ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠥᠬᠡᠬᠤᠲᠠ ᠪᠠᠶᠢᠴᠠᠭᠠᠬᠤ ᠳᠤᠭᠤᠶᠢᠯᠠᠩ ᠤᠨ ᠬᠢᠭᠰᠡᠨ | ᠪᠠᠶᠢᠴᠠᠭᠠᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠣᠷᠣᠨ ᠤ ᠲᠥᠪ ᠤᠨ ᠮᠢᠬᠠᠨ ᠢᠳᠡᠭᠡᠨ ᠤ ᠵᠠᠬ᠎ᠠ | ᠳᠡᠯᠭᠡᠭᠦᠷ ᠤᠨ ᠦᠬᠡᠷ ᠬᠤᠨᠢᠨ ᠮᠢᠬ᠎ᠠ ᠶᠢᠨ ᠦᠨ᠎ᠡ ᠵᠢᠭᠠᠬᠠᠨ ᠪᠠᠭᠤᠷᠠᠬᠤ ᠬᠠᠨᠳᠤᠰᠢ ᠲᠠᠢ ᠪᠣᠯᠵᠠᠢ᠃ ᠦᠬᠡᠷ ᠤᠨ | ᠮᠢᠬᠠᠨ ᠤ ᠦᠨ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.3 % ᠪᠠᠷ ᠪᠠᠭᠤᠷᠠᠵᠠᠢ᠂ ᠬᠤᠨᠢᠨ | ᠮᠢᠬᠠᠨ ᠤ ᠦᠨ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.3 % ᠪᠠᠷ ᠪᠠᠭᠤᠷᠠᠪᠠ᠃ ᠳᠡᠭᠡᠷ᠎ᠡ | ᠬᠠᠭᠠᠰ ᠵᠢᠯ ᠤᠨ ᠦᠬᠡᠷ ᠤᠨ ᠮᠢᠬ᠎ᠠ ᠶᠢᠨ ᠳᠤᠮᠳᠠᠴᠢ ᠵᠢᠵᠢᠭᠯᠡᠨ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ | 55.61 ᠲᠥᠭᠦᠷᠢᠭ ᠪᠠᠶᠢᠵᠤ᠂ 2015 ᠣᠨ ᠤ ᠳᠡᠭᠡᠷ᠎ᠡ ᠬᠠᠭᠠᠰ ᠵᠢᠯ ᠤᠨ ᠺᠢᠯᠣᠭ᠍ᠷᠠᠮ ᠪᠦᠷᠢ ᠳᠡᠭᠡᠨ 56.15 | ᠲᠥᠭᠦᠷᠢᠭ ᠪᠠᠶᠢᠭᠰᠠᠨ ᠠᠴᠠ 1 % ᠪᠠᠭᠤᠷᠠᠵᠠᠢ︔ ᠳᠡᠭᠡᠷ᠎ᠡ ᠬᠠᠭᠠᠰ ᠵᠢᠯ ᠤᠨ ᠬᠤᠨᠢᠨ ᠮᠢᠬ᠎ᠠ ᠶᠢᠨ ᠵᠢᠵᠢᠭᠯᠡᠨ | ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ 50.77 ᠲᠥᠭᠦᠷᠢᠭ ᠪᠠᠶᠢᠵᠤ᠂ 2015 ᠣᠨ ᠤ 5 ᠳ᠋ᠤᠭᠠᠷ | ᠰᠠᠷ᠎ᠠ ᠳᠤ ᠺᠢᠯᠣᠭ᠍ᠷᠠᠮ ᠪᠦᠷᠢ ᠳᠡᠭᠡᠨ 55.58 ᠲᠥᠭᠦᠷᠢᠭ ᠪᠠᠶᠢᠭᠰᠠᠨ ᠠᠴᠠ 8.7 % ᠪᠠᠭᠤᠷᠠᠵᠠᠢ᠃ ᠡᠨᠡ ᠵᠢᠯ ᠤᠨ | ᠣᠷᠣᠨ ᠤ ᠲᠥᠪ ᠤᠨ ᠦᠬᠡᠷ ᠬᠤᠨᠢᠨ ᠮᠢᠬ᠎ᠠ ᠶᠢᠨ ᠦᠨ᠎ᠡ ᠪᠠᠭᠤᠷᠠᠭᠰᠠᠨ ᠭᠤᠣᠯ ᠰᠢᠯᠲᠠᠭᠠᠨ ᠪᠣᠯ᠄ ᠲᠡᠵᠢᠭᠡᠨ | ᠦᠷᠡᠵᠢᠭᠦᠯᠬᠦ ᠬᠡᠮᠵᠢᠶ᠎ᠡ ᠨᠡᠮᠡᠭᠳᠡᠵᠠᠢ᠂ ᠦᠬᠡᠷ᠂ ᠬᠤᠨᠢ ᠶᠢ ᠬᠤᠳᠠᠯᠳᠤᠨ ᠠᠪᠬᠤ ᠦᠨ᠎ᠡ ᠠᠳᠠᠯᠢ ᠪᠤᠰᠤ ᠬᠡᠮᠵᠢᠶ᠎ᠡ ᠪᠠᠷ | ᠪᠠᠭᠤᠷᠠᠵᠠᠢ᠂ ᠨᠡᠩ ᠴᠢᠨᠠᠭᠰᠢᠯᠠᠪᠠᠯ ︽ᠬᠤᠨᠢ ᠬᠤᠳᠠᠯᠳᠤᠬᠤ ᠳᠤ ᠬᠦᠴᠢᠷᠲᠡᠶ︾ ᠪᠠᠶᠢᠬᠤ ᠦᠵᠡᠭᠳᠡᠯ ᠭᠠᠷᠴᠠᠢ᠃ | ᠡᠭᠦᠨ ᠠᠴᠠ ᠭᠠᠳᠠᠨ᠎ᠠ᠂ ᠨᠢᠳᠤᠨᠤᠨ ᠡᠪᠦᠯ ᠠᠴᠠ ᠡᠬᠢᠯᠡᠨ᠂ ᠦᠬᠡᠷ ᠬᠤᠨᠢᠨ ᠮᠢᠬ᠎ᠠ ᠶᠢᠨ ᠵᠠᠬ᠎ᠠ ᠳᠡᠯᠭᠡᠭᠦᠷ ᠤᠨ | ᠬᠡᠷᠡᠭᠯᠡᠭᠡ ᠤᠳᠤ ᠪᠣᠯᠲᠠᠯ᠎ᠠ ᠪᠠᠭᠤᠷᠠᠭᠰᠠᠭᠠᠷ ᠪᠠᠶᠢᠨ᠎ᠠ᠃ | ᠡᠭᠦᠨ ᠠᠴᠠ ᠭᠠᠳᠠᠨ᠎ᠠ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠲᠠᠢ ᠬᠠᠷᠢᠴᠠᠭᠤᠯᠪᠠᠯ᠂ 1 ~ 6 | ᠳ᠋ᠤᠭᠠᠷ ᠰᠠᠷ᠎ᠠ ᠳᠤ᠂ ᠬᠥᠬᠡᠬᠤᠲᠠ ᠶᠢᠨ ᠠᠮᠤ ᠪᠤᠳᠠᠭᠠᠨ ᠤ ᠦᠨ᠎ᠡ ᠬᠠᠩᠰᠢ 2015 ᠣᠨ ᠠᠴᠠ ᠵᠠᠯᠭᠠᠭᠠᠳ ᠥᠰᠬᠦ | ᠬᠠᠨᠳᠤᠰᠢ ᠲᠠᠢ ᠪᠠᠶᠢᠵᠤ᠂ ᠮᠥᠨᠬᠦ 3.2 % ᠤᠨ ᠬᠡᠮᠵᠢᠶ᠎ᠡ ᠪᠠᠷ ᠡᠶᠡᠪᠡᠷᠭᠦᠦ ᠥᠰᠴᠦ᠂ ᠥᠰᠥᠯᠲᠡ ᠶᠢᠨ ᠬᠡᠮᠵᠢᠶ᠎ᠡ | ᠨᠢ 2015 ᠣᠨ ᠤ ᠠᠳᠠᠯᠢ ᠬᠤᠭᠤᠴᠠᠭᠠᠨ ᠳᠤ 2.4 % ᠪᠠᠶᠢᠭᠰᠠᠨ ᠠᠴᠠ ᠪᠠᠨ 0.8 ᠵᠠᠭᠤᠨ ᠤ ᠴᠢᠭ᠋ ᠥᠰᠴᠡᠢ᠃ | ᠠᠮᠤ ᠪᠤᠳᠠᠭᠠᠨ ᠤ ᠲᠦᠷᠦᠯ ᠤᠨ ᠲᠠᠸᠠᠷ ᠲᠤ᠄ ᠲᠤᠲᠤᠷᠭ᠎ᠠ ᠶᠢᠨ ᠦᠨ᠎ᠡ 5.5 % ᠪᠠᠷ ᠥᠰᠴᠦ᠂ ᠭᠤᠯᠢᠷ ᠤᠨ | ᠦᠨ᠎ᠡ 2.6 % ᠪᠠᠷ ᠥᠰᠴᠦ᠂ ᠪᠤᠰᠤᠳ ᠠᠮᠤ ᠪᠤᠳᠠᠭᠠᠨ ᠤ ᠦᠨ᠎ᠡ 2.8 % ᠪᠠᠷ ᠥᠰᠴᠦ᠂ ᠠᠮᠤ ᠪᠤᠳᠠᠭᠠᠨ | ᠤ ᠪᠦᠲᠦᠭᠡᠭᠳᠡᠬᠦᠨ ᠤ ᠦᠨ᠎ᠡ 1.7 % ᠪᠠᠷ ᠥᠰᠴᠡᠢ᠃ |