ᠳᠡᠭᠡᠷ᠎ᠡ ᠬᠠᠭᠠᠰ ᠵᠢᠯ ᠳᠤ ᠮᠠᠨ ᠤ ᠤᠷᠤᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ 350.7 ᠳ᠋ᠦᠩᠰᠢᠭᠤᠷ ᠲᠦᠬᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/7/22
     ᠡᠨᠡ ᠵᠢᠯ ᠤᠨ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ 350.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8% ᠪᠠᠭᠤᠷᠠᠪᠠ᠃ ᠡᠭᠦᠨ ᠳᠤ ᠭᠠᠳᠠᠭᠠᠳᠤ ᠭᠠᠷᠭᠠᠯᠲᠠ 131.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.8% ᠪᠠᠭᠤᠷᠠᠪᠠ︔ ᠭᠠᠳᠠᠭᠠᠳᠤ ᠤᠷᠤᠭᠤᠯᠤᠯᠲᠠ219.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.9% ᠪᠠᠭᠤᠷᠠᠪᠠ᠃ ᠣᠶᠢᠯᠠᠭᠠᠭᠰᠠᠨ ᠢᠶᠠᠷ᠂ ᠠᠷᠠᠯᠵᠢᠶᠠᠨ ᠤ ᠠᠷᠭ᠎ᠠ ᠬᠡᠯᠪᠡᠷᠢ ᠶᠢᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ ᠡᠳ᠋ᠰᠢᠭᠦᠯᠬᠦ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ 17.6 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.7 ᠳᠠᠬᠢᠨ ᠨᠡᠮᠡᠭᠳᠡᠪᠡ᠃ ᠡᠵᠡᠩᠨᠡᠯᠲᠡ ᠶᠢᠨ ᠠᠵᠤ ᠠᠬᠤᠶᠢᠯᠠᠯ ᠤᠨ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠣᠯ ᠬᠦᠴᠦᠨ ᠪᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠤᠯᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡᠲᠦ ᠠᠵᠤ ᠠᠬᠤᠶᠢᠯᠠᠯ ᠤᠨ ᠬᠢᠨᠢ ᠠᠳᠠᠯᠢ ᠪᠤᠰᠤ ᠬᠡᠮᠵᠢᠶ᠎ᠡ ᠪᠠᠷ ᠪᠠᠭᠤᠷᠠᠪᠠ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠲᠠᠯ᠎ᠠ ᠪᠠᠷ᠂ ᠤᠯᠠᠮᠵᠢᠯᠠᠯᠲᠤ ᠭᠠᠳᠠᠭᠠᠳᠤ ᠳᠤ ᠭᠠᠷᠭᠠᠬᠤ ᠦᠢᠯᠡᠳᠬᠦᠨ ᠤ ᠮᠧᠬᠠᠨᠢᠭ ᠡᠯᠧᠺᠲᠷᠣᠨ ᠤ ᠦᠢᠯᠡᠳᠬᠦᠨ᠂ ᠨᠡᠬᠡᠮᠡᠯ ᠬᠤᠪᠴᠠᠰᠤ ᠪᠠ ᠪᠤᠯᠤᠳ ᠮᠠᠲ᠋ᠧᠷᠢᠶᠠᠯ ᠨᠢ ᠪᠦᠷ ᠮᠡᠳᠡᠭᠳᠡᠬᠦ᠋ᠢᠴᠡ ᠪᠠᠭᠤᠷᠠᠵᠤ᠂ ᠡᠬᠢ ᠪᠠᠶᠠᠯᠢᠭ ᠤᠨ ᠴᠢᠨᠠᠷᠲᠠᠶ ᠲᠠᠸᠠᠷ ᠢ ᠭᠠᠳᠠᠭᠠᠳᠤ ᠠᠴᠠ ᠤᠷᠤᠭᠤᠯᠬᠤ ᠨᠢ ᠭᠤᠤᠯᠯᠠᠬᠤ ᠪᠠᠶᠢᠷᠢ ᠶᠢ ᠡᠵᠡᠯᠡᠵᠦ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠦ ᠭᠠᠷᠭᠠᠯᠲᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 43% ᠨᠡᠮᠡᠭᠳᠡᠵᠦ᠂ ᠭᠢᠯᠠᠰ ᠴᠢᠭ᠋ ᠪᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号