ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤᠯᠠᠨ ᠠᠷᠭ᠎ᠠ ᠵᠠᠮ ᠢᠶᠠᠷ ᠪᠡᠯᠡ ᠮᠥᠩᠭᠦ | ᠴᠤᠭᠯᠠᠭᠤᠯᠤᠨ 13.7 ᠲᠦᠮᠡᠨ ᠢᠵᠢ ᠡᠯ᠎ᠡ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ ᠨᠢ | 62% ᠬᠦᠷᠴᠦ᠂ 241 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ᠃ ᠤᠯᠤᠰ ᠪᠣᠯᠤᠨ ᠮᠠᠨ ᠤ ᠣᠷᠣᠨ ᠤ | ᠲᠣᠭᠲᠠᠭᠠᠭᠰᠠᠨ 2016 ᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠠᠵᠢᠯ ᠡᠬᠢᠯᠡᠭᠦᠯᠬᠦ | ᠡᠭᠦᠷᠭᠡ 22.1 ᠲᠦᠮᠡᠨ ᠢᠵᠢ ᠪᠠᠶᠢᠵᠤ᠂ ᠴᠦᠮ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ | ᠠᠵᠢᠯ ᠪᠤᠯᠤᠨ᠎ᠠ᠂ ᠡᠭᠦᠨ ᠳᠤ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ 17.3 ᠲᠦᠮᠡᠨ ᠢᠵᠢ᠂ | ᠰᠢᠭᠤᠶᠢᠲᠤ ᠣᠷᠣᠨ ᠤ ᠳᠥᠭᠦᠮ ᠪᠦᠲᠦᠴᠡᠲᠦ ᠣᠷᠣᠨ ᠰᠠᠭᠤᠴᠠ 2.3 ᠲᠦᠮᠡᠨ ᠢᠵᠢ᠂ ᠠᠳᠠᠷ | ᠬᠠᠭᠠᠯᠪᠤᠷᠢᠯᠠᠯᠲᠠ ᠶᠢᠨ ᠣᠷᠣᠨ ᠤ ᠳᠥᠭᠦᠮ ᠪᠦᠲᠦᠴᠡᠲᠦ ᠣᠷᠣᠨ ᠰᠠᠭᠤᠴᠠ 2.5 ᠲᠦᠮᠡᠨ ᠢᠵᠢ ᠪᠤᠯᠤᠨ᠎ᠠ᠃ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠤᠬᠠᠶ ᠲᠦᠷᠦ ᠶᠢᠨ ᠶᠠᠪᠤᠳᠠᠯ ᠤᠨ | ᠬᠤᠷᠢᠶᠠᠨ ᠤ ︽ᠡᠷᠲᠡ ᠲᠣᠬᠢᠷᠠᠭᠤᠯᠵᠤ᠂ ᠡᠷᠲᠡ ᠡᠬᠢᠯᠡᠭᠦᠯᠵᠦ᠂ ᠡᠷᠲᠡ ᠦᠷ᠎ᠡ ᠪᠦᠲᠦᠭᠡᠯ ᠭᠠᠷᠭᠠᠬᠤ︾ ᠶᠡᠷᠦᠩᠬᠡᠶ | ᠱᠠᠭᠠᠷᠳᠠᠯᠭ᠎ᠠ ᠶᠤᠰᠤᠭᠠᠷ᠂ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠲᠤᠯᠠᠭ᠎ᠠ ᠶᠢᠨ | ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠠᠵᠢᠯ ᠢ ᠲᠥᠯᠬᠢᠨ ᠠᠬᠢᠭᠤᠯᠬᠤ ᠡᠷᠴᠢᠮ ᠢᠶᠠᠨ ᠤᠯᠠᠮ | ᠨᠢᠭᠡ ᠠᠯᠬᠤᠮ ᠨᠡᠮᠡᠭᠳᠡᠭᠦᠯᠪᠡ᠃ 2 