ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠤᠯᠠᠨ ᠲᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ | ᠡᠷᠡᠭᠦᠯ ᠢᠶᠠᠷ ᠬᠥᠭᠵᠢᠵᠦ᠂ ᠠᠵᠤ ᠠᠬᠤᠶᠢᠯᠠᠯ ᠤᠳ ᠬᠦᠷᠦᠩᠭᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ 462. | 18 ᠳ᠋ᠥᠡᠭᠰᠢᠭᠤᠷ ᠲᠥᠭᠦᠷᠢᠭ ᠤᠨ ᠪᠡᠯᠡ ᠶᠢ ᠰᠢᠭᠤᠳ ᠲᠣᠬᠢᠷᠠᠭᠤᠯᠪᠠ᠃ ᠡᠨᠡ ᠵᠢᠯ ᠠᠴᠠ ᠨᠠᠰᠢ᠂ ᠮᠠᠨ ᠤ ᠣᠷᠣᠨ | ᠤᠯᠠᠨ ᠲᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠶᠡᠬᠡᠪᠡᠷ ᠬᠥᠭᠵᠢᠭᠦᠯᠵᠦ᠂ ᠠᠵᠤ | ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠲᠠᠰᠤᠷᠠᠯᠳᠡ ᠦᠭᠡᠢ ᠥᠷᠭᠡᠳᠬᠡᠵᠦ᠂ ᠭᠤᠣᠯ ᠪᠣᠯᠬᠤ | ᠵᠠᠬ᠎ᠠ ᠳᠡᠯᠭᠡᠭᠦᠷ᠂ ᠭᠤᠷᠪᠠᠳᠠᠬᠢ ᠰᠢᠨ᠎ᠡ ᠲᠠᠪᠴᠠᠩ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ | ᠳᠡᠯᠭᠡᠭᠦᠷ ᠪᠣᠯᠣᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠤᠬᠢᠷᠠᠭᠤᠯᠭ᠎ᠠ ᠶᠢᠨ ᠲᠠᠯ᠎ᠠ ᠪᠠᠷ ᠴᠥᠮ ᠢᠳᠡᠪᠬᠢᠲᠡᠶ | ᠬᠥᠭᠵᠢᠭᠦᠯᠪᠡ᠃ 1-6 ᠳ᠋ᠤᠭᠠᠷ ᠰᠠᠷ᠎ᠠ ᠳᠤ᠂ ᠮᠠᠨ ᠤ ᠣᠷᠣᠨ ᠤ 4 ᠠᠵᠤ ᠠᠬᠤᠶᠢᠯᠠᠯ ᠥᠪᠥᠷ ᠮᠣᠩᠭᠤᠯ ᠤᠨ | ᠵᠢᠭᠡᠯᠡᠯᠭᠡ ᠶᠢᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠪᠰᠤᠷᠤᠨ ᠵᠢᠯᠤᠭᠤᠳᠤᠭᠤᠯᠬᠤ ᠪᠠᠷ | ᠮᠡᠳᠡᠭᠦᠯᠦᠨ ᠳᠠᠩᠰᠠᠯᠠᠭᠤᠯᠵᠤ᠂ ᠵᠠᠬ᠎ᠠ ᠳᠡᠯᠭᠡᠭᠦᠷ ᠲᠤ ᠭᠠᠷᠤᠭᠰᠠᠨ ᠬᠠᠪᠰᠤᠷᠤᠨ ᠵᠢᠯᠣᠭᠤᠳᠬᠤ ᠬᠤᠭᠤᠴᠠᠭᠠᠨ ᠳᠠᠬᠢ | ᠠᠵᠤ ᠠᠬᠤᠶᠢᠯᠠᠯ ᠤᠨ ᠶᠡᠷᠦᠩᠬᠡᠶ ᠲᠤᠭ᠎ᠠ ᠨᠢ 13 ᠪᠣᠯᠪᠠ︔ 20 ᠠᠵᠤ ᠠᠬᠤᠶᠢᠯᠠᠯ ᠭᠤᠷᠪᠠᠳᠠᠬᠢ ᠰᠢᠨ᠎ᠡ | ᠲᠠᠪᠴᠠᠩ ᠳᠤ ᠫᠠᠶᠢᠰᠠ ᠡᠯᠭᠦᠵᠦ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠶᠡᠷᠦᠩᠬᠡᠶ ᠲᠤᠭ᠎ᠠ ᠨᠢ 46 ᠳᠤ | ᠬᠦᠷᠪᠡ︔ 245 ᠠᠵᠤ ᠠᠬᠤᠶᠢᠯᠠᠯ ᠥᠪᠥᠷ ᠮᠣᠩᠭᠤᠯ ᠤᠨ ᠰᠲ᠋ᠤᠺ ᠤᠨ ᠡᠷᠬᠡ ᠶᠢᠨ ᠠᠷᠠᠯᠵᠢᠶᠠᠨ ᠤ ᠲᠥᠪ ᠲᠤ | ᠫᠠᠶᠢᠰᠠ ᠡᠯᠭᠦᠵᠦ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠨᠢ 982 ᠲᠤ ᠬᠦᠷᠪᠡ᠃ | ᠰᠢᠭᠤᠳ ᠪᠡᠯᠡ ᠲᠣᠬᠢᠷᠠᠭᠤᠯᠬᠤ ᠳᠤᠮᠳᠠ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ | ᠲᠤᠬᠢᠷᠠᠭᠤᠯᠭ᠎ᠠ ᠶᠢᠨ ᠡᠷᠴᠢᠮ ᠨᠡᠯᠢᠶᠡᠳ ᠶᠡᠭᠡ ᠪᠠᠶᠢᠵᠤ᠂ 262.26 ᠳ᠋ᠥᠡᠭᠰᠢᠭᠤᠷ ᠲᠥᠭᠦᠷᠢᠭ ᠤᠨ ᠪᠡᠯᠡ | ᠲᠣᠬᠢᠷᠠᠭᠤᠯᠪᠠ᠃ |