ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠤᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠨᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2016/7/22
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠤᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠨᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠠᠴᠠ ᠤᠶᠤᠲᠠᠳ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠠᠵᠢᠯ ᠤᠯᠬᠤ ᠶᠢ ᠶᠡᠬᠡᠪᠡᠷ ᠬᠠᠪᠰᠤᠷᠴᠤ᠂ ᠣᠳᠣᠬᠠᠨ ᠳᠤ᠂ ᠪᠦᠬᠦ ᠣᠷᠣᠨ ᠳᠤ ᠨᠢᠭᠡᠨᠲᠡ ᠭᠤᠷᠪᠠᠨ ᠱᠠᠲᠤᠨ ᠤ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠨᠡᠪᠴᠢᠬᠦᠯᠦᠬᠦᠷ ᠢ ᠬᠠᠮᠲᠤ ᠪᠠᠷ ᠪᠦᠳᠦᠭᠡᠨ ᠪᠠᠶᠢᠭᠤᠯᠬᠤ ᠲᠣᠭᠲᠠᠴᠠ ᠶᠢ ᠪᠠᠶᠢᠭᠤᠯᠵᠤ᠂ ᠵᠠᠯᠠᠭᠤᠴᠤᠳ ᠤᠨ ᠠᠳᠠᠯ ᠦᠢᠯᠡᠰ  ᠴᠤᠭᠴᠠᠯᠠᠬᠤ ᠨᠡᠪᠴᠢᠬᠦᠯᠦᠬᠦᠷ ᠢ ᠨᠢᠭᠡᠨᠲᠡ 8᠎ ᠶᠢ ᠪᠠᠶᠢᠭᠤᠯᠵᠤ᠂ 42᠎ ᠢ ᠶᠠᠭ ᠪᠠᠶᠢᠭᠤᠯᠵᠤ ᠪᠠᠶᠢᠬᠤ ᠪᠦᠭᠡᠳ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠪᠡᠯᠡ ᠲᠤᠬᠢᠷᠠᠭᠤᠯᠭ᠎ᠠ ᠶᠢ ᠵᠣᠯᠭᠠᠭᠤᠯᠬᠤ ᠵᠡᠷᠭᠡ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠶᠢ ᠤᠯᠭᠤᠵᠤ ᠪᠠᠶᠢᠨ᠎ᠠ᠃ 2016 ᠣᠨ ᠳᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ 116670 ᠰᠤᠷᠤᠭᠴᠢ ᠲᠡᠭᠦᠰᠴᠦ᠂ ᠠᠳᠠᠯᠢ ᠬᠤᠭᠤᠴᠠᠭᠠᠨ ᠤ ᠬᠢ ᠠᠴᠠ 0.4 ᠲᠦᠮᠡᠨ ᠬᠥᠮᠦᠨ ᠨᠡᠮᠡᠭᠳᠡᠪᠡ᠃ 6 ᠳ᠋ᠤᠭᠠᠷ ᠰᠠᠷ᠎ᠠ ᠶᠢᠨ 28᠎ ᠤ ᠡᠳᠦᠷ ᠪᠣᠯᠲᠠᠯ᠎ᠠ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ᠎ᠡ ᠲᠤᠭᠲᠠᠭᠰᠠᠨ ᠨᠤᠷᠮ᠎ᠠ ᠨᠢ 71.4%᠎ ᠳᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 7 ᠵᠠᠭᠤᠨ ᠤ ᠴᠡᠭ ᠤᠷᠴᠢᠮ ᠳᠡᠭᠡᠭᠰᠢᠯᠡᠪᠡ᠃ ᠡᠭᠦᠨ ᠤ ᠵᠡᠷᠭᠡᠴᠡᠭᠡᠪᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠪᠦᠷᠢᠳᠬᠡᠯ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠤᠯᠤᠭᠰᠠᠨ ᠬᠦᠮᠦᠨ ᠨᠡᠶᠢᠲᠡ 15.1 ᠲᠦᠮᠡ ᠪᠤᠯᠵᠤ᠂ ᠪᠦᠬᠦ ᠵᠢᠯ ᠤᠨ ᠬᠠᠷᠠᠯᠲᠠᠲᠤ ᠡᠭᠦᠷᠭᠡ ᠶᠢᠨ 58.1%᠎ ᠶᠢ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠨᠢ 3.65% ᠪᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠬᠢᠵᠠᠭᠠᠷᠯᠠᠬᠤ ᠬᠠᠷᠠᠯᠲᠠ ᠠᠴᠠ 0.35 ᠵᠠᠭᠤᠨ ᠤ ᠴᠡᠭ ᠲᠤᠷᠤᠭᠰᠢᠯᠠᠪᠠ᠃ ᠭᠤᠣᠯᠳᠠᠯᠭ᠎ᠠ ᠲᠠᠢ ᠪᠦᠯᠦᠭᠯᠡᠯ ᠳᠤ ᠠᠵᠢᠯ ᠣᠯᠭᠤᠬᠤ ᠶᠠᠪᠤᠳᠠᠯ ᠯᠠᠪᠳᠠᠭᠤᠨ ᠢᠶᠠᠷ ᠠᠬᠢᠵᠤ ᠪᠠᠶᠢᠨ᠎ᠠ᠃ ᠡᠭᠦᠨ ᠳᠤ᠂ ᠠᠵᠢᠯ ᠤᠯᠬᠤ ᠳᠤ ᠬᠦᠴᠢᠷᠲᠡᠶ ᠬᠥᠮᠦᠰ ᠠᠴᠠ 2.8 ᠲᠦᠮᠡᠨ ᠬᠦᠮᠦᠨ ᠳᠤ ᠠᠵᠢᠯ ᠤᠯᠭᠤᠵᠤ᠂ ᠣᠨ ᠤ ᠲᠥᠯᠥᠪᠯᠡᠭᠡ ᠶᠢᠨ 56%᠎ ᠶᠢ ᠪᠡᠶᠡᠯᠡᠭᠦᠯᠪᠡ︔ ᠬᠤᠲᠠ ᠪᠠᠯᠭᠠᠰᠤᠨ ᠤ ᠠᠵᠢᠯ ᠠᠯᠳᠠᠭᠰᠠᠳ ᠠᠴᠠ 3.3 ᠲᠦᠮᠡᠨ ᠬᠥᠮᠦᠨ ᠳᠤ ᠳᠠᠬᠢᠨ ᠠᠵᠢᠯ ᠤᠯᠭᠤᠵᠤ᠂ ᠣᠨ ᠤ ᠲᠥᠯᠥᠪᠯᠡᠭᠡ ᠶᠢᠨ 66%᠎ ᠶᠢ ᠪᠡᠶᠡᠯᠡᠭᠦᠯᠪᠡ︔ 223.1 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠥᠨ ᠠᠵᠢᠯ ᠤᠯᠭᠤᠵᠤ᠂ ᠣᠨ ᠤ ᠲᠥᠯᠥᠪᠯᠡᠭᠡ ᠶᠢᠨ 91%᠎ ᠶᠢ ᠪᠡᠶᠡᠯᠡᠬᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号