| ᠥᠪᠥᠷ ᠵᠠᠰᠠᠭ ᠲᠠᠷᠬᠠᠭᠠᠭᠰᠠᠨ ﹇2015﹈ 138 ᠳ᠋ᠤᠭᠠᠷ ᠲᠤᠭᠠᠳᠤ | 12 ᠳ᠋ᠤᠭᠠᠷ ᠰᠠᠷ᠎ᠠ ᠶᠢᠨ 18 ᠤ ᠡᠳᠦᠷ | | ᠡᠯ᠎ᠡ ᠠᠶᠢᠮᠠᠭ ᠤᠨ ᠵᠡᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ ᠵᠠᠬ᠎ᠠ ᠲᠡᠯᠭᠡᠭᠦᠷ ᠤᠨ ᠬᠡᠪ ᠤᠨ | ᠡᠮᠬᠢ ᠲᠢᠭᠯᠢᠮ ᠢ ᠬᠠᠮᠠᠭᠠᠯᠠᠬᠤ ᠲᠣᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠦᠷᠦ | ᠲᠠᠷᠬᠠᠭᠠᠭᠰᠠᠨ ﹇2014﹈ 20 ᠳ᠋ᠣᠭᠠᠷ ᠲᠣᠭᠠᠲᠦ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠬᠦᠯᠵᠦ᠂ ᠵᠠᠬ᠎ᠠ ᠲᠡᠯᠭᠡᠭᠦᠷ ᠤᠨ ᠡᠷᠬᠡ ᠲᠡᠭᠰᠢ ᠪᠠᠷ | ᠦᠷᠢᠰᠦᠯᠳᠦᠬᠦ ᠶᠢ ᠠᠬᠢᠭᠤᠯᠤᠨ᠂ ᠵᠠᠬ᠎ᠠ ᠲᠡᠯᠭᠡᠭᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠬᠤ ᠶᠢᠨ ᠲᠣᠰᠠᠳᠠ᠂ | ᠮᠠᠨ ᠤ ᠣᠷᠣᠨ ᠤ ᠪᠤᠳᠠᠳᠠᠢ ᠲᠠᠢ ᠪᠠᠨ ᠣᠶᠠᠯᠳᠣᠭᠤᠯᠣᠨ᠂ ᠡᠳᠦᠭᠡ ᠲᠣᠣᠷᠠᠬᠢ ᠮᠡᠲᠦ ᠰᠠᠨᠠᠯ ᠢ ᠲᠣᠷᠡᠳᠪᠡ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠣᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠣᠭᠠᠷ ᠶᠡᠭᠡ | ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶ᠎ᠡ ᠶᠢᠨ ᠬᠤᠶᠠᠳᠣᠭᠠᠷ᠂ ᠭᠤᠷᠪᠠᠳᠣᠭᠠᠷ᠂ | ᠲᠦᠷᠪᠡᠳᠦᠭᠡᠷ᠂ ᠲᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠥᠢᠯᠠᠭᠠᠵᠦ᠂ | ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠣᠳᠠᠯ ᠤᠨ ᠬᠤᠷᠢᠶ᠎ᠡ ᠶᠢᠨ ᠡᠯ᠎ᠡ ᠵᠦᠢᠯ ᠤᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠦᠷᠢᠵᠢᠭᠤᠯᠵᠤ᠂ ᠡᠬᠢ ᠪᠠᠶᠠᠯᠢᠭ ᠤᠨ | ᠲᠣᠬᠢᠷᠠᠭᠤᠯᠣᠯᠳᠠ ᠲᠣᠮᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠬᠦ ᠴᠢᠨᠠᠷᠳᠡᠢ ᠦᠢᠯᠡᠳᠦᠯ ᠦᠵᠡᠬᠦᠯᠬᠦ ᠪᠠ ᠵᠠᠰᠠᠭ ᠤᠨ | ᠣᠷᠳᠣᠨ ᠤ ᠦᠢᠯᠡᠳᠦᠯ ᠦᠵᠡᠬᠦᠯᠬᠦ ᠶᠢ ᠨᠡᠩ ᠰᠠᠶᠢᠨ ᠪᠠᠳᠠᠷᠠᠭᠤᠯᠬᠤ ᠶᠢᠨ ᠲᠣᠭᠤᠷᠢᠨ ᠳᠤ ᠵᠠᠬ᠎ᠠ ᠲᠡᠯᠭᠡᠭᠦᠷ ᠤᠨ | ᠰᠢᠰᠲ᠋ᠧᠮᠵᠢ ᠲᠡᠭᠦᠯᠳᠡᠷ ᠪᠣᠰᠣ᠂ ᠵᠠᠰᠠᠭ ᠤᠨ ᠣᠷᠳᠣᠨ ᠬᠡᠳᠦᠷᠬᠡᠢ ᠤᠯᠠᠨ ᠭᠠᠷ ᠲᠦᠷᠦᠬᠦ ᠪᠠ ᠬᠢᠨᠠᠯᠳᠠ | ᠬᠠᠮᠢᠶᠠᠷᠣᠯᠳᠠ ᠦᠯᠦ ᠬᠦᠷᠦᠯᠴᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠲᠤᠷᠤᠬᠰᠢ ᠪᠠᠭᠤᠯᠭᠠᠬᠤ ᠪᠠ | ᠬᠠᠮᠢᠶᠠᠷᠬᠤ ᠶᠢ ᠵᠡᠷᠬᠡᠪᠡᠷ ᠴᠢᠬᠤᠯᠠᠴᠢᠯᠠᠬᠤ ᠶᠢ ᠪᠠᠷᠢᠮᠳᠠᠯᠡᠨ᠂ ᠴᠢᠯᠦᠭᠡᠲᠠᠢ ᠣᠷᠣᠭᠤᠯᠵᠣ ᠴᠢᠩᠭ᠎ᠠ ᠬᠠᠮᠢᠶᠠᠷᠬᠤ ᠶᠢ | ᠬᠡᠷᠡᠭᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠂ ᠡᠯ᠎ᠡ | ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠬᠠᠣᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ | ᠬᠠᠮᠠᠭᠠᠯᠠᠵᠦ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠂ ᠠᠵᠣ ᠠᠬᠤᠢ | ᠨᠡᠶᠢᠭᠡᠮ ᠤᠨ ᠦᠷᠭᠦᠯᠵᠢᠡᠯᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | ᠵᠠᠰᠠᠭ ᠢ ᠴᠣᠮᠬᠠᠳᠬᠠᠨ ᠡᠷᠬᠡ ᠶᠢ ᠳᠣᠷᠤᠭᠰᠢ ᠪᠠᠭᠤᠯᠭᠠᠨ᠎ᠠ᠃ ᠡᠬᠢ ᠪᠠᠶᠠᠯᠢᠭ ᠤᠨ ᠲᠣᠬᠢᠷᠠᠭᠤᠯᠣᠯᠳᠠ | ᠲᠣᠮᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠣ᠂ ᠲᠣᠷᠣᠭᠰᠢ | ᠪᠠᠭᠤᠯᠭᠠᠬᠤ ᠶᠣᠰᠣᠲᠠᠢ ᠡᠷᠬᠡ ᠶᠢ ᠪᠣᠳᠠᠲᠠᠶᠢᠵᠢᠭᠤᠯᠤᠨ ᠲᠣᠷᠣᠭᠰᠢ ᠪᠠᠭᠤᠯᠭᠠᠵᠣ᠂ ᠵᠥᠪᠰᠢᠶᠡᠷᠡᠨ ᠣᠷᠤᠭᠤᠯᠬᠤ | ᠪᠠᠷᠢᠮᠵᠢᠶ᠎ᠠ ᠶᠢ ᠲᠣᠷᠣᠭᠰᠢᠯᠠᠭᠤᠯᠣᠨ᠂ ᠠᠵᠢᠯ ᠣᠯᠭᠤᠵᠣ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ | ᠬᠠᠣᠯᠢ ᠪᠠᠷ ᠦᠯᠦ ᠴᠠᠭᠠᠵᠠᠯᠠᠭᠰᠠᠨ ᠪᠠᠶᠢᠪᠠᠯ᠂ ᠵᠠᠬ᠎ᠠ ᠲᠡᠯᠭᠡᠭᠦᠷ ᠤᠨ ᠭᠤᠤᠯ ᠴᠣᠭᠴᠠ ᠨᠢ ᠬᠢᠵᠤ ᠪᠤᠯᠤᠨ᠎ᠠ︔ | ᠬᠠᠣᠯᠢ ᠪᠠᠷ ᠡᠷᠬᠡ ᠦᠯᠦ ᠣᠯᠭᠤᠭᠰᠠᠨ ᠪᠠᠶᠢᠪᠠᠯ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠬᠢᠵᠣ ᠪᠣᠯᠬᠤ ᠦᠭᠡᠢ᠃ | ᠬᠠᠣᠯᠢ ᠶᠣᠰᠣᠭᠠᠷ ᠬᠢᠨᠠᠨ ᠬᠠᠮᠢᠶᠠᠷᠣᠨ᠎ᠠ᠃ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ | ᠪᠠᠳᠠᠷᠠᠭᠤᠯᠵᠣ᠂ ᠬᠠᠣᠯᠢ ᠪᠠᠷ ᠵᠠᠰᠠᠬᠤ ᠰᠡᠳᠭᠢᠬᠦᠢ ᠪᠠ ᠬᠠᠣᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠬᠤ ᠡᠬᠦᠷᠬᠡ ᠴᠢᠳᠠᠪᠤᠷᠢ ᠪᠠᠨ ᠬᠦᠢᠴᠡᠳᠬᠡᠬᠦ ᠶᠢ ᠪᠠᠷᠢᠮᠳᠠᠯᠠᠨ᠂ ᠠᠵᠢᠯ ᠬᠡᠷᠡᠭ ᠤᠨ | ᠲᠣᠮᠳᠠ ᠪᠠ ᠠᠵᠢᠯ ᠬᠡᠷᠡᠭ ᠤᠨ ᠲᠠᠷᠠᠭᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠤ᠂ ᠵᠠᠬ᠎ᠠ ᠲᠡᠯᠭᠡᠭᠦᠷ ᠤᠨ | ᠬᠢᠨᠠᠯᠳᠠ ᠬᠠᠮᠢᠶᠠᠷᠣᠯᠳᠠ ᠶᠢ ᠲᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠵᠢᠭᠤᠯᠬᠤ ᠶᠢ ᠠᠬᠢᠭᠤᠯᠵᠤ᠂ | ᠬᠠᠥᠯᠢᠵᠢᠯ ᠤᠨ ᠵᠠᠬ᠎ᠠ ᠲᠡᠯᠭᠡᠭᠦᠷ ᠤᠨ ᠣᠷᠴᠢᠨ ᠲᠤᠭᠤᠷᠢᠨ ᠢ ᠪᠠᠶᠢᠭᠤᠯᠣᠨ᠎ᠠ᠃ | ᠲᠦᠪ ᠭᠤᠤᠯᠴᠢ ᠢᠯᠡ ᠲᠣᠳᠣ ᠪᠠᠶᠢᠯᠭᠠᠨ᠎ᠠ᠃ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠣᠯ | ᠴᠣᠭᠴᠠ ᠶᠢᠨ ᠡᠷᠬᠡ ᠠᠰᠢᠭ ᠡᠷᠬᠡ ᠲᠡᠭᠰᠢ᠂ ᠠᠵᠠ ᠲᠤᠬᠢᠶᠠᠯ ᠡᠷᠬᠡ ᠲᠡᠭᠰᠢ᠂ ᠲᠦᠷᠢᠮᠵᠢᠯ ᠡᠷᠬᠡ ᠲᠡᠭᠰᠢ | ᠪᠠᠶᠢᠬᠤ ᠶᠢ ᠦᠨᠡᠨᠬᠦ ᠪᠠᠳᠣᠯᠠᠵᠣ᠂ ᠵᠠᠰᠠᠭ ᠤᠨ ᠣᠷᠳᠣᠨ ᠤ ᠬᠢᠨᠠᠯᠳᠠ ᠬᠠᠮᠢᠶᠠᠷᠣᠯᠳᠠ ᠶᠢᠨ ᠪᠠᠷᠢᠮᠵᠢᠶ᠎ᠠ ᠶᠢ ᠢᠯᠡ | ᠪᠤᠯᠭᠠᠬᠤ᠂ ᠲᠡᠰ ᠲᠠᠷᠠᠭᠠᠯᠠᠯ ᠢ ᠢᠯᠡ ᠪᠤᠯᠭᠠᠬᠤ᠂ ᠦᠷ᠎ᠡ ᠳ᠋ᠦᠩ ᠢ ᠢᠯᠡ ᠪᠤᠯᠭᠠᠵᠤ᠂ ᠵᠠᠬ᠎ᠠ ᠲᠡᠯᠭᠡᠭᠦᠷ ᠤᠨ ᠭᠤᠤᠯ | ᠴᠣᠭᠴᠠ ᠪᠠ ᠨᠡᠶᠢᠭᠡᠮ ᠤᠨ ᠣᠯᠠᠨ ᠨᠡᠶᠢᠳᠡ ᠶᠢᠨ ᠪᠠᠶᠢᠳᠠᠯ ᠣᠶᠢᠯᠭᠠᠬᠤ ᠡᠷᠬᠡ᠂ ᠣᠷᠣᠯᠴᠠᠬᠤ ᠡᠷᠬᠡ᠂ ᠬᠢᠨᠠᠯᠳᠠ | ᠲᠠᠯᠪᠢᠬᠤ ᠡᠷᠬᠡ ᠶᠢ ᠪᠠᠳᠣᠯᠠᠨ᠎ᠠ᠃ | ᠡᠷᠬᠡ ᠬᠠᠷᠢᠭᠤᠴᠠᠯᠭ᠎ᠠ ᠶᠢ ᠨᠢᠭᠡᠳᠦᠯᠲᠠᠢ ᠪᠠᠶᠢᠯᠭᠠᠨ᠎ᠠ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ | ᠵᠢᠴᠢ ᠲᠡᠭᠦᠨ ᠤ ᠰᠠᠯᠠᠭ᠎ᠠ ᠮᠦᠴᠢᠷ ᠤᠳ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠡᠭᠦᠷᠬᠡ ᠬᠠᠷᠢᠭᠤᠴᠠᠯᠭ᠎ᠠ ᠶᠢ | ᠰᠢᠨᠵᠢᠯᠡᠬᠦ ᠣᠬᠠᠭᠠᠨᠴᠢ ᠪᠠᠷ ᠬᠤᠪᠢᠶᠠᠷᠢᠯᠠᠵᠤ᠂ ᠬᠠᠣᠯᠢ ᠳᠤ ᠲᠤᠭᠳᠠᠭᠠᠭᠰᠠᠨ ᠪᠠᠶᠢᠪᠠᠯ ᠵᠠᠰᠠᠭ ᠤᠨ ᠣᠷᠳᠣᠨ ᠤ | ᠰᠠᠯᠠᠭ᠎ᠠ ᠮᠦᠴᠢᠷ ᠡᠷᠬᠡᠪᠰᠢ ᠬᠢᠬᠦ ᠬᠡᠷᠡᠭᠲᠠᠢ᠃ ᠬᠢᠨᠠᠯᠳᠠ ᠬᠠᠮᠢᠶᠠᠷᠣᠯᠳᠠ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠬᠤ ᠬᠠᠷᠢᠭᠤᠴᠠᠯᠭ᠎ᠠ᠂ | ᠰᠠᠯᠠᠭ᠎ᠠ ᠮᠦᠴᠢᠷ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠠ ᠬᠠᠷᠢᠶᠠᠯᠠᠭᠳᠠᠬᠤ | ᠭᠠᠵᠠᠷ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ᠃ | ᠨᠡᠶᠢᠭᠡᠮ ᠨᠡᠶᠢᠳᠡ ᠬᠠᠮᠳᠤᠪᠡᠷ ᠵᠠᠰᠠᠨ᠎ᠠ᠃ ᠬᠠᠣᠯᠢ ᠴᠠᠭᠠᠵᠠ ᠬᠠᠤᠯᠢ ᠲᠣᠭᠳᠠᠭᠠᠯ ᠤᠨ ᠵᠢᠷᠦᠮᠵᠢᠯ ᠤᠨ | ᠦᠢᠯᠡᠳᠦᠯ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠳᠠ ᠶᠢᠨ ᠪᠠᠶ᠎ᠡ ᠪᠠᠨ ᠱᠠᠭᠠᠷᠳᠠᠬᠤ ᠦᠢᠯᠡᠳᠦᠯ᠂ ᠶᠠᠷᠢᠶ᠎ᠠ | ᠬᠡᠯᠡᠯᠴᠡᠭᠡ ᠪᠠ ᠨᠡᠶᠢᠭᠡᠮ ᠤᠨ ᠣᠯᠠᠨ ᠨᠡᠶᠢᠳᠡ ᠶᠢᠨ ᠬᠢᠨᠠᠯᠳᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠨᠡᠶᠢᠭᠡᠮ ᠨᠡᠶᠢᠳᠡ ᠬᠠᠮᠳᠣᠪᠡᠷ ᠵᠠᠰᠠᠬᠤ ᠶᠢ ᠪᠡᠶᠡᠯᠡᠭᠦᠯᠦᠨ᠂ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠦᠪᠡᠷ ᠢ ᠪᠠᠨ | ᠬᠦᠯᠢᠶᠡᠰᠦᠯᠡᠬᠦ᠂ ᠦᠨᠡᠨᠴᠢ ᠢᠳᠡᠭᠡᠮᠵᠢᠲᠠᠢ ᠡᠵᠡᠩᠨᠡᠯᠳᠡ ᠬᠢᠬᠦ ᠶᠢ ᠠᠬᠢᠭᠤᠯᠤᠨ᠎ᠠ᠃ | ︵ᠭᠤᠷᠪᠠ︶ ᠶᠡᠷᠦᠩᠬᠡᠢ ᠬᠠᠷᠠᠯᠳᠠ | ᠠᠵᠣ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ᠂ ᠡᠷᠬᠡ ᠲᠡᠭᠰᠢ ᠪᠠᠷ ᠦᠷᠢᠰᠦᠯᠳᠦᠬᠦ ᠶᠢ | ᠠᠬᠢᠭᠤᠯᠬᠤ ᠳᠤ ᠰᠠᠭᠤᠷᠢᠯᠠᠨ ᠬᠡᠷᠡᠭᠯᠡᠭᠴᠢᠳ ᠴᠢᠯᠦᠭᠡᠲᠠᠢ ᠰᠣᠩᠭᠤᠵᠣ᠂ ᠪᠡᠶ᠎ᠡ ᠪᠠᠨ ᠲᠠᠭᠠᠭᠠᠨ ᠬᠡᠷᠡᠭᠯᠡᠭᠡ ᠳᠤ | ᠤᠷᠤᠯᠴᠠᠨ᠂ ᠲᠠᠸᠠᠷ ᠪᠠ ᠬᠦᠴᠦᠨ ᠵᠦᠢᠯ ᠢ ᠴᠢᠯᠦᠭᠡᠲᠠᠢ ᠭᠦᠢᠯᠭᠡᠭᠡᠵᠣ᠂ ᠡᠷᠬᠡ ᠲᠡᠭᠰᠢ ᠰᠣᠯᠢᠯᠴᠠᠵᠤ᠂ ᠨᠢᠭᠡᠳᠦᠯᠲᠠᠢ | ᠪᠦᠬᠡᠳ ᠴᠢᠯᠦᠭᠡᠲᠠᠢ ᠪᠠᠶᠢᠬᠤ᠂ ᠦᠷᠢᠰᠦᠯᠳᠦᠭᠡᠨ ᠲᠠᠢ ᠪᠦᠬᠡᠳ ᠡᠮᠬᠢ ᠵᠢᠷᠦᠮ ᠲᠠᠢ᠂ ᠦᠨᠡᠨᠴᠢ ᠢᠳᠡᠭᠡᠮᠵᠢᠲᠠᠢ | ᠪᠦᠬᠡᠳ ᠬᠠᠥᠯᠢ ᠶᠢ ᠰᠠᠬᠢᠬᠤ᠂ ᠬᠢᠨᠠᠯᠳᠠ ᠬᠠᠮᠢᠶᠠᠷᠣᠯᠳᠡ ᠪᠠᠷ ᠬᠦᠴᠦᠡ ᠲᠠᠢ ᠣᠳᠣ ᠦᠶ᠎ᠡ ᠶᠢᠨ ᠵᠠᠬ᠎ᠠ ᠲᠡᠯᠭᠡᠭᠦᠷ ᠤᠨ | ᠰᠢᠰᠲ᠋ᠧᠮᠵᠢ ᠶᠢ ᠪᠠᠶᠢᠭᠤᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠬᠡ ᠲᠡᠭᠰᠢ ᠲᠦᠪ ᠭᠤᠣᠯᠴᠢ᠂ ᠢᠯᠡ | ᠲᠣᠳᠦ ᠦᠨᠳᠦᠷ ᠦᠷ᠎ᠡ ᠪᠦᠳᠦᠮᠵᠢᠲᠠᠢ᠂ ᠬᠠᠤᠯᠢ ᠪᠠᠷ ᠵᠠᠰᠠᠬᠤ ᠪᠠᠳᠣᠯᠠᠭ᠎ᠠ ᠲᠠᠢ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠰᠢᠨ᠎ᠡ ᠪᠠᠶᠢᠷᠢᠰᠢᠯ ᠢ ᠲᠦᠷᠭᠡᠳᠭᠡᠨ ᠪᠣᠢ ᠪᠣᠯᠭᠠᠵᠣ᠂ 2020 ᠣᠨ ᠪᠣᠯᠬᠤ ᠳᠤ ᠪᠠᠶᠢᠭᠤᠯᠣᠯ ᠨᠢ | ᠨᠡᠯᠢᠶᠡᠳ ᠪᠣᠯᠪᠠᠰᠣᠷᠠᠭᠰᠠᠨ᠂ ᠲᠦᠷᠢᠮ ᠨᠢ ᠨᠡᠩ ᠰᠠᠶᠢᠨ ᠲᠡᠭᠦᠯᠳᠡᠷᠵᠢᠭᠰᠡᠨ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠬᠤᠶᠠᠷ᠂ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠨ᠎ᠠ | ᠵᠠᠬ᠎ᠠ ᠲᠡᠯᠭᠡᠭᠦᠷ ᠤᠨ ᠭᠤᠣᠯ ᠴᠣᠭᠴᠠ ᠪᠦᠬᠦᠨ ᠨᠢ ᠰᠠᠶᠢᠨ ᠲᠣᠷ᠎ᠠ ᠠᠴᠠ ᠪᠠᠨ ᠪᠡᠯᠡ ᠣᠷᠣᠭᠤᠯᠣᠨ ᠡᠵᠡᠩᠨᠡᠬᠦ | ᠪᠠ ᠢᠷᠭᠡᠨ ᠤ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠠᠵᠢᠯᠯᠠᠭ᠎ᠠ ᠳᠤ ᠰᠠᠭᠤᠷᠢᠯᠠᠨ᠂ ᠬᠠᠣᠯᠢ ᠴᠠᠭᠠᠵᠠ | ᠬᠠᠣᠯᠢ ᠲᠣᠭᠳᠠᠭᠠᠯ ᠳᠤ ᠦᠯᠦ ᠴᠠᠭᠠᠵᠠᠯᠠᠭᠰᠠᠨ ᠪᠣᠶᠣ ᠣᠷᠣᠬᠤ ᠶᠢ ᠦᠯᠦ ᠬᠢᠵᠠᠭᠠᠷᠯᠠᠭᠰᠠᠨ ᠬᠦᠷᠢᠶ᠎ᠡ ᠴᠠᠷᠠᠭ᠎ᠠ ᠳᠤ | ᠬᠠᠷᠢᠶᠠᠯᠠᠬᠳᠠᠬᠤ ᠦᠬᠡᠢ᠂ ᠭᠤᠷᠪᠠᠳᠣᠭᠠᠷ ᠡᠳᠡᠭᠡᠳ ᠤᠨ ᠠᠰᠢᠭ ᠲᠤᠰᠠ᠂ ᠨᠡᠶᠢᠭᠡᠮ ᠤᠨ ᠣᠯᠠᠨ ᠨᠡᠶᠢᠳᠡ ᠶᠢᠨ | ᠠᠰᠢᠭ ᠲᠣᠰᠠ ᠪᠠ ᠣᠯᠣᠰ ᠤᠨ ᠠᠮᠦᠷ ᠲᠦᠪᠰᠢᠨ ᠢ ᠦᠯᠦ ᠬᠤᠬᠢᠷᠠᠭᠤᠯᠣᠭᠰᠠᠨ ᠪᠠᠶᠢᠪᠠᠯ ᠵᠠᠰᠠᠭ ᠤᠨ ᠣᠷᠳᠣᠨ | ᠣᠷᠣᠬᠤ ᠶᠢ ᠬᠢᠵᠠᠭᠠᠷᠯᠠᠵᠤ ᠪᠤᠯᠬᠤ ᠦᠭᠡᠢ᠃ | ︵ᠨᠢᠭᠡ︶ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠲᠦᠷᠢᠮ ᠢ ᠦᠭᠡᠷᠡᠴᠢᠯᠡᠨ᠎ᠡ᠃ | 1. ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠬᠤᠷᠢᠭ᠎ᠠ ᠴᠡᠭᠡᠷ ᠤᠨ ᠨᠠᠷᠢᠨ ᠬᠠᠭᠤᠳᠠᠰᠣ ᠶᠢᠨ | ᠲᠦᠷᠢᠮ ᠢ ᠨᠠᠶᠢᠳᠠᠪᠦᠷᠢᠵᠢᠭᠤᠯᠤᠨ᠎ᠠ᠃ ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠭᠤᠯᠬᠤ ᠶᠢᠨ ᠠᠯᠳᠠᠬᠳᠠᠯ ᠲᠠᠢ | ᠵᠦᠢᠯᠡᠰ ᠤᠨ ᠨᠠᠷᠢᠨ ᠬᠠᠭᠤᠳᠠᠰᠦ ᠠᠴᠠ ᠪᠣᠰᠣᠳ ᠠᠵᠢᠯ ᠲᠦᠷᠦᠯ᠂ ᠬᠦᠷᠢᠶ᠎ᠡ ᠴᠠᠷᠠᠭ᠎ᠠ᠂ ᠲᠣᠬᠠᠶᠢᠯᠠᠭᠰᠠᠨ ᠠᠵᠢᠯ | ᠵᠡᠷᠭᠡ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠣᠯ ᠴᠣᠭᠴᠠ ᠪᠦᠷ ᠬᠠᠣᠯᠢ ᠶᠣᠰᠣᠭᠠᠷ ᠡᠷᠬᠡ ᠲᠡᠭᠰᠢ ᠪᠠᠷ ᠵᠠᠬ᠎ᠠ | ᠲᠡᠯᠭᠡᠭᠦᠷ ᠲᠤ ᠣᠷᠣᠵᠣ ᠪᠣᠯᠣᠨ᠎ᠠ᠃ ︽ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠬᠤᠷᠢᠭ᠎ᠠ | ᠴᠡᠭᠡᠷ ᠤᠨ ᠨᠠᠷᠢᠨ ᠬᠠᠭᠤᠳᠠᠰᠣ ᠶᠢᠨ ᠲᠦᠷᠢᠮ ᠢ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ︾ ︵ᠲᠦᠷᠦ ᠲᠠᠷᠬᠠᠭᠠᠭᠰᠠᠨ ﹇2015﹈ 55 ᠳ᠋ᠣᠭᠠᠷ ᠲᠣᠭᠠᠲᠦ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠣᠯᠣᠰ ᠤᠨ ᠨᠢᠭᠡᠳᠦᠯᠲᠠᠢ ᠪᠠᠶᠢᠷᠢᠯᠠᠭᠤᠯᠣᠯᠳᠠ ᠶᠢᠨ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ | ᠣᠶᠠᠯᠳᠣᠭᠤᠯᠣᠨ᠂ ᠮᠠᠨ ᠤ ᠣᠷᠣᠨ ᠤ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠠᠯᠳᠠᠬᠳᠠᠯ ᠲᠠᠢ | ᠵᠦᠢᠯᠡᠰ ᠤᠨ ᠨᠠᠷᠢᠨ ᠬᠠᠭᠤᠳᠠᠰᠣ ᠶᠢᠨ ᠲᠦᠷᠢᠮ ᠢ ᠬᠡᠷᠡᠭᠵᠢᠭᠦᠯᠬᠦ ᠰᠠᠨᠠᠯ ᠢ ᠲᠤᠷᠠᠳᠤᠨ᠎ᠠ᠃ ᠵᠠᠬ᠎ᠠ ᠲᠡᠯᠭᠡᠭᠦᠷ ᠤᠨ | ᠭᠤᠣᠯ ᠴᠣᠭᠴᠠ ᠶᠢᠨ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ︽ᠬᠤᠶᠠᠷ ᠢ ᠮᠡᠳᠡᠭᠳᠡᠬᠦ︾ ︵ | ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠭᠤᠣᠯ ᠴᠣᠭᠴᠠ ᠳᠤ ᠦᠨᠡᠮᠯᠡᠯ ᠣᠯᠭᠤᠭᠰᠠᠨ ᠤ ᠲᠠᠷᠠᠭ᠎ᠠ ᠮᠡᠳᠡᠭᠳᠡᠬᠦ᠂ | ᠰᠡᠭᠦᠯᠴᠢ ᠶᠢᠨ ᠵᠠᠯᠭᠠᠵᠦ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠦᠨᠡᠮᠯᠡᠯ ᠣᠯᠭᠤᠭᠰᠠᠨ ᠤ ᠲᠠᠷᠠᠭ᠎ᠠ ᠮᠡᠳᠡᠭᠳᠡᠬᠦ︶ | ᠲᠦᠷᠢᠮ ᠢ ᠬᠡᠷᠡᠭᠵᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ | ᠬᠤᠳᠠᠯᠳᠣᠭᠠᠨ ᠤ ᠶᠠᠪᠣᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ ᠨᠤᠭᠤᠳ ᠡᠬᠦᠷᠬᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠪᠦᠬᠦ ᠶᠠᠪᠤᠴᠠ ᠳᠤ ᠡᠯᠧᠺᠲᠷᠣᠨᠴᠢᠯᠡᠭᠰᠡᠨ ᠲᠡᠮᠳᠡᠭᠯᠡᠨ ᠲᠠᠩᠰᠠᠯᠠᠵᠦ ᠬᠠᠮᠢᠶᠠᠷᠬᠤ ᠶᠢ ᠬᠡᠷᠡᠭᠵᠢᠭᠦᠯᠦᠨ᠎ᠡ᠃ | ᠠᠵᠤ ᠦᠢᠯᠡᠳᠪᠦᠷᠢ ᠬᠤᠳᠠᠯᠳᠣᠭᠠᠨ ᠤ ᠲᠠᠩᠰᠠᠯᠠᠯ ᠤᠨ ᠲᠦᠭᠦᠮᠴᠢᠭᠦᠯᠦᠭᠰᠡᠨ ᠠᠷᠭ᠎ᠠ ᠬᠡᠮᠵᠢᠶ᠎ᠡ ᠶᠢ ᠦᠷᠭᠦᠯᠵᠢᠯᠡᠨ | ᠰᠠᠶᠢᠳᠣᠷ ᠬᠢᠬᠦ ᠶᠢᠨ ᠲᠠᠭᠠᠣ ᠲᠠᠰᠣᠷᠠᠯᠳᠠ ᠦᠭᠡᠢ ᠲᠡᠭᠦᠯᠳᠡᠷᠵᠢᠭᠦᠯᠵᠤ᠂ ᠪᠦᠬᠦ ᠶᠠᠪᠤᠴᠠ ᠳᠤ ᠡᠯᠧᠺᠲᠷᠣᠨᠴᠢᠯᠡᠭᠰᠡᠨ | ᠲᠡᠮᠳᠡᠭᠯᠡᠨ ᠲᠠᠩᠰᠠᠯᠠᠵᠤ ᠬᠠᠮᠢᠶᠠᠷᠬᠤ ᠪᠠ ᠡᠯᠧᠺᠲᠷᠣᠨ ᠡᠵᠡᠩᠨᠡᠯᠳᠡ ᠶᠢᠨ ᠦᠨᠡᠮᠯᠡᠯ ᠢ ᠬᠡᠷᠡᠭᠵᠢᠭᠦᠯᠦᠨ᠂ ᠠᠵᠤ | ᠠᠬᠤᠶᠢᠯᠠᠯ ᠤᠨ ᠨᠡᠷᠡᠶᠢᠳᠦᠯ᠂ ᠡᠵᠡᠩᠨᠡᠬᠦ ᠬᠦᠷᠢᠶ᠎ᠡ ᠬᠡᠪᠴᠢᠶ᠎ᠡ᠂ ᠰᠠᠭᠤᠭ᠎ᠠ ᠭᠠᠵᠠᠷ ︵ᠡᠵᠡᠩᠨᠡᠬᠦ ᠲᠠᠯᠠᠪᠠᠢ ᠭᠠᠵᠠᠷ︶ | ᠤᠨ ᠲᠡᠮᠳᠡᠭᠯᠡᠨ ᠲᠠᠩᠰᠠᠯᠠᠬᠤ ᠨᠦᠭᠦᠴᠡᠯ ᠪᠠ ᠲᠡᠰ ᠲᠠᠷᠠᠭᠠᠯᠠᠯ ᠢ ᠴᠢᠯᠦᠭᠡᠲᠠᠢ ᠪᠤᠯᠭᠠᠵᠤ᠂ ᠲᠦᠮᠡᠨ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠨᠡᠩ ᠰᠠᠶᠢᠨ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠪᠣᠢ ᠪᠣᠯᠭᠠᠨ᠎ᠠ ︵ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ | ᠬᠤᠳᠠᠯᠳᠣᠭᠠᠨ ᠤ ᠲᠣᠪᠴᠢᠶ᠎ᠡ ᠠᠴᠠ ᠲᠦᠷᠦᠭᠦᠯᠡᠨ ᠬᠠᠷᠢᠭᠤᠴᠠᠨ᠎ᠠ︶᠃ | 3. ᠢᠳᠡᠭᠡᠨ ᠤ ᠵᠦᠢᠯ ᠤᠨ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠤᠨ ᠰᠢᠨ᠎ᠡ ᠬᠡᠪᠯᠡᠯ ᠢ ᠡᠬᠢᠯᠡᠨ | ᠬᠡᠷᠡᠭᠯᠡᠨ᠎ᠡ᠃ ᠢᠳᠡᠭᠡᠨ ᠤ ᠵᠦᠢᠯᠡᠰ ᠤᠨ ᠭᠦᠢᠯᠭᠡᠭᠡᠨ ᠤ ᠵᠦᠪᠰᠢᠶᠡᠷᠡᠯ ᠪᠠ ᠬᠤᠭᠤᠯᠠ ᠣᠮᠳᠠᠭᠠᠨ ᠤ ᠦᠢᠯᠡᠴᠢᠯᠡᠭᠡᠨ ᠤ | ᠵᠦᠪᠰᠢᠶᠡᠷᠡᠯ ᠤᠨ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ︾ ᠶᠢ ᠪᠡᠶᠡᠯᠡᠭᠦᠯᠦᠨ᠎ᠡ᠃ | ᠮᠠᠨ ᠤ ᠣᠷᠣᠨ ᠤ ᠢᠳᠡᠭᠡᠨ ᠤ ᠵᠦᠢᠯᠡᠰ ᠤᠨ ᠦᠢᠯᠡᠳᠪᠦᠷᠢᠯᠡᠵᠣ ᠡᠵᠡᠩᠨᠡᠬᠦ ᠵᠦᠪᠰᠢᠶᠡᠷᠡᠯ ᠢ ᠬᠢᠨᠠᠨ ᠪᠠᠶᠢᠴᠠᠭᠠᠵᠦ | ᠪᠤᠯᠬᠤ ᠶᠢᠨ ᠬᠡᠷᠡᠭᠵᠢᠭᠦᠯᠬᠦ ᠨᠠᠷᠢᠨ ᠲᠦᠷᠢᠮ ᠢ ᠲᠣᠭᠳᠠᠭᠠᠨ᠎ᠠ ︵ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯᠡᠰ ᠤᠨ ᠬᠢᠨᠠᠨ ᠬᠠᠮᠢᠶᠠᠷᠣᠯᠳᠠ ᠶᠢᠨ ᠲᠤᠪᠴᠢᠶ᠎ᠠ ᠲᠦᠷᠦᠭᠦᠯᠡᠨ ᠠᠴᠠ ᠬᠠᠷᠢᠭᠤᠴᠠᠨ᠎ᠠ︶᠃ | 4. ᠡᠨᠧᠷᠭᠢ ᠠᠷᠪᠢᠯᠠᠬᠤ᠂ ᠭᠠᠵᠠᠷ ᠠᠷᠪᠢᠯᠠᠬᠤ᠂ ᠣᠰᠣ ᠠᠷᠪᠢᠯᠠᠬᠤ᠂ ᠣᠷᠴᠢᠨ ᠲᠣᠭᠤᠷᠢᠨ᠂ ᠮᠡᠷᠭᠡᠵᠢᠯ᠂ | ᠠᠮᠣᠷ ᠲᠦᠪᠰᠢᠨ ᠵᠡᠷᠭᠡ ᠵᠠᠬ᠎ᠠ ᠲᠡᠯᠭᠡᠭᠦᠷ ᠲᠤ ᠣᠷᠣᠬᠤ ᠶᠢ ᠵᠦᠪᠰᠢᠶᠡᠷᠡᠬᠦ ᠪᠠᠷᠢᠮᠵᠢᠶ᠎ᠠ ᠶᠢ ᠲᠡᠭᠦᠯᠳᠡᠷᠵᠢᠭᠦᠯᠬᠦ ᠶᠢᠨ | ᠲᠠᠭᠠᠣ ᠴᠠᠭ ᠲᠣᠬᠠᠢ ᠳᠤᠨᠢ ᠨᠠᠶᠢᠭᠡᠮ ᠨᠡᠶᠢᠳᠡ ᠳᠤ ᠨᠡᠶᠢᠳᠡᠯᠡᠵᠤ᠂ ᠬᠢᠨᠠᠯᠳᠠ ᠲᠠᠯᠪᠢᠨ ᠪᠠᠶᠢᠴᠠᠭᠠᠬᠤ ᠶᠢ ᠴᠢᠩᠭᠠᠳᠬᠠᠨ᠂ | ᠡᠷᠬᠡ ᠲᠡᠭᠰᠢ ᠡᠮᠬᠢ ᠲᠢᠭᠯᠢᠮ ᠢ ᠬᠠᠮᠠᠭᠠᠯᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠨ ᠬᠠᠷᠢᠭᠤᠴᠠᠨ᠎ᠠ︶᠃ | 5. ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠵᠤ ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠬᠤ | ᠬᠢᠵᠠᠭᠠᠷᠯᠠᠯ ᠢ ᠴᠢᠯᠦᠭᠡᠲᠠᠢ ᠪᠤᠯᠭᠠᠨ᠎ᠠ᠃ ᠭᠠᠳᠠᠭᠠᠳᠦ ᠶᠢᠨ ᠬᠤᠳᠠᠯᠳᠣᠭᠠᠴᠢᠨ ᠤ ᠪᠡᠯᠡ ᠣᠷᠣᠭᠤᠯᠬᠤ ᠳᠤ | ᠵᠥᠪᠰᠢᠶᠡᠷᠡᠨ ᠣᠷᠤᠭᠤᠯᠬᠤ ᠶᠢᠨ ᠡᠮᠦᠨᠡᠬᠢ ᠢᠷᠭᠡᠳ ᠤᠨ ᠬᠠᠷᠠᠭᠠᠯᠵᠠᠯ ᠤᠨ ᠲᠡᠭᠡᠷ᠎ᠡ ᠠᠯᠳᠠᠬᠳᠠᠯ ᠲᠠᠢ ᠵᠦᠢᠯᠡᠰ ᠤᠨ | ᠨᠠᠷᠢᠨ ᠬᠠᠭᠤᠳᠠᠰᠦ ᠶᠢ ᠨᠡᠮᠡᠬᠦ ᠬᠠᠮᠢᠶᠠᠷᠣᠯᠳᠠ ᠶᠢᠨ ᠵᠠᠭᠪᠦᠷ ᠢ ᠬᠡᠷᠡᠭᠵᠢᠭᠦᠯᠵᠤ᠂ ᠣᠯᠣᠰ ᠤᠨ ᠲᠣᠭᠳᠠᠭᠠᠯ ᠳᠤ ᠵᠠᠪᠠᠯ | ᠬᠠᠷᠭᠤᠭᠤᠯᠤᠨ ᠵᠦᠪᠰᠢᠶᠡᠷᠡᠬᠦ ᠲᠦᠷᠦᠯ ᠵᠦᠢᠯ ᠢ ᠦᠯᠡᠳᠡᠭᠡᠬᠦ ᠠᠴᠠ ᠪᠣᠰᠣᠳ᠂ ᠭᠠᠳᠠᠭᠠᠳᠦ ᠶᠢᠨ | ᠬᠤᠳᠠᠯᠳᠣᠭᠠᠴᠢᠨ ᠤ ᠪᠡᠯᠡ ᠣᠷᠣᠭᠤᠯᠬᠤ ᠲᠦᠷᠦᠯ ᠵᠦᠢᠯ ᠳᠤ ᠬᠠᠷᠭᠤᠭᠤᠯᠤᠨ ᠵᠥᠪᠰᠢᠶᠡᠷᠡᠬᠦ ᠳᠦᠷᠢᠮ ᠢ | ᠬᠡᠷᠡᠭᠵᠢᠭᠦᠯᠵᠤ ᠪᠠᠶᠢᠭᠰᠠᠨ ᠢᠶᠠᠨ ᠲᠠᠩᠰᠠᠯᠠᠬᠤ ᠲᠦᠷᠢᠮ ᠪᠤᠯᠭᠠᠨ ᠦᠭᠡᠷᠡᠴᠢᠯᠡᠨ᠎ᠡ᠃ ︽ᠭᠠᠳᠠᠭᠠᠳᠦ ᠶᠢᠨ | ᠬᠤᠳᠠᠯᠳᠣᠭᠠᠴᠢᠨ ᠤ ᠪᠡᠯᠡ ᠣᠷᠣᠭᠤᠯᠣᠯᠳᠠ ᠶᠢ ᠲᠠᠩᠰᠠᠯᠠᠬᠤ ᠬᠠᠮᠢᠶᠠᠷᠣᠯᠳᠠ ᠶᠢᠨ ᠠᠷᠭ᠎ᠠ︾ ᠶᠢ ᠲᠣᠭᠳᠠᠭᠠᠨ᠎ᠠ ︵ | ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠣᠳᠠᠯ ᠤᠨ | ᠲᠢᠩᠬᠢᠮ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠬᠤᠶᠠᠷ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠶᠡᠭᠡᠪᠠᠷ ᠪᠠᠭᠠᠰᠬᠠᠬᠤ ᠪᠠ | ᠵᠢᠷᠣᠮᠵᠢᠭᠤᠯᠤᠨ᠎ᠠ᠃ | 1. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠣᠯᠠᠮ ᠨᠢᠭᠡ ᠠᠯᠬᠤᠮ ᠬᠦᠴᠦᠨ ᠦᠭᠡᠢ ᠪᠤᠯᠭᠠᠵᠤ᠂ | ᠲᠣᠷᠣᠭᠰᠢ ᠪᠠᠭᠤᠯᠭᠠᠬᠤ ᠪᠠ ᠵᠢᠷᠣᠮᠵᠢᠭᠤᠯᠤᠨ᠎ᠠ᠃ ᠵᠠᠬ᠎ᠠ ᠲᠡᠯᠭᠡᠭᠦᠷ ᠤᠨ ᠪᠦᠳᠦᠮᠵᠢᠲᠠᠢ ᠵᠤᠬᠢᠴᠠᠭᠤᠯᠵᠤ ᠲᠡᠶᠢᠯᠬᠦ | ᠠᠵᠣ ᠠᠬᠤᠢ ᠶᠢᠨ ᠠᠵᠢᠯᠯᠠᠭ᠎ᠠ ᠳᠤ ᠬᠢᠨᠠᠨ ᠵᠦᠪᠰᠢᠶᠡᠷᠡᠬᠦ ᠵᠦᠢᠯ ᠢ ᠪᠦᠬᠦᠨ ᠢ ᠬᠦᠴᠦᠨ ᠦᠭᠡᠢ ᠪᠤᠯᠭᠠᠨ᠎ᠠ᠂ | ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠲᠤ ᠬᠢᠨᠠᠨ ᠵᠦᠪᠰᠢᠶᠡᠷᠡᠬᠦ ᠵᠢᠷᠦᠮ ᠢ | ᠲᠦᠭᠦᠮᠴᠢᠯᠡᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡ ᠠᠵᠢᠯᠯᠠᠭ᠎ᠠ ᠶᠢ ᠵᠢᠷᠣᠮᠵᠢᠭᠤᠯᠵᠦ᠂ ᠡᠯ᠎ᠡ | ᠱᠠᠳᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠳᠡᠨ ᠤ ᠠᠵᠢᠯ ᠤᠨ ᠰᠠᠯᠠᠭ᠎ᠠ ᠮᠦᠴᠢᠷ ᠤᠨ ᠡᠷᠬᠡ ᠶᠢᠨ ᠨᠠᠷᠢᠨ | ᠬᠠᠭᠤᠳᠠᠰᠦ ᠶᠢᠨ ᠲᠦᠷᠢᠮ ᠢ ᠪᠦᠷᠢᠨᠰᠢᠬᠦᠯᠵᠦ᠂ ᠡᠷᠬᠡ ᠶᠢᠨ ᠠᠵᠢᠯᠯᠠᠭᠠᠨ ᠤ ᠴᠣᠪᠣᠷᠡᠯ ᠢ ᠬᠠᠣᠯᠢ ᠶᠣᠰᠣᠭᠠᠷ ᠢᠯᠡ | ᠪᠤᠯᠭᠠᠨ᠂ ᠨᠠᠷᠢᠨ ᠬᠠᠭᠤᠳᠠᠰᠦ ᠠᠴᠠ ᠪᠣᠰᠣᠳ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠨᠢᠬᠡᠴᠤ | ᠪᠠᠶᠢᠷᠢᠯᠠᠭᠤᠯᠵᠣ ᠪᠤᠯᠬᠤ ᠦᠭᠡᠢ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ ᠠᠴᠠ | ᠲᠦᠷᠦᠭᠦᠯᠡᠨ ᠬᠠᠷᠢᠭᠤᠴᠠᠨ᠎ᠠ︶᠃ | 2. ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠷᠢᠳᠤᠬᠢ ᠵᠦᠢᠯᠡᠰ ᠤᠨ ᠦᠭᠡᠷᠡᠴᠢᠯᠡᠯᠳᠡ ᠶᠢ ᠲᠦᠷᠭᠡᠳᠭᠡᠨ᠎ᠡ᠃ | ᠣᠳᠣ ᠶᠢᠨ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠷᠢᠳᠤᠬᠢ ᠭᠤᠭᠴᠤᠭ᠎ᠠ ᠶᠢᠨ ᠮᠡᠷᠭᠡᠵᠢᠯ ᠤᠨ ᠬᠢᠨᠠᠨ | ᠪᠠᠶᠢᠴᠠᠭᠠᠯᠳᠠ᠂ ᠦᠨᠡᠯᠡᠨ ᠵᠢᠱᠢᠬᠦ᠂ ᠰᠢᠯᠭᠠᠨ ᠭᠡᠷᠡᠴᠢᠯᠡᠬᠦ᠂ ᠠᠰᠠᠭᠤᠨ ᠯᠠᠪᠯᠠᠬᠤ ᠵᠡᠷᠭᠡ ᠦᠨ᠎ᠡ ᠲᠦᠯᠦᠪᠦᠷᠢ ᠲᠠᠢ | ᠵᠠᠭᠤᠴᠢ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠢᠯᠭᠠᠷᠠᠭᠤᠯᠵᠣ᠂ ᠬᠦᠴᠦᠨ ᠦᠭᠡᠢ ᠪᠤᠯᠭᠠᠵᠣ | ᠲᠡᠶᠢᠯᠬᠦ ᠶᠢ ᠨᠢ ᠲᠠᠷᠦ᠋ᠢᠬᠠᠨ ᠬᠦᠴᠦᠨ ᠦᠭᠡᠢ ᠪᠣᠯᠭᠠᠨ᠎ᠠ︔ ᠦᠨᠡᠬᠡᠷ ᠦᠯᠡᠳᠡᠭᠡᠬᠦ ᠴᠢᠬᠤᠯᠠᠳᠠᠢ ᠪᠠᠶᠢᠪᠠᠯ᠂ ᠴᠠᠭ | ᠬᠤᠭᠤᠴᠠᠭ᠎ᠠ ᠪᠠ ᠰᠦᠢᠳᠭᠡᠯ ᠬᠤᠷᠢᠶᠠᠬᠤ ᠶᠢ ᠵᠢᠷᠣᠮᠵᠢᠭᠤᠯᠬᠤ ᠶᠢᠨ ᠲᠠᠭᠠᠤ ᠨᠡᠶᠢᠭᠡᠮ ᠨᠡᠶᠢᠳᠡ ᠳᠤ ᠢᠯᠡ ᠨᠡᠶᠢᠳᠡᠯᠡᠬᠦ | ᠬᠡᠷᠡᠭᠲᠠᠢ᠃ ᠬᠡᠯᠪᠡᠷᠢ ᠶᠢ ᠨᠢ ᠦᠭᠡᠷᠡᠳᠦᠭᠦᠯᠦᠨ ᠬᠢᠨᠠᠨ ᠵᠦᠪᠰᠢᠶᠡᠷᠡᠬᠦ ᠶᠢ ᠴᠠᠭᠠᠵᠠᠯᠠᠭᠰᠠᠨ ᠣᠯᠣᠰ ᠤᠨ ᠬᠤᠯᠪᠣᠭᠳᠠᠯ | ᠪᠦᠬᠦᠢ ᠲᠣᠭᠳᠠᠭᠠᠯ ᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠲᠠᠢ ︵ᠦᠪᠡᠷᠳᠡᠭᠡᠨ ᠵᠠᠰᠠᠬᠤ ᠤᠷᠤᠨ ᠤ ᠬᠠᠣᠯᠢ | ᠲᠦᠷᠢᠮ ᠤᠨ ᠠᠯᠪᠠᠨ ᠭᠡᠷ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ | ᠪᠤᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠲᠣᠰ ᠲᠣᠰ ᠬᠠᠷᠢᠭᠤᠴᠠᠨ᠎ᠠ︶᠃ | 3. ᠵᠠᠬ᠎ᠠ ᠲᠡᠯᠭᠡᠭᠦᠷ ᠢᠶᠠᠷ ᠦᠨ᠎ᠡ ᠬᠠᠩᠰᠢ ᠶᠢ ᠰᠢᠢᠳᠪᠦᠷᠢᠯᠡᠨ ᠲᠤᠭᠳᠠᠭᠠᠯᠭᠠᠬᠤ ᠲᠣᠭᠳᠠᠴᠠ ᠶᠢ | ᠲᠡᠭᠦᠯᠳᠡᠷᠵᠢᠭᠦᠯᠦᠨ᠎ᠡ᠃ ᠵᠠᠬ᠎ᠠ ᠲᠡᠯᠭᠡᠭᠦᠷ ᠢᠶᠠᠷ ᠦᠨ᠎ᠡ ᠬᠠᠩᠰᠢ ᠪᠦᠷᠢᠯᠳᠦᠬᠦᠯᠵᠦ ᠲᠡᠶᠢᠯᠬᠦ ᠶᠢ ᠴᠦᠮ ᠵᠠᠬ᠎ᠠ | ᠲᠡᠯᠭᠡᠭᠦᠷ ᠲᠤ ᠲᠣᠰᠢᠶᠠᠵᠣ᠂ ᠵᠠᠰᠠᠭ ᠤᠨ ᠣᠷᠳᠣᠨ ᠵᠦᠢ ᠵᠣᠬᠢᠰ ᠦᠭᠡᠢ ᠪᠠᠷ ᠦᠯᠦ ᠭᠠᠷ ᠲᠦᠷᠦᠬᠦ ᠵᠠᠷᠴᠢᠮ | ᠶᠤᠰᠤᠭᠠᠷ᠂ ᠦᠷᠢᠰᠦᠯᠳᠦᠬᠦ ᠴᠢᠨᠠᠷᠲᠠᠢ ᠭᠤᠭᠴᠣᠭᠠᠨ ᠤ ᠦᠨ᠎ᠡ ᠬᠠᠩᠰᠢ ᠶᠢ ᠪᠦᠬᠦ ᠲᠠᠯ᠎ᠠ ᠪᠠᠷ ᠴᠢᠯᠦᠭᠡᠲᠠᠢ ᠪᠤᠯᠭᠠᠵᠤ | ᠵᠠᠰᠠᠭ ᠤᠨ ᠣᠷᠳᠣᠨ ᠠᠴᠠ ᠦᠨ᠎ᠡ ᠬᠠᠩᠰᠢ ᠶᠢ ᠲᠣᠭᠳᠠᠭᠠᠬᠤ ᠲᠦᠷᠦᠯ ᠬᠡᠯᠪᠡᠷᠢ ᠪᠠ ᠲᠦᠷᠦᠯ ᠵᠦᠢᠯ ᠢ ᠶᠡᠬᠡᠪᠡᠷ | ᠪᠠᠭᠠᠰᠬᠠᠨ᠎ᠠ᠃ ᠡᠨᠧᠷᠭᠢ ᠶᠢᠨ ᠦᠨ᠎ᠡ ᠬᠠᠩᠰᠢ ᠶᠢᠨ ᠵᠠᠬ᠎ᠠ ᠲᠡᠯᠭᠡᠭᠦᠷᠵᠢᠯᠳᠡ ᠶᠢ ᠲᠦᠷᠭᠡᠳᠭᠡᠨ ᠠᠬᠢᠭᠤᠯᠵᠤ᠂ ︽ | ᠲᠣᠮᠳᠠᠬᠢ ᠶᠢ ᠨᠢ ᠬᠠᠮᠢᠶᠠᠷᠴᠣ᠂ ᠬᠤᠶᠠᠷ ᠲᠠᠯ᠎ᠠ ᠶᠢ ᠨᠢ ᠴᠢᠯᠦᠭᠡᠲᠠᠢ ᠲᠠᠯᠪᠢᠬᠤ︾ ᠶᠡᠷᠦᠩᠬᠡᠢ ᠰᠡᠳᠭᠢᠮᠵᠢ ᠶᠢ | ᠲᠤᠤᠱᠯᠠᠭᠤᠯᠵᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠳᠠᠮᠠᠬᠠᠢ ᠬᠡᠢ ᠵᠡᠷᠭᠡ ᠡᠨᠧᠷᠭᠢ ᠶᠢᠨ ᠦᠨ᠎ᠡ ᠬᠠᠩᠰᠢ ᠶᠢᠨ | ᠦᠭᠡᠷᠡᠴᠢᠯᠡᠯᠳᠡ ᠶᠢ ᠠᠬᠢᠭᠤᠯᠣᠨ᠎ᠠ᠃ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ | ᠦᠨ᠎ᠡ ᠬᠠᠩᠰᠢ ᠲᠣᠭᠳᠠᠭᠠᠬᠤ ᠭᠠᠷᠴᠠᠭ︾ ᠢ ᠲᠣᠭᠳᠠᠭᠠᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠡᠵᠡᠩᠨᠡᠯᠳᠡ ᠶᠢᠨ ᠴᠢᠨᠠᠷᠳᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠣᠯᠳᠠ ᠶᠢᠨ ᠠᠷᠭ᠎ᠠ︾ ᠪᠠ | ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ | ᠰᠦᠢᠳᠭᠡᠯ ᠬᠤᠷᠢᠶᠠᠬᠤ ᠬᠠᠮᠢᠶᠠᠷᠣᠯᠳᠠ ᠶᠢᠨ ᠲᠣᠭᠳᠠᠭᠠᠯ︾ ᠢ ᠲᠠᠷᠦ᠋ᠢᠬᠠᠨ ᠲᠣᠭᠳᠠᠭᠠᠵᠦ᠂ ᠨᠡᠶᠢᠳᠡ ᠶᠢᠨ | ᠬᠡᠷᠡᠭᠯᠡᠭᠡᠨ ᠤ ᠠᠵᠢᠯ ᠦᠢᠯᠡᠰ ᠪᠠ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡᠨ ᠤ ᠦᠨ᠎ᠡ ᠬᠠᠩᠰᠢ ᠶᠢᠨ | ᠬᠠᠮᠢᠶᠠᠷᠣᠯᠳᠠ ᠳᠤ ᠰᠢᠨ᠎ᠡ ᠶᠢ ᠡᠭᠦᠳᠦᠨ᠎ᠡ ︵ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ ᠠᠴᠠ ᠲᠦᠷᠦᠭᠦᠯᠡᠨ ᠬᠠᠷᠢᠭᠤᠴᠠᠨ᠎ᠠ︶᠃ | 4. ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠵᠠᠭᠪᠣᠷ ᠲᠤ ᠦᠭᠡᠷᠡᠴᠢᠯᠡᠯᠳᠡ ᠬᠢᠨ᠎ᠡ᠃ | ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ | ᠪᠠᠶᠢᠭᠤᠯᠣᠯᠳᠡ ᠪᠠ ᠬᠠᠮᠢᠶᠠᠷᠣᠯᠳᠠ ᠪᠠᠨ ᠴᠢᠩᠭᠠᠳᠬᠠᠵᠤ᠂ ᠪᠦᠬᠦ ᠣᠷᠣᠨ ᠤ ᠦᠪᠡᠷᠳᠡᠭᠡᠨ ᠵᠠᠰᠠᠬᠤ ᠣᠷᠣᠨ᠂ ᠠᠶᠢᠮᠠᠭ | ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ ᠱᠠᠳᠣᠨ ᠤ ᠰᠦᠯᠵᠢᠶᠠᠨ ᠲᠡᠭᠡᠷ᠎ᠡ ᠨᠢᠭᠡᠳᠦᠯᠳᠡᠢ | ᠠᠵᠢᠯ ᠬᠡᠷᠡᠭ ᠬᠦᠢᠴᠡᠳᠬᠡᠬᠦ ᠲᠢᠩᠬᠢᠮ ᠢ ᠪᠠᠶᠢᠭᠤᠯᠵᠤ᠂ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ | ᠲᠠᠯ᠎ᠠ ᠪᠠᠷ ᠬᠡᠷᠡᠭᠵᠢᠬᠦᠯᠦᠨ᠎ᠡ᠃ ᠬᠢᠨᠠᠨ ᠵᠦᠪᠰᠢᠶᠡᠷᠡᠬᠦ ᠪᠠᠷ ᠬᠦᠯᠢᠶᠡᠨ ᠠᠪᠴᠦ ᠰᠢᠢᠳᠪᠦᠷᠢᠯᠡᠬᠦ ᠨᠣᠷᠮ᠎ᠠ ᠪᠠ ᠬᠢᠵᠣ | ᠲᠠᠭᠤᠰᠬᠠᠬᠤ ᠨᠣᠷᠮ᠎ᠠ ᠶᠢ ᠲᠡᠭᠡᠭᠰᠢᠯᠡᠭᠦᠯᠵᠤ᠂ ᠵᠠᠰᠠᠭ ᠤᠨ ᠣᠷᠳᠣᠨ ᠤ ᠰᠦᠯᠵᠢᠶᠡᠨ ᠲᠡᠭᠡᠷ᠎ᠡ ᠦᠢᠯᠡᠴᠢᠯᠡᠬᠦ ᠬᠢᠷᠢ | ᠬᠡᠮᠵᠢᠶ᠎ᠡ ᠶᠢ ᠲᠡᠭᠡᠭᠰᠢᠯᠡᠭᠦᠯᠦᠨ᠎ᠡ ︵ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠬᠠᠷᠢᠭᠤᠴᠠᠨ᠎ᠠ︶᠃ | ︵ᠭᠤᠷᠪᠠ︶ ᠣᠷᠣᠨ ᠨᠤᠳᠤᠭ ᠤᠨ ᠪᠢᠳᠡᠭᠦᠮᠵᠢᠯᠡᠯᠳᠡ ᠪᠠ ᠠᠵᠢᠯ ᠲᠦᠷᠦᠯ ᠤᠨ ᠭᠠᠭᠴᠠᠭᠠᠷ ᠡᠵᠡᠮᠰᠢᠬᠦ ᠶᠢ | ᠦᠬᠡᠶᠢᠰᠬᠡᠨᠠ᠃ | 1. ᠵᠠᠬ᠎ᠠ ᠲᠡᠯᠭᠡᠭᠦᠷ ᠢ ᠨᠢᠭᠡᠳᠦᠯᠲᠠᠢ ᠪᠠᠶᠢᠭᠤᠯᠬᠤ ᠶᠢ ᠬᠠᠷᠰᠢᠯᠠᠬᠤ ᠬᠤᠷᠢᠭ᠎ᠠ ᠴᠠᠷᠠᠭ᠎ᠠ ᠶᠢ ᠢᠯᠭᠠᠷᠠᠭᠤᠯᠣᠨ᠎ᠠ᠃ | ︽ᠬᠡᠨ ᠲᠣᠭᠳᠠᠭᠠᠪᠠᠯ᠂ ᠬᠡᠨ ᠢᠯᠭᠠᠷᠠᠭᠤᠯᠬᠤ︾ ᠵᠠᠷᠴᠢᠮ ᠤᠨ ᠶᠣᠰᠣᠭᠠᠷ᠂ ᠡᠯ᠎ᠡ ᠱᠠᠳᠣᠨ ᠤ ᠠᠷᠠᠳ ᠤᠨ | ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠨ ᠨᠡᠶᠢᠳᠡᠯᠡᠭᠰᠡᠨ ᠵᠠᠬ᠎ᠠ ᠲᠡᠯᠭᠡᠭᠦᠷ ᠲᠤ ᠵᠥᠪᠰᠢᠶᠡᠷᠡᠨ ᠣᠷᠤᠭᠤᠯᠬᠤ᠂ | ᠡᠵᠡᠩᠨᠡᠯᠳᠡ ᠶᠢᠨ ᠠᠵᠢᠯᠯᠠᠭᠠᠨ ᠢ ᠵᠢᠷᠣᠮᠵᠢᠭᠤᠯᠬᠤ ᠳᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠢ | ᠪᠦᠬᠦ ᠲᠠᠯ᠎ᠠ ᠪᠠᠷ ᠢᠯᠭᠠᠷᠠᠭᠤᠯᠵᠣ᠂ ᠵᠠᠬ᠎ᠠ ᠲᠡᠯᠭᠡᠭᠦᠷ ᠢ ᠨᠢᠭᠡᠳᠦᠯᠲᠠᠢ ᠪᠤᠯᠭᠠᠬᠤ ᠪᠠ ᠡᠷᠬᠡ ᠲᠡᠭᠰᠢ ᠪᠠᠷ | ᠦᠷᠢᠰᠦᠯᠳᠦᠬᠦ ᠶᠢ ᠬᠠᠷᠰᠢᠯᠠᠬᠤ ᠲᠦᠷᠢᠮ ᠲᠣᠭᠳᠠᠭᠠᠯ ᠪᠣᠯᠣᠨ ᠠᠷᠭ᠎ᠠ ᠪᠠᠷᠢᠯ ᠢ ᠬᠦᠴᠦᠨ ᠦᠭᠡᠢ ᠪᠣᠯᠭᠠᠵᠦ᠂ ᠬᠠᠣᠯᠢ | ᠴᠠᠭᠠᠵᠠ ᠬᠠᠣᠯᠢ ᠲᠣᠭᠳᠠᠭᠠᠯ ᠠᠴᠠ ᠵᠦᠷᠢᠴᠠᠨ ᠬᠠᠷᠠᠭᠠᠯᠵᠠᠳᠣ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠨ | ᠬᠤᠳᠠᠯᠳᠣᠭᠠᠴᠢᠨ ᠣᠷᠢᠬᠤ ᠠᠵᠢᠯᠯᠠᠭ᠎ᠠ ᠶᠢ ᠵᠠᠯᠠᠷᠠᠭᠤᠯᠣᠨ᠂ ᠬᠠᠣᠯᠢ ᠴᠠᠭᠠᠵᠠ ᠬᠠᠣᠯᠢ ᠲᠣᠭᠳᠠᠭᠠᠯ ᠠᠴᠠ ᠵᠦᠷᠢᠴᠡᠨ | ᠪᠣᠰᠣᠳ ᠭᠠᠵᠠᠷ ᠤᠨ ᠦᠢᠯᠡᠳᠬᠦᠨ ᠪᠣᠶᠣ ᠦᠢᠯᠡᠴᠢᠯᠡᠭᠡᠨ ᠳᠤ ᠭᠠᠳᠠᠭᠤᠷᠴᠢᠯᠠᠬᠤ ᠴᠢᠨᠠᠷᠳᠠᠢ ᠵᠥᠪᠰᠢᠶᠡᠷᠡᠨ | ᠣᠷᠤᠭᠤᠯᠬᠤ ᠨᠦᠭᠦᠴᠡᠯ ᠵᠢᠴᠢ ᠰᠦᠢᠳᠭᠡᠯ ᠬᠤᠷᠢᠶᠠᠬᠤ ᠲᠦᠷᠦᠯ ᠵᠦᠢᠯ᠂ ᠭᠠᠳᠠᠭᠤᠷᠴᠢᠯᠠᠬᠤ ᠴᠢᠨᠠᠷᠳᠠᠢ ᠦᠨ᠎ᠡ | ᠬᠠᠩᠰᠢ ᠲᠤᠬᠳᠠᠭᠠᠬᠤ ᠵᠢᠴᠢ ᠵᠢᠭᠠᠨ ᠲᠣᠭᠳᠠᠭᠰᠠᠨ ᠦᠢᠯᠡᠳᠬᠦᠨ᠂ ᠦᠢᠯᠡᠴᠢᠯᠡᠭᠡ ᠬᠤᠳᠠᠯᠳᠣᠨ ᠠᠪᠤᠭᠤᠯᠬᠤ ᠵᠡᠷᠭᠡ | ᠠᠵᠢᠯᠯᠠᠭ᠎ᠠ ᠶᠢ ᠵᠠᠯᠠᠷᠠᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ᠂ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠣᠭᠠᠨ ᠤ ᠶᠠᠪᠤᠳᠠᠯ ᠤᠨ | ᠲᠢᠩᠬᠢᠮ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠡᠷᠬᠡ ᠲᠡᠭᠰᠢ ᠴᠢᠯᠦᠭᠡᠲᠠᠢ ᠦᠷᠢᠰᠦᠯᠳᠦᠬᠦ ᠡᠮᠬᠢ ᠵᠢᠷᠦᠮ ᠲᠠᠢ ᠵᠠᠬ᠎ᠠ ᠲᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠣᠯᠳᠠ ᠶᠢ ᠠᠬᠢᠭᠤᠯᠣᠨ᠎ᠠ᠃ ᠦᠷᠢᠰᠦᠯᠳᠦᠬᠦ ᠲᠦᠷᠦ ᠶᠢᠨ ᠪᠣᠳᠣᠯᠭ᠎ᠠ ᠶᠢᠨ ᠰᠠᠭᠤᠷᠢ ᠴᠢᠨᠠᠷᠲᠦ ᠪᠠᠶᠢᠷᠢ | ᠰᠠᠭᠤᠷᠢ ᠶᠢ ᠢᠳᠡᠭ ᠢᠳᠡᠭ ᠢᠶᠠᠷ ᠲᠣᠭᠳᠠᠭᠠᠵᠣ᠂ ᠡᠷᠬᠡ ᠲᠡᠭᠰᠢ᠂ ᠴᠢᠯᠦᠭᠡᠲᠠᠢ᠂ ᠢᠯᠡ ᠲᠣᠳᠦ ᠵᠠᠬ᠎ᠠ ᠲᠡᠯᠭᠡᠭᠦᠷ ᠤᠨ | ᠦᠨ᠎ᠡ ᠬᠠᠩᠰᠢ ᠶᠢᠨ ᠬᠢᠨᠠᠯᠲᠠ ᠬᠠᠮᠢᠶᠠᠷᠣᠯᠳᠠ ᠶᠢᠨ ᠶᠤᠰᠤ ᠲᠦᠷᠢᠮ ᠢ ᠪᠠᠶᠢᠭᠤᠯᠤᠨ᠂ ᠦᠷᠢᠰᠦᠯᠳᠦᠬᠦ ᠲᠦᠷᠦ ᠶᠢᠨ | ᠪᠣᠳᠣᠯᠭ᠎ᠠ ᠪᠤᠯᠤᠨ ᠠᠵᠦ ᠦᠢᠯᠡᠰ᠂ ᠪᠡᠯᠡ ᠣᠷᠣᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠵᠣᠬᠢᠴᠠᠭᠤᠯᠬᠤ | ᠲᠣᠭᠳᠠᠴᠠ ᠶᠢ ᠲᠦᠷᠭᠡᠳᠭᠡᠨ ᠪᠠᠶᠢᠭᠤᠯᠵᠤ᠂ ᠡᠷᠬᠡ ᠲᠡᠭᠰᠢ ᠦᠷᠢᠰᠦᠯᠳᠣᠬᠦ ᠶᠢ ᠬᠢᠨᠠᠨ ᠪᠠᠶᠢᠴᠠᠭᠠᠬᠤ ᠲᠦᠷᠢᠮ ᠢ | ᠬᠡᠷᠡᠭᠵᠢᠬᠦᠯᠦᠨ᠎ᠡ᠃ ᠨᠡᠶᠢᠳᠡ ᠶᠢᠨ ᠬᠡᠷᠡᠭᠯᠡᠬᠡᠨ ᠤ ᠠᠵᠢᠯ ᠦᠢᠯᠡᠰ ᠪᠠ ᠴᠢᠬᠤᠯᠠ ᠣᠯᠠᠨ ᠨᠡᠶᠢᠳᠡ ᠶᠢᠨ ᠰᠠᠭᠤᠷᠢ | ᠪᠡᠯᠡᠳᠭᠡᠮᠵᠢ ᠶᠢᠨ ᠬᠦᠷᠢᠶᠡᠨ ᠳᠤ ᠣᠨᠴᠣᠭᠤᠢ ᠵᠦᠪᠰᠢᠶᠡᠷᠡᠭᠰᠡᠨ ᠡᠵᠡᠩᠨᠡᠯᠳᠡ ᠬᠢᠬᠦ ᠵᠡᠷᠭᠡ ᠠᠷᠭ᠎ᠠ ᠮᠠᠶ᠋ᠢᠭ ᠢ | ᠬᠡᠷᠡᠭᠵᠢᠭᠦᠯᠵᠤ᠂ ᠦᠷᠢᠰᠦᠯᠳᠦᠵᠦ ᠪᠣᠯᠬᠤ ᠲᠣᠬᠠᠶᠢᠯᠠᠭᠰᠠᠨ ᠠᠵᠢᠯ ᠳᠤ ᠦᠷᠢᠰᠦᠯᠳᠣᠬᠦ ᠲᠣᠭᠳᠠᠴᠠ ᠶᠢ ᠣᠷᠣᠭᠤᠯᠵᠣ᠂ | ᠠᠶᠠᠨᠳᠠᠭᠠᠨ ᠭᠠᠭᠴᠠᠭᠠᠷ ᠡᠵᠡᠮᠰᠢᠬᠦ ᠠᠵᠢᠯ ᠲᠦᠷᠦᠯ ᠤᠨ ᠦᠷᠢᠰᠦᠯᠳᠦᠬᠦ ᠴᠢᠨᠠᠷᠳᠡᠢ ᠠᠵᠢᠯ ᠢ ᠴᠢᠯᠦᠭᠡᠲᠠᠢ ᠪᠤᠯᠭᠠᠨ᠎ᠠ᠃ | ︽ᠰᠠᠭᠤᠷᠢ ᠪᠡᠯᠡᠳᠭᠡᠮᠵᠢ ᠪᠠ ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠣᠭᠤᠢ ᠵᠥᠪᠰᠢᠶᠡᠷᠡᠭᠰᠡᠨ | ᠡᠵᠡᠩᠨᠡᠯᠳᠡ ᠬᠠᠮᠢᠶᠠᠷᠣᠯᠳᠠ ᠶᠢᠨ ᠠᠷᠭ᠎ᠠ︾ ︵ᠪᠦᠭᠦᠳᠡ ᠨᠠᠶᠢᠷᠠᠮᠳᠠᠬᠤ ᠲᠤᠮᠳᠠᠲᠦ ᠠᠷᠠᠳ ᠣᠯᠣᠰ ᠤᠨ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ᠂ ᠣᠷᠣᠨ ᠰᠠᠭᠤᠴᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠦᠨ᠂ ᠣᠰᠣᠨ | ᠠᠰᠢᠭᠯᠠᠯᠳᠠ ᠶᠢᠨ ᠶᠠᠮᠦᠨ᠂ ᠲᠣᠮᠳᠠᠳᠦ ᠣᠯᠣᠰ ᠤᠨ ᠠᠷᠠᠳ ᠤᠨ ᠪᠠᠩᠭᠢ ᠶᠢᠨ 2015 ᠣᠨ ᠤ 25 ᠳ᠋ᠤᠭᠠᠷ | ᠲᠣᠭᠠᠲᠦ ᠵᠠᠷᠯᠢᠭ︶ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠣᠨᠴᠣᠭᠤᠢ ᠵᠦᠪᠰᠢᠶᠡᠷᠡᠭᠰᠡᠨ ᠡᠵᠡᠩᠨᠡᠯᠳᠡ ᠶᠢᠨ | ᠠᠵᠢᠯ ᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠡ ︵ᠦᠪᠡᠷᠳᠡᠭᠡᠨ ᠵᠠᠰᠠᠬᠤ ᠣᠷᠣᠨ ᠤ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ | ᠬᠤᠳᠠᠯᠳᠣᠭᠠᠨ ᠤ ᠲᠣᠪᠴᠢᠶ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ | ᠲᠣᠰ ᠬᠠᠷᠢᠭᠤᠴᠠᠨ᠎ᠠ︶᠃ | ︵ᠲᠦᠷᠪᠡ︶ ᠵᠠᠬ᠎ᠠ ᠲᠡᠯᠭᠡᠭᠦᠷ ᠠᠴᠠ ᠪᠣᠴᠠᠭᠠᠨ ᠭᠠᠷᠬᠤ ᠲᠣᠭᠳᠠᠴᠠ ᠶᠢ ᠲᠡᠭᠦᠯᠳᠡᠷᠵᠢᠬᠦᠯᠦᠨ᠎ᠡ᠃ | 1. ᠠᠯᠪᠠᠳᠠᠯᠭ᠎ᠠ ᠪᠠᠷ ᠪᠣᠴᠠᠭᠠᠨ ᠭᠠᠷᠭᠠᠬᠤ ᠲᠣᠭᠳᠠᠴᠠ ᠶᠢ ᠴᠢᠩᠭᠠᠳᠬᠠᠨ᠎ᠠ᠃ ᠬᠠᠣᠯᠢ ᠴᠠᠭᠠᠵᠠ ᠬᠠᠣᠯᠢ | ᠲᠣᠭᠳᠠᠭᠠᠯ ᠤᠨ ᠴᠠᠭᠠᠵᠠᠯᠠᠬᠤ ᠴᠢᠨᠠᠷᠳᠡᠢ ᠲᠣᠭᠳᠠᠭᠠᠯ ᠠᠴᠠ ᠵᠦᠷᠢᠴᠡᠭᠰᠡᠨ ᠵᠠᠬ᠎ᠠ ᠲᠡᠯᠭᠡᠭᠦᠷ ᠤᠨ ᠭᠤᠣᠯ ᠴᠣᠭᠴᠠ᠂ | ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠠᠶᠣᠯ ᠦᠬᠡᠢ ᠦᠢᠯᠡᠳᠪᠦᠷᠢᠯᠡᠯ᠂ ᠢᠳᠡᠭᠡᠨ ᠤ ᠵᠦᠢᠯᠡᠰ᠂ | ᠡᠮ ᠤᠨ ᠵᠦᠢᠯᠡᠰ᠂ ᠪᠠᠷᠢᠯᠭ᠎ᠠ ᠶᠢᠨ ᠶᠠᠰᠣ ᠴᠢᠨᠠᠷ ᠵᠡᠷᠭᠡ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠳᠤ ᠬᠦᠷᠴᠣ | ᠲᠡᠶᠢᠯᠦᠭᠰᠡᠨ ᠦᠭᠡᠢ ᠵᠠᠬ᠎ᠠ ᠲᠡᠯᠭᠡᠭᠦᠷ ᠤᠨ ᠭᠤᠣᠯ ᠴᠣᠭᠴᠠ ᠶᠢ ᠬᠠᠣᠯᠢ ᠶᠣᠰᠣᠭᠠᠷ ᠬᠦᠴᠦᠨ ᠦᠭᠡᠢ ᠪᠤᠯᠭᠠᠵᠣ᠂ | ᠬᠠᠮᠢᠶ᠎ᠠ ᠪᠦᠬᠦᠢ ᠭᠡᠷᠡᠴᠢ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ | ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠲᠣᠰ ᠲᠣᠰ ᠬᠠᠷᠢᠭᠤᠴᠠᠨ᠎ᠠ︶᠃ | 2. ᠠᠵᠣ ᠠᠬᠤᠶᠢᠯᠠᠯ ᠤᠨ ᠲᠠᠮᠫᠣᠷᠠᠭᠤᠯᠬᠤ ᠲᠦᠷᠢᠮ ᠢ ᠲᠡᠭᠦᠯᠳᠡᠷᠵᠢᠬᠦᠯᠦᠨ᠎ᠡ᠃ ᠲᠠᠮᠫᠣᠷᠡᠭᠤᠯᠣᠨ ᠲᠠᠬᠢᠨ | ᠪᠠᠶᠢᠭᠤᠯᠬᠤ᠂ ᠡᠶᠡᠳᠡᠭᠦᠯᠬᠦ᠂ ᠨᠠᠶᠢᠳᠠᠨ ᠬᠠᠮᠢᠶᠠᠷᠣᠭᠤᠯᠬᠤ᠂ ᠨᠠᠷᠢᠪᠴᠢᠯᠠᠨ ᠲᠤᠭᠠᠴᠠᠭᠠᠯᠠᠬᠤ ᠵᠡᠷᠭᠡ ᠲᠦᠷᠢᠮ ᠪᠠ | ᠵᠢᠷᠦᠮ ᠢ ᠰᠢᠯᠢᠳᠡᠭᠵᠢᠭᠦᠯᠵᠤ᠂ ᠦᠭᠴᠡᠭᠡᠳᠡᠨ ᠤ ᠲᠠᠮᠫᠣᠷᠠᠭᠤᠯᠬᠤ ᠨᠠᠷᠢᠪᠴᠢᠯᠠᠨ ᠲᠤᠭᠠᠴᠠᠭᠠᠯᠠᠬᠤ ᠡᠭᠦᠷᠭᠡ ᠶᠢ | ᠴᠢᠩᠭᠠᠳᠬᠠᠵᠣ᠂ ᠲᠠᠮᠫᠣᠷᠠᠭᠤᠯᠬᠤ ᠶᠢ ᠬᠠᠮᠢᠶᠠᠷᠬᠤ ᠠᠵᠢᠯᠳᠠᠨ ᠢ ᠦᠷᠢᠰᠦᠯᠳᠦᠭᠦᠯᠦᠨ ᠰᠣᠩᠭᠤᠬᠤ ᠠᠷᠭ᠎ᠠ ᠶᠢ | ᠬᠡᠷᠡᠭᠵᠢᠬᠦᠯᠦᠨ᠂ ᠡᠳ᠋ ᠬᠦᠷᠦᠩᠭᠡ ᠶᠢᠨ ᠲᠤᠭ᠎ᠠ ᠪᠠᠷ ᠶᠡᠭᠡ ᠪᠢᠰᠢ᠂ ᠡᠵᠡᠩᠨᠡᠯᠳᠡ ᠶᠢᠨ ᠬᠦᠷᠢᠶ᠎ᠡ ᠬᠡᠪᠴᠢᠶ᠎ᠡ ᠨᠢ | ᠦᠷᠭᠡᠨ ᠪᠣᠰᠣ ᠪᠤᠶᠤ ᠣᠨᠴᠣᠭᠤᠢ ᠲᠣᠭᠳᠠᠭᠰᠠᠨ ᠵᠢᠵᠢᠭ ᠪᠢᠴᠢᠯ ᠠᠵᠣ ᠠᠬᠤᠶᠢᠯᠠᠯ ᠳᠤ ᠲᠦᠭᠦᠮ | ᠲᠠᠮᠫᠣᠷᠠᠭᠤᠯᠳᠠ ᠶᠢᠨ ᠵᠢᠷᠦᠮ ᠢ ᠬᠡᠷᠡᠭᠵᠢᠬᠦᠯᠬᠦ ᠶᠢ ᠰᠦᠪᠡᠭᠴᠢᠯᠡᠨ᠎ᠡ ︵ᠦᠪᠡᠷᠳᠡᠭᠡᠨ ᠵᠠᠰᠠᠬᠤ ᠣᠷᠣᠨ ᠤ ᠠᠵᠣ ᠠᠬᠤᠢ | ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 3. ᠰᠲ᠋ᠣᠺ ᠢᠶᠠᠨ ᠵᠠᠬ᠎ᠠ ᠲᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠵᠠᠬ᠎ᠠ ᠲᠡᠯᠭᠡᠭᠦᠷ ᠠᠴᠠ ᠪᠣᠴᠠᠵᠦ | ᠭᠠᠷᠣᠭᠰᠠᠨ ᠤ ᠲᠠᠷᠠᠭᠠᠬᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠬᠦᠷᠦᠩᠭᠡ ᠶᠢᠨ ᠵᠠᠬ᠎ᠠ ᠲᠡᠯᠭᠡᠭᠦᠷ ᠤᠨ ᠡᠬᠢ | ᠪᠠᠶᠠᠯᠢᠭ ᠤᠨ ᠲᠣᠬᠢᠷᠠᠭᠤᠯᠣᠯᠳᠠ ᠶᠢ ᠰᠢᠯᠢᠳᠡᠭᠵᠢᠬᠦᠯᠦᠨ᠎ᠡ᠃ ᠵᠠᠬ᠎ᠠ ᠲᠡᠯᠭᠡᠭᠦᠷ ᠠᠴᠠ ᠪᠣᠴᠠᠵᠦ ᠭᠠᠷᠬᠤ | ᠲᠦᠭᠰᠢᠭᠦᠷᠢᠳᠡᠢ ᠺᠣᠮᠫᠠᠨᠢ ᠶᠢ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠵᠦ᠂ ᠰᠲ᠋ᠣᠺ ᠢᠶᠠᠨ ᠵᠠᠬ᠎ᠠ ᠲᠡᠯᠭᠡᠭᠦᠷ ᠲᠤ | ᠭᠠᠷᠭᠠᠭᠰᠠᠨ ᠺᠣᠮᠫᠠᠨᠢ ᠶᠢᠨ ᠵᠠᠬ᠎ᠠ ᠲᠡᠯᠭᠡᠭᠦᠷ ᠠᠴᠠ ᠪᠣᠴᠠᠵᠦ ᠭᠠᠷᠬᠤ ᠡᠯ᠎ᠡ ᠱᠠᠳᠦ ᠦᠶ᠎ᠡ ᠶᠢᠨ ᠲᠦᠭᠰᠢᠭᠦᠷᠢ ᠶᠢ | ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠣᠬᠠᠭᠤᠯᠭ᠎ᠠ ᠪᠠ ᠲᠣᠭᠳᠠᠭᠤᠨ ᠪᠠᠶᠢᠯᠭᠠᠬᠤ ᠶᠢ ᠬᠠᠮᠠᠭᠠᠯᠠᠬᠤ ᠠᠵᠢᠯ ᠢ | ᠢᠳᠡᠪᠬᠢᠲᠠᠢ ᠰᠠᠶᠢᠳᠣᠷ ᠬᠢᠨ᠎ᠡ ︵ᠦᠪᠦᠷ ᠮᠣᠩᠭᠤᠯ ᠤᠨ ᠦᠨᠡᠲᠦ ᠲᠡᠮᠳᠡᠭᠳᠦ ᠶᠢᠨ ᠬᠢᠨᠠᠯᠲᠠ ᠬᠠᠮᠢᠶᠠᠷᠣᠯᠳᠠ ᠶᠢᠨ | ᠲᠤᠪᠴᠢᠶ᠎ᠡ ᠠᠴᠠ ᠲᠦᠷᠦᠭᠦᠯᠡᠨ ᠬᠠᠷᠢᠭᠤᠴᠠᠨ᠎ᠠ︶᠃ | 4. ᠠᠵᠣ ᠠᠬᠤᠶᠢᠯᠠᠯ ᠤᠨ ᠲᠠᠩᠰᠠᠨ ᠠᠴᠠ ᠬᠠᠰᠣᠬᠤ ᠴᠣᠪᠣᠷᠠᠯ ᠢ ᠲᠦᠭᠦᠮᠴᠢᠯᠡᠬᠦ ᠪᠠ ᠲᠡᠭᠦᠯᠳᠡᠷᠵᠢᠭᠦᠯᠦᠨ᠎ᠡ᠃ | ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ᠂ ᠡᠵᠡᠩᠨᠡᠯᠳᠡ ᠬᠢᠭᠡᠳᠦᠢ ᠠᠵᠣ ᠠᠬᠤᠶᠢᠯᠠᠯ ᠵᠢᠴᠢ ᠦᠭᠴᠡᠭᠡ | ᠠᠪᠴᠠᠭ᠎ᠠ ᠦᠭᠡᠢ ᠠᠵᠣ ᠠᠬᠤᠶᠢᠯᠠᠯ ᠳᠤ ᠳᠦᠭᠦᠮᠴᠢᠯᠡᠭᠰᠡᠨ ᠲᠠᠩᠰᠠᠨ ᠠᠴᠠ ᠬᠠᠰᠣᠬᠤ ᠵᠢᠷᠦᠮ ᠢ ᠬᠡᠷᠡᠭᠵᠢᠭᠦᠯᠬᠦ ᠶᠢ | ᠲᠣᠷᠰᠢᠨ ᠬᠡᠷᠡᠭᠵᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ | ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ | 5. ᠠᠵᠢᠯ ᠡᠷᠬᠢᠯᠡᠭᠴᠢᠳ ᠤᠨ ᠬᠠᠮᠢᠶ᠎ᠠ ᠪᠦᠬᠦᠢ ᠲᠦᠷᠢᠮ ᠢ ᠬᠡᠷᠡᠭᠵᠢᠭᠦᠯᠬᠦ ᠪᠠ ᠵᠢᠷᠣᠮᠵᠢᠭᠤᠯᠤᠨ᠎ᠠ᠃ | ᠮᠦᠩᠭᠦᠨ ᠭᠦᠢᠯᠭᠡᠭᠡᠨ᠂ ᠢᠳᠡᠭᠡᠨ ᠪᠠ ᠡᠮ ᠤᠨ ᠵᠦᠢᠯᠡᠰ᠂ ᠠᠶᠣᠯ ᠦᠭᠡᠢ ᠦᠢᠯᠡᠳᠪᠦᠷᠢᠯᠡᠯ᠂ ᠰᠣᠨᠢᠨ ᠮᠡᠳᠡᠭᠡ | ᠬᠡᠪᠯᠡᠯ ᠷᠠᠳᠢᠣ᠋ ᠲᠧᠯᠸᠢᠰ ᠵᠡᠷᠭᠡ ᠬᠦᠷᠢᠶ᠎ᠡ ᠴᠠᠷᠠᠭ᠎ᠠ ᠳᠤ ᠬᠠᠣᠯᠢ ᠠᠴᠠ ᠵᠦᠷᠢᠴᠡᠭᠰᠡᠨ ᠬᠦᠮᠦᠰ ᠤᠨ ᠠᠵᠢᠯ ᠡᠷᠬᠢᠯᠡᠬᠦ ᠶᠢ | ᠴᠠᠭᠠᠵᠠᠯᠠᠭᠰᠠᠨ ᠲᠣᠭᠳᠠᠭᠠᠯ ᠢ ᠴᠢᠩᠭ᠎ᠠ ᠬᠡᠷᠡᠭᠵᠢᠭᠦᠯᠵᠤ᠂ ᠠᠵᠢᠯ ᠡᠷᠬᠢᠯᠡᠭᠴᠢᠳ ᠤᠨ ᠦᠨᠡᠨᠴᠢ ᠢᠳᠡᠭᠡᠮᠵᠢᠲᠠᠢ | ᠪᠠᠶᠢᠬᠤ ᠲᠠᠩᠰᠠ ᠡᠪᠭᠡᠮᠡᠯ ᠢ ᠪᠠᠶᠢᠭᠤᠯᠤᠨ᠎ᠠ᠃ ᠬᠡᠣᠬᠡᠳ᠂ ᠨᠠᠰᠣᠳᠠᠳ ᠤᠨ ᠬᠡᠷᠡᠭᠰᠡᠯ ᠵᠢᠴᠢ ᠵᠠᠮ ᠬᠠᠷᠢᠯᠴᠠᠭ᠎ᠠ | ᠲᠡᠭᠡᠭᠡᠪᠦᠷᠢ᠂ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠬᠠᠥᠯᠢ ᠠᠴᠠ ᠵᠦᠷᠢᠴᠡᠭᠰᠡᠨ | ᠬᠦᠮᠦᠰ ᠤᠨ ᠠᠵᠢᠯ ᠡᠷᠬᠢᠯᠡᠭᠰᠡᠨ ᠢ ᠴᠠᠭᠠᠵᠠᠯᠠᠬᠤ ᠲᠣᠭᠳᠠᠭᠠᠯ ᠢ ᠱᠠᠯᠠᠪᠳᠠᠨ ᠲᠣᠭᠳᠠᠭᠠᠵᠤ ᠲᠤᠷᠰᠢᠨ ᠬᠡᠷᠡᠭᠵᠢᠬᠦᠯᠦᠨ᠎ᠠ᠃ | ᠠᠵᠢᠯ ᠡᠷᠬᠢᠯᠡᠬᠦ ︵ᠲᠣᠰᠢᠶᠠᠯ ᠬᠠᠷᠢᠭᠤᠴᠠᠬᠤ︶ ᠬᠢᠷᠢ ᠭᠡᠮ ᠤᠨ ᠬᠠᠮᠢᠶᠠᠷᠣᠯᠳᠠ ᠶᠢᠨ ᠡᠷᠴᠢᠮ ᠢ ᠴᠢᠩᠭᠠᠷᠠᠭᠤᠯᠵᠣ᠂ | ᠠᠵᠢᠯ ᠲᠦᠷᠦᠯ ᠤᠨ ᠠᠵᠢᠯ ᠡᠷᠬᠢᠯᠡᠭᠴᠢᠳ ᠤᠨ ︽ᠬᠠᠷ᠎ᠠ ᠲᠠᠩᠰᠠ︾ ᠶᠢᠨ ᠲᠦᠷᠢᠮ ᠢ ᠴᠠᠭ ᠳᠤᠨᠢ ᠲᠤᠬᠢᠷᠠᠭᠤᠯᠵᠦ | ᠪᠠᠶᠢᠭᠤᠯᠣᠨ᠎ᠠ᠃ ᠪᠠᠶᠢᠭᠤᠯᠤᠮᠵᠢ ᠠᠴᠠ ᠮᠦᠩᠭᠦᠨ ᠭᠦᠢᠯᠭᠡᠭᠡᠨ ᠤ ᠲᠡᠭᠡᠳᠦ ᠲᠡᠰ ᠤᠨ ᠬᠠᠮᠢᠶᠠᠷᠣᠯᠳᠠ ᠳᠤ | ᠲᠤᠮᠢᠯᠠᠬᠤ ᠪᠠᠷ ᠪᠠᠶᠢᠭ᠎ᠠ ᠬᠦᠮᠦᠰ ᠨᠢ ᠬᠠᠣᠯᠢ ᠠᠴᠠ ᠵᠦᠷᠢᠴᠡᠭᠰᠡᠨ ᠲᠡᠮᠳᠡᠭᠯᠡᠯ ᠲᠠᠢ ᠪᠠᠶᠢᠪᠠᠯ ᠨᠢᠭᠡ ᠪᠢᠯᠧᠲ ᠢᠶᠠᠷ | ᠬᠦᠴᠦᠨ ᠦᠬᠡᠢ ᠪᠤᠯᠭᠠᠬᠤ ᠲᠦᠷᠢᠮ ᠢ ᠬᠡᠷᠡᠭᠵᠢᠭᠦᠯᠦᠨ᠎ᠡ᠃ ᠢᠳᠡᠭᠡᠨ ᠤ ᠵᠦᠢᠯᠡᠰ ᠤᠨ ᠦᠢᠯᠡᠳᠪᠦᠷᠢᠯᠡᠯ ᠤᠨ | ᠡᠵᠡᠩᠨᠡᠯᠳᠡ ᠶᠢᠨ ᠵᠦᠪᠰᠢᠶᠡᠷᠡᠯ ᠤᠨ ᠪᠤᠯᠪᠠᠰᠣᠷᠠᠭᠤᠯᠤᠯ᠂ ᠵᠢᠷᠣᠮᠵᠢᠭᠰᠠᠨ ᠵᠦᠪᠰᠢᠶᠡᠷᠡᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠦᠷᠨᠢᠭᠦᠯᠵᠤ᠂ ᠢᠳᠡᠭᠡᠨ ᠤ ᠵᠦᠢᠯᠡᠰ ᠡᠵᠡᠩᠨᠡᠭᠴᠢᠳ ᠤᠨ ᠬᠠᠣᠯᠢ ᠠᠴᠠ ᠵᠦᠷᠢᠴᠡᠭᠰᠡᠨ ᠬᠦᠮᠦᠰ ᠲᠤ ︽ | ᠲᠠᠪᠤᠨ ᠵᠢᠯ ᠪᠣᠶᠣ ᠨᠠᠰᠣᠨ ᠲᠣᠷᠰᠢᠳᠠ ᠲᠣᠬᠠᠶᠢᠯᠠᠭᠰᠠᠨ ᠠᠵᠢᠯ ᠡᠷᠬᠢᠯᠡᠬᠦ ᠶᠢ ᠴᠠᠭᠠᠵᠠᠯᠠᠬᠤ ᠬᠠᠮᠢᠶ᠎ᠠ ᠪᠦᠬᠦᠢ | ᠲᠣᠭᠳᠠᠭᠠᠯ︾ ᠢ ᠴᠢᠩᠭ᠎ᠠ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠠᠶᠣᠯ | ᠦᠭᠡᠢ ᠦᠢᠯᠡᠳᠪᠦᠷᠢᠯᠡᠯ ᠤᠨ ᠬᠠᠣᠯᠢ︾ ᠶᠢᠨ ᠬᠠᠮᠢᠶ᠎ᠠ ᠪᠦᠬᠦᠢ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ᠬᠦᠨᠳᠤ | ᠶᠡᠭᠡ᠂ ᠣᠨᠴᠠ ᠬᠦᠨᠳᠤ ᠶᠡᠭᠡ ᠦᠢᠯᠡᠳᠪᠦᠷᠢᠯᠡᠯ ᠤᠨ ᠠᠮᠦᠷ ᠲᠦᠪᠰᠢᠨ ᠤ ᠬᠡᠷᠡᠭ ᠲᠤ ᠬᠠᠷᠢᠭᠤᠴᠠᠯᠭ᠎ᠠ | ᠡᠭᠦᠷᠭᠡᠯᠡᠭᠰᠡᠳ ᠲᠤ ᠨᠠᠰᠣᠨ ᠲᠣᠷᠰᠢᠳᠠ ᠲᠣᠰ ᠠᠵᠢᠯ ᠲᠦᠷᠦᠯ ᠤᠨ ᠦᠢᠯᠡᠳᠪᠦᠷᠢᠯᠡᠯ ᠡᠵᠡᠩᠨᠡᠯᠳᠡ ᠶᠢᠨ | ᠨᠢᠭᠡᠴᠡ ᠶᠢᠨ ᠭᠤᠣᠯ ᠬᠠᠷᠢᠭᠤᠴᠠᠯᠭᠠᠳᠠᠨ ᠪᠣᠯᠭᠠᠵᠣ ᠪᠣᠯᠬᠤ ᠦᠭᠡᠢ ︵ᠠᠷᠠᠳ ᠤᠨ ᠪᠠᠩᠭᠢ ᠶᠢᠨ ᠬᠦᠬᠡᠬᠤᠳᠠ ᠶᠢᠨ | ᠲᠦᠪ ᠰᠠᠯᠪᠦᠷᠢ ᠪᠠᠩᠭᠢ᠂ ᠦᠪᠦᠷ ᠮᠤᠩᠭᠤᠯ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ | ᠦᠨᠡᠲᠦ ᠲᠡᠮᠳᠡᠭᠳᠦ ᠶᠢᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠲᠠᠭᠠᠳᠬᠠᠯ ᠤᠨ ᠬᠢᠨᠠᠯᠲᠠ ᠬᠠᠮᠢᠶᠠᠷᠣᠯᠳᠠ ᠶᠢᠨ | ᠲᠣᠪᠴᠢᠶ᠎ᠠ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠣᠯᠳᠠ ᠶᠢᠨ | ᠲᠤᠪᠴᠢᠶ᠎ᠠ᠂ ᠠᠶᠤᠯ ᠦᠬᠡᠢ ᠶᠢᠨ ᠬᠢᠨᠠᠯᠲᠠ ᠬᠠᠮᠢᠶᠠᠷᠣᠯᠳᠠ ᠶᠢᠨ ᠲᠤᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ | ᠲᠧᠯᠸᠢᠰ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠣᠷᠣᠨ ᠰᠠᠭᠤᠴᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ᠭᠤᠷᠪᠠ᠂ ᠵᠠᠬ᠎ᠠ ᠲᠡᠯᠭᠡᠭᠦᠷ ᠤᠨ ᠠᠵᠢᠯᠯᠠᠭᠠᠨ ᠤ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠎ᠠ | ᠦᠢᠯᠡᠳᠪᠦᠷᠢᠯᠡᠯ᠂ ᠡᠵᠡᠩᠨᠡᠯᠳᠡ᠂ ᠰᠤᠯᠢᠯᠴᠠᠭ᠎ᠠ ᠠᠷᠠᠯᠵᠢᠶ᠎ᠠ ᠵᠡᠷᠭᠡ ᠵᠠᠬ᠎ᠠ ᠲᠡᠯᠭᠡᠭᠦᠷ ᠤᠨ ᠠᠵᠢᠯᠯᠠᠭ᠎ᠠ ᠶᠢ | ᠬᠠᠣᠯᠢ ᠶᠣᠰᠣᠭᠠᠷ ᠵᠢᠷᠣᠮᠵᠢᠭᠤᠯᠵᠣ᠂ ᠬᠢᠨᠠᠨ ᠬᠠᠮᠢᠶᠠᠷᠬᠤ ᠠᠷᠭ᠎ᠠ ᠮᠠᠶ᠋ᠢᠭ ᠲᠤ ᠰᠢᠨ᠎ᠡ ᠶᠢ ᠡᠬᠦᠳᠦᠨ᠂ ᠡᠷᠬᠡ ᠲᠡᠭᠰᠢ | ᠦᠷᠢᠰᠦᠯᠳᠦᠬᠦ ᠶᠢ ᠪᠠᠳᠣᠯᠠᠵᠣ᠂ ᠦᠨᠡᠨᠴᠢ ᠢᠳᠡᠭᠡᠮᠵᠢᠲᠠᠢ ᠪᠠᠷ ᠬᠠᠣᠯᠢ ᠰᠠᠬᠢᠬᠤ ᠶᠢ ᠠᠬᠢᠭᠤᠯᠵᠤ᠂ ᠵᠠᠬ᠎ᠠ | ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃ | ︵ᠨᠢᠭᠡ︶ ᠦᠢᠯᠡᠳᠪᠦᠷᠢᠯᠡᠨ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠣᠨ᠎ᠠ᠃ | ᠬᠠᠮᠢᠶ᠎ᠠ ᠪᠦᠬᠦᠢ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠣᠯᠣᠰ ᠤᠨ ᠨᠢᠭᠡᠳᠣᠯᠳᠡᠢ | ᠪᠠᠶᠢᠷᠢᠯᠠᠭᠤᠯᠣᠯᠳᠠ ᠶᠣᠰᠣᠭᠠᠷ᠂ ᠦᠪᠡᠷᠳᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠬᠤᠯᠪᠣᠭᠳᠠᠯ ᠪᠦᠬᠦᠢ ᠲᠦᠷᠢᠮ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠳᠤ ᠱᠠᠯᠠᠪᠳᠠᠨ | ᠵᠠᠰᠠᠪᠣᠷᠢ ᠣᠷᠣᠭᠤᠯᠵᠣ᠂ ᠬᠡᠷᠡᠭᠯᠡᠭᠡ ᠶᠢᠨ ᠭᠤᠭᠴᠣᠭᠠᠨ ᠤ ᠡᠵᠡᠩᠨᠡᠭᠴᠢᠳ ᠤᠨ ᠲᠦᠷᠦᠭᠦᠦ ᠡᠵᠡᠩᠨᠡᠭᠴᠢ ᠠᠴᠠ | ᠠᠩᠬᠠᠨ ᠤ ᠬᠠᠷᠢᠭᠤᠴᠠᠯᠭ᠎ᠠ ᠬᠡᠯᠡᠯᠴᠡᠬᠦ ᠪᠠ ᠣᠷᠢᠳᠠᠪᠡᠷ ᠲᠦᠯᠦᠭᠦᠯᠬᠦ ᠲᠦᠷᠢᠮ ᠢ ᠲᠡᠭᠦᠯᠳᠡᠷᠵᠢᠭᠦᠯᠵᠦ᠂ ᠠᠵᠦ | ᠠᠬᠤᠶᠢᠯᠠᠯ ᠤᠨ ᠦᠢᠯᠡᠳᠭᠦᠨ ᠪᠠ ᠦᠢᠯᠡᠴᠢᠯᠡᠭᠡᠨ ᠤ ᠪᠠᠷᠢᠮᠵᠢᠶ᠎ᠠ ᠳᠤ ᠦᠪᠡᠷ ᠢᠶᠠᠨ ᠢᠯᠡᠷᠭᠡᠶᠢᠯᠡᠬᠦ ᠪᠠ ᠬᠢᠨᠠᠯᠳᠡ | ᠲᠠᠯᠪᠢᠬᠤ ᠲᠦᠷᠢᠮ᠂ ᠬᠡᠷᠡᠭᠯᠡᠭᠡ ᠶᠢᠨ ᠵᠦᠢᠯᠡᠰ ᠢ ᠦᠢᠯᠡᠳᠪᠦᠷᠢᠯᠡᠨ ᠡᠵᠡᠩᠨᠡᠬᠦ ᠠᠵᠦ ᠠᠬᠤᠶᠢᠯᠠᠯ ᠤᠨ ᠦᠢᠯᠡᠳᠭᠦᠨ ᠤ | ᠠᠮᠦᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ ᠲᠦᠷᠢᠮ ᠢ ᠪᠠᠶᠢᠭᠤᠯᠵᠦ᠂ ᠦ ᠰᠡᠪ ᠲᠠᠢ ᠦᠢᠯᠡᠳᠭᠦᠨ ᠢ | ᠠᠯᠪᠠᠳᠠᠯᠭ᠎ᠠ ᠪᠠᠷ ᠡᠭᠡᠭᠦᠯᠦᠨ ᠪᠣᠴᠠᠭᠠᠬᠤ ᠲᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ | ᠬᠤᠬᠢᠷᠠᠭᠤᠯᠬᠤ ᠳᠤ ᠬᠠᠷᠢᠭᠤᠴᠠᠬᠤ ᠲᠦᠷᠢᠮ ᠢ ᠪᠠᠶᠢᠭᠤᠯᠣᠨ᠎ᠠ᠃ ᠢᠳᠡᠭᠡᠨ ᠪᠠ ᠡᠮ ᠤᠨ ᠵᠦᠢᠯᠡᠰ᠂ ᠠᠮᠢ | ᠠᠬᠤᠢ ᠶᠢᠨ ᠣᠷᠴᠢᠨ ᠲᠣᠭᠤᠷᠢᠨ᠂ ᠠᠶᠣᠯ ᠦᠭᠡᠢ ᠦᠢᠯᠡᠳᠪᠦᠷᠢᠯᠡᠯ ᠵᠡᠷᠬᠡ ᠬᠦᠷᠢᠶᠡᠨ ᠤ ᠬᠠᠷᠢᠭᠤᠴᠠᠯᠭ᠎ᠠ ᠶᠢᠨ | ᠲᠠᠭᠠᠳᠬᠠᠯ ᠢ ᠲᠣᠷᠰᠢᠨ ᠬᠡᠷᠡᠭᠯᠡᠬᠦ ᠶᠢ ᠦᠷᠭᠡᠳᠭᠡᠨ᠂ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠨᠡᠶᠢᠭᠡᠮ ᠤᠨ | ᠲᠡᠳᠬᠦᠮᠵᠢ ᠶᠢᠨ ᠲᠣᠭᠳᠠᠴᠠ ᠪᠠ ᠲᠦᠭᠰᠢᠬᠦᠷᠢ ᠶᠢ ᠲᠣᠰᠬᠠᠢ ᠵᠣᠬᠢᠶᠠᠨ ᠪᠠᠶᠢᠭᠤᠯᠣᠠ ᠵᠢᠱᠢᠨ ᠦᠨᠡᠯᠡᠬᠦ᠂ ᠬᠢᠨᠡᠨ | ᠡᠵᠡᠮᠳᠡᠬᠦ ᠵᠠᠬ᠎ᠠ ᠲᠡᠯᠭᠡᠭᠦᠷ ᠤᠨ ᠬᠢᠨᠡᠯᠳᠡ ᠲᠠᠯᠪᠢᠬᠤ ᠲᠤᠭᠳᠠᠴᠠ ᠶᠢ ᠪᠦᠷᠢᠯᠳᠦᠭᠦᠯᠦᠨ᠎ᠡ ︵ᠦᠪᠦᠷ ᠮᠣᠩᠭᠤᠯ ᠤᠨ | ᠲᠠᠭᠠᠳᠬᠠᠯ ᠤᠨ ᠦᠢᠯᠡᠰ ᠤᠨ ᠬᠢᠨᠠᠯᠳᠠ ᠲᠠᠯᠪᠢᠬᠤ ᠲᠣᠪᠴᠢᠶ᠎ᠠ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯᠡᠰ ᠤᠨ ᠬᠢᠨᠠᠯᠳᠠ ᠬᠠᠮᠢᠶᠠᠷᠣᠯᠳᠡ ᠶᠢᠨ ᠲᠣᠪᠴᠢᠶ᠎ᠠ᠂ ᠠᠵᠦ ᠦᠢᠯᠡᠳᠪᠦᠷᠢ ᠬᠤᠳᠠᠯᠳᠣᠭᠠᠨ ᠤ | ᠲᠣᠪᠴᠢᠶ᠎ᠠ᠂ ᠶᠠᠰᠦ ᠴᠢᠨᠡᠷ ᠲᠤ ᠮᠡᠷᠭᠡᠵᠢᠯ ᠤᠨ ᠬᠢᠨᠡᠯᠳᠡ ᠲᠠᠯᠪᠢᠬᠤ ᠲᠣᠪᠴᠢᠶ᠎ᠠ᠂ ᠣᠷᠴᠢᠨ ᠲᠣᠭᠤᠷᠢᠨ ᠤ | ᠬᠠᠮᠠᠭᠠᠯᠠᠯᠳᠠ ᠶᠢᠨ ᠲᠢᠩᠬᠢᠮ᠂ ᠣᠢ ᠰᠢᠭᠤᠢ ᠶᠢᠨ ᠲᠢᠩᠬᠢᠮ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠬᠤᠶᠡᠷ︶ ᠪᠠᠷᠢᠮᠵᠢᠶᠠᠵᠢᠭᠰᠠᠨ ᠬᠠᠮᠢᠶᠠᠷᠣᠯᠳᠡ ᠶᠢ ᠴᠢᠩᠭᠠᠳᠬᠠᠨ᠎ᠠ᠃ ᠣᠯᠣᠰ ᠤᠨ ᠠᠯᠪᠠᠳᠠᠯᠭ᠎ᠠ ᠶᠢᠨ | ᠴᠢᠨᠠᠷᠳᠡᠢ ᠪᠠᠷᠢᠮᠵᠢᠶ᠎ᠠ ᠶᠢᠨ ᠬᠠᠮᠢᠶᠠᠷᠣᠯᠳᠡ ᠶᠢ ᠴᠢᠩᠭᠠᠷᠠᠭᠤᠯᠣᠨ᠎ᠠ᠃ ᠵᠠᠬ᠎ᠠ ᠲᠡᠯᠭᠡᠭᠦᠷ ᠤᠨ ᠭᠤᠣᠯ ᠴᠣᠭᠴᠠ ᠨᠢ | ᠡᠷᠬᠡᠪᠰᠢ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠡ ᠶᠢᠨ ᠰᠠᠯᠠᠭ᠎ᠠ ᠮᠦᠴᠢᠷ ᠨᠢ ᠡᠷᠬᠡᠪᠰᠢ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢ ᠦᠨᠳᠦᠰᠦᠯᠡᠨ | ᠴᠢᠩᠭ᠎ᠠ ᠬᠢᠨᠡᠨ ᠬᠠᠮᠢᠶᠠᠷᠴᠦ ᠬᠠᠥᠯᠢ ᠬᠡᠷᠡᠭᠵᠢᠬᠦᠯᠦᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ︿ᠪᠦᠭᠦᠳᠡ ᠨᠡᠶᠢᠷᠡᠮᠳᠠᠬᠤ ᠲᠣᠮᠳᠠᠳᠣ ᠠᠷᠡᠳ ᠣᠯᠣᠰ ᠤᠨ ᠪᠠᠷᠢᠮᠵᠢᠶᠠᠵᠢᠭᠤᠯᠤᠯᠳᠠ ᠶᠢᠨ ᠬᠠᠥᠯᠢ﹀ ᠶᠢ ᠬᠡᠷᠡᠭᠵᠢᠭᠦᠯᠬᠦ | ᠠᠷᠭ᠎ᠠ︾ ︵ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠡᠳ ᠤᠨ | ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠤᠨ 51 ᠳ᠋ᠣᠭᠡᠷ ᠲᠣᠭᠠᠳᠦ︶ | ᠳᠤ ᠵᠠᠰᠠᠪᠦᠷᠢ ᠣᠷᠣᠭᠤᠯᠬᠤ ᠶᠢ ᠲᠦᠷᠭᠡᠳᠭᠡᠨ ᠠᠬᠢᠭᠤᠯᠵᠦ᠂ ᠪᠠᠷᠢᠮᠵᠢᠶᠠᠵᠢᠭᠤᠯᠤᠯᠳᠠ ᠶᠢᠨ ᠲᠠᠯ᠎ᠠ ᠪᠠᠷ ᠬᠢ ᠬᠠᠮᠢᠶ᠎ᠠ | ᠪᠦᠬᠦᠢ ᠵᠠᠰᠠᠭ ᠤᠨ ᠣᠷᠳᠣᠨ ᠤ ᠲᠦᠷᠢᠮ ᠲᠣᠭᠳᠠᠭᠠᠯ ᠪᠣᠯᠣᠨ ᠵᠢᠷᠣᠮᠵᠢᠭᠰᠠᠨ ᠪᠢᠴᠢᠭ ᠮᠠᠲ᠋ᠧᠷᠢᠶᠠᠯ ᠢ ᠲᠣᠭᠳᠠᠭᠠᠬᠤ | ᠪᠠ ᠵᠠᠰᠠᠪᠦᠷᠢ ᠣᠷᠣᠭᠤᠯᠵᠣ᠂ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠢᠨ ᠰᠢᠰᠲ᠋ᠧᠮᠵᠢ ᠶᠢᠨ ᠦᠭᠡᠷᠡᠴᠢᠯᠡᠯᠳᠡ ᠶᠢ | ᠠᠬᠢᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠶᠠᠰᠦ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ | ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ | ︵ᠭᠤᠷᠪᠠ︶ ᠭᠠᠭᠴᠠᠭᠠᠷ ᠡᠵᠡᠮᠰᠢᠬᠦ ᠠᠵᠢᠯᠯᠠᠭ᠎ᠠ ᠪᠠ ᠲᠦᠪ ᠪᠣᠰᠣ ᠦᠷᠢᠰᠦᠯᠳᠦᠬᠦ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠳᠭᠡᠨ᠎ᠡ᠃ | 1. ᠵᠠᠬ᠎ᠠ ᠲᠡᠯᠭᠡᠭᠦᠷ ᠤᠨ ᠡᠮᠬᠢ ᠲᠢᠭᠯᠢᠮ ᠢ ᠶᠡᠬᠡᠪᠡᠷ ᠴᠡᠭᠴᠡᠯᠡᠬᠦ ᠪᠠ ᠵᠢᠷᠣᠮᠵᠢᠭᠤᠯᠤᠨ᠎ᠠ᠃ ︽ᠪᠦᠭᠦᠳᠡ | ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠥᠯᠢ︾᠂ ︽ᠪᠦᠭᠦᠳᠡ | ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠲᠦᠪ ᠪᠣᠰᠣ ᠦᠷᠢᠰᠦᠯᠳᠦᠭᠡᠨ ᠢ ᠡᠰᠡᠷᠭᠦᠴᠡᠬᠦ ᠬᠠᠥᠯᠢ︾᠂ ︽ | ᠪᠦᠭᠦᠳᠡ ᠨᠠᠶᠢᠷᠡᠮᠳᠠᠬᠤ ᠲᠣᠮᠳᠠᠳᠦ ᠠᠷᠡᠳ ᠣᠯᠣᠰ ᠤᠨ ᠦᠨ᠎ᠡ ᠬᠠᠩᠰᠢ ᠶᠢᠨ ᠬᠠᠥᠯᠢ︾ ᠶᠢᠨ ᠬᠠᠮᠢᠶ᠎ᠠ ᠪᠦᠬᠦᠢ | ᠲᠣᠭᠳᠠᠭᠠᠯ ᠢ ᠦᠨᠳᠣᠰᠣᠯᠡᠨ᠂ ᠦᠷᠢᠰᠦᠯᠳᠦᠭᠡᠨ ᠢ ᠬᠤᠬᠢᠷᠠᠭᠤᠯᠬᠤ᠂ ᠬᠡᠷᠡᠭᠯᠡᠭᠴᠢᠳ ᠤᠨ ᠡᠷᠬᠡ ᠠᠰᠢᠭ ᠢ | ᠬᠤᠬᠢᠷᠠᠭᠤᠯᠬᠤ ᠵᠢᠴᠢ ᠰᠢᠨ᠎ᠡ ᠶᠢ ᠡᠭᠦᠳᠬᠦ ᠪᠠ ᠮᠡᠷᠭᠡᠵᠢᠯ ᠤᠨ ᠲᠠᠪᠰᠢᠯᠳᠠ ᠶᠢ ᠬᠠᠷᠰᠢᠯᠠᠬᠤ ᠭᠠᠭᠴᠠᠭᠠᠷ ᠡᠵᠡᠮᠰᠢᠬᠦ | ᠬᠡᠯᠡᠯᠴᠡᠬᠡᠷ ᠪᠣᠯᠣᠨ ᠵᠠᠬ᠎ᠠ ᠲᠡᠯᠭᠡᠭᠦᠷ ᠤᠨ ᠲᠤᠬᠢᠷᠠᠭᠤᠯᠬᠤ ᠪᠠᠶᠢᠷᠢ ᠰᠠᠭᠤᠷᠢ ᠶᠢ ᠲᠣᠷ᠎ᠡ ᠪᠠᠷ ᠬᠡᠷᠡᠭᠯᠡᠬᠦ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠶᠠᠨᠳᠠᠭᠠᠨ ᠤ ᠭᠠᠭᠴᠠᠭᠠᠷ ᠡᠵᠡᠮᠰᠢᠬᠦ ᠠᠵᠢᠯ ᠲᠦᠷᠦᠯ ᠳᠤ ᠬᠢᠨᠠᠯᠳᠠ | ᠬᠠᠮᠢᠶᠠᠷᠣᠯᠳᠡ ᠬᠢᠬᠦ ᠠᠷᠭ᠎ᠠ ᠶᠢ ᠦᠭᠡᠷᠡᠴᠢᠯᠡᠵᠦ᠂ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠳᠠ | ᠬᠠᠮᠢᠶᠠᠷᠣᠯᠳᠡ ᠪᠠᠨ ᠴᠢᠩᠭᠠᠷᠠᠭᠤᠯᠣᠨ᠎ᠠ᠃ ᠨᠡᠶᠢᠳᠡ ᠶᠢᠨ ᠬᠡᠷᠡᠭᠯᠡᠭᠡᠨ ᠤ ᠠᠵᠦ ᠠᠬᠤᠶᠢᠯᠠᠯ ᠪᠣᠯᠣᠨ ᠬᠠᠤᠯᠢ ᠶᠤᠰᠤᠭᠠᠷ | ᠲᠣᠰᠠᠭᠠᠷ ᠡᠵᠡᠯᠡᠬᠦ ᠪᠠᠶᠢᠷᠢ ᠰᠠᠭᠤᠷᠢ ᠲᠠᠢ ᠡᠵᠡᠩᠨᠡᠭᠴᠢ ᠶᠢᠨ ᠦᠷᠢᠰᠦᠯᠳᠦᠭᠡᠨ ᠬᠢᠬᠦ ᠶᠢ ᠬᠢᠵᠠᠭᠠᠷᠯᠠᠬᠰᠠᠨ ᠬᠡᠷᠡᠭ ᠢ | ᠪᠠᠶᠢᠴᠠᠭᠠᠨ ᠭᠦᠢᠴᠡᠳᠭᠡᠬᠦ ᠶᠢ ᠴᠢᠩᠭᠠᠳᠬᠠᠨ᠎ᠠ᠃ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ᠂ ᠬᠤᠳᠠᠯ | ᠬᠠᠭᠤᠷᠮᠠᠭ ᠢᠶᠠᠷ ᠣᠬᠠᠭᠤᠯᠬᠤ᠂ ᠦᠨ᠎ᠡ ᠬᠠᠩᠰᠢ ᠪᠠᠷ ᠢᠶᠠᠨ ᠮᠡᠬᠡᠯᠡᠬᠦ᠂ ᠬᠤᠳᠠᠯᠳᠣᠭᠠᠨ ᠤ ᠬᠡᠬᠡᠯᠢ ᠬᠠᠭ᠋ᠣᠣᠯᠢ | ᠲᠦᠯᠬᠢᠬᠦ᠂ ᠬᠠᠥᠯᠢ ᠠᠴᠠ ᠵᠦᠷᠢᠴᠡᠨ ᠱᠠᠩᠨᠠᠯ ᠲᠠᠢ ᠪᠣᠷᠣᠯᠠᠭᠤᠯᠭ᠎ᠠ ᠬᠢᠬᠦ ᠵᠡᠷᠬᠡ ᠲᠦᠪ ᠪᠣᠰᠣ ᠦᠷᠢᠰᠦᠯᠳᠦᠭᠡᠨ ᠤ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠵᠡᠩᠨᠡᠭᠴᠢᠳ ᠤᠨ ᠲᠦᠪᠯᠡᠷᠡᠨ ᠭᠠᠭᠴᠠᠭᠠᠷ | ᠡᠵᠡᠮᠰᠢᠬᠦ ᠶᠢ ᠨᠢ ᠡᠰᠡᠷᠭᠦᠴᠡᠬᠦ ᠶᠢ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠣᠨ᠂ ᠨᠡᠶᠢᠯᠡᠭᠦᠯᠦᠨ ᠬᠤᠳᠠᠯᠳᠣᠨ | ᠠᠪᠬᠤ ᠪᠠᠷ ᠲᠠᠮᠵᠢᠨ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠶᠢ ᠣᠯᠬᠤ ᠶᠢᠨ ᠲᠠᠭᠠᠣ ᠵᠠᠬ᠎ᠠ ᠲᠡᠯᠭᠡᠭᠦᠷ ᠤᠨ | ᠦᠷᠢᠰᠦᠯᠳᠦᠭᠡᠨ ᠢ ᠬᠤᠬᠢᠷᠠᠭᠤᠯᠬᠤ ᠠᠵᠢᠯᠯᠠᠭ᠎ᠠ ᠶᠢ ᠪᠦᠳᠦᠮᠵᠢᠲᠠᠢ ᠰᠡᠷᠭᠡᠶᠢᠯᠡᠨ᠎ᠡ ︵ᠦᠪᠡᠷᠳᠡᠭᠡᠨ ᠵᠠᠰᠠᠬᠤ ᠣᠷᠣᠨ ᠤ | ᠬᠤᠳᠠᠯᠳᠣᠭᠠᠨ ᠤ ᠶᠠᠪᠣᠳᠠᠯ ᠤᠨ ᠲᠢᠩᠬᠢᠮ᠂ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ | ᠬᠤᠳᠠᠯᠳᠣᠭᠠᠨ ᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠣᠪᠴᠢᠶ᠎ᠠ ᠵᠡᠷᠬᠡ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠡᠯ᠎ᠡ ᠲᠦᠷᠦᠯ ᠤᠨ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠶᠢ ᠬᠠᠣᠯᠢ ᠶᠣᠰᠣᠭᠠᠷ | ᠬᠠᠮᠠᠭᠠᠯᠠᠨ᠎ᠠ᠃ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ᠨᠡᠷᠡᠲᠦ ᠠᠵᠣ ᠠᠬᠤᠶᠢᠯᠠᠯ ᠨᠡᠷᠡᠲᠦ | ᠲᠠᠸᠠᠷ ᠤᠨ ᠲᠡᠮᠳᠡᠭ ᠤᠨ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠶᠢ ᠬᠠᠮᠠᠭᠠᠯᠠᠬᠤ ᠠᠵᠢᠯᠯᠠᠭ᠎ᠠ ᠶᠢ | ᠦᠷᠭᠦᠯᠵᠢᠯᠡᠨ ᠦᠷᠨᠢᠭᠦᠯᠦᠨ᠎ᠡ᠃ ᠭᠠᠭᠴᠠ ᠬᠡᠷᠡᠭᠴᠡᠭᠡᠲᠦ ᠬᠤᠳᠠᠯᠳᠣᠭᠠᠨ ᠤ ᠣᠷᠢᠳᠴᠢᠯᠠᠨ ᠦᠭᠭᠦ ᠺᠡᠷᠲ ᠤᠨ | ᠬᠠᠮᠢᠶᠠᠷᠣᠯᠳᠠ ᠶᠢ ᠴᠢᠩᠭᠠᠳᠬᠠᠵᠣ᠂ ᠮᠡᠳᠡᠯᠭᠡ ᠶᠢᠨ ᠪᠦᠳᠦᠭᠡᠭᠳᠡᠭᠦᠨ ᠤ ᠦᠮᠴᠢᠯᠡᠬᠦ ᠡᠷᠬᠡ ᠳᠤ ᠬᠠᠯᠳᠠᠬᠤ ᠪᠠ ᠬᠤᠳᠠᠯ | ᠬᠠᠭᠤᠷᠮᠠᠭ ᠴᠢᠨᠠᠷ ᠮᠠᠭᠤ ᠲᠠᠸᠠᠷ ᠦᠢᠯᠡᠳᠦᠨ ᠪᠤᠷᠤᠯᠠᠭᠤᠯᠬᠤ ᠳᠤ ᠴᠣᠬᠢᠯᠲᠠ ᠦᠭᠬᠦ ᠬᠠᠮᠢᠶ᠎ᠠ ᠪᠦᠬᠦᠢ ᠠᠵᠢᠯ ᠢ | ᠲᠦᠷᠦᠭᠦᠯᠡᠨ ᠰᠠᠶᠢᠳᠣᠷ ᠬᠢᠵᠤ᠂ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠦᠯᠳᠡ ᠳᠤ ᠴᠣᠬᠢᠯᠲᠠ ᠥᠭᠬᠦ ᠪᠠ ᠡᠷᠡᠭᠦᠦ ᠶᠢᠨ ᠬᠡᠷᠡᠭ ᠤᠨ ᠬᠠᠥᠯᠢ ᠴᠠᠭᠠᠵᠠ ᠶᠢ ᠵᠤᠯᠭᠠᠭᠤᠯᠬᠤ ᠮᠡᠳᠡᠭᠡ | ᠵᠠᠩᠭᠢ ᠶᠢᠨ ᠬᠠᠮᠲᠦ ᠪᠠᠷ ᠬᠦᠷᠳᠡᠬᠦ ᠲᠠᠪᠴᠠᠩ ᠢ ᠪᠠᠶᠢᠭᠤᠯᠤᠨ ᠶᠠᠪᠤᠬᠳᠠᠭᠤᠯᠬᠤ ᠠᠵᠢᠯ ᠢ ᠠᠬᠢᠭᠤᠯᠤᠨ᠎ᠠ᠃ ᠵᠠᠰᠠᠭ | ᠵᠠᠬᠢᠷᠭᠠᠨ ᠤ ᠬᠠᠣᠯᠢ ᠬᠡᠷᠡᠭᠵᠢᠭᠦᠯᠦᠯᠳᠡ ᠪᠠ ᠡᠷᠡᠭᠦᠦ ᠶᠢᠨ ᠬᠡᠷᠡᠭ ᠤᠨ ᠬᠠᠣᠯᠢ ᠴᠠᠭᠠᠵᠠ ᠶᠢ ᠵᠤᠯᠭᠠᠭᠤᠯᠬᠤ ᠮᠡᠳᠡᠭᠡ | ᠵᠠᠩᠭᠢ ᠶᠢᠨ ᠬᠠᠮᠲᠦ ᠪᠠᠷ ᠬᠦᠷᠳᠡᠬᠦ ᠲᠠᠪᠴᠠᠩ ᠢ ᠪᠠᠶᠢᠭᠤᠯᠤᠨ ᠶᠠᠪᠤᠭᠤᠯᠬᠤ ᠠᠵᠢᠯ ᠤᠨ ᠣᠷᠲᠦ ᠬᠤᠭᠤᠴᠠᠭᠠᠨ ᠤ | ᠪᠦᠲᠦᠮᠵᠢᠲᠦ ᠲᠣᠭᠳᠠᠴᠠ ᠶᠢ ᠪᠠᠶᠢᠭᠤᠯᠬᠤ ᠶᠢ ᠶᠡᠬᠡᠪᠡᠷ ᠠᠬᠢᠭᠤᠯᠤᠨ᠎ᠠ᠃ ᠡᠯ᠎ᠡ ᠲᠦᠷᠦᠯ ᠤᠨ ᠲᠣᠰᠬᠠᠢ ᠴᠡᠭᠴᠡᠯᠡᠨ | ᠵᠠᠰᠠᠬᠤ ᠲᠠᠪᠴᠠᠩ ᠢ ᠭᠦᠢᠴᠡᠳ ᠠᠰᠢᠭᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠵᠤ ᠪᠠᠶᠢᠴᠠᠭᠠᠨ | ᠰᠢᠢᠳᠪᠦᠷᠢᠯᠡᠬᠦ ᠶᠢ ᠴᠢᠩᠭᠠᠳᠬᠠᠵᠤ᠂ ᠴᠠᠭ ᠲᠣᠬᠠᠢ ᠳᠤᠨᠢ ᠪᠠᠶᠢᠳᠠᠯ ᠢ ᠡᠵᠡᠮᠳᠡᠨ᠂ ᠬᠠᠣᠯᠢ ᠲᠤᠭᠳᠠᠭᠠᠯ ᠶᠣᠰᠣᠭᠠᠷ | ᠰᠢᠢᠳᠪᠦᠷᠢᠯᠡᠨ᠎ᠡ︔ ᠢᠯᠡᠴᠢᠯᠡᠨ ᠮᠡᠳᠡᠬᠦᠯᠵᠦ ᠵᠠᠭᠠᠯᠳᠣᠬᠤ ᠶᠢ ᠴᠠᠭ ᠲᠣᠬᠠᠢ ᠳᠤᠨᠢ ᠭᠦᠢᠴᠡᠳᠭᠡᠵᠣ᠂ ᠬᠠᠣᠯᠢ | ᠲᠣᠭᠳᠠᠭᠠᠯ ᠶᠣᠰᠣᠭᠠᠷ ᠬᠡᠷᠡᠭ ᠲᠤ ᠬᠤᠯᠪᠣᠭᠳᠠᠭᠰᠠᠨ ᠬᠠᠷᠢᠭᠤᠴᠠᠯᠭᠠᠲᠦ ᠭᠤᠣᠯ ᠴᠣᠭᠴᠠ ᠳᠤ ᠰᠢᠳᠭᠡᠨ | ᠰᠢᠢᠳᠪᠦᠷᠢᠯᠡᠨ᠎ᠠ ︵ᠦᠪᠡᠷᠳᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠬᠢᠮ᠂ ᠠᠵᠤ | ᠦᠢᠯᠡᠳᠪᠦᠷᠢ ᠬᠤᠳᠠᠯᠳᠣᠭᠠᠨ ᠤ ᠲᠤᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠤᠯᠸᠢᠰ ᠤᠨ ᠲᠤᠪᠴᠢᠶ᠎ᠠ᠂ | ᠬᠤᠳᠠᠯᠳᠣᠭᠠᠨ ᠤ ᠶᠠᠪᠣᠳᠠᠯ ᠤᠨ ᠲᠢᠩᠬᠢᠮ᠂ ᠬᠠᠣᠯᠢ ᠲᠦᠷᠢᠮ ᠤᠨ ᠠᠯᠪᠠᠨ ᠭᠡᠷ᠂ ᠦᠪᠡᠷᠳᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ | ᠦᠨᠳᠦᠷ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠨᠢᠭᠡᠴᠡ ᠨᠦᠭᠦᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠲᠦᠷᠪᠡ︶ ᠲᠦᠭᠰᠢᠭᠦᠷᠢ ᠶᠢᠨ ᠬᠠᠮᠢᠶᠠᠷᠣᠯᠳᠠ ᠶᠢ ᠴᠢᠩᠭᠠᠷᠠᠭᠤᠯᠣᠨ᠎ᠠ᠃ | 1. ᠲᠦᠭᠰᠢᠭᠦᠷᠢ ᠶᠢ ᠰᠡᠷᠭᠡᠶᠢᠯᠡᠨ ᠡᠵᠡᠮᠳᠡᠵᠤ ᠬᠤᠯᠪᠤᠭᠠᠯᠠᠨ ᠬᠦᠳᠡᠯᠦᠯᠴᠡᠬᠦ ᠲᠣᠭᠳᠠᠴᠠ ᠶᠢ | ᠲᠡᠭᠦᠯᠳᠡᠷᠵᠢᠭᠦᠯᠦᠨ᠎ᠡ᠃ ᠵᠠᠬ᠎ᠠ ᠲᠡᠯᠭᠡᠭᠦᠷ ᠤᠨ ᠠᠵᠢᠯᠯᠠᠭᠠᠨ ᠤ ᠲᠦᠭᠰᠢᠭᠦᠷᠢ ᠶᠢ ᠬᠢᠨᠠᠨ ᠰᠢᠨᠵᠢᠬᠦ ᠵᠠᠳᠠᠯᠣᠯᠳᠠ ᠶᠢ | ᠴᠢᠩᠭᠠᠳᠬᠠᠵᠣ᠂ ᠠᠶᠣᠯ ᠶᠡᠬᠡᠲᠠᠢ ᠠᠵᠢᠯ ᠲᠦᠷᠦᠯ᠂ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠲᠠᠸᠠᠷ ᠵᠢᠴᠢ | ᠦᠢᠯᠡᠳᠪᠦᠷᠢᠯᠡᠯ ᠤᠨ ᠬᠡᠷᠡᠭᠰᠡᠯ᠂ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ | ᠭᠦᠢᠴᠡᠳᠭᠡᠯ ᠲᠤᠭ᠎ᠠ ᠶᠢᠨ ᠰᠢᠰᠲ᠋ᠧᠮᠵᠢ᠂ ᠲᠦᠭᠰᠢᠭᠦᠷᠢ ᠶᠢ ᠬᠢᠨᠠᠨ ᠰᠢᠨᠵᠢᠬᠦ ᠶᠢᠨ ᠣᠷᠢᠳᠴᠢᠯᠠᠨ ᠰᠡᠷᠡᠮᠵᠢᠯᠡᠬᠦ ᠪᠠ | ᠮᠦᠷᠳᠡᠬᠦ ᠲᠦᠷᠢᠮ᠂ ᠲᠦᠭᠰᠢᠭᠦᠷᠢ ᠶᠢᠨ ᠬᠠᠮᠢᠶᠠᠷᠣᠯᠳᠠ ᠶᠢᠨ ᠰᠡᠷᠬᠡᠶᠢᠯᠡᠨ ᠡᠵᠡᠮᠳᠡᠵᠣ ᠬᠤᠯᠪᠣᠭᠠᠯᠠᠨ ᠬᠦᠳᠡᠯᠦᠯᠴᠡᠬᠦ | ᠲᠣᠭᠳᠠᠴᠠ ᠶᠢ ᠲᠦᠷᠭᠡᠳᠭᠡᠨ ᠪᠠᠶᠢᠭᠤᠯᠤᠨ᠎ᠠ ︵ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ | ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ | ᠬᠠᠷᠢᠭᠤᠴᠠᠨ᠎ᠠ︶᠃ | 2. ᠣᠷᠣᠨ ᠪᠦᠰᠡ ᠶᠢᠨ ᠦᠢᠯᠡᠳᠭᠦᠨ ᠤ ᠶᠠᠰᠣ ᠴᠢᠨᠠᠷ ᠪᠠ ᠦᠢᠯᠡᠳᠪᠦᠷᠢᠯᠡᠯ ᠤᠨ ᠠᠮᠦᠷ ᠲᠦᠪᠰᠢᠨ ᠤ | ᠠᠳᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠣ ᠵᠠᠰᠠᠬᠤ ᠲᠦᠷᠢᠮ ᠢ ᠲᠡᠭᠦᠯᠳᠡᠷᠵᠢᠭᠦᠯᠦᠨ᠎ᠡ᠃ ᠦᠪᠡᠷᠳᠡᠭᠡᠨ | ᠵᠠᠰᠠᠬᠤ ᠣᠷᠣᠨ ᠤ ᠠᠮᠦᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠮᠡᠳᠡᠭᠡ ᠵᠠᠩᠭᠢ ᠶᠢᠨ | ᠰᠢᠰᠲ᠋ᠧᠮᠵᠢ ᠵᠢᠴᠢ ᠳ᠋ᠡᠶᠢᠲ᠋ᠠ ᠬᠦᠮᠦᠷᠭᠡ ᠶᠢ ᠪᠠᠶᠢᠭᠤᠯᠤᠨ ᠲᠡᠭᠦᠯᠳᠡᠷᠵᠢᠭᠦᠯᠵᠤ᠂ ᠬᠦᠨᠳᠤ ᠶᠡᠭᠡ ᠭᠡᠮ ᠰᠣᠭᠤᠭ ᠢ ᠨᠡᠷ᠎ᠠ | ᠵᠢᠭᠠᠵᠦ ᠰᠢᠮᠳᠠᠭᠤᠯᠣᠨ ᠭᠦᠢᠴᠡᠳᠭᠡᠵᠣ᠂ ᠮᠦᠷᠳᠡᠨ ᠵᠠᠰᠠᠯᠳᠠ ᠬᠢᠨ᠎ᠡ᠃ ᠲᠦᠭᠰᠢᠭᠦᠷᠢ ᠶᠢᠨ ᠮᠡᠳᠡᠭᠡ ᠵᠠᠩᠭᠢ ᠶᠢ | ᠴᠣᠭᠯᠠᠭᠤᠯᠬᠤ ᠲᠣᠭᠳᠠᠴᠠ ᠶᠢ ᠪᠠᠶᠢᠭᠤᠯᠤᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠶᠣᠯ ᠦᠭᠡᠢ ᠦᠢᠯᠡᠳᠪᠦᠷᠢᠯᠡᠯ ᠳᠤ ᠨᠠᠮ ᠵᠠᠰᠠᠭ ᠤᠨ | ᠠᠳᠠᠯᠢ ᠬᠠᠷᠢᠭᠤᠴᠠᠯᠭ᠎ᠠ ᠪᠠ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ ᠶᠢᠨ ᠲᠦᠷ | ᠬᠡᠷᠡᠭᠵᠢᠭᠦᠯᠬᠦ ᠠᠷᠭ᠎ᠠ﹀ ᠶᠢ ᠲᠠᠷᠣᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠦᠪᠦᠷ ᠨᠠᠮ ᠠᠯᠪᠠᠨ ᠲᠠᠷᠬᠠᠭᠠᠭᠰᠠᠨ | ﹇2014﹈ 42 ᠳ᠋ᠣᠭᠠᠷ ᠲᠣᠭᠠᠲᠦ︶ ᠤᠨ ᠲᠣᠭᠳᠠᠭᠠᠯ ᠢ ᠴᠢᠩᠭ᠎ᠠ ᠬᠡᠷᠡᠭᠵᠢᠭᠦᠯᠵᠤ᠂ ᠨᠡᠯᠢᠶᠡᠳ ᠶᠡᠭᠡ ᠬᠡᠷᠡᠭ ᠠᠴᠠ | ᠳᠡᠭᠡᠭᠰᠢᠬᠢ ᠡ᠊ᠨᠳᠡᠯ ᠪᠤᠶᠤ ᠬᠦᠨᠳᠤ ᠶᠡᠭᠡ ᠠᠳᠡᠯ ᠤᠨ ᠲᠦᠭᠰᠢᠭᠦᠷᠢ ᠶᠢ ᠡᠵᠡᠮᠳᠡᠭᠰᠡᠨ ᠨᠢ ᠬᠦᠴᠦᠨ ᠦᠭᠡᠢ ᠭᠠᠵᠠᠷ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠳᠠᠨ ᠤ ︽ᠬᠤᠶᠠᠭᠤᠯᠠ ᠲᠠᠢ | ᠪᠤᠯᠵᠣᠨ ᠶᠠᠷᠢᠯᠴᠠᠬᠤ︾ ᠲᠦᠷᠢᠮ ᠢ ᠨᠠᠶᠢᠳᠠᠪᠦᠷᠢᠵᠢᠭᠤᠯᠬᠤ ᠶᠢ ᠠᠬᠢᠭᠤᠯᠣᠨ᠎ᠠ ︵ᠦᠪᠡᠷᠳᠡᠭᠡᠨ ᠵᠠᠰᠠᠬᠤ ᠣᠷᠣᠨ ᠤ | ᠠᠶᠤᠯ ᠦᠬᠡᠢ ᠶᠢᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ᠂ ᠶᠠᠰᠣ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ | ᠲᠤᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ᠂ ᠡ᠊ᠨᠳᠡᠯ ᠭᠠᠷᠬᠤ ᠨᠣᠷᠮ᠎ᠠ ᠪᠠᠷ ᠦᠨᠳᠦᠷ᠂ ᠬᠤᠬᠢᠷᠠᠯ ᠢᠶᠠᠷ ᠬᠦᠨᠳᠦ | ᠶᠡᠭᠡ ᠪᠠᠶᠢᠳᠠᠭ ᠭᠤᠭᠴᠤᠭ᠎ᠠ ᠪᠠ ᠬᠦᠷᠢᠶ᠎ᠡ ᠴᠠᠷᠠᠭ᠎ᠠ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠣᠷᠣᠨ | ᠪᠦᠰᠡ ᠶᠢᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ | ᠰᠡᠷᠭᠡᠶᠢᠯᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠲᠠᠪᠤ︶ ᠰᠢᠨᠵᠢᠯᠡᠬᠦ ᠣᠬᠠᠭᠠᠨ ᠮᠡᠷᠭᠡᠵᠢᠯ ᠤᠨ ᠠᠷᠭ᠎ᠠ ᠪᠠᠷᠢᠯ ᠢ ᠦᠷᠭᠡᠨ ᠢᠶᠠᠷ ᠬᠡᠷᠡᠭᠯᠡᠨ ᠬᠢᠨᠠᠯᠳᠠ | ᠬᠠᠮᠢᠶᠠᠷᠣᠯᠳᠠ ᠶᠢ ᠬᠡᠷᠡᠭᠵᠢᠭᠦᠯᠦᠨ᠎ᠡ᠃ | ᠰᠢᠨᠵᠢᠯᠡᠬᠦ ᠣᠬᠠᠭᠠᠨ ᠮᠡᠷᠭᠡᠵᠢᠯ ᠤᠨ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠶᠢ ᠪᠠᠶᠢᠭᠤᠯᠬᠤ ᠪᠠ | ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠨᠠᠯᠳᠠ ᠬᠠᠮᠢᠶᠠᠷᠣᠯᠳᠠ ᠶᠢᠨ | ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠬᠤᠭᠤᠷᠤᠨᠳᠣᠬᠢ ᠮᠡᠳᠡᠭᠡ ᠵᠠᠩᠭᠢ ᠶᠢᠨ ᠰᠠᠭᠠᠳ ᠦᠭᠡᠢ ᠰᠣᠯᠢᠯᠴᠠᠬᠤ᠂ | ᠬᠠᠮᠲᠦ ᠬᠦᠷᠳᠡᠬᠦ ᠶᠢ ᠪᠡᠶᠡᠯᠡᠭᠦᠯᠵᠤ᠂ ᠦᠨᠡᠮᠯᠡᠯ ᠭᠡᠷᠡᠴᠢ ᠪᠠᠷ ᠬᠤᠯᠪᠣᠭᠠᠯᠠᠨ ᠬᠦᠳᠡᠯᠦᠯᠴᠡᠬᠦ ᠬᠢᠨᠠᠯᠳᠠ | ᠬᠠᠮᠢᠶᠠᠷᠣᠯᠳᠠ ᠶᠢ ᠬᠡᠷᠡᠭᠵᠢᠭᠦᠯᠦᠨ᠎ᠡ᠃ ᠮᠡᠳᠡᠭᠡ ᠵᠠᠩᠭᠢ ᠶᠢᠨ ᠰᠢᠨᠵᠢᠯᠡᠬᠦ ᠣᠬᠠᠭᠠᠨ ᠮᠡᠷᠭᠡᠵᠢᠯ ᠢ ᠭᠦᠢᠴᠡᠳ ᠠᠰᠢᠭᠯᠠᠨ | ᠰᠦᠯᠵᠢᠶᠡᠨ ᠲᠡᠭᠡᠷ᠎ᠡ ᠴᠠᠭ ᠳᠤᠨᠢ ᠬᠢᠨᠠᠯᠳᠠ ᠲᠠᠯᠪᠢᠨ ᠬᠢᠨᠠᠨ ᠰᠢᠨᠵᠢᠬᠦ ᠶᠢ ᠪᠡᠶᠡᠯᠡᠭᠦᠯᠵᠤ᠂ ᠲᠣᠬᠠᠢ ᠶᠢᠨ ᠲᠠᠯᠠᠪᠠᠢ ᠶᠢᠨ | ᠪᠣᠰᠣ ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠦᠯᠳᠡ ᠶᠢ ᠴᠢᠩᠭᠠᠳᠬᠠᠨ᠎ᠠ᠃ ᠨᠡᠭᠦᠳᠡᠯᠯᠡᠨ ᠬᠠᠣᠯᠢ | ᠬᠡᠷᠡᠭᠵᠢᠭᠦᠯᠬᠦ᠂ ᠬᠡᠷᠡᠭ ᠤᠨ ᠡᠯᠧᠺᠲᠷᠣᠨ ᠡᠪᠬᠡᠮᠡᠯ ᠵᠡᠷᠭᠡ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠠᠣᠯᠢ | ᠬᠡᠷᠡᠭᠵᠢᠭᠦᠯᠬᠦ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠣᠭᠠᠨ ᠤ ᠲᠤᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ | ᠶᠠᠰᠣ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠠᠶᠤᠯ ᠦᠬᠡᠢ ᠶᠢᠨ ᠬᠢᠨᠠᠯᠳᠠ ᠬᠠᠮᠢᠶᠠᠷᠣᠯᠳᠠ ᠶᠢᠨ | ᠲᠤᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠢᠩᠬᠢᠮ᠂ ᠰᠣᠶᠣᠯ ᠤᠨ ᠲᠢᠩᠬᠢᠮ᠂ ᠬᠦᠬᠡᠬᠤᠳᠠ | ᠪᠤᠭᠤᠮᠳᠡ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ | ᠲᠣᠰ ᠬᠠᠷᠢᠭᠤᠴᠠᠨ᠎ᠠ︶᠃ ᠪᠤᠳᠠᠰᠯᠢᠭ ᠬᠤᠯᠪᠤᠭᠠᠳᠤ ᠰᠦᠯᠵᠢᠶ᠎ᠡ ᠶᠢ ᠠᠰᠢᠭᠯᠠᠨ ᠴᠢᠬᠤᠯᠠ ᠦᠢᠯᠡᠳᠭᠦᠨ ᠵᠡᠷᠭᠡ ᠶᠢᠨ | ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠵᠤ᠂ ︽ᠢᠷᠡᠯᠳᠡ ᠶᠢ ᠪᠠᠶᠢᠴᠠᠭᠠᠵᠤ ᠲᠡᠶᠢᠯᠬᠦ᠂ ᠭᠦᠢᠯᠭᠡᠭᠡ ᠶᠢ ᠮᠦᠷᠳᠡᠵᠤ | ᠲᠡᠶᠢᠯᠬᠦ᠂ ᠬᠠᠷᠢᠭᠤᠴᠠᠯᠭ᠎ᠠ ᠶᠢ ᠨᠡᠬᠡᠮᠵᠢᠯᠡᠵᠣ ᠲᠡᠶᠢᠯᠬᠦ︾ ᠮᠡᠳᠡᠭᠡ ᠵᠠᠩᠭᠢ ᠶᠢᠨ ᠬᠡᠯᠬᠢᠶᠡᠰᠦ ᠶᠢ ᠪᠦᠷᠢᠯᠳᠦᠭᠦᠯᠦᠨ᠎ᠡ᠃ | ᠮᠢᠬᠠᠨ ᠪᠠ ᠢᠳᠡᠰᠢᠨ ᠨᠤᠭᠤᠭ᠎ᠠ ᠶᠢᠨ ᠮᠦᠷᠳᠡᠬᠦ ᠰᠢᠰᠲ᠋ᠧᠮᠵᠢ ᠶᠢᠨ ᠲᠦᠷᠦᠯ ᠵᠦᠢᠯ ᠤᠨ ᠪᠠᠶᠢᠭᠤᠯᠤᠯᠳᠠ ᠶᠢ | ᠲᠦᠷᠭᠡᠳᠭᠡᠨ ᠠᠬᠢᠭᠤᠯᠵᠤ᠂ ᠬᠦᠬᠡᠬᠤᠳᠠ᠂ ᠪᠤᠭᠤᠲᠦ ᠬᠤᠳᠠ ᠶᠢᠨ ᠮᠢᠬᠠᠨ ᠪᠠ ᠢᠳᠡᠰᠢᠨ ᠨᠤᠭᠤᠭ᠎ᠠ ᠶᠢᠨ | ᠭᠦᠢᠯᠭᠡᠭᠡᠨ ᠤ ᠮᠦᠷᠳᠡᠬᠦ ᠰᠢᠰᠲ᠋ᠧᠮᠵᠢ ᠪᠠ ᠣᠯᠭᠠᠠᠬᠠᠳᠠ ᠬᠤᠳᠠ ᠶᠢᠨ ᠬᠢᠳᠡᠳ ᠡᠮ ᠤᠨ ᠮᠠᠲ᠋ᠧᠷᠢᠶᠠᠯ ᠤᠨ | ᠭᠦᠢᠯᠭᠡᠭᠡᠨ ᠤ ᠮᠦᠷᠳᠡᠬᠦ ᠰᠢᠰᠲ᠋ᠧᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠣᠷᠰᠢᠯᠳᠡ ᠶᠢ | ᠢᠳᠡᠪᠬᠢᠲᠠᠢ ᠪᠠᠷ ᠠᠬᠢᠭᠤᠯᠤᠨ᠎ᠠ ︵ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠣᠳᠠᠯ ᠤᠨ ᠲᠢᠩᠬᠢᠮ᠂ | ᠢᠳᠡᠭᠡᠨ ᠤ ᠠᠮᠦᠷ ᠲᠦᠪᠰᠢᠨ ᠤ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠤᠰᠤᠭᠠᠷ ᠲᠣᠰ ᠲᠣᠰ ᠬᠠᠷᠢᠭᠤᠴᠠᠨ᠎ᠠ︶᠃ ᠡᠯᠧᠺᠲᠷᠣᠨ ᠭᠠᠷ ᠤᠨ ᠦᠰᠦᠭ ᠵᠢᠷᠣᠬᠤ ᠬᠠᠣᠯᠢ ᠴᠠᠭᠠᠵᠠ ᠶᠢᠨ | ᠬᠦᠴᠦᠨ ᠢ ᠬᠢᠨᠠᠨ ᠲᠣᠭᠳᠠᠭᠠᠵᠣ ᠲᠡᠭᠦᠯᠳᠡᠷᠵᠢᠭᠦᠯᠦᠭᠰᠡᠨ ᠰᠠᠭᠤᠷᠢᠨ ᠲᠡᠭᠡᠷ᠎ᠡ᠂ ᠮᠠᠨ ᠤ ᠣᠷᠣᠨ ᠤ ᠨᠢᠭᠡᠳᠦᠯᠲᠠᠢ | ᠡᠯᠧᠺᠲᠷᠣᠨ ᠭᠡᠷᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ ︵ᠦᠪᠡᠷᠳᠡᠭᠡᠨ ᠵᠠᠰᠠᠬᠤ | ᠣᠷᠣᠨ ᠤ ᠠᠵᠣ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ᠲᠦᠷᠪᠡ᠂ ᠢᠳᠡᠭᠡᠮᠵᠢ ᠶᠢᠨ ᠬᠢᠨᠠᠯᠳᠠ ᠬᠠᠮᠢᠶᠠᠷᠣᠯᠳᠠ ᠶᠢᠨ ᠰᠠᠭᠤᠷᠢ ᠶᠢ ᠪᠠᠬᠢᠵᠢᠭᠦᠯᠦᠨ᠎ᠡ | ᠮᠡᠳᠡᠭᠡ ᠵᠠᠩᠭᠢ ᠶᠢ ᠢᠯᠡ ᠨᠡᠶᠢᠳᠡᠯᠡᠬᠦ᠂ ᠮᠡᠳᠡᠭᠡ ᠵᠠᠩᠭᠢ ᠶᠢ ᠬᠠᠮᠲᠦᠪᠠᠷ ᠬᠦᠷᠳᠡᠬᠦ ᠪᠠ ᠮᠡᠳᠡᠭᠡ ᠵᠠᠩᠭᠢ ᠶᠢ | ᠬᠢᠵᠠᠭᠠᠷᠯᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠦᠨᠡᠨᠴᠢ ᠢᠳᠡᠭᠡᠮᠵᠢᠲᠠᠢ᠂ ᠦᠪᠡᠷ ᠢ ᠪᠠᠨ ᠱᠠᠭᠠᠷᠳᠠᠬᠤ᠂ | ᠢᠳᠡᠭᠡᠮᠵᠢᠲᠠᠢ ᠪᠠᠶᠢᠬᠤ᠂ ᠬᠠᠷᠢᠯᠴᠠᠨ ᠢᠳᠡᠭᠡᠬᠦ ᠨᠡᠶᠢᠭᠡᠮ ᠤᠨ ᠢᠳᠡᠭᠡᠮᠵᠢ ᠶᠢᠨ ᠣᠷᠴᠢᠨ ᠲᠣᠭᠤᠷᠢᠨ ᠢ ᠪᠤᠢ ᠪᠤᠯᠭᠠᠨ᠂ | ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠭᠡᠷ᠎ᠡ ᠪᠠᠨ ᠵᠢᠷᠣᠮᠯᠠᠨ ᠰᠠᠬᠢᠵᠤ ᠠᠮᠠᠯᠠᠯᠲᠠ ᠪᠠᠨ | ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ | ︵ᠨᠢᠭᠡ︶ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠳᠠ ᠶᠢ ᠲᠦᠷᠭᠡᠳᠭᠡᠨ᠎ᠡ᠃ | 1. ᠪᠦᠬᠦ ᠣᠷᠣᠨ ᠤ ᠣᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠲᠦᠷᠭᠡᠳᠭᠡᠨ᠎ᠡ᠃ ᠮᠦᠩᠭᠦᠨ ᠭᠦᠢᠯᠭᠡᠭᠡᠨ᠂ ᠠᠵᠤ ᠦᠢᠯᠡᠳᠪᠦᠷᠢ ᠬᠤᠳᠠᠯᠳᠣᠭᠠᠨ ᠤ ᠲᠠᠩᠰᠠᠯᠠᠯᠳᠠ᠂ | ᠭᠠᠶᠢᠯᠢ ᠲᠠᠳᠠᠪᠦᠷᠢᠯᠠᠵᠤ ᠲᠣᠰᠢᠶᠠᠬᠤ᠂ ᠨᠡᠶᠢᠭᠡᠮ ᠤᠨ ᠲᠠᠭᠠᠳᠬᠠᠯ ᠤᠨ ᠵᠠᠷᠣᠳᠠᠯ ᠲᠣᠰᠢᠶᠠᠬᠤ᠂ ᠵᠠᠮ ᠬᠠᠷᠢᠯᠴᠠᠭᠠᠨ ᠤ | ᠲᠦᠷᠢᠮ ᠠᠴᠠ ᠵᠦᠷᠢᠴᠡᠬᠦ᠂ ᠲᠤᠭ᠎ᠠ ᠪᠦᠷᠢᠳᠭᠡᠯ ᠵᠡᠷᠭᠡ ᠶᠢ ᠪᠠᠭᠳᠠᠭᠠᠭᠰᠠᠨ ᠪᠤᠢ ᠪᠦᠬᠦᠢ ᠢᠳᠡᠭᠡᠮᠵᠢ ᠶᠢᠨ ᠮᠡᠳᠡᠭᠡ | ᠵᠠᠩᠭᠢ ᠶᠢᠨ ᠲᠦᠷᠦᠯ ᠢᠯᠭᠠᠯ᠂ ᠪᠦᠬᠦ ᠢᠳᠡᠭᠡᠮᠵᠢ ᠶᠢᠨ ᠭᠤᠤᠯ ᠴᠣᠭᠴᠠ ᠶᠢ ᠬᠠᠮᠣᠷᠣᠭᠰᠠᠨ ᠪᠦᠬᠦ ᠣᠷᠣᠨ ᠤ ᠣᠯᠠᠨ | ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠢᠳᠡᠭᠡᠮᠵᠢ ᠶᠢᠨ | ᠪᠠᠷᠢᠮᠵᠢᠶᠠᠵᠢᠭᠤᠯᠤᠭᠰᠠᠨ ᠪᠠᠶᠢᠭᠤᠯᠤᠯᠳᠠ ᠶᠢ ᠠᠬᠢᠭᠤᠯᠵᠤ᠂ ᠨᠡᠶᠢᠭᠡᠮ ᠤᠨ ᠢᠳᠡᠭᠡᠮᠵᠢ ᠶᠢᠨ ᠨᠢᠭᠡᠳᠦᠯᠲᠠᠢ ᠣᠷᠣᠯᠠᠬᠤ | ᠨᠣᠮᠧᠷ ᠤᠨ ᠲᠦᠷᠢᠮ ᠢ ᠪᠠᠶᠢᠭᠤᠯᠤᠨ᠂ ᠢᠳᠡᠭᠡᠮᠵᠢ ᠶᠢᠨ ᠮᠡᠳᠡᠭᠡ ᠵᠠᠩᠭᠢ ᠶᠢ ᠴᠣᠭᠯᠠᠭᠤᠯᠬᠤ᠂ ᠬᠠᠳᠠᠭᠠᠯᠠᠬᠤ᠂ | ᠬᠠᠮᠲᠦᠪᠠᠷ ᠬᠦᠷᠳᠡᠬᠦ ᠪᠠ ᠬᠡᠷᠡᠭᠯᠡᠬᠦ ᠵᠡᠷᠭᠡ ᠭᠤᠭᠴᠣᠭᠠᠨ ᠤ ᠲᠦᠷᠢᠮ ᠢ ᠲᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ | ᠣᠷᠣᠨ ᠤ ᠲᠡᠰ ᠤᠨ ᠪᠠ ᠲᠣᠭᠤᠷᠢᠭ ᠪᠠᠶᠢᠭᠤᠯᠤᠬᠰᠠᠨ ᠬᠤᠳᠠ ᠶᠢᠨ ᠣᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ᠂ ᠠᠵᠢᠯ ᠲᠦᠷᠦᠯ ᠤᠨ ᠢᠳᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ | ᠪᠠᠶᠢᠭᠤᠯᠤᠯᠳᠠ ᠵᠢᠴᠢ ᠬᠠᠷᠢᠯᠴᠠᠨ ᠬᠤᠯᠪᠤᠭᠠᠯᠵᠤ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠎ᠠ᠃ ᠦᠪᠡᠷᠳᠡᠭᠡᠨ | ᠵᠠᠰᠠᠬᠤ ᠣᠷᠣᠨ ᠤ ᠠᠵᠣ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠳᠡᠯᠡᠬᠦ ᠰᠢᠰᠲ᠋ᠧᠮᠵᠢ ᠶᠢ | ᠲᠡᠭᠦᠯᠳᠡᠷᠵᠢᠭᠦᠯᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ ᠢ | ᠲᠡᠭᠦᠯᠳᠡᠷᠵᠢᠭᠦᠯᠦᠨ᠂ ᠢᠳᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠨ ᠬᠠᠮᠳᠣᠪᠡᠷ ᠬᠦᠷᠳᠡᠬᠦ | ᠲᠣᠭᠳᠠᠴᠠ ᠶᠢ ᠪᠠᠶᠢᠭᠤᠯᠤᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠢᠳᠡᠭᠡᠮᠵᠢ ᠶᠢᠨ ᠬᠢᠨᠠᠯᠳᠠ | ᠬᠠᠮᠢᠶᠠᠷᠣᠯᠳᠠ ᠶᠢ ᠴᠢᠩᠭᠠᠳᠬᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ | ᠵᠦᠪᠯᠡᠯ᠂ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠳᠡ ᠶᠢᠨ ᠲᠦᠪ | ᠰᠠᠯᠪᠦᠷᠢ ᠪᠠᠩᠭᠢ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ | ᠬᠠᠷᠢᠭᠤᠴᠠᠨ᠎ᠠ︶᠃ | 2. ᠢᠲᠡᠭᠡᠮᠵᠢᠲᠡᠢ ᠪᠠᠶᠢᠬᠤ ᠶᠢ ᠵᠢᠷᠣᠮᠯᠠᠨ ᠰᠠᠬᠢᠬᠤ ᠶᠢ ᠣᠷᠮᠠᠰᠢᠭᠤᠯᠬᠤ ᠪᠠ ᠢᠳᠡᠬᠡᠮᠵᠢ ᠠᠯᠳᠠᠭᠰᠠᠳ ᠢ | ᠵᠠᠯᠬᠠᠭᠠᠬᠤ ᠲᠣᠭᠳᠠᠴᠠ ᠶᠢ ᠪᠠᠶᠢᠭᠤᠯᠤᠨ ᠲᠡᠭᠦᠯᠳᠡᠷᠵᠢᠬᠦᠯᠦᠨ᠎ᠡ᠃ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ | ᠢᠳᠡᠭᠡᠮᠵᠢ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠴᠢᠬᠤᠯᠠ ᠯᠠᠪᠯᠠᠯᠳᠠ ᠪᠣᠯᠭᠠᠨ᠎ᠠ᠃ | ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠢᠳᠡᠭᠡᠮᠵᠢ ᠶᠢᠨ ᠪᠠᠶᠢᠳᠠᠯ ᠳᠤ ᠲᠦᠷᠦᠯ ᠲᠡᠰ ᠬᠤᠪᠢᠶᠠᠬᠤ ᠪᠠ | ᠬᠦᠳᠡᠯᠦᠩᠭᠦᠢ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠵᠤ᠂ ᠡᠵᠡᠩᠨᠡᠯᠳᠡ ᠶᠢᠨ ᠬᠡᠪ ᠤᠨ ᠪᠣᠰᠣ ᠨᠡᠷ᠎ᠡ ᠶᠢᠨ | ᠵᠢᠭᠰᠠᠭᠠᠯᠳᠠ ᠪᠠ ᠬᠠᠣᠯᠢ ᠠᠴᠠ ᠵᠦᠷᠢᠴᠡᠭᠰᠡᠨ ᠠᠵᠣ ᠠᠬᠤᠶᠢᠯᠠᠯ ᠤᠨ ᠨᠡᠷᠡᠰ ᠤᠨ ᠬᠠᠮᠢᠶᠠᠷᠣᠯᠳᠠ ᠶᠢᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠵᠠᠬ᠎ᠠ ᠲᠡᠯᠭᠡᠭᠦᠷ ᠤᠨ ᠦᠷᠢᠰᠦᠯᠳᠦᠬᠡᠨ ᠤ ᠵᠠᠷᠴᠢᠮ ᠠᠴᠠ ᠵᠦᠷᠢᠴᠡᠭᠰᠡᠨ ᠪᠠ | ᠬᠡᠷᠡᠭᠯᠡᠭᠴᠢᠳ ᠤᠨ ᠬᠠᠣᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠵᠠᠬ᠎ᠠ ᠲᠡᠯᠭᠡᠭᠦᠷ ᠤᠨ ᠭᠤᠣᠯ ᠴᠣᠭᠴᠠ ᠳᠤ | ᠬᠢᠨᠡᠯᠳᠡ ᠬᠠᠮᠢᠶᠠᠷᠣᠯᠳᠠ ᠶᠢ ᠴᠢᠩᠭᠠᠳᠬᠠᠨ᠎ᠠ᠃ ︵ᠦᠪᠡᠷᠳᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠣᠭᠠᠨ ᠤ ᠲᠤᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ ᠢᠳᠡᠭᠡᠮᠵᠢᠳᠡᠢ ᠪᠠᠶᠢᠬᠤ ᠶᠢ ᠵᠢᠷᠣᠮᠯᠠᠨ | ᠰᠠᠬᠢᠬᠤ ᠭᠤᠣᠯ ᠴᠣᠭᠴᠠ ᠶᠢ ᠲᠡᠮᠵᠢᠬᠦ ᠪᠠ ᠣᠷᠮᠠᠰᠢᠭᠤᠯᠵᠦ᠂ ᠢᠳᠡᠭᠡᠮᠵᠢ ᠠᠯᠳᠠᠭᠰᠠᠨ ᠭᠤᠣᠯ ᠴᠣᠭᠴᠠ ᠶᠢ | ᠡᠵᠡᠩᠨᠡᠯᠳᠡ ᠬᠢᠬᠦ᠂ ᠪᠡᠯᠡ ᠲᠣᠬᠢᠷᠠᠭᠤᠯᠬᠤ ᠪᠠ ᠣᠷᠣᠭᠤᠯᠬᠤ᠂ ᠵᠠᠰᠠᠭ ᠤᠨ ᠣᠷᠳᠣᠨ ᠤ ᠬᠠᠩᠭᠠᠬᠤ ᠭᠠᠵᠠᠷ ᠰᠢᠷᠦᠢ᠂ | ᠭᠠᠳᠠᠭᠠᠳᠦ ᠠᠴᠠ ᠣᠷᠣᠭᠤᠯᠵᠦ ᠭᠠᠳᠠᠭᠠᠳᠤ ᠳᠤ ᠭᠠᠷᠭᠠᠬᠤ᠂ ᠬᠢᠯᠢ ᠪᠠᠷ ᠣᠷᠣᠵᠣ ᠭᠠᠷᠬᠤ᠂ ᠰᠢᠨ᠎ᠡ ᠺᠣᠮᠫᠠᠨᠢ | ᠲᠠᠩᠰᠠᠯᠠᠭᠤᠯᠬᠤ᠂ ᠪᠠᠷᠢᠯᠭ᠎ᠠ ᠶᠢᠨ ᠲᠠᠭᠠᠭᠠᠴᠢᠯᠠᠯᠳᠠ ᠵᠠᠷᠯᠠᠵᠦ ᠲᠠᠭᠠᠭᠠᠴᠢᠯᠠᠯᠳᠠ ᠬᠦᠯᠢᠶᠡᠬᠦ᠂ ᠵᠠᠰᠠᠭ ᠤᠨ ᠣᠷᠳᠣᠨ ᠤ | ᠬᠤᠳᠠᠯᠳᠣᠨ ᠠᠪᠬᠤ᠂ ᠢᠷᠠᠭᠤ ᠠᠯᠳᠠᠷ ᠬᠦᠷᠳᠡᠬᠦ᠂ ᠠᠮᠦᠷ ᠲᠦᠪᠰᠢᠨ ᠤ ᠵᠦᠪᠰᠢᠶᠡᠷᠡᠯ᠂ ᠦᠢᠯᠡᠳᠪᠦᠷᠢᠯᠡᠯ ᠤᠨ | ᠵᠦᠪᠰᠢᠶᠡᠷᠡᠯ᠂ ᠠᠵᠢᠯ ᠡᠷᠬᠢᠯᠡᠵᠦ ᠲᠣᠰᠢᠶᠠᠯ ᠬᠠᠷᠢᠭᠤᠴᠠᠬᠤ ᠬᠢᠷᠢ ᠭᠡᠮ᠂ ᠬᠢᠷᠢ ᠴᠢᠳᠠᠮᠵᠢ ᠶᠢ ᠬᠢᠨᠠᠨ ᠬᠠᠷᠭᠤᠭᠤᠯᠬᠤ | ᠵᠡᠷᠭᠡ ᠲᠠᠯ᠎ᠠ ᠪᠠᠷ ᠬᠠᠣᠯᠢ ᠶᠣᠰᠣᠭᠠᠷ ᠬᠢᠵᠠᠭᠠᠷᠯᠠᠬᠤ ᠪᠣᠶᠣ ᠴᠠᠭᠠᠵᠠᠯᠠᠵᠦ᠂ ᠬᠠᠥᠯᠢ ᠠᠴᠠ ᠬᠦᠨᠳᠦ ᠨᠣᠴᠢᠳᠠᠢ | ᠵᠦᠷᠢᠴᠡᠨ ᠢᠳᠡᠭᠡᠮᠵᠢ ᠠᠯᠳᠠᠭᠰᠠᠨ ᠭᠤᠣᠯ ᠴᠣᠭᠴᠠ ᠶᠢᠨ ᠵᠠᠬ᠎ᠠ ᠲᠡᠯᠭᠡᠭᠦᠷ ᠲᠤ ᠣᠷᠣᠬᠤ ᠶᠢ ᠴᠠᠭᠠᠵᠠᠯᠠᠬᠤ | ᠲᠦᠷᠢᠮ ