ᠥᠪᠥᠷ ᠵᠠᠰᠠᠭ ᠠᠯᠪᠠᠨ ᠲᠠᠷᠬᠠᠭᠠᠭᠰᠠᠨ ﹇2016﹈ 10 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ6 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠢ ᠡᠮᠬᠢᠯᠡᠨ ᠨᠡᠶᠢᠯᠡᠭᠦᠯᠵᠦ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠢ ᠡᠮᠬᠢᠯᠡᠨ ᠨᠡᠶᠢᠯᠡᠭᠦᠯᠵᠦ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ | | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠨᠢᠭᠡᠳᠦᠯᠲᠡᠢ ᠲᠠᠪᠴᠠᠩ ᠢ ᠡᠮᠬᠢᠯᠡᠨ ᠨᠡᠶᠢᠯᠡᠭᠦᠯᠵᠦ ᠪᠠᠶᠢᠭᠤᠯᠬᠤ ᠠᠵᠢᠯ ᠤᠨ ᠲᠥᠰᠥᠯ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠠᠷᠠᠯᠵᠢᠶ᠎ᠠ ᠶᠢᠨ ᠲᠠᠪᠴᠠᠩ ᠢ ᠡᠮᠬᠢᠯᠠᠨ ᠨᠡᠶᠢᠯᠡᠭᠦᠯᠵᠦ ᠪᠠᠶᠢᠭᠤᠯᠬᠤ ᠠᠵᠢᠯ ᠢ ᠥᠨᠡᠨᠬᠦ ᠰᠠᠶᠢᠲᠤᠷ | ᠬᠢᠬᠦ ᠶᠢᠨ ᠲᠤᠰᠠᠳᠠ᠂ ᠳᠣᠣᠷᠠᠬᠢ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠣᠬᠢᠶᠠᠨ ᠪᠠᠶᠢᠭᠤᠯᠵᠤ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠠᠮᠢᠶᠠᠷᠤᠯᠲᠠ ᠶᠢᠨ ᠲᠥᠪ ᠢ ᠵᠣᠬᠢᠶᠠᠨ ᠪᠠᠶᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠲᠥᠬᠦᠷ ᠲᠥᠷᠢᠮ ᠪᠣᠯᠣᠨ ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠨ᠎ᠠ︔ ᠪᠥᠬᠦ ᠣᠷᠣᠨ ᠤ ᠨᠢᠭᠡᠳᠥᠯᠲᠡᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠤ ᠲᠠᠪᠴᠠᠩ᠂ ᠳᠠᠭᠠᠭᠠᠴᠢᠯᠠᠯᠲᠠ ᠥᠨᠡᠯᠠᠵᠦ ᠬᠢᠨᠠᠨ | ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠦᠷᠭᠡ ᠶᠢ ᠬᠠᠮᠢᠶᠠᠷᠤᠨ ᠬᠠᠮᠠᠭᠠᠯᠠᠨ᠎ᠠ︔ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠥᠢᠯᠡᠴᠢᠯᠡᠭᠡᠨ ᠤ ᠪᠠᠶᠢᠭᠤᠯᠤᠮᠵᠢ ᠶᠢ ᠵᠠᠭᠠᠯᠳᠤᠨ ᠢᠯᠡᠴᠢᠯᠡᠬᠦ ᠶᠢ | ᠬᠥᠯᠢᠶᠡᠨ ᠠᠪᠴᠤ ᠭᠦᠢᠴᠡᠳᠭᠡᠨ᠂ ᠬᠠᠤᠯᠢ ᠠᠴᠠ ᠵᠥᠷᠢᠴᠡᠵᠦ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠤᠭᠠᠷ ᠰᠢᠢᠳᠪᠦᠷᠢᠯᠡᠵᠤ᠂ ᠬᠠᠮᠢᠶ᠎ᠠ ᠪᠥᠬᠦᠢ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠶᠢᠨ ᠰᠠᠯᠠᠭ᠎ᠠ ᠮᠦᠴᠢᠷ ᠤᠳ ᠲᠠᠢ ᠬᠠᠮᠵᠢᠯᠴᠠᠵᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ | ᠰᠠᠶᠢᠳᠤᠷ ᠬᠢᠨ᠎ᠡ︔ ᠡᠯ᠎ᠡ ᠱᠠᠲᠤᠨ ᠤ ᠡᠯ᠎ᠡ ᠲᠥᠷᠦᠯ ᠤᠨ ᠲᠠᠪᠴᠠᠩ ᠳᠤ ᠣᠯᠠᠨ ᠨᠡᠶᠢᠲᠡ ᠶᠢᠨ ᠥᠢᠯᠡᠴᠢᠯᠡᠭᠡᠨ | ᠬᠠᠩᠭᠠᠭᠰᠠᠨ ᠪᠠᠶᠢᠳᠠᠯ ᠢ ᠰᠢᠯᠭᠠᠨ ᠬᠢᠨᠠᠵᠤ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠠᠶᠢᠳᠠᠯ ᠢ ᠪᠥᠷᠢᠳᠭᠡᠨ ᠵᠠᠳᠠᠯᠤᠯᠲᠠ ᠬᠢᠨ᠎ᠡ᠃ ᠡᠮᠬᠢᠯᠡᠨ | ᠨᠡᠶᠢᠯᠡᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠳᠤ ᠬᠤᠯᠪᠣᠭᠳᠠᠬᠤ ᠡᠯ᠎ᠡ ᠲᠦᠷᠦᠯ ᠤᠨ ᠲᠠᠪᠴᠠᠩ ᠵᠢᠴᠢ ᠪᠠᠶᠢᠭᠤᠯᠤᠮᠵᠢ ᠳᠠᠬᠢ ᠣᠳᠣ ᠶᠢᠨ | ᠪᠠᠶᠢᠭ᠎ᠠ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠶᠢ ᠨᠢ ᠬᠤᠪᠢᠷᠠᠭᠤᠯᠬᠤ ᠦᠭᠡᠢ᠂ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢᠨ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠥᠪ ᠤᠨ ᠨᠢᠭᠡᠳᠦᠯᠲᠡᠢ ᠬᠢᠨᠠᠯᠲᠠ ᠵᠢᠯᠣᠭᠤᠳᠤᠯᠭ᠎ᠠ ᠶᠢᠨ ᠳᠣᠣᠷ᠎ᠠ | ᠠᠵᠢᠯ ᠢᠶᠠᠨ ᠦᠷᠨᠢᠭᠦᠯᠬᠦ ᠬᠡᠷᠡᠭᠲᠡᠢ᠃ ᠥᠪᠥᠷ ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠥᠪ ᠤᠨ | ᠲᠤᠰᠠᠭᠠᠷ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠣᠯ ᠴᠤᠬᠴᠠ ᠶᠢᠨ ᠪᠠᠶᠢᠷᠢ ᠰᠠᠭᠤᠷᠢ ᠶᠢ ᠬᠤᠪᠢᠷᠠᠭᠤᠯᠬᠤ | ᠦᠭᠡᠢ᠂ ᠥᠪᠡᠷᠲᠡᠭᠡᠨ ᠵᠠᠰᠠᠬᠤ ᠣᠷᠣᠨ ᠤ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ | ᠬᠠᠷᠢᠶ᠎ᠠ ᠪᠣᠯᠬᠤ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠥᠢᠯᠡᠴᠢᠯᠡᠭᠡᠨ ᠤ ᠲᠥᠪ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠨᠦᠬᠡᠴᠡᠯᠡᠵᠦ ᠠᠷᠠᠯᠵᠢᠶᠠᠯᠠᠬᠤ ᠥᠯᠥ ᠬᠥᠳᠡᠯᠬᠦ ᠬᠦᠷᠥᠩᠭᠡ ᠶᠢ ᠳᠠᠩᠰᠠᠯᠠᠨ ᠲᠡᠮᠳᠡᠭᠯᠡᠬᠦ ᠲᠥᠪ᠂ ᠡᠮ ᠤᠨ ᠵᠦᠢᠯ | ᠪᠠᠭᠠᠵᠢ ᠬᠡᠷᠡᠭᠰᠡᠯ ᠢ ᠲᠦᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ ᠤ ᠲᠥᠪ᠂ ᠪᠣᠬᠢᠷᠳᠤᠯ ᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠥᠪ ᠵᠡᠷᠭᠡ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠥᠢᠯᠡᠴᠢᠯᠡᠭᠡᠨ ᠤ ᠪᠠᠶᠢᠭᠤᠯᠤᠮᠵᠢ ᠨᠤᠭᠤᠳ ᠤᠤᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠲᠠᠢ ᠵᠠᠰᠠᠭ ᠵᠠᠬᠢᠷᠭᠠᠨ ᠤ ᠬᠠᠷᠢᠶᠠᠯᠠᠭᠳᠠᠬᠤ ᠬᠠᠷᠢᠴᠠᠭ᠎ᠠ ᠪᠠᠨ ᠰᠠᠯᠭᠠᠵᠤ᠂ ᠬᠠᠮᠢᠶᠠᠷᠬᠤ ᠪᠠ | ᠡᠷᠬᠢᠯᠡᠬᠦ ᠶᠢ ᠰᠠᠯᠭᠠᠬᠤ ᠶᠢ ᠪᠡᠶᠡᠯᠡᠭᠦᠯᠥᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠠᠴᠠ ᠬᠠᠷᠢᠭᠤᠴᠠᠨ ᠨᠠᠶᠢᠳᠠᠪᠤᠷᠢᠵᠢᠭᠤᠯᠵᠤ᠂ 2016 ᠣᠨ ᠤ | 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠬᠤᠶᠠᠷ᠂ ᠠᠷᠠᠯᠵᠢᠶ᠎ᠠ ᠶᠢᠨ ᠵᠦᠢᠯᠡᠰ ᠢ ᠵᠠᠭᠠᠭᠯᠠᠨ ᠲᠣᠭᠲᠠᠭᠠᠨ᠎ᠠ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠨᠢ | ᠵᠠᠬ᠎ᠠ ᠳᠡᠯᠭᠡᠭᠦᠷ ᠲᠤ ᠣᠷᠣᠬᠤ ᠲᠦᠷᠦᠯ ᠵᠦᠢᠯ ᠤᠨ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ︽ᠨᠢᠭᠡ ᠭᠦᠢᠴᠡᠳ ᠪᠣᠯᠪᠠᠯ᠂ ᠨᠢᠭᠡ ᠶᠢ ᠨᠢ | ᠵᠠᠬ᠎ᠠ ᠳᠡᠯᠭᠡᠭᠦᠷ ᠲᠤ ᠣᠷᠤᠭᠤᠯᠬᠤ︾ ᠵᠠᠷᠴᠢᠮ ᠶᠣᠰᠤᠭᠠᠷ᠂ ᠪᠥᠯᠥᠭ ᠤᠳᠠᠭ᠎ᠠ ᠬᠤᠪᠢᠶᠠᠵᠤ ᠪᠠᠶᠢᠭᠠᠳ ᠪᠦᠬᠦ | ᠣᠷᠣᠨ ᠤ ᠡᠯ᠎ᠡ ᠲᠥᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠦᠷᠦᠯ ᠵᠦᠢᠯ ᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠢᠭᠡᠳᠦᠯᠲᠡᠢ ᠲᠠᠪᠴᠠᠩ ᠳᠤ ᠣᠷᠤᠭᠤᠯᠵᠤ ᠢᠯᠡ ᠪᠠᠷ | ᠠᠷᠠᠯᠵᠢᠶᠠᠯᠠᠬᠤ ᠬᠡᠷᠡᠭᠲᠡᠢ᠃ | ︵ᠨᠢᠭᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠤᠭᠤᠯᠬᠤ | ᠨᠢᠭᠡᠳᠦᠭᠡᠷ ᠪᠦᠯᠦᠭ ᠲᠦᠷᠦᠯ ᠵᠦᠢᠯ ᠤᠨ ᠲᠦᠷᠦᠯ ᠢᠯᠭᠠᠯ᠃ | 1. ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ᠂ ᠤᠯᠤᠰ ᠤᠨ ᠦᠮᠴᠢᠯᠡᠯᠲᠦ ᠪᠡᠯᠡ ᠮᠦᠩᠭᠦ ︵ᠡᠳ᠋ ᠤᠨ | ᠵᠠᠰᠠᠭ ᠤᠨ ᠴᠢᠨᠠᠷᠲᠠᠢ ᠪᠡᠯᠡ ᠮᠦᠩᠭᠦ ᠶᠢ ᠪᠠᠭᠲᠠᠭᠠᠨ᠎ᠠ︶ ᠶᠢ ᠬᠡᠷᠡᠭᠯᠡᠵᠦ ᠪᠡᠯᠡ ᠣᠷᠤᠭᠤᠯᠤᠭᠰᠠᠨ ᠵᠢᠴᠢ ᠤᠯᠤᠰ ᠤᠨ | ᠦᠮᠴᠢᠯᠡᠯᠲᠦ ᠪᠡᠯᠡ ᠣᠷᠤᠭᠤᠯᠤᠯᠲᠠ ᠲᠠᠢ ᠰᠲ᠋ᠣᠺ ᠡᠵᠡᠮᠳᠡᠭᠰᠡᠨ ᠪᠣᠶᠤ ᠭᠤᠣᠯ ᠤᠳᠤᠷᠢᠳᠬᠤ ᠪᠠᠶᠢᠷᠢ ᠶᠢ ᠡᠵᠡᠯᠡᠭᠰᠡᠨ | ᠳᠠᠭᠠᠭᠠᠴᠢᠯᠠᠯᠲᠠ ᠵᠠᠷᠯᠠᠬᠤ ᠶᠣᠰᠤᠲᠠᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠦᠷᠭᠡᠳᠭᠡᠨ | ᠪᠠᠶᠢᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠬᠤ ᠲᠦᠷᠦᠯ ᠵᠦᠢᠯ ︵ᠢᠨᠵᠧᠨᠧᠷᠢᠩ ᠵᠢᠴᠢ ᠢᠨᠵᠧᠨᠧᠷᠢᠩ ᠲᠠᠢ | ᠬᠤᠯᠪᠣᠭᠳᠠᠬᠤ ᠪᠠᠷᠠᠭ᠎ᠠ ᠪᠣᠯᠣᠨ ᠦᠢᠯᠡᠴᠢᠯᠡᠭᠡ ᠶᠢ ᠪᠠᠭᠲᠠᠭᠠᠨ᠎ᠠ︶᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ | ᠪᠣᠶᠤ ᠭᠠᠳᠠᠭᠠᠳᠤ ᠶᠢᠨ ᠵᠠᠰᠠᠭ ᠤᠨ ᠣᠷᠳᠣᠨ ᠤ ᠪᠡᠯᠡ ᠮᠦᠩᠭᠦ ᠶᠢ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠶᠣᠰᠤᠲᠠᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠢᠨᠵᠧᠨᠧᠷᠢᠩ ᠤᠨ ᠪᠥᠳᠦᠭᠡᠨ | ᠪᠠᠶᠢᠭᠤᠯᠤᠯᠲᠠ ᠶᠢᠨ ᠲᠥᠷᠦᠯ ᠵᠦᠢᠯ ︵ᠮᠠᠰᠢᠨ ᠴᠠᠬᠢᠯᠭᠠᠨ ᠤ ᠦᠢᠯᠡᠳᠬᠦᠨ ᠤ ᠣᠯᠠᠨ ᠤᠯᠤᠰ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠠᠭᠲᠠᠭᠠᠬᠤ ᠦᠭᠡᠢ︶︔ | 2. ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠭᠦ ᠶᠢ ᠬᠡᠷᠡᠭᠯᠡᠭᠰᠡᠨ ᠵᠠᠰᠠᠭ ᠤᠨ ᠣᠷᠳᠣᠨ ᠤ ᠲᠦᠪᠯᠡᠷᠡᠭᠦᠯᠦᠨ | ᠬᠤᠳᠠᠯᠳᠤᠨ ᠠᠪᠬᠤ ᠭᠠᠷᠴᠠᠭ ᠳᠣᠲᠣᠷᠠᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦᠯ ᠵᠦᠢᠯ︔ | 3. ᠡᠵᠡᠩᠨᠡᠯᠲᠡ ᠶᠢᠨ ᠴᠢᠨᠠᠷᠲᠠᠢ ᠭᠠᠵᠠᠷ ᠰᠢᠷᠤᠢ ᠬᠡᠷᠡᠭᠯᠡᠬᠦ ᠡᠷᠬᠡ ᠶᠢᠨ ᠳᠠᠭᠠᠭᠠᠴᠢᠯᠠᠯᠲᠠ ᠵᠠᠷᠯᠠᠬᠤ᠂ ᠦᠨ᠎ᠡ | ᠬᠠᠶᠠᠵᠤ ᠬᠤᠳᠠᠯᠳᠤᠬᠤ᠂ ᠦᠨ᠎ᠡ ᠬᠠᠳᠠᠵᠤ ᠬᠤᠳᠠᠯᠳᠤᠬᠤ᠂ ᠠᠭᠤᠷᠬᠠᠢ ᠶᠢᠨ ᠦᠢᠯᠡᠰ ᠤᠨ ᠡᠷᠬᠡ ᠶᠢ ᠬᠢᠮᠳᠠ ᠪᠠᠷ | ᠬᠤᠳᠠᠯᠳᠤᠵᠤ ᠰᠢᠯᠵᠢᠭᠦᠯᠦᠨ ᠥᠭᠬᠦ︔ | 4. ᠤᠯᠤᠰ ᠤᠨ ︵ᠬᠠᠮᠲᠤ ᠶᠢᠨ︶ ᠦᠮᠴᠢᠯᠡᠯ ᠤᠨ ᠡᠷᠬᠡ᠂ ᠰᠲ᠋ᠣᠺ ᠤᠨ ᠡᠷᠬᠡ᠂ ᠡᠵᠡᠩᠨᠡᠯᠲᠡ ᠶᠢᠨ ᠡᠷᠬᠡ᠂ | ᠰᠣᠶᠣᠯ ᠤᠨ ᠥᠮᠴᠢᠯᠡᠯ ᠤᠨ ᠡᠷᠬᠡ᠂ ᠮᠡᠳᠡᠯᠭᠡ ᠶᠢᠨ ᠥᠮᠴᠢᠯᠡᠯ ᠤᠨ ᠡᠷᠬᠡ ᠶᠢ ᠰᠢᠯᠵᠢᠭᠦᠯᠦᠨ ᠥᠭᠬᠦ᠂ ᠨᠠᠮ | ᠵᠠᠰᠠᠭ ᠤᠨ ᠪᠠᠶᠢᠭᠤᠯᠭ᠎ᠠ ᠶᠢᠨ ᠭᠡᠷ ᠬᠦᠷᠦᠩᠭᠡ ᠶᠢ ᠰᠢᠢᠳᠪᠦᠷᠢᠯᠡᠬᠦ ᠵᠢᠴᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ | ᠬᠦᠰᠬᠡ ᠶᠢ ᠦᠨ᠎ᠡ ᠬᠠᠶᠠᠵᠤ ᠬᠤᠳᠠᠯᠳᠤᠬᠤ︔ | ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠤᠭᠤᠯᠬᠤ | ᠬᠤᠶᠠᠳᠤᠭᠠᠷ ᠪᠥᠯᠦᠭ ᠪᠠ ᠭᠤᠷᠪᠠᠳᠤᠭᠠᠷ ᠪᠦᠯᠦᠭ ᠤᠨ ᠲᠥᠷᠦᠯ ᠵᠦᠢᠯ ᠤᠨ ᠲᠦᠷᠦᠯ ᠢᠯᠭᠠᠯ᠃ | 5. ᠡᠮ ᠤᠨ ᠵᠦᠢᠯ᠂ ᠲᠣᠮᠤ ᠬᠡᠯᠪᠡᠷᠢ ᠶᠢᠨ ᠡᠮᠴᠢᠯᠡᠭᠡ ᠶᠢᠨ ᠲᠦᠬᠦᠭᠡᠷᠦᠮᠵᠢ ᠵᠢᠴᠢ ᠡᠮᠨᠡᠯᠭᠡ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ︔ | 6. ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ︔ | 7. ᠣᠨᠴᠠ ᠲᠦᠷᠦᠯ ᠤᠨ ᠠᠵᠢᠯ ᠲᠦᠷᠦᠯ ᠤᠨ ᠡᠵᠡᠩᠨᠡᠯᠲᠡ ᠶᠢᠨ ᠡᠷᠬᠡ᠂ ᠬᠤᠲᠠ ᠶᠢᠨ ᠵᠠᠮ ᠤᠨ | ᠡᠵᠡᠩᠨᠡᠯᠲᠡ ᠶᠢᠨ ᠡᠷᠬᠡ᠂ ᠵᠠᠰᠠᠭ ᠵᠠᠬᠢᠷᠭᠠᠨ ᠤ ᠪᠠᠶᠢᠭᠤᠯᠤᠮᠵᠢ ᠵᠢᠴᠢ ᠰᠢᠭᠦᠬᠦ ᠬᠤᠷᠢᠶ᠎ᠠ ᠶᠢᠨ ᠲᠣᠷᠭᠠᠵᠤ | ᠬᠤᠷᠢᠶᠠᠭᠰᠠᠨ ᠡᠳ᠋᠂ ᠰᠢᠭᠦᠨ ᠲᠠᠰᠤᠯᠠᠭᠰᠠᠨ ᠡᠳ᠋᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ | ᠪᠡᠯᠡᠳᠭᠡᠮᠵᠢ ᠶᠢᠨ ᠨᠡᠷᠡᠯᠡᠬᠦ ᠡᠷᠬᠡ᠂ ᠭᠡᠷ ᠤᠨ ᠭᠠᠳᠠᠨᠠᠬᠢ ᠲᠣᠮᠤ ᠬᠡᠯᠪᠡᠷᠢ ᠶᠢᠨ ᠵᠠᠷ ᠮᠡᠳᠡᠭᠡ ᠶᠢᠨ ᠡᠵᠡᠩᠨᠡᠯᠲᠡ ᠶᠢᠨ | ᠡᠷᠬᠡ︔ | 8. ᠨᠡᠶᠢᠭᠡᠮ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ | ᠰᠠᠭᠤᠷᠢ ᠪᠠᠨᠯᠳᠭᠡᠮᠵᠢ ᠪᠣᠯᠣᠨ ᠣᠯᠠᠨ ᠨᠡᠶᠢᠲᠡ ᠶᠢᠨ ᠠᠵᠢᠯ ᠦᠢᠯᠡᠰ ᠵᠢᠴᠢ ᠪᠣᠰᠣᠳ ᠲᠦᠷᠦᠯ ᠵᠦᠢᠯ︔ | 9. ᠬᠠᠤᠯᠢ ᠶᠣᠰᠤᠭᠠᠷ ᠢᠯᠡ ᠪᠠᠷ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠣᠰᠤᠲᠠᠢ ᠪᠣᠰᠣᠳ | ᠲᠥᠷᠦᠯ ᠵᠦᠢᠯ ᠪᠠ ᠲᠣᠭᠲᠠᠭᠠᠭᠰᠠᠨ ᠨᠡᠶᠢᠭᠡᠮ ᠤᠨ ᠣᠯᠠᠨ ᠨᠡᠶᠢᠲᠡ ᠶᠢᠨ ᠪᠣᠰᠣᠳ ᠡᠬᠢ ᠪᠠᠶᠠᠯᠢᠭ ᠤᠨ | ᠠᠷᠠᠯᠵᠢᠶ᠎ᠠ ᠶᠢᠨ ᠵᠦᠢᠯᠡᠰ᠃ ᠳᠡᠭᠡᠷ᠎ᠡ ᠳᠤᠷᠠᠳᠤᠭᠰᠠᠨ ᠵᠠᠬ᠎ᠠ ᠳᠡᠯᠭᠡᠭᠦᠷ ᠲᠤ ᠣᠷᠤᠭᠤᠯᠬᠤ 9 ᠶᠡᠭᠡ ᠲᠦᠷᠦᠯ ᠤᠨ | ᠠᠷᠠᠯᠵᠢᠶ᠎ᠠ ᠶᠢᠨ ᠪᠣᠳᠠᠲᠠᠢ ᠲᠥᠷᠥᠯ ᠵᠦᠢᠯ ᠪᠠ ᠲᠤᠭ᠎ᠠ ᠬᠢᠵᠠᠭᠠᠷᠯᠠᠬᠤ ᠪᠠᠷᠢᠮᠵᠢᠶ᠎ᠠ ᠳᠤ ᠭᠠᠷᠴᠠᠭ ᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠪᠣᠳᠠᠲᠠᠢ ᠪᠠᠨ ᠦᠨᠳᠦᠰᠦᠯᠡᠨ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ︾ ᠢ | ᠲᠤᠬᠳᠠᠭᠠᠬᠤ ᠶᠢᠨ ᠬᠠᠮᠳᠤ᠂ ᠨᠡᠶᠢᠭᠡᠮ ᠳᠤ ᠨᠡᠶᠢᠲᠡᠯᠡᠵᠦ᠂ ᠭᠠᠷᠴᠠᠭ ᠲᠤ ᠵᠢᠭᠰᠠᠭᠠᠨ ᠣᠷᠤᠭᠤᠯᠤᠭᠰᠠᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠡᠯ᠎ᠡ ᠱᠠᠳᠤᠨ ᠤ ᠡᠯ᠎ᠡ ᠲᠥᠷᠥᠯ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠨᠢᠭᠡᠳᠦᠯᠲᠡᠢ ᠣᠷᠤᠭᠤᠯᠵᠤ ᠠᠷᠠᠯᠵᠢᠶᠠᠯᠠᠨ᠎ᠠ᠃ ︵ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠷᠥᠭᠦᠯᠡᠵᠦ᠂ ᠡᠯ᠎ᠡ | ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ ᠨᠠᠶᠢᠳᠠᠪᠤᠷᠢᠵᠢᠭᠤᠯᠵᠤ᠂ 2016 ᠣᠨ ᠤ 4 ᠳ᠋ᠤᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠭᠤᠷᠪᠠ᠂ ᠠᠷᠠᠯᠵᠢᠶ᠎ᠠ ᠶᠢᠨ ᠲᠠᠪᠴᠠᠩ ᠢ ᠪᠥᠳᠦᠭᠡᠨ ᠪᠠᠶᠢᠭᠤᠯᠤᠨ᠎ᠠ | ︵ᠨᠢᠭᠡ︶ ᠡᠮᠬᠢᠯᠡᠨ ᠨᠡᠶᠢᠯᠡᠭᠦᠯᠦᠭᠰᠡᠨ ᠠᠷᠠᠯᠵᠢᠶ᠎ᠠ ᠶᠢᠨ ᠭᠠᠵᠠᠷ ᠲᠠᠯᠠᠪᠠᠢ ᠶᠢ ᠪᠦᠳᠦᠭᠡᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠲᠤᠰ ᠱᠠᠳᠤᠨ ᠤ ᠬᠢ ᠪᠠ ᠬᠦᠬᠡᠬᠤᠲᠠ ᠯᠤᠭ᠎ᠠ ᠶᠢᠨ ᠬᠠᠮᠳᠤᠪᠠᠷ ᠪᠠᠶᠢᠭᠤᠯᠵᠤ | ᠬᠠᠮᠳᠤᠪᠠᠷ ᠬᠡᠷᠡᠭᠯᠡᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠵᠠᠷ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠤᠯᠤᠰ ᠠᠴᠠ ᠨᠢᠭᠡᠳᠭᠡᠭᠰᠡᠨ ᠪᠡᠯᠡᠳᠭᠡᠮᠵᠢ ᠶᠢᠨ ᠪᠠᠷᠢᠮᠵᠢᠶ᠎ᠠ ᠶᠢ | ᠦᠨᠳᠦᠰᠦᠯᠡᠨ᠂ ᠲᠤᠰᠬᠠᠢ ᠮᠡᠷᠭᠡᠵᠢᠯᠲᠡᠨ ᠤ ᠰᠤᠩᠭᠤᠨ ᠠᠪᠬᠤ ᠲᠠᠰᠤᠭ᠂ ᠳᠠᠭᠠᠭᠠᠴᠢᠯᠠᠯᠲᠠ ᠨᠡᠶᠢᠲᠡᠯᠡᠬᠦ ᠲᠠᠰᠤᠭ᠂ | ᠳᠠᠭᠠᠭᠠᠴᠢᠯᠠᠯᠲᠠ ᠦᠨᠡᠯᠡᠬᠦ ᠲᠠᠰᠤᠭ᠂ ᠦᠨ᠎ᠡ ᠬᠠᠶᠠᠵᠤ ᠬᠤᠳᠠᠯᠳᠤᠬᠤ ᠲᠢᠩᠬᠢᠮ᠂ ᠠᠷᠠᠯᠵᠢᠶ᠎ᠠ ᠶᠢᠨ ᠦᠢᠯᠡᠴᠢᠯᠡᠭᠡᠨ ᠤ | ᠲᠢᠩᠬᠢᠮ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠲᠠᠰᠤᠭ ᠵᠡᠷᠭᠡ ᠶᠢ ᠪᠠᠶᠢᠭᠤᠯᠵᠤ᠂ ᠡᠯ᠎ᠡ ᠲᠠᠯ᠎ᠠ ᠶᠢᠨ | ᠵᠦᠪᠳᠡᠨ ᠬᠡᠯᠡᠯᠴᠡᠬᠦ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠥᠨᠡᠯᠡᠬᠦ᠂ | ᠳᠠᠭᠠᠭᠠᠴᠢᠯᠠᠯᠲᠠ ᠨᠡᠶᠢᠲᠡᠯᠡᠬᠦ᠂ ᠠᠷᠠᠯᠵᠢᠶᠠᠨ ᠤ ᠰᠢᠯᠭᠠᠨ ᠪᠠᠳᠤᠯᠠᠬᠤ᠂ ᠭᠡᠷ᠎ᠡ ᠲᠣᠭᠲᠠᠭᠠᠬᠤ᠂ ᠬᠢᠨᠠᠯᠲᠠ ᠲᠠᠯᠪᠢᠬᠤ | ᠵᠡᠷᠭᠡ ᠠᠷᠠᠯᠵᠢᠶ᠎ᠠ ᠶᠢᠨ ᠠᠵᠢᠯᠯᠠᠭ᠎ᠠ ᠵᠢᠴᠢ ᠲᠤᠬᠠᠢ ᠶᠢᠨ ᠲᠠᠯᠠᠪᠠᠢ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ | ᠬᠡᠷᠡᠭᠴᠡᠭᠡ ᠶᠢ ᠭᠦᠢᠴᠡᠳ ᠬᠠᠩᠭᠠᠬᠤ ᠬᠡᠷᠡᠭᠲᠡᠢ᠃ ᠲᠤᠰ ᠠᠷᠠᠯᠵᠢᠶ᠎ᠠ ᠶᠢᠨ ᠭᠠᠵᠠᠷ ᠲᠠᠯᠠᠪᠠᠢ ᠶᠢ ᠪᠠᠶᠢᠭᠤᠯᠤᠨ | ᠪᠥᠲᠦᠭᠡᠬᠦ ᠠᠴᠠ ᠡᠮᠥᠨ᠎ᠡ᠂ ᠥᠪᠡᠷᠲᠡᠭᠡᠨ ᠵᠠᠰᠠᠬᠤ ᠣᠷᠣᠨ ᠤ ᠪᠥᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡᠴᠢᠯᠡᠭᠡᠨ ᠤ ᠲᠥᠪ᠂ ᠤᠯᠤᠰ ᠤᠨ ᠭᠠᠵᠠᠷ ᠰᠢᠷᠥᠢ | ᠡᠬᠢ ᠪᠠᠶᠠᠯᠢᠭ ᠤᠨ ᠨᠥᠬᠡᠴᠡᠯᠡᠵᠦ ᠠᠷᠠᠯᠵᠢᠶᠠᠯᠠᠬᠤ ᠥᠯᠥ ᠬᠦᠳᠡᠯᠬᠦ ᠬᠦᠷᠥᠩᠭᠡ ᠶᠢ ᠳᠠᠩᠰᠠᠯᠠᠨ ᠲᠡᠮᠳᠡᠭᠯᠡᠬᠦ ᠲᠥᠪ᠂ | ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ᠂ ᠡᠮ ᠤᠨ | ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠥᠨ ᠬᠤᠳᠠᠯᠳᠤᠨ ᠠᠪᠬᠤ ᠥᠢᠯᠡᠴᠢᠯᠡᠭᠡᠨ ᠤ ᠲᠥᠪ᠂ ᠪᠣᠬᠢᠷᠳᠤᠯ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠥᠪ ᠵᠡᠷᠭᠡ ᠥᠪᠡᠷᠲᠡᠭᠡᠨ ᠵᠠᠰᠠᠬᠤ ᠣᠷᠣᠨ ᠤ | ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠵᠠᠷ ᠲᠠᠯᠠᠪᠠᠢ ᠨᠢ ᠤᠯᠤᠰ ᠤᠨ ᠨᠢᠭᠡᠳᠦᠯᠲᠡᠢ | ᠵᠢᠷᠤᠮᠵᠢᠯ ᠪᠠ ᠥᠢᠯᠡᠴᠢᠯᠡᠭᠡᠨ ᠤ ᠪᠠᠷᠢᠮᠵᠢᠶ᠎ᠠ ᠶᠣᠰᠤᠭᠠᠷ ᠵᠣᠬᠢᠬᠤ ᠥᠭᠡᠷᠡᠴᠢᠯᠡᠯᠲᠡ ᠬᠢᠵᠦ᠂ ᠥᠪᠡᠷᠲᠡᠭᠡᠨ ᠵᠠᠰᠠᠬᠤ | ᠣᠷᠣᠨ ᠤ ᠲᠤᠰ ᠱᠠᠳᠤᠨ ᠤ ᠲᠠᠪᠴᠠᠩ ᠳᠤ ᠣᠷᠤᠭᠤᠯᠬᠤ ᠴᠢᠬᠤᠯᠠᠲᠠᠢ ᠡᠯ᠎ᠡ ᠲᠦᠷᠦᠯ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠳᠤ ᠥᠢᠯᠡᠴᠢᠯᠡᠭᠡ ᠬᠠᠩᠭᠠᠬᠤ ᠬᠡᠷᠡᠭᠲᠡᠢ︔ ᠲᠤᠰ ᠠᠷᠠᠯᠵᠢᠶ᠎ᠠ ᠶᠢᠨ ᠭᠠᠵᠠᠷ | ᠲᠠᠯᠠᠪᠠᠢ ᠶᠢ ᠪᠠᠶᠢᠭᠤᠯᠵᠤ ᠪᠥᠳᠦᠭᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠳᠤᠨ ᠤ | ᠲᠠᠪᠴᠠᠩ ᠳᠤ ᠣᠷᠤᠭᠤᠯᠬᠤ ᠴᠢᠬᠤᠯᠠᠲᠠᠢ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠨᠢᠭᠡᠳᠦᠯᠲᠡᠢ | ᠲᠠᠯᠠᠪᠠᠢ ᠳᠤ ᠣᠷᠤᠭᠤᠯᠵᠤ ᠠᠷᠠᠯᠵᠢᠶᠠᠯᠠᠨ᠎ᠠ᠃ ᠱᠠᠭᠠᠷᠳᠠᠯᠭ᠎ᠠ ᠳᠤ ᠵᠣᠬᠢᠴᠠᠭᠰᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠪᠣᠰᠣᠳ ᠭᠠᠵᠠᠷ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠳᠤᠨ ᠤ ᠠᠷᠠᠯᠵᠢᠶ᠎ᠠ ᠶᠢᠨ | ᠭᠠᠵᠠᠷ ᠲᠠᠯᠠᠪᠠᠢ ᠶᠢᠨ ᠨᠥᠬᠦᠪᠥᠷᠢ ᠪᠣᠯᠭᠠᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ | ᠨᠠᠶᠢᠳᠠᠪᠤᠷᠢᠵᠢᠭᠤᠯᠵᠤ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠬᠤᠶᠠᠷ︶ ᠡᠯᠧᠺᠲᠷᠤᠨ ᠲᠠᠪᠴᠠᠩ ᠢ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠬᠤᠯᠪᠣᠭᠳᠠᠯ ᠪᠦᠬᠦᠢ ᠮᠤᠵᠢ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠡᠯᠧᠺᠲᠷᠤᠨ ᠲᠠᠪᠴᠠᠩ ᠤᠨ ᠠᠵᠢᠯᠯᠠᠭᠠᠨ ᠤ ᠲᠡᠷᠢᠭᠦᠨ ᠤ ᠲᠤᠷᠰᠢᠯᠭ᠎ᠠ ᠶᠢ ᠲᠣᠯᠢᠳᠠᠵᠤ᠂ ᠤᠯᠤᠰ ᠤᠨ ᠡᠯᠧᠺᠲᠷᠤᠨ | ᠠᠷᠠᠯᠵᠢᠶ᠎ᠠ ᠶᠢᠨ ᠣᠯᠠᠨ ᠨᠡᠶᠢᠲᠡ ᠶᠢᠨ ᠥᠢᠯᠡᠴᠢᠯᠡᠭᠡᠨ ᠤ ᠰᠢᠰᠲ᠋ᠧᠮ ᠤᠨ ᠮᠡᠷᠭᠡᠵᠢᠯ ᠤᠨ ᠪᠠᠷᠢᠮᠵᠢᠶ᠎ᠠ ᠪᠠ ᠲᠤᠭ᠎ᠠ | ᠪᠠᠷᠢᠮᠲᠠ ᠶᠢᠨ ᠵᠢᠷᠤᠮᠵᠢᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ ᠪᠥᠳᠥᠭᠡᠨ | ᠪᠠᠶᠢᠭᠤᠯᠤᠭᠰᠠᠨ ᠲᠣᠣᠷ ᠰᠦᠯᠵᠢᠶ᠎ᠡ ᠪᠠ ᠡᠯᠧᠺᠲᠷᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ | ᠪᠦᠬᠦ ᠣᠷᠣᠨ ᠤ ᠨᠢᠭᠡᠳᠦᠯᠲᠡᠢ᠂ ᠳᠡᠭᠡᠭᠰᠢ ᠪᠠᠨ ᠤᠯᠤᠰ ᠤᠨ ᠯᠤᠭ᠎ᠠ ᠬᠤᠯᠪᠣᠭᠰᠠᠨ᠂ ᠦᠵᠦᠭᠦᠷ ᠨᠢ ᠠᠶᠢᠮᠠᠭ ᠬᠤᠲᠠ | ᠵᠢᠴᠢ ᠬᠤᠰᠢᠭᠤ ᠰᠢᠶᠠᠨ ᠢ ᠪᠦᠷᠢᠨ ᠪᠦᠷᠬᠦᠭᠦᠯᠦᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠡᠯᠧᠺᠲᠷᠤᠨ ᠲᠠᠪᠴᠠᠩ ᠢ ᠪᠥᠳᠥᠭᠡᠨ ᠪᠠᠶᠢᠭᠤᠯᠵᠤ᠂ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠮᠡᠳᠡᠭᠡ ᠵᠠᠩᠭᠢ ᠶᠢᠨ ᠲᠦᠪᠯᠡᠷᠡᠭᠦᠯᠦᠨ ᠰᠣᠯᠢᠯᠴᠠᠬᠤ ᠪᠠ ᠬᠠᠮᠲᠤ ᠪᠠᠷ ᠡᠳ᠋ᠯᠡᠬᠦ ᠶᠢ ᠪᠠᠳᠤᠯᠠᠵᠤ᠂ ᠡᠯ᠎ᠡ | ᠲᠦᠷᠥᠯ ᠤᠨ ᠬᠡᠷᠡᠭᠯᠡᠭᠡᠨ ᠤ ᠡᠷᠦᠬᠡ ᠳᠤ ᠣᠳᠣᠬᠢᠴᠢᠯᠠᠭᠰᠠᠨ ᠲᠣᠣᠷ ᠰᠦᠯᠵᠢᠶ᠎ᠡ ᠶᠢᠨ ᠦᠢᠯᠡᠴᠢᠯᠡᠭᠡ ᠬᠠᠩᠭᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠳᠣ ᠶᠢᠨ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ | ᠨᠦᠬᠡᠴᠡᠯᠡᠵᠦ ᠠᠷᠠᠯᠵᠢᠶᠠᠯᠠᠬᠤ᠂ ᠤᠯᠤᠰ ᠤᠨ ᠦᠮᠴᠢᠯᠡᠯ ᠤᠨ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠵᠡᠷᠭᠡ ᠡᠯᠧᠺᠲᠷᠤᠨ ᠲᠠᠪᠴᠠᠩ ᠤᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠳᠤ ᠨᠢᠭᠡᠳᠦᠯᠲᠡᠢ ᠡᠮᠬᠢᠯᠡᠨ ᠨᠡᠶᠢᠯᠡᠭᠦᠯᠬᠦ | ᠬᠡᠷᠡᠭᠲᠡᠢ︔ ᠡᠮ ᠤᠨ ᠵᠦᠢᠯ ᠪᠠᠭᠠᠵᠢ ᠬᠡᠷᠡᠭᠰᠡᠯ ᠢ ᠲᠦᠪᠯᠡᠷᠡᠭᠦᠯᠦᠨ ᠬᠤᠳᠠᠯᠳᠤᠨ ᠠᠪᠬᠤ᠂ ᠪᠣᠬᠢᠷᠳᠤᠯ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠡᠷᠭᠡ ᠪᠣᠰᠣᠳ ᠡᠯᠧᠺᠲᠷᠤᠨ ᠲᠠᠪᠴᠠᠩ ᠤᠨ ᠰᠢᠰᠲ᠋ᠧᠮ ᠨᠢ | ᠠᠷᠠᠯᠵᠢᠶ᠎ᠠ ᠶᠢᠨ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠳᠤ ᠣᠷᠤᠭᠤᠯᠤᠭᠰᠠᠨ ᠤ ᠳᠠᠷᠠᠭ᠎ᠠ᠂ ᠳᠠᠬᠢᠵᠤ ᠡᠮᠬᠢ ᠵᠢᠷᠤᠮ ᠲᠠᠢ ᠪᠠᠷ ᠡᠮᠬᠢᠯᠡᠨ | ᠨᠡᠶᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠤᠨ | ᠰᠢᠰᠲ᠋ᠧᠮ ᠢᠶᠠᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢ ᠶᠢᠨ | ᠰᠢᠰᠲ᠋ᠧᠮ᠂ ᠡᠯᠧᠺᠲᠷᠤᠨ ᠢᠶᠠᠷ ᠬᠢᠨᠠᠯᠲᠠ ᠲᠠᠯᠪᠢᠵᠤ ᠬᠢᠨᠠᠨ ᠡᠵᠡᠮᠰᠢᠬᠦ ᠰᠢᠰᠲ᠋ᠧᠮ ᠵᠡᠷᠭᠡ ᠴᠢᠳᠠᠮᠵᠢ ᠶᠢ ᠪᠡᠶᠡᠯᠡᠭᠦᠯᠬᠦ | ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠰᠢᠯᠢᠳᠡᠭ ᠪᠦᠭᠡᠳ ᠳᠦᠭᠦᠮ ᠲᠦᠲᠡ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ | ᠬᠠᠮᠲᠤ ᠪᠠᠷ ᠬᠦᠷᠲᠡᠬᠦ ᠳ᠋ᠠᠶᠢᠲ᠋ᠠ ᠬᠦᠮᠦᠷᠭᠡ ᠪᠠ ᠰᠢᠯᠭᠠᠨ ᠦᠨᠡᠯᠡᠵᠦ ᠬᠠᠷᠢᠯᠴᠠᠨ ᠮᠠᠭᠠᠳᠯᠠᠬᠤ ᠲᠣᠭᠲᠠᠴᠠ | ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠢᠶᠠᠷ ᠳᠠᠮᠵᠢᠵᠤ ᠬᠠᠮᠲᠤ ᠪᠠᠷ ᠬᠦᠷᠲᠡᠬᠦ ᠮᠡᠳᠡᠭᠡ | ᠵᠠᠩᠭᠢ ᠶᠢ ᠲᠡᠮᠳᠡᠭᠯᠡᠨ ᠳᠠᠩᠰᠠᠯᠠᠵᠤ᠂ ᠪᠦᠬᠦ ᠣᠷᠣᠨ ᠤ ᠬᠡᠪᠴᠢᠶᠡᠨ ᠳᠤ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ | ᠬᠡᠷᠡᠭᠲᠡᠢ᠃ ᠮᠡᠳᠡᠭᠡ ᠵᠠᠩᠭᠢ ᠶᠢᠨ ᠰᠢᠰᠲ᠋ᠧᠮ ᠨᠢ ᠪᠦᠬᠦ ᠣᠷᠣᠨ ᠤ ᠬᠡᠪᠴᠢᠶᠡᠨ ᠳᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠭᠡᠬᠦ ᠶᠢ ᠪᠡᠶᠡᠯᠡᠭᠦᠯᠵᠦ᠂ ᠮᠡᠳᠡᠭᠡ ᠵᠠᠩᠭᠢ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠠᠯᠪᠠᠨ ᠵᠠᠷᠯᠠᠯ᠂ ᠬᠢᠷᠢ ᠬᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ᠂ | ᠠᠷᠠᠯᠵᠢᠶ᠎ᠠ ᠶᠢᠨ ᠮᠡᠳᠡᠭᠡ ᠵᠠᠩᠭᠢ᠂ ᠭᠡᠷ᠎ᠡ ᠭᠦᠢᠴᠡᠳᠭᠡᠭᠰᠡᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠬᠤᠪᠢᠷᠠᠭᠤᠯᠬᠤ | ᠮᠡᠳᠡᠭᠡ ᠵᠠᠩᠭᠢ ᠵᠡᠷᠭᠡ ᠡᠯ᠎ᠡ ᠲᠦᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ | ᠵᠠᠩᠭᠢ ᠶᠢ ᠴᠤᠭᠯᠠᠭᠤᠯᠵᠤ᠂ ᠬᠠᠳᠠᠭᠠᠯᠠᠬᠤ ᠪᠠ ᠨᠡᠶᠢᠲᠡᠯᠡᠵᠤ᠂ ᠠᠷᠠᠯᠵᠢᠶ᠎ᠠ ᠶᠢᠨ ᠡᠯ᠎ᠡ ᠲᠠᠯ᠎ᠠ ᠳᠤ ᠮᠡᠳᠡᠭᠡ ᠵᠠᠩᠭᠢ ᠶᠢᠨ | ᠯᠠᠪᠯᠠᠯᠭ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠤᠯᠠᠬᠤ | ᠲᠡᠮᠳᠡᠭ ᠲᠤ ᠲᠦᠰᠢᠭᠯᠡᠵᠦ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠦᠮᠦᠷᠭᠡ | ᠪᠠᠶᠢᠭᠤᠯᠵᠤ᠂ ᠪᠦᠬᠦ ᠣᠷᠣᠨ ᠤ ᠬᠡᠪᠴᠢᠶᠡᠨ ᠳᠠᠬᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠰᠣᠯᠢᠯᠴᠠᠵᠤ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ᠡᠯᠧᠺᠲᠷᠤᠨ ᠢᠶᠠᠷ ᠬᠢᠨᠠᠯᠲᠠ | ᠲᠠᠯᠪᠢᠵᠦ ᠬᠢᠨᠠᠨ ᠡᠵᠡᠮᠰᠢᠬᠦ ᠰᠢᠰᠲ᠋ᠧᠮ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨᠴᠢᠯᠠᠭᠰᠠᠨ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠶᠢ ᠲᠠᠯᠠᠪᠠᠢ ᠳᠤ ᠣᠷᠤᠵᠤ ᠳᠠᠩᠰᠠᠯᠠᠨ ᠲᠡᠮᠳᠡᠭᠯᠡᠬᠦ᠂ ᠳᠠᠭᠠᠭᠠᠴᠢᠯᠠᠯᠲᠠ ᠵᠠᠷᠯᠠᠬᠤ ᠶᠢ ᠳᠠᠩᠰᠠᠯᠠᠬᠤ᠂ ᠵᠠᠷ | ᠮᠡᠳᠡᠭᠡ ᠨᠡᠶᠢᠲᠡᠯᠡᠬᠦ᠂ ᠳᠠᠭᠠᠭᠠᠴᠢᠯᠠᠯᠲᠠ ᠬᠦᠯᠢᠶᠡᠬᠦ ᠪᠠᠷ ᠨᠡᠷ᠎ᠡ ᠮᠡᠳᠡᠭᠦᠯᠬᠦ ᠠᠴᠠ ᠳᠠᠭᠠᠭᠠᠴᠢᠯᠠᠯᠲᠠ ᠦᠨᠡᠯᠡᠬᠦ ᠲᠤᠰᠬᠠᠢ | ᠮᠡᠷᠭᠡᠵᠢᠯᠲᠡᠨ ᠢ ᠰᠤᠩᠭᠤᠨ ᠠᠪᠬᠤ᠂ ᠳᠠᠭᠠᠭᠠᠴᠢᠯᠠᠯᠲᠠ ᠦᠨᠡᠯᠡᠬᠦ ᠶᠠᠪᠤᠴᠠ ᠶᠢᠨ ᠲᠤᠭ᠎ᠠ ᠪᠠᠷᠢᠮᠲᠠ ᠶᠢ ᠪᠦᠷᠢᠳᠭᠡᠬᠦ᠂ | ᠳᠠᠭᠠᠭᠠᠴᠢᠯᠠᠯᠲᠠ ᠣᠯᠣᠭᠰᠠᠨ ᠢ ᠵᠠᠷᠯᠠᠨ ᠨᠡᠶᠢᠲᠡᠯᠡᠬᠦ᠂ ᠳᠠᠭᠠᠭᠠᠴᠢᠯᠠᠯᠲᠠ ᠣᠯᠣᠭᠰᠠᠨ ᠤ ᠮᠡᠳᠡᠭᠳᠡᠯ ᠢ ᠬᠠᠷᠭᠤᠭᠤᠯᠤᠨ | ᠣᠯᠭᠤᠯᠬᠤ ᠪᠦᠬᠦ ᠶᠠᠪᠤᠴᠠ ᠳᠤ ᠡᠯᠧᠺᠲᠷᠤᠨ ᠢᠶᠠᠷ ᠮᠡᠳᠡᠭᠡ ᠵᠠᠩᠭᠢᠵᠢᠭᠤᠯᠤᠨ ᠰᠢᠢᠳᠪᠦᠷᠢᠯᠡᠬᠦ ᠶᠢ ᠪᠦᠷᠢᠨ | ᠪᠦᠷᠬᠦᠭᠦᠯᠬᠦ ᠪᠠᠨ ᠪᠡᠶᠡᠯᠡᠭᠦᠯᠬᠦ ᠬᠡᠷᠡᠭᠲᠡᠢ᠃ ᠡᠯᠧᠺᠲᠷᠤᠨ ᠢᠶᠠᠷ ᠳᠠᠭᠠᠭᠠᠴᠢᠯᠠᠯᠲᠠ ᠵᠠᠷᠯᠠᠬᠤ ᠶᠢ ᠠᠯᠬᠤᠮ ᠠᠯᠬᠤᠮ ᠢᠶᠠᠷ | ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠦᠬᠦ ᠶᠠᠪᠤᠴᠠ ᠳᠤ ᠣᠷᠣ ᠮᠥᠷ ᠢᠶᠠᠷ | ᠪᠤᠴᠠᠭᠠᠵᠤ ᠪᠠᠶᠢᠴᠠᠭᠠᠬᠤ᠂ ᠣᠨᠴᠠ ᠲᠣᠳᠣ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠶᠢ ᠪᠡᠶᠡᠯᠡᠭᠦᠯᠵᠦ᠂ ᠬᠢᠨᠠᠯᠲᠠ | ᠪᠠᠶᠢᠴᠠᠭᠠᠯᠲᠠ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠬᠤ ᠬᠡᠷᠡᠭᠲᠡᠢ᠃ ᠢᠳᠡᠪᠬᠢᠲᠡᠢ ᠪᠠᠷ ᠨᠦᠬᠦᠴᠡᠯ | ᠪᠦᠷᠢᠳᠦᠭᠦᠯᠵᠦ᠂ ᠡᠯᠧᠺᠲᠷᠤᠨ ᠲᠠᠪᠴᠠᠩ ᠤᠨ ᠪᠦᠳᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠳᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠢᠯᠡ ᠵᠠᠬ᠎ᠠ ᠳᠡᠯᠭᠡᠭᠦᠷ ᠲᠤ | ᠲᠦᠰᠢᠭᠯᠡᠵᠦ ᠪᠠᠶᠢᠭᠰᠠᠨ ᠠᠴᠠ ᠡᠯᠧᠺᠲᠷᠤᠨᠴᠢᠯᠠᠭᠰᠠᠨ ᠲᠠᠪᠴᠠᠩ ᠢᠶᠠᠷ ᠭᠤᠣᠯᠯᠠᠭᠰᠠᠨ ᠲᠡᠰᠢ ᠬᠤᠪᠢᠷᠠᠭᠤᠯᠬᠤ ᠶᠢ | ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ ᠬᠠᠷᠢᠭᠤᠴᠠᠨ | ᠨᠠᠶᠢᠳᠠᠪᠤᠷᠢᠵᠢᠭᠤᠯᠵᠤ᠂ 2016 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠡᠯᠡᠭᠦᠯᠦᠨ᠎ᠡ︶ | ᠲᠥᠷᠪᠡ᠂ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ | ᠤᠯᠤᠰ ᠤᠨ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠲᠦᠷᠥᠯ ᠬᠤᠪᠢᠶᠠᠷᠢᠯᠠᠯ ᠤᠨ ᠨᠢᠭᠡᠳᠦᠯᠲᠡᠢ | ᠪᠠᠷᠢᠮᠵᠢᠶ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠳᠠᠭᠠᠭᠠᠴᠢᠯᠠᠯᠲᠠ | ᠥᠨᠡᠯᠡᠬᠦ ᠲᠤᠰᠬᠠᠢ ᠮᠡᠷᠭᠡᠵᠢᠯᠲᠡᠨ ᠪᠠ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠲᠥᠷᠥᠯ ᠬᠤᠪᠢᠶᠠᠷᠢᠯᠠᠯ ᠤᠨ | ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠳᠠᠭᠠᠭᠠᠴᠢᠯᠠᠯᠲᠠ ᠦᠨᠡᠯᠡᠬᠦ ᠶᠢ ᠬᠢᠨᠠᠨ ᠲᠣᠭᠲᠠᠭᠠᠬᠤ ᠲᠤᠰᠬᠠᠢ | ᠮᠡᠷᠭᠡᠵᠢᠯᠲᠡᠨ ᠤ ᠲᠥᠷᠥᠯ ᠢᠯᠭᠠᠯ ᠤᠨ ᠨᠡᠷᠡᠰ ᠢ ᠨᠠᠶᠢᠷᠠᠭᠤᠯᠤᠨ ᠵᠣᠭᠢᠶᠠᠵᠤ᠂ ᠥᠪᠡᠷᠲᠡᠭᠡᠨ ᠵᠠᠰᠠᠬᠤ ᠣᠷᠣᠨ ᠤ | ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠬᠦᠮᠦᠷᠭᠡ ᠶᠢ ᠳᠡᠰ ᠳᠡᠪᠰᠢᠭᠦᠯᠦᠨ ᠪᠥᠬᠦ | ᠣᠷᠣᠨ ᠤ ᠲᠣᠮᠤ ᠬᠡᠯᠪᠡᠷᠢ ᠶᠢᠨ ᠶᠡᠷᠦᠩᠬᠡᠶᠢᠯᠡᠭᠰᠡᠨ ᠲᠤᠰᠬᠠᠢ ᠮᠡᠷᠭᠡᠵᠢᠯᠲᠡᠨ ᠤ ᠨᠢᠭᠡᠳᠦᠯᠲᠡᠢ ᠬᠦᠮᠦᠷᠭᠡ ᠪᠣᠯᠭᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠳ ᠤᠨ ᠬᠠᠮᠢᠶᠠᠷᠬᠤ ᠪᠠᠷᠢᠯᠭ᠎ᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠥᠨᠡᠯᠡᠬᠦ᠂ ᠵᠠᠮ ᠤᠨ ᠲᠥᠷᠥᠯ | ᠵᠥᠢᠯ ᠤᠨ ᠳᠠᠭᠠᠭᠠᠴᠢᠯᠠᠯᠲᠠ ᠥᠨᠡᠯᠡᠬᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠥᠨᠡᠯᠡᠬᠦ᠂ | ᠠᠭᠤᠷᠬᠠᠢ ᠶᠢᠨ ᠥᠢᠯᠡᠰ ᠤᠨ ᠡᠷᠬᠡ ᠶᠢᠨ ᠰᠢᠯᠵᠢᠭᠦᠯᠦᠨ ᠦᠭᠬᠦ ᠶᠢᠨ ᠳᠠᠭᠠᠭᠠᠴᠢᠯᠠᠯᠲᠠ ᠥᠨᠡᠯᠡᠬᠦ᠂ ᠤᠯᠤᠰ ᠤᠨ | ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠳᠠᠭᠠᠭᠠᠴᠢᠯᠠᠯᠲᠠ ᠥᠨᠡᠯᠡᠬᠦ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠬᠢᠨᠠᠨ ᠲᠣᠭᠲᠠᠭᠠᠬᠤ᠂ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠶᠢ | ᠬᠢᠨᠠᠨ ᠲᠣᠭᠲᠠᠭᠠᠬᠤ ᠵᠡᠷᠭᠡ ᠲᠤᠰᠬᠠᠢ ᠮᠡᠷᠭᠡᠵᠢᠯᠲᠡᠨ ᠤ ᠬᠦᠮᠦᠷᠭᠡ ᠵᠢᠴᠢ ᠡᠯ᠎ᠡ ᠠᠶᠢᠮᠠᠭ ᠬᠤᠲᠠ ᠶᠢᠨ ᠨᠢᠭᠡᠨᠲᠡ | ᠪᠠᠶᠢᠭᠤᠯᠤᠭᠰᠠᠨ ᠲᠣᠰᠬᠠᠢ ᠮᠡᠷᠭᠡᠵᠢᠯᠲᠡᠨ ᠤ ᠬᠦᠮᠦᠷᠭᠡ ᠳᠠᠬᠢ ᠲᠣᠰᠬᠠᠢ ᠮᠡᠷᠭᠡᠵᠢᠯᠲᠡᠨ ᠤ ᠡᠬᠢ ᠪᠠᠶᠠᠯᠢᠭ ᠢ | ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ | ᠬᠥᠮᠦᠷᠭᠡ ᠳᠤ ᠨᠢᠭᠡᠳᠦᠯᠲᠡᠢ ᠡᠮᠬᠢᠯᠡᠨ ᠨᠡᠶᠢᠯᠡᠭᠦᠯᠵᠦ ᠬᠠᠮᠢᠶᠠᠷᠤᠯᠲᠠ ᠬᠢᠵᠦ᠂ ᠲᠤᠰᠬᠠᠢ ᠮᠡᠷᠭᠡᠵᠢᠯᠲᠡᠨ ᠤ ᠡᠬᠢ | ᠪᠠᠶᠠᠯᠢᠭ ᠢ ᠪᠥᠬᠦ ᠣᠷᠣᠨ ᠤ ᠬᠡᠪᠴᠢᠶᠡᠨ ᠳᠤ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ᠲᠤᠰᠬᠠᠢ | ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠰᠣᠳᠣᠯᠤᠨ ᠲᠣᠭᠲᠠᠭᠠᠵᠤ᠂ ᠲᠤᠰᠬᠠᠢ ᠮᠡᠷᠭᠡᠵᠢᠯᠲᠡᠨ | ᠰᠤᠩᠭᠤᠨ ᠤᠷᠢᠬᠤ᠂ ᠰᠢᠯᠭᠠᠨ ᠬᠢᠨᠠᠬᠤ ᠬᠢᠭᠡᠳ ᠪᠣᠴᠠᠭᠠᠨ ᠭᠠᠷᠭᠠᠬᠤ ᠲᠣᠭᠲᠠᠴᠠ ᠶᠢ ᠪᠥᠷᠢᠨᠰᠢᠭᠦᠯᠬᠦ ᠬᠡᠷᠡᠭᠲᠡᠢ᠃ | ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠪᠠ ︽ᠬᠠᠷ᠎ᠠ ᠳᠠᠩᠰᠠ︾ ᠶᠢᠨ | ᠳᠥᠷᠢᠮ ᠢ ᠪᠠᠶᠢᠭᠤᠯᠵᠤ᠂ ᠲᠤᠰᠬᠠᠢ ᠮᠡᠷᠭᠡᠵᠢᠯᠲᠡᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ | ᠺᠣᠮᠫᠢᠦ᠋ᠲ᠋ᠧᠷ ᠢᠶᠠᠷ ᠬᠠᠪᠰᠤᠷᠤᠮᠵᠢ ᠪᠣᠯᠭᠠᠨ ᠳᠠᠭᠠᠭᠠᠴᠢᠯᠠᠯᠠᠲᠠ ᠥᠨᠡᠯᠡᠬᠦ᠂ ᠣᠨᠳᠣᠣ ᠭᠠᠵᠠᠷ ᠲᠤ ᠠᠯᠤᠰ ᠠᠴᠠ | ᠳᠠᠭᠠᠭᠠᠴᠢᠯᠠᠯᠠᠲᠠ ᠥᠨᠡᠯᠡᠬᠦ ᠵᠡᠷᠭᠡ ᠠᠵᠢᠯ ᠤᠨ ᠲᠣᠭᠲᠠᠴᠠ ᠶᠢ ᠰᠥᠪᠡᠭᠴᠢᠯᠡᠨ ᠲᠡᠯᠭᠡᠷᠡᠭᠦᠯᠵᠦ᠂ ᠳᠠᠭᠠᠭᠠᠴᠢᠯᠠᠯᠠᠲᠠ | ᠥᠨᠡᠯᠡᠬᠦ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠰᠣᠳᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠲᠥᠷᠥᠭᠦᠯᠡᠵᠦ᠂ ᠡᠯ᠎ᠡ | ᠬᠠᠮᠢᠶ᠎ᠠ ᠪᠥᠬᠦᠢ ᠰᠠᠯᠭ᠎ᠠ ᠮᠦᠴᠢᠷ ᠤᠳ ᠬᠠᠮᠵᠢᠯᠴᠠᠨ ᠨᠠᠶᠢᠳᠠᠪᠤᠷᠢᠵᠢᠭᠤᠯᠵᠤ᠂ 2016 