ᠳᠡᠭᠡᠷ᠎ᠡ ᠬᠠᠭᠠᠰ ᠵᠢᠯ ᠳᠤ ᠮᠠᠨ ᠤ ᠤᠷᠤᠨ ᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 28.19%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2016/7/21
      ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠡᠶᠢᠲᠡ ᠶᠢᠨ ᠪᠤᠰᠤ ᠥᠮᠴᠢᠯᠡᠯᠳᠤ ᠠᠵᠤ ᠠᠬᠤᠶ ᠶᠢᠨ ᠬᠦᠷᠢᠶᠡᠨ ᠳᠠᠬᠢ ᠪᠡᠯᠡ ᠮᠦᠩᠭᠦᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠮᠦᠩᠭᠦ ᠨᠢ 3535.15 ᠳ᠋ᠦᠩᠰᠢᠭᠤᠷ ᠲᠥᠭᠦᠷᠢᠭ ᠲᠤ ᠬᠦᠷᠴᠦ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 28.19%᠎ ᠪᠠᠷ ᠨᠡᠮᠡᠭᠳᠡᠵᠦ᠂ ᠪᠦᠬᠦ ᠣᠷᠣᠨ ᠤ ᠵᠢᠭᠡᠯᠡᠯᠭᠡ ᠶᠢᠨ ᠨᠡᠮᠡᠭᠳᠡᠬᠦ ᠬᠤᠷᠳᠤᠴᠠ ᠠᠴᠠ 14.06 ᠵᠠᠭᠤᠨ ᠤ ᠴᠡᠭ ᠦᠨᠳᠦᠷ ᠪᠣᠯᠵᠤ᠂ ᠵᠢᠯ ᠤᠨ ᠡᠬᠢᠨ ᠤ ᠬᠢ ᠠᠴᠠ 593.19 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 409.72 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠪᠥᠬᠦ ᠣᠷᠣᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠦᠯᠡᠳᠡᠪᠦᠷᠢ ᠮᠥᠩᠭᠦ ᠨᠢ 7193.89 ᠳ᠋ᠦᠩᠰᠢᠭᠤᠷ ᠲᠥᠭᠦᠷᠢᠭ ᠲᠤ ᠬᠦᠷᠴᠦ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 16.06% ᠨᠡᠮᠡᠭᠳᠡᠨ᠂ ᠪᠦᠬᠦ ᠣᠷᠣᠨ ᠤ ᠵᠢᠭᠡᠯᠡᠯᠭᠡ ᠶᠢᠨ ᠨᠡᠮᠡᠭᠳᠡᠬᠦ ᠬᠤᠷᠳᠤᠴᠠ ᠠᠴᠠ 1.93 ᠵᠠᠭᠤᠨ ᠤ ᠴᠡᠭ ᠦᠨᠳᠦᠷ ᠪᠣᠯᠵᠤ᠂ ᠵᠢᠯ ᠤᠨ ᠡᠬᠢᠨ ᠤ ᠬᠢ ᠠᠴᠠ 635.2 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ︔ ᠪᠦᠬᠦ ᠣᠷᠣᠨ ᠤ ᠵᠢᠭᠡᠯᠡᠯᠭᠡ ᠶᠢᠨ ᠡᠷᠬᠡ ᠨᠡᠮᠡᠭᠰᠡᠨ ᠳᠤᠮᠳᠠᠴᠢ ᠬᠦᠦ ᠮᠥᠩᠭᠦ ᠶᠢᠨ ᠨᠤᠷᠮ᠎ᠠ ᠎ ᠨᠢ ᠶᠡᠷᠦᠩᠬᠡᠶ ᠳᠡᠭᠡᠨ ᠪᠠᠭᠤᠷᠠᠬᠤ ᠬᠠᠨᠳᠤᠰᠢ ᠲᠠᠢ ᠪᠤᠯᠵᠤ᠂ 5 ᠳ᠋ᠤᠭᠠᠷ ᠰᠠᠷ᠎ᠠ ᠳᠤ ᠪᠦᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ ᠵᠢᠭᠡᠯᠡᠯᠭᠡ ᠶᠢᠨ ᠡᠷᠬᠡ ᠨᠡᠮᠡᠭᠰᠡᠨ ᠳᠤᠮᠳᠠᠴᠢ ᠬᠦᠦ ᠮᠥᠩᠭᠦ ᠶᠢᠨ ᠨᠤᠷᠮ᠎ᠠ ᠨᠢ 6.09% ᠪᠣᠯᠵᠤ᠂ ᠵᠢᠯ ᠤᠨ ᠡᠬᠢᠨ ᠤ ᠬᠢ ᠠᠴᠠ 0.79 ᠵᠠᠭᠤᠨ ᠤ ᠴᠡᠭ ᠪᠠᠭᠤᠷᠠᠵᠤ᠂ 2012 ᠣᠨ ᠠᠴᠠ ᠨᠠᠰᠢ ᠨᠡᠯᠢᠶᠡᠳ ᠳᠣᠣᠷ᠎ᠠ ᠬᠡᠮᠵᠢᠶᠡᠨ ᠳᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号