᠶᠢᠨ ᠴᠢᠬ ᠤᠨ ᠬᠡᠷᠡᠭᠵᠢᠬᠦᠯᠬᠦ ᠲᠦᠰᠦᠯ︾ ᠪᠠ ︽ᠦᠪᠡᠷᠲᠡᠭᠡᠨ ᠵᠠᠰᠠᠬᠤ ᠤᠷᠤᠨ ᠤ ᠨᠠᠮ ᠵᠠᠰᠠᠬ ᠤᠨ | ᠤᠳᠤᠷᠢᠳᠬᠤ ᠺᠠᠳ᠋ᠷᠴᠤᠳ ᠠᠴᠠ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠬᠰᠠᠨ ᠬᠠᠷᠢᠭᠤᠴᠠᠯᠭ᠎ᠠ | ᠨᠡᠬᠡᠮᠵᠢᠯᠡᠬᠦ ᠲᠤᠬᠠᠢ ᠬᠡᠷᠡᠭᠵᠢᠬᠦᠯᠬᠦ ᠨᠠᠷᠢᠨ ᠲᠦᠷᠢᠮ︾ ᠢ ᠲᠤᠬᠳᠠᠭᠠᠪᠠ᠃ ︽13·5︾ ᠶᠢᠨ ᠲᠡᠤᠬᠡ ᠶᠢᠨ | ᠰᠢᠨ᠎ᠠ ᠭᠠᠷᠤᠭ᠎ᠠ ᠲᠡᠭᠡᠷ᠎ᠠ᠂ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ︽ | ᠦᠪᠡᠷᠲᠡᠬᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ | ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾ ︽ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠦᠲᠦᠬᠡᠨ | ᠪᠠᠶᠢᠭᠤᠯᠤᠯᠳᠠ ᠪᠠ ᠦᠬᠡᠷᠡᠴᠢᠯᠡᠯᠳᠡ ᠶᠢ ᠲᠦᠷᠭᠡᠳᠭᠡᠬᠦ ᠲᠤᠬᠠᠢ ᠰᠠᠨᠠᠯ︾ ᠢ ᠲᠤᠭᠳᠠᠭᠠᠵᠦ᠂ ᠦᠪᠡᠷᠲᠡᠬᠡᠨ ᠵᠠᠰᠠᠬᠤ | ᠤᠷᠤᠨ ᠤ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢᠨ ᠵᠦᠪᠯᠡᠯ ᠢ ᠪᠠᠶᠢᠭᠤᠯᠵᠦ᠂ ᠠᠮᠢ | ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ᠂ ᠠᠵᠢᠯ ᠤᠨ ᠵᠠᠷᠴᠢᠮ᠂ | ᠬᠠᠷᠠᠯᠳᠠ ᠲᠦᠰᠦᠪ ᠢ ᠲᠤᠳᠤᠷᠬᠠᠢᠢᠯᠠᠵᠦ᠂ ᠴᠢᠬᠤᠯᠠ ᠶᠡᠭᠡ ᠢᠨᠵᠧᠨᠧᠷᠢᠩ ᠪᠠ ᠭᠤᠤᠯᠳᠠᠯᠭ᠎ᠠ ᠲᠠᠢ ᠠᠵᠢᠯ ᠢ | ᠲᠤᠷᠠᠳᠤᠬᠰᠠᠨ ᠪᠠᠶᠢᠨ᠎ᠠ᠃ | ᠰᠤᠷᠪᠤᠯᠵᠢᠯᠠᠬᠴᠢ᠄ ᠲᠡᠭᠡᠷ᠎ᠠ ᠬᠠᠭᠠᠰ ᠵᠢᠯ ᠤᠨ ᠪᠦᠬᠦ ᠤᠷᠤᠨ ᠤ ᠪᠡᠯᠡ ᠤᠷᠤᠭᠤᠯᠤᠯᠳᠠ ᠶᠢᠨ ᠪᠦᠲᠦᠴᠡ ᠶᠢᠨ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ ᠠᠯᠢ ᠲᠠᠯ᠎ᠠ ᠪᠠᠷ ᠪᠣᠲᠠᠲᠠᠢ ᠢᠯᠡᠷᠡᠵᠦ ᠪᠠᠶᠢᠬᠤ ᠪᠤᠢ︖ | ᠫᠠᠨ ᡁᠢ ᠹᠧᠩ᠄ ᠪᠡᠯᠡ ᠤᠷᠤᠭᠤᠯᠤᠯᠳᠠ ᠶᠢᠨ ᠪᠦᠲᠦᠴᠡ ᠶᠢᠨ ᠪᠠᠶᠢᠳᠠᠯ ᠠᠴᠠ ᠦᠵᠡᠪᠡᠯ᠂ ᠲᠡᠭᠡᠷ᠎ᠠ ᠬᠠᠭᠠᠰ | ᠵᠢᠯ ᠳᠤ ᠪᠦᠬᠦ ᠤᠷᠤᠨ ᠤ ᠪᠡᠯᠡ ᠤᠷᠤᠭᠤᠯᠤᠯᠳᠠ ᠶᠢᠨ ᠪᠦᠲᠦᠴᠡ ᠲᠤᠬᠢᠷᠠᠭᠤᠯᠤᠯᠳᠠ ᠬᠢᠵᠦ ᠰᠢᠯᠢᠳᠡᠭᠵᠢᠭᠰᠡᠨ ᠨᠢ | ᠦᠨᠡᠨ᠃ ᠤᠷᠤᠨ ᠤ ᠪᠡᠯᠡ ᠤᠷᠤᠭᠤᠯᠤᠯᠳᠠ ᠶᠢᠨ ᠪᠦᠲᠦᠴᠡ ᠲᠤᠬᠢᠷᠠᠭᠤᠯᠤᠯᠳᠠ ᠬᠢᠵᠦ ᠰᠢᠯᠢᠳᠡᠭᠵᠢᠭᠰᠡᠨ ᠨᠢ | ᠦᠨᠡᠨ᠃ | ᠶᠠᠭᠤᠨ ᠤ ᠡᠮᠦᠨ᠎ᠠ᠂ ᠭᠤᠷᠪᠠᠨ ᠠᠵᠦ ᠦᠢᠯᠡᠰ ᠠᠴᠠ ᠦᠵᠡᠪᠡᠯ᠂ ᠭᠤᠷᠪᠠᠳᠤᠭᠠᠷ ᠠᠵᠦ ᠦᠢᠯᠡᠰ ᠤᠨ ᠪᠡᠯᠡ | ᠤᠷᠤᠭᠤᠯᠤᠯᠳᠠ ᠶᠢᠨ ᠬᠡᠮᠵᠢᠶ᠎ᠠ ᠪᠤᠯᠤᠨ ᠨᠡᠮᠡᠭᠳᠡᠯ ᠤᠨ ᠬᠤᠷᠳᠤᠴᠠ ᠪᠦᠷ ᠨᠢᠬᠡᠳᠦᠬᠡᠷ ᠠᠵᠦ ᠦᠢᠯᠡᠰ ᠪᠠ | ᠬᠤᠶᠠᠳᠤᠭᠠᠷ ᠠᠵᠦ ᠦᠢᠯᠡᠰ ᠤᠨ ᠪᠡᠯᠡ ᠤᠷᠤᠭᠤᠯᠤᠯᠳᠠ ᠠᠴᠠ ᠲᠠᠪᠠᠭᠰᠠᠨ ᠪᠠᠶᠢᠨ᠎ᠠ᠃ ᠲᠡᠭᠡᠷ᠎ᠠ ᠬᠠᠭᠠᠰ ᠵᠢᠯ ᠳᠤ᠂ | ᠪᠦᠬᠦ ᠤᠷᠤᠨ ᠤ ᠭᠤᠷᠪᠠᠳᠤᠭᠠᠷ ᠠᠵᠦ ᠦᠢᠯᠡᠰ ᠤᠨ ᠪᠡᠯᠡ ᠤᠷᠤᠭᠤᠯᠤᠯᠳᠠ 3025.8 ᠳ᠋ᠦᠩᠰᠢᠭᠤᠷ ᠲᠦᠬᠦᠷᠢᠭ | ᠲᠤ ᠬᠦᠷᠴᠦ᠂ ᠬᠤᠶᠠᠳᠤᠭᠠᠷ ᠠᠵᠦ ᠦᠢᠯᠡᠰ ᠤᠨ ᠪᠡᠯᠡ ᠤᠷᠤᠭᠤᠯᠤᠯᠳᠠ ᠠᠴᠠ 173.3 ᠳ᠋ᠦᠩᠰᠢᠭᠤᠷ ᠲᠦᠬᠦᠷᠢᠭ | ᠲᠠᠪᠠᠵᠦ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ 49% ᠢ ᠡᠵᠡᠯᠡᠪᠡ︔ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 27.6% ᠢᠶᠠᠷ ᠨᠡᠮᠡᠭᠳᠡᠵᠦ᠂ ᠨᠢᠬᠡᠳᠦᠬᠡᠷ᠂ ᠬᠤᠶᠠᠳᠤᠭᠠᠷ ᠠᠵᠦ ᠦᠢᠯᠡᠰ ᠤᠨ | ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 24.1 ᠪᠠ 25.7 ᠬᠤᠪᠢ ᠦᠨᠳᠦᠷ ᠪᠤᠯᠵᠦ᠂ ᠪᠡᠯᠡ | ᠤᠷᠤᠭᠤᠯᠤᠯᠳᠠ ᠶᠢ ᠲᠠᠶᠢᠴᠢᠯᠠᠬᠤ ᠬᠠᠮᠤᠬ ᠤᠨ ᠶᠡᠭᠡ ᠬᠦᠳᠡᠯᠬᠡᠬᠦᠷ ᠪᠤᠯᠤᠬᠰᠠᠨ ᠪᠠᠶᠢᠨ᠎ᠠ᠃ ᠡᠨᠡ ᠪᠤᠯ ᠡᠮᠦᠨ᠎ᠠ | ᠤᠯᠠᠨ ᠬᠠᠷᠠᠬᠳᠠᠬᠰᠠᠨ ᠦᠬᠡᠢ ᠪᠠᠶᠢᠳᠠᠯ ᠮᠦᠨ᠃ | ᠲᠠᠷᠠᠭ᠎ᠠ ᠳᠤᠨᠢ᠂ ᠰᠠᠭᠤᠷᠢ ᠲᠦᠬᠦᠬᠡᠷᠦᠮᠵᠢ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠨᠡᠯᠢᠶᠡᠳ ᠲᠦᠷᠬᠡᠨ | ᠪᠤᠯᠪᠠ᠃ ᠪᠦᠬᠦ ᠤᠷᠤᠨ ᠤᠳᠤ ᠶᠠᠬ ᠰᠠᠶᠢᠬᠠᠨ ᠰᠠᠭᠤᠷᠢ ᠲᠦᠬᠦᠬᠡᠷᠦᠮᠵᠢ ᠶᠢᠨ ᠲᠤᠳᠠᠭᠤᠳᠠᠯ ᠢ ᠶᠡᠭᠡ ᠬᠦᠴᠦᠨ ᠢᠶᠠᠷ | ᠨᠦᠬᠦᠪᠦᠷᠢᠯᠡᠵᠦ᠂ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠰᠠᠭᠤᠷᠢ ᠲᠦᠬᠦᠬᠡᠷᠦᠮᠵᠢ ᠶᠢᠨ ᠪᠡᠯᠡ ᠤᠷᠤᠭᠤᠯᠤᠯᠳᠠ | 1569.48 ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 45. | 6% ᠢᠶᠠᠷ ᠨᠡᠮᠡᠭᠳᠡᠵᠦ᠂ ᠪᠦᠬᠦ ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠠᠴᠠ ᠢᠯᠡᠳᠳᠡ | ᠲᠦᠷᠬᠡᠳᠴᠡᠢ᠃ | ᠲᠠᠷᠠᠭᠠᠯᠠᠪᠠᠯ᠂ ᠦᠢᠯᠡᠴᠢᠯᠡᠬᠡᠨ ᠤ ᠦᠢᠯᠡᠰ᠂ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ ᠵᠡᠷᠭᠡ ︽ | ᠲᠤᠳᠠᠭᠤᠳᠠᠯ︾ ᠤᠨ ᠬᠦᠷᠢᠶ᠎ᠠ ᠴᠠᠷᠠᠭ᠎ᠠ ᠶᠢᠨ ᠪᠡᠯᠡ ᠤᠷᠤᠭᠤᠯᠤᠯᠳᠠ ᠨᠡᠯᠢᠶᠡᠳ ᠲᠦᠷᠬᠡᠨ ᠢᠶᠠᠷ ᠨᠡᠮᠡᠭᠳᠡᠵᠦ᠂ ᠡᠵᠡᠯᠡᠬᠦ | ᠬᠠᠷᠢᠴᠠᠯ ᠨᠢ ᠵᠤᠬᠢᠬᠤ ᠬᠡᠮᠵᠢᠶ᠎ᠠ ᠪᠠᠷ ᠲᠡᠭᠡᠭᠰᠢᠯᠡᠪᠡ᠃ ᠤᠳᠤ ᠪᠡᠯᠡ ᠤᠷᠤᠭᠤᠯᠤᠯᠳᠠ ᠶᠢᠨ ᠪᠦᠷᠢᠳᠭᠡᠯ ᠬᠢᠵᠦ ᠪᠠᠶᠢᠭ᠎ᠠ | 19 ᠠᠵᠢᠯ ᠲᠦᠷᠦᠯ ᠠᠴᠠ ᠦᠵᠡᠪᠡᠯ᠂ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠲᠦᠷᠢᠶᠡᠰᠤᠨ ᠤ ᠪᠠ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠢᠯᠡᠰ ᠤᠨ ᠪᠡᠯᠡ ᠤᠷᠤᠭᠤᠯᠤᠯᠳᠠ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 89.6% ᠢᠶᠠᠷ ᠨᠡᠮᠡᠭᠳᠡᠵᠦ᠂ ᠤᠰᠤᠨ ᠠᠰᠢᠬᠯᠠᠯᠳᠠ᠂ ᠤᠷᠴᠢᠨ ᠲᠤᠭᠤᠷᠢᠨ ᠪᠠ | ᠤᠯᠠᠨ ᠨᠡᠶᠢᠳᠡ ᠶᠢᠨ ᠲᠦᠬᠦᠬᠡᠷᠦᠮᠵᠢ ᠶᠢᠨ ᠬᠠᠮᠢᠶᠠᠷᠤᠯᠳᠠ ᠶᠢᠨ ᠦᠢᠯᠡᠰ ᠤᠨ ᠪᠡᠯᠡ ᠤᠷᠤᠭᠤᠯᠤᠯᠳᠠ ᠨᠢᠳᠤᠨᠤᠨ ᠤ | ᠠᠳᠠᠯᠢ ᠬᠤᠭᠤᠴᠠᠭ᠎ᠠ ᠶᠢᠨ ᠬᠢ ᠠᠴᠠ 55.7% ᠢᠶᠠᠷ ᠨᠡᠮᠡᠭᠳᠡᠵᠦ᠂ ᠰᠤᠶᠤᠯ᠂ ᠪᠡᠶ᠎ᠠ ᠶᠢᠨ ᠲᠠᠮᠢᠷ ᠪᠠ ᠵᠤᠭ᠎ᠠ | ᠴᠡᠩᠬᠡᠯ ᠤᠨ ᠦᠢᠯᠡᠰ ᠤᠨ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 44. | 8% ᠢᠶᠠᠷ ᠨᠡᠮᠡᠭᠳᠡᠵᠦ᠂ ᠡᠨᠡ ᠭᠤᠷᠪᠠᠨ ᠠᠵᠢᠯ ᠲᠦᠷᠦᠯ ᠤᠨ ᠪᠡᠯᠡ ᠤᠷᠤᠭᠤᠯᠤᠯᠳᠠ ᠶᠢᠨ ᠶᠡᠷᠦᠩᠬᠡᠢ ᠬᠡᠮᠵᠢᠶ᠎ᠠ | 1204.26 ᠳ᠋ᠦᠩᠰᠢᠭᠤᠷ ᠲᠦᠬᠦᠷᠢᠭ ᠲᠤ ᠬᠦᠷᠴᠦ᠂ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ | ᠶᠡᠷᠦᠩᠬᠡᠢ ᠬᠡᠮᠵᠢᠶ᠎ᠠ ᠶᠢᠨ 19.5% ᠢ ᠡᠵᠡᠯᠡᠵᠦ᠂ ᠡᠨᠡᠬᠦ ᠡᠵᠡᠯᠡᠬᠦ ᠬᠠᠷᠢᠴᠠᠯ ᠨᠢ ᠲᠡᠭᠡᠷ᠎ᠠ ᠵᠢᠯ ᠤᠨ ᠠᠳᠠᠯᠢ | ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 5.4 ᠬᠤᠪᠢ ᠥᠨᠳᠦᠷ ᠪᠤᠯᠪᠠ᠃ | ᠶᠡᠷᠦᠩᠬᠡᠢ ᠳᠤᠨᠢ ᠶᠠᠷᠢᠪᠠᠯ᠂ ᠠᠵᠦ ᠠᠬᠤᠢ ᠶᠢᠨ ᠪᠦᠲᠦᠴᠡ ᠰᠢᠯᠢᠳᠡᠭᠵᠢᠵᠦ ᠲᠡᠰ ᠲᠡᠪᠰᠢᠬᠦ ᠶᠢ ᠲᠠᠭᠠᠯᠳᠤᠨ᠂ | ᠪᠡᠯᠡ ᠤᠷᠤᠭᠤᠯᠤᠯᠳᠠ ᠶᠢᠨ ᠪᠦᠲᠦᠴᠡ ᠪᠠᠰᠠ ᠶᠠᠬ ᠰᠠᠶᠢᠬᠠᠨ ᠲᠤᠬᠢᠷᠠᠭᠤᠯᠤᠯᠳᠠ ᠬᠢᠵᠦ ᠰᠢᠯᠢᠳᠡᠭᠵᠢᠬᠦ | ᠬᠠᠨᠳᠤᠰᠢ ᠲᠠᠢ ᠪᠤᠯᠵᠡᠢ᠃ | ᠰᠤᠷᠪᠤᠯᠵᠢᠯᠠᠭᠴᠢ᠄ ᠳᠤᠤᠷ᠎ᠠ ᠬᠠᠭᠠᠰ ᠵᠢᠯ ᠤᠨ ᠪᠦᠬᠦ ᠤᠷᠤᠨ ᠤ ᠠᠵᠤ ᠠᠬᠤᠢ ᠶᠢᠨ ᠬᠠᠨᠳᠦᠰᠢ ᠨᠢ ᠶᠠᠮᠠᠷ | ᠪᠠᠶᠢᠳᠠᠯ ᠲᠠᠢ ᠪᠠᠶᠢᠬᠤ ᠪᠤᠢ︖ | ᠫᠠᠨ ᡁᠢ ᠹᠧᠩ᠄ ᠮᠢᠨᠤ ᠬᠤᠪᠢ ᠬᠦᠮᠤᠨ ᠤ ᠦᠵᠡᠬᠦ ᠪᠠᠷ᠂ ᠳᠤᠤᠷ᠎ᠠ ᠬᠠᠭᠠᠰ ᠵᠢᠯ ᠤᠨ ᠪᠦᠬᠦ ᠤᠷᠤᠨ ᠤ | ᠠᠵᠤ ᠠᠬᠤᠢ ᠶᠢᠨ ᠡᠷᠬᠢᠯᠳᠡ ᠨᠢ ᠬᠦᠳᠡᠯᠭᠡᠭᠦ ᠴᠢᠳᠠᠪᠤᠷᠢ ᠲᠠᠢ ᠪᠦᠭᠡᠳ ᠪᠠᠰᠠ ᠲᠠᠷᠤᠭᠠᠰᠦ ᠲᠠᠢ︔ ᠰᠢᠨ᠎ᠡ ᠨᠡᠮᠡᠭᠳᠡᠯ | ᠤᠨ ᠴᠢᠳᠠᠪᠤᠷᠢ ᠪᠠᠶᠢᠬᠤ ᠪᠦᠭᠡᠳ ᠮᠦᠨ ᠴᠤ ᠤᠯᠠᠮᠵᠢᠯᠠᠯᠲᠤ ᠬᠦᠳᠡᠯᠬᠡᠬᠦ ᠴᠢᠳᠠᠪᠤᠷᠢ ᠶᠢᠨ ᠴᠢᠨᠠᠬᠰᠢᠳᠠ ᠶᠢᠨ | ᠪᠠᠭᠤᠷᠠᠯᠳᠠ ᠴᠤ ᠪᠤᠢ᠃ ᠶᠡᠷᠤᠩᠬᠡᠢ ᠳᠤᠨᠢ ᠠᠪᠴᠤ ᠦᠵᠡᠪᠡᠯ᠂ ᠬᠦᠳᠡᠯᠭᠡᠭᠦ ᠴᠢᠳᠠᠪᠤᠷᠢ ᠨᠢ ᠲᠠᠷᠤᠭᠠᠰᠤ ᠠᠴᠠ ᠶᠡᠭᠡ | ᠪᠠᠶᠢᠵᠤ᠂ ᠰᠢᠨ᠎ᠡ ᠬᠦᠳᠡᠯᠭᠡᠬᠦ ᠴᠢᠳᠠᠪᠤᠷᠢ ᠨᠢ ᠤᠯᠠᠮᠵᠢᠯᠠᠯᠲᠤ ᠬᠦᠳᠡᠯᠬᠡᠬᠦ ᠴᠢᠳᠠᠪᠤᠷᠢ ᠶᠢᠨ ᠪᠠᠭᠤᠷᠠᠯᠳᠠ ᠲᠠᠢ | ᠵᠠᠯᠭᠠᠯᠳᠤᠵᠤ ᠪᠤᠯᠤᠨ᠎ᠠ᠃ ᠡᠶᠢᠮᠤ ᠠᠴᠠ ᠨᠡᠩ ᠬᠦᠴᠦᠨ ᠪᠦᠬᠦᠢ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠤᠳᠤᠬᠢ | ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ᠂ ᠰᠠᠭᠤᠷᠢ ᠲᠦᠬᠦᠭᠡᠷᠦᠮᠵᠢ ᠶᠢᠨ ᠪᠦᠲᠦᠬᠡᠨ | ᠪᠠᠶᠢᠭᠤᠯᠤᠯᠲᠠ ᠶᠢᠨ ᠢᠨᠵᠧᠨᠧᠷᠢᠩ ᠵᠡᠷᠭᠡ ᠨᠢᠬᠡ ᠪᠦᠯᠦᠭ ᠭᠤᠤᠯᠳᠠᠯᠭ᠎ᠠ ᠲᠠᠢ ᠢᠨᠵᠧᠨᠧᠷᠢᠩ ᠭᠤᠤᠯᠳᠠᠯᠭ᠎ᠠ ᠲᠠᠢ | ᠲᠦᠷᠤᠯ ᠵᠦᠢᠯ ᠤᠨ ᠪᠠᠷᠢᠯᠭ᠎ᠠ ᠶᠢ ᠡᠬᠢᠯᠡᠬᠦᠯᠤᠨ ᠠᠰᠢᠬᠯᠠᠯᠳᠠ ᠳᠤ ᠤᠷᠤᠭᠤᠯᠬᠤ ᠠᠰᠢᠭᠲᠠᠢ ᠡᠯᠧᠮᠧᠨ᠋ᠲ ᠢ ᠰᠠᠶᠢᠳᠤᠷ | ᠠᠰᠢᠬᠯᠠᠨ᠂ ᠠᠵᠤ ᠠᠬᠤᠢ ᠮᠠᠭᠤᠳᠠᠬᠤ ᠲᠠᠷᠤᠭᠠᠰᠤ ᠶᠢ ᠴᠢᠷᠮᠠᠶᠢᠨ ᠰᠢᠢᠳᠪᠦᠷᠢᠯᠡᠪᠡᠯ᠂ ᠲᠤᠤᠷ᠎ᠠ ᠬᠠᠭᠠᠰ ᠵᠢᠯ ᠳᠤ | ᠪᠦᠬᠦ ᠤᠷᠤᠨ ᠤ ᠠᠵᠤ ᠠᠬᠤᠢ ᠲᠤᠬᠳᠠᠭᠤᠨ ᠤ ᠲᠤᠮᠳᠠ ᠠᠬᠢᠯᠳᠠ ᠲᠠᠢ ᠬᠠᠨᠳᠤᠰᠢ ᠪᠠᠨ ᠦᠷᠭᠦᠯᠵᠢᠯᠡᠨ ᠪᠠᠳᠤᠯᠠᠵᠦ | ᠴᠢᠳᠠᠨ᠎ᠠ᠃ | |