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠲᠠᠪᠤ᠂ ᠲᠥᠷᠢᠮ ᠲᠣᠭᠲᠠᠭᠠᠯ ᠢᠶᠠᠨ ᠨᠢᠭᠡᠳᠭᠡᠨᠠ | ᠤᠯᠤᠰ ᠤᠨ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠬᠤᠯᠪᠣᠭᠳᠠᠯ ᠪᠦᠬᠦᠢ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠪᠥᠬᠦ ᠤᠯᠤᠰ ᠤᠨ ᠲᠦᠷᠦᠯ ᠬᠤᠪᠢᠶᠠᠵᠤ | ᠨᠢᠭᠡᠳᠭᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠢᠮ ᠪᠠ ᠮᠡᠷᠭᠡᠵᠢᠯ ᠤᠨ ᠪᠠᠷᠢᠮᠵᠢᠶ᠎ᠠ ᠶᠢ | ᠥᠨᠳᠥᠰᠥᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠨᠠᠷᠢᠨ ᠲᠥᠷᠢᠮ᠂ ᠥᠢᠯᠡᠴᠢᠯᠡᠭᠡᠨ ᠤ | ᠴᠣᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ ᠡᠯ᠎ᠡ ᠲᠦᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠳᠠᠯᠢ ᠰᠢᠨᠵᠢ ᠴᠢᠨᠠᠷ ᠪᠣᠯᠣᠨ ᠠᠳᠠᠯᠢ ᠪᠣᠰᠤ ᠣᠨᠴᠠᠯᠢᠭ ᠢ ᠥᠨᠳᠥᠰᠥᠯᠡᠨ᠂ ᠪᠣᠳᠠᠲᠠᠢ ᠪᠦᠭᠡᠳ ᠵᠢᠷᠤᠮᠵᠢᠭᠰᠠᠨ | ᠠᠷᠠᠯᠵᠢᠶ᠎ᠠ ᠶᠢᠨ ᠳᠦᠷᠢᠮ ᠢ ᠲᠥᠷᠥᠯ ᠬᠤᠪᠢᠶᠠᠨ ᠲᠣᠭᠲᠠᠭᠠᠵᠤ᠂ ᠠᠷᠠᠯᠵᠢᠶ᠎ᠠ ᠶᠢᠨ ᠳᠠᠩᠰᠠᠯᠠᠨ ᠲᠡᠮᠳᠡᠭᠯᠡᠬᠦ᠂ ᠮᠡᠳᠡᠭᠡ | ᠵᠠᠩᠭᠢ ᠨᠡᠶᠢᠲᠡᠯᠡᠬᠦ᠂ ᠲᠤᠰᠬᠠᠢ ᠮᠡᠷᠭᠡᠵᠢᠯᠲᠡᠨ ᠰᠤᠩᠭᠤᠨ ᠠᠪᠬᠤ᠂ ᠳᠠᠭᠠᠭᠠᠴᠢᠯᠠᠯᠲᠠ ᠥᠨᠡᠯᠡᠬᠦ ᠳᠠᠭᠠᠭᠠᠴᠢᠯᠠᠯᠲᠠ | ᠶᠠᠷᠢᠯᠴᠠᠬᠤ᠂ ᠥᠷᠢᠰᠥᠯᠳᠥᠨ ᠬᠡᠯᠡᠯᠴᠡᠬᠦ᠂ ᠦᠨ᠎ᠡ ᠯᠠᠪᠯᠠᠵᠤ ᠦᠨ᠎ᠡ ᠬᠠᠶᠠᠯᠴᠠᠬᠤ᠂ ᠳᠠᠭᠠᠭᠠᠴᠢᠯᠠᠯᠲᠠ ᠣᠯᠣᠭᠰᠠᠨ ᠢ | ᠮᠡᠳᠡᠭᠳᠡᠬᠦ᠂ ᠵᠠᠷᠤᠳᠠᠯ ᠰᠦᠢᠳᠭᠡᠯ ᠬᠤᠷᠢᠶᠠᠬᠤ ᠬᠢᠭᠡᠳ ᠪᠤᠴᠠᠭᠠᠨ ᠥᠭᠬᠦ᠂ ᠮᠠᠲ᠋ᠤᠷᠢᠶᠠᠯ ᠢ ᠬᠠᠳᠠᠭᠠᠯᠠᠵᠤ ᠨᠢᠭᠤᠴᠠ | ᠬᠠᠮᠠᠭᠠᠯᠠᠬᠤ ᠬᠢᠭᠡᠳ ᠳᠠᠩᠰᠠ ᠡᠪᠬᠡᠮᠡᠯ ᠤᠨ ᠬᠠᠮᠢᠶᠠᠷᠤᠯᠲᠠ᠂ ᠬᠢᠨᠠᠯᠲᠠ ᠲᠠᠯᠪᠢᠯᠲᠠ ᠬᠢᠭᠡᠳ ᠬᠢᠨᠠᠨ ᠡᠵᠡᠮᠰᠢᠬᠦ ᠵᠡᠷᠭᠡ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯ᠎ᠡ ᠭᠤᠭᠴᠠᠭ᠎ᠠ ᠶᠢ ᠪᠠᠭᠲᠠᠭᠠᠨ᠎ᠠ᠃ ᠵᠢᠷᠤᠮᠵᠢᠭᠰᠠᠨ | ᠨᠢᠭᠡᠳᠦᠯᠲᠡᠢ ᠠᠷᠠᠯᠵᠢᠶ᠎ᠠ ᠶᠢᠨ ᠥᠢᠯᠡᠴᠢᠯᠡᠭᠡᠨ ᠤ ᠴᠣᠪᠤᠷᠠᠯ ᠲᠣᠭᠲᠠᠭᠠᠵᠤ᠂ ᠠᠷᠠᠯᠵᠢᠶ᠎ᠠ ᠶᠢᠨ ᠬᠦᠯᠢᠶᠡᠨ ᠠᠪᠴᠤ | ᠰᠢᠢᠳᠪᠦᠷᠢᠯᠡᠬᠦ᠂ ᠵᠣᠬᠢᠶᠠᠨ ᠪᠠᠶᠢᠭᠤᠯᠬᠤ᠂ ᠬᠢᠨᠠᠨ ᠲᠣᠭᠲᠠᠭᠠᠬᠤ᠂ ᠬᠠᠮᠢᠶᠠᠷᠤᠨ ᠡᠵᠡᠮᠰᠢᠬᠦ᠂ ᠥᠢᠯᠡᠴᠢᠯᠡᠬᠦ᠂ | ᠨᠡᠶᠢᠲᠡ ᠳᠤ ᠵᠠᠷᠯᠠᠬᠤ᠂ ᠢᠯᠡ ᠨᠡᠶᠢᠲᠡᠯᠡᠬᠦ ᠵᠡᠷᠭᠡ ᠭᠤᠭᠴᠠᠭ᠎ᠠ ᠶᠢᠨ ᠱᠠᠭᠠᠷᠳᠠᠯᠭ᠎ᠠ ᠶᠢᠨ ᠶᠣᠰᠤᠭᠠᠷ᠂ ᠪᠥᠬᠦ | ᠴᠣᠪᠣᠷᠠᠯ ᠤᠨ ᠥᠢᠯᠡᠴᠢᠯᠡᠭᠡᠨ ᠶᠢᠨ ᠵᠦᠭᠯᠡᠭᠦᠷ ᠪᠣᠯᠣᠨ ᠥᠢᠯᠡᠴᠢᠯᠡᠭᠡᠨ ᠤ ᠴᠣᠪᠣᠷᠠᠯ ᠤᠨ ᠵᠢᠷᠤᠭ ᠢ ᠨᠠᠶᠢᠷᠠᠭᠤᠯᠤᠨ | ᠵᠣᠬᠢᠶᠠᠬᠤ ᠬᠡᠷᠡᠭᠲᠡᠢ᠃ ᠡᠯ᠎ᠡ ᠱᠠᠳᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠦᠴᠢᠷ ᠤᠨ | ᠨᠡᠶᠢᠲᠡᠯᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠢᠮ ᠢ ᠪᠥᠬᠦ ᠲᠠᠯ᠎ᠠ ᠪᠠᠷ | ᠢᠯᠭᠠᠷᠠᠭᠤᠯᠤᠨ ᠴᠡᠭᠴᠡᠯᠡᠵᠦ᠂ ᠬᠠᠤᠯᠢ ᠠᠴᠠ ᠵᠥᠷᠢᠴᠡᠵᠦ ᠪᠠᠶᠢᠭᠤᠯᠤᠭᠰᠠᠨ ᠬᠢᠨᠠᠨ ᠵᠥᠪᠰᠢᠶᠡᠷᠡᠬᠦ ᠵᠦᠢᠯᠡᠰ᠂ | ᠳᠠᠩᠰᠠᠯᠠᠬᠤ ᠨᠡᠷ᠎ᠡ ᠪᠠᠷ ᠬᠤᠪᠢᠷᠠᠭᠤᠯᠤᠨ ᠬᠢᠨᠠᠨ ᠵᠥᠪᠰᠢᠶᠡᠷᠡᠯ ᠬᠡᠷᠡᠭᠵᠢᠭᠦᠯᠬᠦ᠂ ᠠᠷᠠᠯᠵᠢᠶ᠎ᠠ ᠶᠢᠨ ᠭᠤᠣᠯ ᠴᠣᠭᠴᠠ ᠶᠢᠨ | ᠡᠵᠡᠨ ᠮᠡᠳᠡᠬᠦ ᠡᠷᠬᠡ ᠳᠤ ᠭᠠᠷ ᠳᠥᠷᠥᠬᠦ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠬᠠᠷᠢᠯᠴᠠᠨ ᠬᠠᠷᠭᠤᠬᠤ | ᠠᠭᠤᠯᠭ᠎ᠠ ᠨᠤᠭᠤᠳ ᠢ ᠡᠷᠡᠰ ᠵᠠᠯᠠᠷᠠᠭᠤᠯᠬᠤ ᠬᠡᠷᠡᠭᠲᠡᠢ᠃ ᠨᠢᠭᠡᠳᠦᠯᠲᠡᠢ ᠲᠥᠷᠢᠮ ᠳᠤᠭᠲᠠᠭᠠᠯ ᠳᠤᠭᠳᠠᠭᠠᠬᠤ ᠪᠠᠷ | ᠳᠠᠮᠵᠢᠵᠤ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠥᠷᠢᠶ᠎ᠡ ᠬᠡᠪᠴᠢᠶᠡᠨ ᠳᠤ | ᠨᠢᠭᠡᠳᠥᠯᠲᠡᠢ᠂ ᠪᠥᠷᠢᠨᠰᠢᠭᠦᠯᠦᠭᠰᠡᠨ ᠪᠠ ᠵᠢᠷᠤᠮᠵᠢᠭᠤᠯᠤᠭᠰᠠᠨ ᠪᠠᠷᠢᠮᠵᠢᠶ᠎ᠠ ᠶᠢ ᠪᠣᠢ ᠪᠣᠯᠭᠠᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠣᠯᠣᠨ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠵᠤ᠂ 2016 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠵᠢᠷᠭᠤᠭ᠎ᠠ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠎ᠡ | ᠰᠢᠢᠳᠪᠤᠷᠢᠲᠤ ᠪᠣᠳᠣᠯᠭ᠎ᠠ ᠲᠣᠭᠲᠠᠭᠠᠬᠤ ᠡᠷᠬᠡ᠂ ᠬᠡᠷᠡᠭᠵᠢᠭᠦᠯᠬᠦ ᠡᠷᠬᠡ᠂ ᠬᠢᠨᠠᠯᠲᠠ ᠲᠠᠯᠪᠢᠯᠲᠠ ᠶᠢᠨ ᠡᠷᠬᠡ ᠶᠢ | ᠬᠠᠷᠢᠯᠴᠠᠨ ᠬᠢᠵᠠᠭᠠᠷᠯᠠᠬᠤ ᠪᠥᠭᠡᠳ ᠪᠠᠰᠠ ᠬᠠᠷᠢᠯᠴᠠᠨ ᠵᠣᠬᠢᠴᠠᠭᠤᠯᠬᠤ ᠵᠠᠷᠴᠢᠮ ᠤᠨ ᠶᠣᠰᠤᠭᠠᠷ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠥᠢᠯᠡᠴᠢᠯᠡᠭᠡ᠂ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢᠨ | ᠡᠭᠦᠷᠭᠡ ᠴᠢᠳᠠᠪᠤᠷᠢ ᠶᠢ ᠬᠠᠷᠢᠯᠴᠠᠨ ᠰᠠᠯᠭᠠᠭᠰᠠᠨ ᠠᠵᠢᠯ ᠤᠨ ᠲᠣᠭᠲᠠᠴᠠ ᠪᠠᠶᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠥᠪ ᠠᠴᠠ ᠪᠥᠬᠦ | ᠣᠷᠣᠨ ᠤ ᠡᠯ᠎ᠡ ᠱᠠᠳᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠤᠨ ᠠᠵᠢᠯᠯᠠᠭᠠᠨ ᠤ ᠪᠠᠶᠢᠳᠠᠯ ᠳᠤ ᠵᠢᠯᠤᠭᠤᠳᠤᠯᠭ᠎ᠠ ᠪᠠ ᠬᠠᠮᠢᠶᠠᠷᠤᠯᠲᠠ ᠬᠢᠬᠦ ᠬᠡᠷᠡᠭᠲᠡᠢ︔ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠤᠯᠤᠰ ᠤᠨ ᠦᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠬᠤᠲᠠ | ᠬᠥᠳᠡᠭᠡ ᠶᠢᠨ ᠪᠥᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ | ᠤᠰᠤᠨ ᠠᠰᠢᠭᠯᠠᠯᠲᠠ᠂ ᠡᠷᠡᠭᠦᠯ ᠬᠠᠮᠠᠭᠠᠯᠠᠯ ᠲᠥᠯᠥᠪᠯᠡᠭᠡᠲᠦ ᠥᠷᠡᠵᠢᠯ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠬᠤᠪᠢᠶᠠᠷᠢᠯᠠᠯ ᠤᠨ ᠶᠣᠰᠤᠭᠠᠷ᠂ ᠲᠤᠰ ᠠᠵᠢᠯ | ᠲᠥᠷᠥᠯ ᠤᠨ ᠬᠢᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠳᠤ ᠲᠤᠬᠠᠶᠢᠯᠠᠭᠰᠠᠨ | ᠠᠵᠢᠯ ᠤᠨ ᠵᠢᠯᠤᠭᠤᠳᠤᠯᠭ᠎ᠠ ᠬᠢᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ | ᠬᠠᠤᠯᠢ ᠶᠣᠰᠤᠭᠠᠷ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠥᠢᠴᠡᠳᠭᠡᠵᠦ᠂ ᠠᠷᠠᠯᠵᠢᠶ᠎ᠠ ᠶᠢᠨ | ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠤᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ︔ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠶᠣᠰᠤᠭᠠᠷ᠂ | ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠪᠣᠯᠣᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠥᠢᠴᠡᠳᠭᠡᠭᠰᠡᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠬᠦ ᠬᠡᠷᠡᠭᠲᠡᠢ︔ ᠬᠢᠨᠠᠨ | ᠪᠣᠳᠣᠬᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠢᠴᠢ ᠲᠠᠪᠴᠠᠩ ᠤᠨ | ᠠᠵᠢᠯᠯᠠᠭᠠᠨ ᠳᠤ ᠬᠢᠨᠠᠨ ᠪᠣᠳᠣᠵᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠣᠯᠣᠨ ᠡᠯ᠎ᠡ ᠱᠠᠳᠤᠨ ᠤ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ᠂ ᠬᠢᠨᠠᠨ ᠪᠠᠶᠢᠴᠠᠭᠠᠬᠤ᠂ ᠬᠢᠨᠠᠨ ᠪᠣᠳᠣᠬᠤ ᠰᠠᠯᠠᠭ᠎ᠠ ᠮᠥᠴᠢᠷ ᠠᠴᠠ ᠬᠠᠷᠢᠭᠤᠴᠠᠨ | ᠨᠠᠶᠢᠳᠠᠪᠤᠷᠢᠵᠢᠭᠤᠯᠵᠤ᠂ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠳᠣᠯᠤᠭ᠎ᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠎ᠡ | ᠤᠯᠠᠮᠵᠢᠯᠠᠯᠲᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠠᠴᠠ ︽ᠤᠶᠤᠨ ᠴᠢᠳᠠᠪᠤᠷᠢᠲᠤ︾ ᠬᠢᠨᠠᠯᠲᠠ | ᠬᠠᠮᠢᠶᠠᠷᠤᠯᠲᠠ ᠲᠡᠰᠢ ᠬᠤᠪᠢᠷᠠᠭᠠᠵᠤ᠂ ᠠᠷᠠᠯᠵᠢᠶ᠎ᠠ ᠶᠢᠨ ᠠᠵᠢᠯᠯᠠᠭ᠎ᠠ ᠳᠤ ᠬᠥᠳᠡᠯᠥᠩᠭᠦᠢ ᠬᠢᠨᠠᠯᠲᠠ ᠲᠠᠯᠪᠢᠯᠲᠠ ᠬᠢᠬᠦ | ᠪᠠ ᠠᠥ᠋ᠲ᠋ᠤ᠋ ᠤᠷᠢᠳᠴᠢᠯᠠᠨ ᠰᠡᠷᠡᠮᠵᠢᠯᠡᠬᠦᠯᠬᠦ ᠶᠢ ᠪᠡᠶᠡᠯᠡᠭᠦᠯᠬᠦ ᠬᠡᠷᠡᠭᠲᠡᠢ᠃ ᠲᠤᠮᠤ ᠲᠤᠭ᠎ᠠ ᠪᠠᠷᠢᠮᠲᠠ᠂ ᠢᠲᠡᠭᠡᠮᠵᠢ ᠶᠢᠨ | ᠰᠢᠰᠲ᠋ᠧᠮᠵᠢ ᠵᠡᠷᠭᠡ ᠲᠡᠷᠢᠭᠦᠨ ᠤ ᠠᠷᠭ᠎ᠠ ᠪᠠᠷᠢᠯ ᠢ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ | ᠰᠢᠨ᠎ᠡ ᠶᠢ ᠡᠭᠦᠳᠬᠦ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ | ᠬᠢᠨᠠᠯᠲᠠ ᠪᠠᠶᠢᠴᠠᠭᠠᠯᠲᠠ ᠶᠢᠨ ᠪᠠᠶᠢᠳᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠵᠢᠴᠢ ᠡᠯ᠎ᠡ | ᠲᠥᠷᠥᠯ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ᠂ ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠮᠡᠳᠡᠭᠡ | ᠵᠠᠩᠭᠢ ᠶᠢᠨ ᠬᠥᠮᠥᠷᠭᠡ ᠳᠤ ᠣᠷᠣᠭᠤᠯᠵᠤ᠂ ᠢᠲᠡᠭᠡᠮᠵᠢ ᠶᠢᠨ ᠲᠡᠮᠳᠡᠭᠯᠡᠯ ᠢ ᠡᠯ᠎ᠡ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠶᠢᠨ ᠴᠢᠬᠤᠯᠠ ᠥᠨᠳᠥᠰᠥᠯᠡᠯ ᠪᠣᠯᠭᠠᠬᠤ | ᠬᠡᠷᠡᠭᠲᠡᠢ᠃ ᠢᠲᠡᠭᠡᠮᠵᠢ ᠲᠠᠢ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠬᠤ ᠲᠣᠭᠲᠠᠴᠠ ᠶᠢ | ᠪᠥᠷᠢᠨᠰᠢᠭᠦᠯᠵᠥ᠂ ᠥᠨᠡᠨᠴᠢ ᠪᠥᠭᠡᠳ ᠢᠲᠡᠭᠡᠯ ᠲᠠᠢ ᠪᠠᠶᠢᠬᠤ ᠭᠤᠣᠯ ᠴᠣᠭᠴᠠ ᠨᠤᠭᠤᠳ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠬᠵᠢᠭᠤᠯᠵᠤ᠂ ᠢᠲᠡᠭᠡᠮᠵᠢ ᠠᠯᠳᠠᠭᠰᠠᠨ ᠭᠤᠣᠯ | ᠴᠣᠭᠴᠠ ᠨᠤᠭᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠬᠤ ᠶᠢ | ᠬᠠᠤᠯᠢ ᠶᠣᠰᠤᠭᠠᠷ ᠬᠢᠵᠠᠭᠠᠷᠯᠠᠵᠤ᠂ ᠬᠠᠤᠯᠢ ᠠᠴᠠ ᠬᠥᠨᠳᠦ ᠬᠡᠴᠡᠭᠦᠥ ᠵᠥᠷᠢᠴᠡᠵᠦ ᠢᠲᠡᠭᠡᠮᠵᠢ ᠠᠯᠳᠠᠭᠰᠠᠨ ᠭᠤᠣᠯ | ᠴᠣᠭᠴᠠ ᠨᠤᠭᠤᠳ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠬᠡᠷᠡᠭᠲᠡᠢ᠃ ᠵᠠᠭᠠᠯᠳᠤᠯᠭ᠎ᠠ ᠰᠢᠢᠳᠪᠥᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠵᠠᠭᠠᠯᠳᠤᠨ ᠢᠯᠡᠴᠢᠯᠡᠬᠦ ᠠᠷᠭ᠎ᠠ ᠵᠠᠮ ᠢ ᠰᠢᠯᠤᠭᠤᠳᠬᠠᠵᠤ᠂ ᠲᠠᠪᠴᠠᠩ ᠤᠨ | ᠥᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ | ᠰᠢᠢᠳᠪᠦᠷᠢᠯᠡᠬᠦ ᠬᠡᠷᠡᠭᠲᠡᠢ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠥᠢᠯᠡᠳᠥᠯ ᠢ ᠪᠠᠳᠠᠷᠠᠭᠤᠯᠵᠤ᠂ | ᠨᠡᠶᠢᠭᠡᠮ ᠤᠨ ᠬᠢᠨᠠᠯᠲᠠ ᠲᠠᠯᠪᠢᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢᠨ ᠠᠷᠭ᠎ᠠ ᠵᠠᠮ ᠢ ᠤᠯᠠᠮ | ᠨᠢᠭᠡ ᠠᠯᠬᠤᠮ ᠰᠢᠯᠤᠭᠤᠳᠬᠠᠵᠤ᠂ ᠠᠵᠢᠯ ᠲᠥᠷᠥᠯ ᠤᠨ ᠪᠡᠶ᠎ᠡ ᠪᠠᠨ ᠱᠠᠭᠠᠷᠳᠠᠵᠦ ᠬᠢᠨᠠᠯᠲᠠ ᠲᠠᠯᠪᠢᠬᠤ᠂ ᠵᠠᠰᠠᠭ | ᠵᠠᠬᠢᠷᠭᠠᠨ ᠤ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢᠨ ᠪᠥᠬᠦ | ᠴᠤᠬᠴᠠ ᠪᠠᠷ ᠬᠢᠨᠠᠯᠲᠠ ᠲᠠᠯᠪᠢᠬᠤ ᠲᠣᠭᠲᠠᠴᠠ ᠶᠢ ᠲᠥᠷᠭᠡᠨ ᠪᠣᠢ ᠪᠣᠯᠭᠠᠬᠤ ᠬᠡᠷᠡᠭᠲᠡᠢ᠃ ︵ᠡᠯ᠎ᠡ ᠱᠠᠲᠤᠨ ᠤ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠷᠢᠭᠤᠴᠠᠨ ᠨᠠᠶᠢᠳᠠᠪᠤᠷᠢᠵᠢᠭᠤᠯᠵᠤ᠂ 2016 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠤᠨ᠎ᠠ ᠪᠡᠶᠡᠯᠡᠭᠦᠯᠥᠨ᠎ᠡ︶ | ᠨᠠᠢᠮᠠ᠂ ᠠᠶᠢᠮᠠᠭ ᠬᠤᠲᠠ ᠨᠤᠭᠤᠳ ᠬᠠᠮᠵᠢᠯᠴᠠᠨ ᠠᠬᠢᠭᠤᠯᠤᠨ᠎ᠠ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠶᠢᠮᠠᠭ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠡᠮᠬᠢᠯᠡᠨ ᠨᠡᠶᠢᠯᠡᠭᠦᠯᠬᠦ | ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠥᠨᠡᠨᠬᠦ ᠡᠭᠦᠷᠭᠡᠯᠡᠵᠥ᠂ ᠦᠵᠡᠯ ᠰᠠᠨᠠᠭᠠᠨ ᠤ ᠲᠠᠨᠢᠯᠲᠠ ᠪᠠᠨ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠶᠢᠮᠠᠭ ᠬᠤᠲᠠ ᠶᠢᠨ | ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠡᠮᠬᠢᠯᠡᠨ ᠨᠡᠶᠢᠯᠡᠬᠦᠯᠵᠦ ᠪᠠᠶᠢᠭᠤᠯᠬᠤ | ᠠᠵᠢᠯ ᠢ ᠲᠥᠷᠭᠡᠨ ᠪᠠᠶᠠᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠢᠭᠡᠳᠥᠯᠲᠡᠢ | ᠲᠠᠪᠴᠠᠩ ᠪᠠᠶᠢᠭᠤᠯᠤᠭᠠᠳᠤᠢ ᠠᠶᠢᠮᠠᠭ ᠬᠤᠲᠠ ᠨᠤᠭᠤᠳ ᠠᠵᠢᠯ ᠤᠨ ᠲᠥᠰᠥᠯ ᠢᠶᠠᠨ ᠱᠠᠯᠠᠪᠳᠠᠨ ᠲᠣᠭᠲᠠᠭᠠᠵᠤ᠂ | ᠳᠠᠷᠦ᠋ᠢᠬᠠᠨ ᠨᠢᠭᠡᠳᠦᠯᠲᠡᠢ ᠲᠠᠪᠴᠠᠩ ᠪᠠᠶᠢᠭᠤᠯᠬᠤ ᠬᠡᠷᠡᠭᠲᠡᠢ︔ ᠨᠢᠭᠡᠳᠥᠯᠲᠡᠢ ᠲᠠᠪᠴᠠᠩ ᠨᠢᠭᠡᠨᠲᠡ ᠪᠠᠶᠢᠭᠤᠯᠤᠭᠰᠠᠨ | ᠠᠶᠢᠮᠠᠭ ᠬᠤᠲᠠ ᠨᠤᠭᠤᠳ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠨᠢᠭᠡᠳᠥᠯᠲᠡᠢ ᠲᠠᠪᠴᠠᠩ ᠢ ᠡᠮᠬᠢᠯᠡᠨ ᠨᠡᠶᠢᠯᠡᠬᠦᠯᠵᠦ ᠪᠠᠶᠢᠭᠤᠯᠬᠤ ᠠᠵᠢᠯ ᠤᠨ | ᠲᠥᠰᠥᠯ ᠤᠨ ᠱᠠᠭᠠᠷᠳᠠᠯᠭ᠎ᠠ ᠶᠢᠨ ᠶᠣᠰᠤᠭᠠᠷ᠂ ᠲᠠᠪᠴᠠᠩ ᠢ ᠨᠢᠭᠡᠳᠭᠡᠭᠰᠡᠨ ᠤ ᠳᠠᠷᠠᠭᠠᠬᠢ ᠡᠮᠬᠢᠯᠡᠨ ᠨᠡᠶᠢᠯᠡᠭᠦᠯᠬᠦ | ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨ ᠲᠠᠪᠴᠠᠩ ᠤᠨ ᠪᠥᠲᠦᠭᠡᠨ ᠪᠠᠶᠢᠭᠤᠯᠤᠯᠲᠠ ᠶᠢ ᠱᠠᠯᠠᠪᠳᠠᠨ ᠪᠡᠶᠡᠯᠡᠭᠦᠯᠵᠦ᠂ | 2016 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠤᠨ᠎ᠠ ᠠᠶᠢᠮᠠᠭ ᠬᠤᠲᠠ ᠶᠢᠨ ᠨᠢᠭᠡᠳᠥᠯᠲᠡᠢ᠂ | ᠥᠵᠥᠭᠦᠷ ᠨᠢ ᠬᠤᠰᠢᠭᠤ ᠰᠢᠶᠠᠨ ᠢ ᠬᠠᠮᠤᠷᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠡᠯᠧᠺᠲᠷᠤᠨ ᠲᠠᠪᠴᠠᠩ ᠢ ᠪᠠᠶᠢᠭᠤᠯᠵᠤ ᠪᠥᠳᠦᠭᠡᠬᠦ ᠬᠡᠷᠡᠭᠲᠡᠢ᠃ ᠬᠠᠮᠲᠤ ᠳᠤᠨᠢ᠂ ᠤᠯᠤᠰ ᠤᠨ ᠡᠯᠧᠺᠲᠷᠤᠨ | ᠠᠷᠠᠯᠵᠢᠶ᠎ᠠ ᠶᠢᠨ ᠣᠯᠠᠨ ᠨᠡᠶᠢᠲᠡ ᠶᠢᠨ ᠥᠢᠯᠡᠴᠢᠯᠡᠭᠡᠨ ᠤ ᠰᠢᠰᠲ᠋ᠧᠮ ᠤᠨ ᠮᠡᠷᠭᠡᠵᠢᠯ ᠤᠨ ᠪᠠᠷᠢᠮᠵᠢᠶ᠎ᠠ ᠪᠠ ᠲᠤᠭ᠎ᠠ | ᠪᠠᠷᠢᠮᠳᠠ ᠶᠢᠨ ᠵᠢᠷᠤᠮᠵᠢᠯ ᠤᠨ ᠶᠣᠰᠤᠭᠠᠷ᠂ ᠲᠠᠪᠴᠠᠩ ᠳᠤ ᠨᠡᠶᠢᠳᠡᠮ ᠬᠡᠷᠡᠭᠯᠡᠬᠦ ᠵᠠᠯᠭᠠᠭᠠᠳᠠᠰᠤ ᠶᠢ ᠪᠡᠯᠡᠳᠭᠡᠨ | ᠥᠯᠡᠳᠡᠭᠡᠵᠦ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠡᠯᠧᠺᠲᠷᠤᠨ ᠲᠠᠪᠴᠠᠩ ᠯᠤᠭ᠎ᠠ ᠰᠢᠯᠤᠭᠤᠬᠠᠨ ᠵᠠᠯᠭᠠᠬᠤ ᠳᠤ ᠳᠥᠭᠦᠮ ᠪᠣᠯᠭᠠᠬᠤ ᠬᠡᠷᠡᠭᠲᠡᠢ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠠᠭ ᠤᠨ ᠣᠷᠳᠣᠨ ᠨᠤᠭᠤᠳ ᠬᠠᠷᠢᠭᠤᠴᠠᠨ ᠨᠠᠶᠢᠳᠠᠪᠤᠷᠢᠵᠢᠭᠤᠯᠵᠤ᠂ | 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠶᠢᠰᠦ᠂ ᠪᠠᠳᠤᠯᠠᠭᠠᠳᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠢᠭᠡᠳᠦᠯᠲᠡᠢ | ᠲᠠᠪᠴᠠᠩ ᠢ ᠡᠮᠬᠢᠯᠡᠨ ᠨᠡᠶᠢᠯᠡᠬᠦᠯᠵᠦ ᠪᠠᠶᠢᠭᠤᠯᠬᠤ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠨᠢ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠷᠰᠢᠮᠠᠯ ᠬᠤᠷᠠᠯ ᠤᠨ ᠳᠦᠷᠢᠮ ᠪᠠᠶᠢᠭᠤᠯᠵᠤ᠂ | ᠭᠤᠣᠯᠳᠠᠯᠭ᠎ᠠ ᠲᠠᠢ ᠠᠵᠢᠯ ᠢᠶᠠᠨ ᠳᠠᠷᠦ᠋ᠢᠬᠠᠨ ᠰᠣᠳᠤᠯᠤᠨ ᠪᠠᠶᠢᠷᠢᠯᠠᠭᠤᠯᠵᠤ ᠠᠬᠢᠭᠤᠯᠬᠤ ᠬᠡᠷᠡᠭᠲᠡᠢ᠃ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠨᠢᠭᠡᠳᠦᠭᠡᠷ ᠭᠠᠷ ᠨᠢ ᠶᠡᠷᠦᠩᠬᠡᠶᠢᠯᠡᠨ ᠬᠠᠷᠢᠭᠤᠴᠠᠬᠤ᠂ | ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠪᠣᠳᠠᠲᠠᠢ ᠠᠳᠬᠤᠬᠤ ᠤᠳᠤᠷᠢᠳᠤᠯᠭ᠎ᠠ ᠶᠢᠨ ᠬᠠᠷᠢᠭᠤᠴᠠᠯᠭᠠᠲᠤ | ᠳᠥᠷᠢᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠢ ᠤᠷᠤᠭᠰᠢᠲᠠᠢ ᠪᠦᠳᠦᠭᠡᠨ ᠪᠠᠶᠢᠭᠤᠯᠵᠤ᠂ ᠬᠡᠪ ᠤᠨ ᠪᠠᠶᠢᠳᠠᠯ ᠢᠶᠠᠷ ᠠᠵᠢᠯᠯᠠᠬᠤ ᠶᠢ | ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ | ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠦᠴᠦ ᠨᠢᠭᠡᠲᠡᠢ ᠬᠠᠮᠵᠢᠯᠴᠠᠵᠤ᠂ ᠡᠯ᠎ᠡ ᠵᠦᠢᠯ ᠤᠨ | ᠡᠭᠦᠷᠭᠡ ᠪᠠᠨ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠮᠦᠩᠭᠦ ᠪᠠ ᠠᠵᠢᠯᠯᠠᠭᠠᠨ ᠤ ᠵᠠᠷᠤᠳᠠᠯ ᠢ ᠨᠠᠶᠢᠳᠠᠪᠤᠷᠢᠵᠢᠭᠤᠯᠵᠤ᠂ ᠵᠣᠬᠢᠰᠲᠠᠢ ᠤᠷᠢᠳᠴᠢᠯᠠᠬᠤ᠂ ᠠᠷᠪᠢᠲᠠᠢ ᠪᠦᠭᠡᠳ | ᠦᠨᠳᠦᠷ ᠪᠦᠳᠦᠮᠵᠢᠲᠡᠢ ᠪᠠᠶᠢᠬᠤ ᠵᠠᠷᠴᠢᠮ ᠤᠨ ᠶᠣᠰᠤᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠢ ᠪᠦᠲᠦᠭᠡᠨ ᠪᠠᠶᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ ᠲᠠᠢ ᠬᠠᠮᠳᠤᠷᠠᠯᠴᠠᠵᠦ | ᠲᠣᠬᠢᠷᠠᠭᠤᠯᠬᠤ ᠰᠠᠨᠠᠯ ᠢᠶᠠᠨ ᠳᠤᠷᠠᠳᠤᠨ ᠭᠠᠷᠭᠠᠬᠤ ᠬᠡᠷᠡᠭᠲᠡᠢ︔ ᠠᠵᠢᠯᠯᠠᠭᠠᠨ ᠤ ᠵᠠᠷᠤᠳᠠᠯ ᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ | ᠭᠡᠷ ᠲᠠᠢ ᠬᠠᠮᠲᠤᠷᠠᠵᠤ ᠬᠡᠷᠡᠭᠴᠡᠭᠡ ᠪᠠᠨ ᠦᠨᠳᠦᠰᠦᠯᠡᠵᠦ ᠬᠠᠷᠭᠤᠭᠤᠯᠤᠨ ᠲᠣᠭᠲᠠᠭᠠᠬᠤ ᠶᠢᠨ ᠬᠠᠮᠳᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠢᠭᠡᠳᠦᠯᠲᠡᠢ ᠲᠠᠪᠴᠠᠩ ᠢ ᠡᠮᠬᠢᠯᠡᠨ | ᠨᠡᠶᠢᠯᠡᠭᠦᠯᠵᠦ ᠪᠠᠶᠢᠭᠤᠯᠬᠤ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ | ᠨᠢᠭᠡᠴᠡ ᠠᠴᠠ ᠬᠠᠷᠢᠭᠤᠴᠠᠨ ᠨᠠᠶᠢᠳᠠᠪᠤᠷᠢᠵᠢᠭᠤᠯᠵᠤ᠂ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠡᠶᠡᠯᠡᠭᠦᠯᠦᠨ᠎ᠡ︶ | |