ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠠᠩᠬᠠᠳᠤᠭᠠᠷ ᠬᠤᠭᠤᠴᠠᠭᠠᠨ ᠤ ᠬᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2016/7/22
     7 ᠳ᠋ᠤᠭᠠᠷ ᠰᠠᠷ᠎ᠠ ᠶᠢᠨ 22᠎ ᠤ ᠦᠳᠡ ᠶᠢᠨ ᠡᠮᠦᠨ᠎ᠡ᠂ ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠠᠩᠬᠠᠳᠤᠭᠠᠷ ᠬᠤᠭᠤᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ᠃ ᠲᠤᠰ ᠤᠳᠠᠭᠠᠨ ᠤ ᠬᠤᠷᠠᠯ ᠢ ᠳᠤᠮᠳᠠᠳᠤ ᠤᠯᠤᠰ ᠤᠨ ᠵᠢᠭᠤᠯᠴᠢᠯᠠᠯ ᠤᠨ ᠲᠣᠪᠴᠢᠶ᠎ᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠠᠴᠢᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠣᠷᠣᠰ᠂ ᠮᠤᠩᠭᠤᠯ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠲᠥᠯᠥᠭᠡᠯᠡᠭᠴᠢ᠂ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠤ ᠪᠦᠷᠢᠯᠳᠦᠬᠦᠨ ᠵᠢᠴᠢ ᠰᠢᠨ᠎ᠡ ᠪᠠᠷ ᠨᠡᠮᠡᠭᠳᠡᠭᠰᠡᠨ ᠠᠵᠢᠭᠯᠠᠭᠴᠢ ᠨᠢᠭᠡᠴᠡ᠂ ᠳᠤᠮᠳᠠᠳᠤ ᠤᠯᠤᠰ ᠤᠨ ᠣᠷᠣᠰ᠂ ᠮᠣᠩᠭᠤᠯ ᠯᠤᠭ᠎ᠠ ᠶᠢᠨ ᠵᠢᠭᠤᠯᠴᠢᠯᠠᠯ ᠤᠨ ᠬᠤᠷᠰᠢᠯᠴᠠᠭ᠎ᠠ ᠶᠢᠨ ᠭᠤᠣᠯᠳᠠᠯᠭ᠎ᠠ ᠲᠠᠢ ᠮᠤᠵᠢ᠂ ᠣᠷᠣᠨ᠂ ᠬᠤᠳᠠ᠂ ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠨᠡᠷᠡᠲᠦ ᠲᠤᠰᠬᠠᠶ ᠮᠡᠷᠭᠡᠵᠢᠯᠲᠡᠨ ᠡᠷᠳᠡᠮᠲᠡᠨ ᠨᠠᠷ ᠬᠤᠷᠠᠯ ᠳᠤ ᠤᠷᠤᠯᠴᠠᠪᠠ᠃ ᠬᠤᠷᠠᠯ ᠤᠨ ᠬᠤᠭᠤᠴᠠᠭᠠᠨ ᠳᠤ᠂ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠪᠠᠷ ᠢᠶᠠᠨ ᠵᠢᠭᠤᠯᠴᠢᠯᠠᠯ ᠤᠨ ᠬᠥᠭᠵᠢᠯᠲᠡ ᠲᠠᠢ ᠬᠤᠯᠪᠣᠭᠳᠠᠭᠰᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠦᠪᠡᠭᠴᠢᠯᠡᠨ ᠶᠠᠷᠢᠯᠴᠠᠵᠤ᠂ ᠬᠠᠷᠢᠯᠴᠠᠨ ᠬᠤᠯᠪᠤᠭ᠎ᠠ ᠨᠡᠪᠲᠡᠷᠡᠯᠴᠡᠭᠡ ᠪᠠᠨ ᠲᠦᠯᠬᠢᠨ ᠠᠬᠢᠭᠤᠯᠬᠤ ᠶᠢ ᠴᠢᠩᠭᠠᠳᠬᠠᠨ᠂ ᠵᠢᠭᠤᠯᠴᠢᠯᠠᠯ ᠤᠨ ᠨᠡᠭᠡᠭᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号