ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ  ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠳᠡᠭᠡᠭᠰᠢᠯᠡᠪᠡ
ᠨᠡᠶᠢᠲᠡᠯᠡᠭᠰᠡᠨ ᠴᠠᠭ᠄
2016/7/22
     ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 7579.98 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.4 ᠵᠠᠭᠤᠨ ᠤ ᠴᠡᠭ ᠥᠨᠳᠦᠷ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.2 ᠵᠠᠭᠤᠨ ᠤ ᠴᠡᠭ ᠳᠡᠭᠡᠭᠰᠢᠯᠡᠪᠡ᠃ ᠠᠵᠤ ᠦᠢᠯᠡᠰ ᠤᠨ ᠲᠠᠯ᠎ᠠ ᠠᠴᠠ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠎ ᠨᠢ ᠴᠥᠮ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ ᠡᠭᠦᠨ ᠳᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠤᠨ ᠥᠪᠥᠷ ᠮᠣᠩᠭᠤᠯ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠤ ᠡᠵᠡᠯᠡᠬᠦ ᠬᠤᠪᠢ ᠶᠢᠨ ᠵᠢᠩ ᠨᠢ 46.6%᠎ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ᠃ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 11472 ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠲᠠᠢ ᠲᠡᠩᠴᠡᠪᠡ᠃ ᠪᠦᠬᠦ ᠰᠠᠭᠤᠭᠠᠯᠢ ᠠᠷᠠᠳ ᠤᠨ ᠳᠣᠲᠣᠷ᠎ᠠ᠂ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠴᠡᠪᠡᠷ ᠣᠷᠣᠯᠭ᠎ᠠ ᠨᠢ ᠡᠵᠡᠩᠨᠡᠯᠲᠡ ᠶᠢᠨ ᠴᠡᠪᠡᠷ ᠣᠷᠣᠯᠭ᠎ᠠ ᠶᠢᠨ 6 ᠬᠤᠪᠢ ᠶᠢ ᠡᠵᠡᠯᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠲᠦᠷᠭᠡᠨ ᠨᠡᠮᠡᠭᠳᠡᠬᠦ ᠶᠢ ᠠᠬᠢᠭᠤᠯᠬᠤ ᠭᠤᠣᠯ ᠬᠦᠴᠦᠨ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号