ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠪᠠᠶᠢᠳᠠᠯ ᠰᠠᠶᠢᠨ ᠪᠠᠶᠢᠵᠣ  ᠬᠠᠳᠠᠭᠠᠯᠠᠯᠲᠠ ᠶᠢ ᠦᠭᠡᠶᠢᠰᠬᠡᠬᠦ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2016/7/21
      ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠬᠠᠳᠠᠭᠠᠯᠠᠯᠲᠠ ᠶᠢ ᠦᠭᠡᠶᠢᠰᠬᠡᠬᠦ ᠠᠬᠢᠴᠠ ᠲᠦᠷᠭᠡᠳᠴᠦ᠂ ᠭᠡᠷ ᠭᠠᠵᠠᠷ ᠬᠦᠷᠦᠩᠭᠡ ᠶᠢᠨ ᠬᠠᠳᠠᠭᠠᠯᠠᠯᠲᠠ ᠶᠢ ᠦᠭᠡᠶᠢᠰᠬᠡᠬᠦ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠪᠠ᠃ ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠳᠤ 406.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 1.3%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.1 ᠵᠠᠭᠤᠨ ᠤ ᠴᠡᠭ ᠥᠨᠳᠥᠷ ᠪᠣᠯᠪᠠ᠃ ᠪᠦᠬᠦ ᠣᠷᠣᠨ ᠤ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠶ 668.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.0%᠎ ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ 288.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 11.8%᠎ ᠪᠠᠷ ᠨᠡᠮᠡᠭᠳᠡᠵᠡᠶ᠂ ᠨᠡᠮᠡᠭᠳᠡᠯ ᠤᠨ ᠪᠠᠶᠢᠳᠠᠯ ᠨᠢ ᠴᠥᠮ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠮᠡᠳᠡᠭᠳᠡᠮ᠎ᠡ ᠰᠠᠶᠢᠵᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号