ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠨᠠᠨ ᠬᠡᠮᠵᠢᠬᠦ ᠰᠢᠰᠲ᠋ᠧᠮ ᠤᠨ ᠲᠤᠭ᠎ᠠ ᠪᠠᠷᠢᠮᠲᠠ ᠠᠴᠠ ᠦᠵᠡᠪᠡᠯ᠂ | 1 — 6 ᠳ᠋ᠤᠭᠠᠷ ᠰᠠᠷ᠎ᠠ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠦᠬᠦ ᠲᠤᠭ᠎ᠠ 3031.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9. | 5% ᠨᠡᠮᠡᠭᠳᠡᠵᠡᠢ᠃ ᠡᠭᠦᠨ ᠳᠤ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠲᠤᠭ᠎ᠠ 2740.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% | ᠨᠡᠮᠡᠭᠳᠡᠪᠡ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 291.1 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ᠃ | ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠪᠡᠯ᠂ ᠣᠳᠣᠬᠠᠨ ᠤ ᠳᠣᠲᠣᠭᠠᠳᠤ ᠠᠷᠠᠯᠵᠢᠶᠠᠨ ᠤ | ᠭᠦᠢᠯᠭᠡᠭᠡ ᠳᠣᠣᠷᠠᠬᠢ ᠮᠡᠲᠦ ᠣᠨᠴᠠᠯᠢᠭ ᠲᠠᠢ ᠪᠠᠶᠢᠨ᠎ᠠ᠄ ᠠᠮᠢᠳᠤᠷᠠᠯ ᠤᠨ ᠴᠢᠬᠤᠯᠠ ᠬᠡᠷᠡᠭᠰᠡᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠦᠢᠯᠡᠳᠪᠦᠷᠢᠯᠡᠯ ᠤᠨ ᠴᠢᠬᠤᠯᠠ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠶᠣᠰᠣᠭᠠᠷ ᠬᠡᠪ ᠶᠤᠰᠤᠭᠠᠷ | ᠶᠠᠪᠤᠭᠳᠠᠵᠤ ᠪᠠᠶᠢᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠪᠣᠷᠣᠯᠠᠭᠤᠯᠤᠯᠲᠠ | ᠦᠷᠭᠦᠯᠵᠢᠯᠡᠨ ᠰᠠᠶᠢᠵᠢᠷᠠᠵᠤ᠂ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ ᠤᠨ ᠬᠢᠨᠠᠨ ᠬᠡᠮᠵᠢᠯᠲᠡ ᠶᠢᠨ ᠲᠤᠰᠬᠠᠯ ᠢᠶᠠᠷ ᠪᠤᠯ᠂ 1 — 6 ᠳ᠋ᠤᠭᠠᠷ ᠰᠠᠷ᠎ᠠ ᠳᠤ᠂ ᠮᠠᠨ ᠤ ᠣᠷᠣᠨ ᠤ | ᠪᠣᠯᠪᠠᠰᠤᠷᠠᠭᠤᠯᠤᠭᠰᠠᠨ ᠴᠢᠯᠠᠭᠤᠨ ᠲᠤᠰᠤ ᠪᠣᠷᠣᠯᠠᠭᠤᠯᠤᠨ ᠬᠤᠳᠠᠯᠳᠤᠭᠰᠠᠨ ᠬᠡᠮᠵᠢᠶ᠎ᠡ ᠨᠢ ᠨᠡᠶᠢᠲᠡ 401.96 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠪᠡ︔ ᠦᠨ᠎ᠡ ᠬᠠᠶᠠᠵᠤ | ᠬᠤᠳᠠᠯᠳᠤᠬᠤ ᠠᠵᠢᠯ ᠲᠦᠷᠦᠯ ᠤᠨ ᠠᠷᠠᠯᠵᠢᠶ᠎ᠠ ᠲᠤᠭᠲᠠᠭᠰᠠᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠵᠤ᠂ ᠪᠦᠬᠦ | ᠤᠯᠤᠰ ᠤᠨ ᠦᠨ᠎ᠡ ᠬᠠᠶᠠᠵᠤ ᠬᠤᠳᠠᠯᠳᠤᠬᠤ ᠠᠵᠢᠯ ᠲᠦᠷᠦᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠲᠤᠰᠬᠠᠯ ᠢᠶᠠᠷ ᠪᠤᠯ᠂ 6 ᠳ᠋ᠤᠭᠠᠷ ᠰᠠᠷ᠎ᠠ ᠶᠢᠨ ᠰᠡᠭᠦᠯᠴᠢ ᠪᠤᠯᠬᠤ ᠳᠤ᠂ ᠠᠷᠠᠯᠵᠢᠶ᠎ᠠ ᠲᠤᠭᠲᠠᠭᠰᠠᠨ | ᠬᠡᠮᠵᠢᠶ᠎ᠡ 30.1 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 162.3% | ᠨᠡᠮᠡᠭᠳᠡᠪᠡ︔ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠰᠤᠯᠢᠯᠴᠠᠭ᠎ᠠ ᠲᠦᠷᠭᠡᠨ ᠬᠥᠭᠵᠢᠵᠦ᠂ 1 — | 6 ᠳ᠋ᠤᠭᠠᠷ ᠰᠠᠷ᠎ᠠ ᠳᠤ᠂ ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ | 1668.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠯᠢ ᠴᠣᠭᠴᠠ ᠪᠠᠷ ᠢᠶᠠᠨ ᠦᠷᠭᠦᠯᠵᠢᠯᠡᠨ ᠨᠡᠯᠢᠶᠡᠳ | ᠲᠦᠷᠭᠡᠨ ᠬᠦᠭᠵᠢᠬᠦ ᠪᠠᠶᠢᠳᠠᠯ ᠲᠠᠢ ᠪᠠᠶᠢᠨ᠎ᠠ᠃ ᠡᠭᠦᠨ ᠳᠤ ᠠᠵᠤ ᠠᠬᠤᠶᠢᠯᠠᠯ ᠤᠨ ᠬᠤᠭᠤᠷᠤᠨᠳᠤᠬᠢ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠨᠢ 1471 ᠳ᠋ᠦᠩᠰᠢᠭᠤᠷ ᠲᠥᠭᠦᠷᠢᠭ ᠪᠠᠶᠢᠵᠤ᠂ | ᠠᠷᠠᠯᠵᠢᠶᠠᠨ ᠤ ᠪᠦᠬᠦ ᠲᠣᠭᠠᠨ ᠤ 88.2% ᠶᠢ ᠡᠵᠡᠯᠡᠵᠦ᠂ ᠭᠤᠣᠯᠳᠠᠭᠤ ᠦᠢᠯᠡᠳᠪᠦᠷᠢᠯᠡᠯ ᠤᠨ ᠬᠡᠷᠡᠭᠰᠡᠯ ᠤᠨ | ᠪᠥᠭᠡᠮ ᠢᠶᠠᠷ ᠬᠤᠳᠠᠯᠳᠤᠬᠤ ᠠᠵᠢᠯ ᠲᠦᠷᠦᠯ ᠢᠶᠠᠷ ᠭᠤᠣᠯ ᠪᠣᠯᠭᠠᠵᠤ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ | ᠠᠷᠠᠯᠵᠢᠶᠠᠨ ᠤ ᠲᠤᠭ᠎ᠠ 197. 6 ᠳ᠋ᠦᠩᠰᠢᠭᠤᠷ ᠲᠥᠭᠦᠷᠢᠭ ᠪᠠᠶᠢᠵᠤ᠂ ᠠᠷᠠᠯᠵᠢᠶᠠᠨ ᠤ ᠪᠦᠬᠦ ᠲᠣᠭᠠᠨ ᠤ 11. | 8% ᠶᠢ ᠡᠵᠡᠯᠡᠵᠡᠢ᠃ |