ᠳ᠋ᠤᠭᠠᠷ ᠰᠠᠷ᠎ᠠ ᠶᠢᠨ ᠳᠤᠮᠳᠠᠴᠢ ᠪᠠᠷ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠤᠷᠳᠤᠨ ᠬᠤᠷᠠᠯ ᠬᠢᠵᠦ 2016 ᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ | ᠢᠨᠵᠧᠨᠧᠷᠢᠩ ᠤᠨ ᠠᠵᠢᠯ ᠢ ᠪᠠᠶᠢᠷᠢᠯᠠᠭᠤᠯᠵᠤ᠂ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠡᠭᠦᠷᠭᠡ ᠶᠢ ᠨᠠᠶᠢᠳᠠᠪᠤᠷᠢᠵᠢᠭᠤᠯᠵᠤ ᠶᠢᠨ ᠬᠠᠮᠲᠤ ᠡᠯ᠎ᠡ ᠠᠶᠢᠮᠠᠭ ᠬᠤᠳᠠ ᠲᠠᠢ | ᠡᠭᠦᠷᠭᠡ ᠬᠠᠷᠢᠭᠤᠴᠠᠯᠭ᠎ᠠ ᠶᠢᠨ ᠭᠡᠷ᠎ᠡ ᠲᠤᠭᠲᠠᠪᠠ᠃ ᠳᠠᠷᠠᠭ᠎ᠠ ᠨᠢ᠂ ᠠᠶᠢᠮᠠᠭ ᠬᠤᠳᠠ ᠴᠤ ᠬᠤᠰᠢᠭᠤ ᠰᠢᠶᠠᠨ ︵ | ᠬᠤᠳᠠ᠂ ᠲᠣᠭᠤᠷᠢᠭ︶ ᠲᠠᠢ ᠡᠭᠦᠷᠭᠡ ᠬᠠᠷᠢᠭᠤᠴᠠᠯᠭ᠎ᠠ ᠶᠢᠨ ᠭᠡᠷ᠎ᠡ ᠲᠣᠭᠲᠠᠵᠤ᠂ ᠡᠨᠡ ᠵᠢᠯ ᠤᠨ ᠡᠭᠦᠷᠭᠡ ᠶᠢ ᠱᠠᠲᠤ | ᠱᠠᠲᠤ ᠪᠠᠷ ᠵᠠᠳᠠᠯᠤᠨ ᠨᠠᠶᠢᠳᠠᠪᠤᠷᠢᠵᠢᠭᠤᠯᠪᠠ᠃ ᠪᠡᠯᠡ ᠮᠦᠩᠭᠦᠨ ᠤ ᠬᠦᠴᠢᠷᠳᠡᠯ ᠤᠨ ᠡᠮᠦᠨ᠎ᠡ᠂ ᠮᠠᠨ ᠤ ᠤᠷᠤᠨ | ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠠᠢ᠃ ᠣᠳᠣᠬᠠᠨ ᠪᠣᠯᠲᠠᠯ᠎ᠠ ᠲᠥᠪ ᠤᠨ ᠡᠳ᠋ ᠤᠨ ᠵᠠᠰᠠᠭ ᠠᠴᠠ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠳᠤ ᠨᠦᠬᠦᠪᠦᠷᠢᠯᠡᠬᠦ 80.97 | ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠶᠢ ᠲᠡᠮᠡᠴᠡᠨ ᠤᠯᠵᠤ᠂ ᠲᠦᠪ ᠤᠨ ᠳᠥᠭᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠬᠦ ᠪᠥᠳᠥᠭᠡᠨ ᠪᠠᠶᠢᠭᠤᠯᠤᠯᠲᠠ ᠶᠢᠨ ᠲᠤᠰᠬᠠᠢ ᠰᠠᠭᠤᠷᠢ ᠮᠥᠩᠭᠦ ᠠᠴᠠ 86.43 | ᠳ᠋ᠦᠩᠰᠢᠭᠤᠷ ᠲᠦᠬᠦᠷᠢᠭ ᠢ ᠲᠡᠮᠡᠴᠡᠨ ᠤᠯᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠲᠤᠰ ᠱᠠᠲᠤᠨ ᠤ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠦᠬᠦᠪᠦᠷᠢᠯᠡᠬᠦ ᠪᠡᠯᠡ ᠮᠥᠩᠭᠦ ᠶᠢ 7. | 13 ᠳ᠋ᠦᠩᠰᠢᠭᠤᠷ ᠲᠥᠭᠦᠷᠢᠭ ᠲᠤᠬᠢᠷᠠᠭᠤᠯᠵᠡᠢ᠂ ᠡᠭᠦᠨ ᠳᠤ ᠲᠦᠬᠦᠮ ᠪᠦᠳᠦᠴᠡᠳᠦ ᠣᠷᠣᠨ ᠰᠠᠭᠤᠴᠠᠲᠦ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠡᠷᠦᠬᠡ ᠪᠦᠷᠢ ᠳᠤ ᠳᠤᠮᠳᠠᠴᠢ ᠪᠠᠷ 0.27 ᠲᠦᠮᠡᠨ | ᠲᠥᠭᠦᠷᠢᠭ ᠨᠦᠬᠦᠪᠦᠷᠢᠯᠡᠵᠦ᠂ ᠥᠩᠭᠡᠷᠡᠭᠰᠡᠨ ᠵᠢᠯ ᠤᠳ ᠤᠨ ᠬᠢᠷᠢ ᠬᠡᠮᠵᠢᠶ᠎ᠡ ᠠᠴᠠ ᠳᠡᠭᠡᠭᠦᠷ ᠪᠤᠯᠵᠠᠢ᠃ ᠨᠡᠭᠡᠭᠡᠨ | ᠬᠥᠭᠵᠢᠭᠦᠯᠬᠦ ᠪᠠᠩᠬᠢ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠲᠠᠢ ᠢᠳᠡᠪᠬᠢᠲᠡᠢ ᠨᠡᠪᠲᠡᠷᠡᠯᠴᠡ | ᠵᠤᠬᠢᠴᠠᠭᠤᠯᠵᠤ᠂ ᠵᠢᠭᠡᠯᠡᠯᠭᠡ ᠲᠠᠯᠪᠢᠬᠤ ᠶᠢ ᠲᠦᠯᠬᠢᠨ ᠠᠬᠢᠭᠤᠯᠪᠠ᠃ ᠡᠨᠡ ᠵᠢᠯ ᠤᠨ 1 — 6 ᠳ᠋ᠤᠭᠠᠷ ᠰᠠᠷ᠎ᠠ ᠳᠤ᠂ | ᠨᠡᠭᠡᠭᠡᠨ ᠬᠥᠭᠵᠢᠭᠦᠯᠬᠦ ᠪᠠᠩᠬᠢ ᠠᠴᠠ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠳᠤ 431 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠠᠴᠠ ᠳᠥᠭᠦᠮ | ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠳᠤ 11.08 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠲᠠᠯᠪᠢᠪᠠ᠃ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠳᠥᠭᠦᠮ | ᠪᠦᠳᠦᠴᠡᠳᠦ ᠣᠷᠣᠨ ᠰᠠᠭᠤᠴᠠᠲᠦ ᠲᠤᠭᠤᠷᠢᠭ ᠤᠨ ᠦᠭᠡᠷᠴᠢᠯᠡᠯᠲᠡ ᠶᠢ ᠳᠡᠮᠵᠢᠵᠦ᠂ ᠡᠨᠡ ᠵᠢᠯ ᠤᠨ 1 — 6 ᠳ᠋ᠤᠭᠠᠷ | ᠳ᠋ᠤᠭᠠᠷ ᠰᠠᠷ᠎ᠠ ᠳᠤ 20 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠴᠤᠭᠯᠠᠭᠤᠯᠤᠨ ᠳᠥᠭᠦᠮ ᠪᠦᠳᠦᠴᠡᠳᠦ ᠣᠷᠣᠨ | ᠰᠠᠭᠤᠴᠠᠲᠦ ᠲᠤᠭᠤᠷᠢᠭ ᠤᠨ ᠦᠭᠡᠷᠡᠴᠢᠯᠡᠯᠲᠡ ᠶᠢ ᠳᠡᠮᠵᠢᠪᠡ᠃ |