ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2016/7/22
      ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 11472 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.7%᠎  ᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠲᠠᠢ ᠠᠳᠠᠯᠢ ᠪᠣᠯᠵᠤ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.2 ᠵᠠᠭᠤᠨ ᠤ ᠴᠡᠭ ᠲᠦᠷᠭᠡᠰᠴᠡᠢ᠃ ᠣᠶᠢᠯᠠᠭᠠᠭᠰᠠᠨ ᠢᠶᠠᠷ᠂ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 16339 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0 %᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠲᠠᠢ ᠠᠳᠠᠯᠢ ᠪᠣᠯᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 4695 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0 %᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.2 ᠵᠠᠭᠤᠨ ᠤ ᠴᠡᠭ ᠲᠦᠷᠭᠡᠰᠴᠡᠢ᠃ ᠪᠦᠬᠦ ᠠᠷᠠᠳ ᠢᠷᠭᠡᠳ ᠤᠨ ᠳᠥᠷᠪᠡᠨ ᠵᠦᠢᠯ ᠤᠨ ᠣᠷᠣᠯᠭ᠎ᠠ ᠳᠣᠲᠣᠷ᠎ᠠ᠂ ᠴᠠᠯᠢᠩ ᠤᠨ ᠴᠢᠨᠠᠷᠲᠠᠶ ᠣᠷᠣᠯᠭ᠎ᠠ 6362 ᠲᠥᠭᠦᠷᠢᠭ ᠲᠤ ᠬᠦᠷᠴᠦ᠂ 4.0 %᠎ ᠢᠶᠠᠷ ᠨᠡᠮᠡᠭᠳᠡᠵᠡᠢ᠂ ᠡᠵᠡᠩᠨᠡᠯᠲᠡ ᠶᠢᠨ ᠴᠡᠪᠡᠷ ᠣᠷᠣᠯᠭ᠎ᠠ 2612 ᠲᠥᠭᠦᠷᠢᠭ ᠲᠤ ᠬᠦᠷᠴᠦ᠂ 11.1 %᠎ ᠪᠠᠷ ᠨᠡᠮᠡᠭᠳᠡᠵᠦ᠂ ᠡᠳ᠋ ᠬᠦᠷᠦᠩᠭᠡ ᠶᠢᠨ ᠴᠡᠪᠡᠷ ᠣᠷᠣᠯᠭ᠎ᠠ 594 ᠲᠥᠭᠦᠷᠢᠭ ᠲᠤ ᠬᠦᠷᠴᠦ᠂ 4.0 %᠎ ᠢᠶᠠᠷ ᠨᠡᠮᠡᠭᠳᠡᠵᠦ᠂ ᠰᠢᠯᠵᠢᠭᠦᠯᠦᠭᠰᠡᠨ ᠴᠡᠪᠡᠷ ᠣᠷᠣᠯᠭ᠎ᠠ 1904 ᠲᠥᠭᠦᠷᠢᠭ ᠲᠤ ᠬᠦᠷᠴᠦ᠂ 7.4 %᠎ ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠳᠣᠲᠣᠷᠠᠬᠢ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠴᠡᠪᠡᠷ ᠣᠷᠣᠯᠭ᠎ᠠ 1581 ᠲᠥᠭᠦᠷᠢᠭ ᠲᠤ ᠬᠦᠷᠴᠦ᠂ ᠡᠵᠡᠩᠨᠡᠯᠲᠡ ᠶᠢᠨ ᠴᠡᠪᠡᠷ ᠣᠷᠣᠯᠭ᠎ᠠ ᠶᠢᠨ 60.5 %᠎ ᠶᠢ ᠡᠵᠡᠯᠡᠵᠦ᠂ ᠠᠳᠠᠯᠢ ᠬᠤᠭᠤᠴᠠᠭᠠᠨ ᠠᠴᠠ 17.5 % ᠎ ᠪᠠᠷ ᠨᠡᠮᠡᠭᠳᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ ᠠᠴᠠ 6.4 ᠵᠠᠭᠤᠨ ᠤ ᠴᠡᠭ ᠲᠦᠷᠭᠡᠰᠴᠦ᠂ ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠲᠦᠷᠭᠡᠨ ᠨᠡᠮᠡᠭᠳᠡᠯ ᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号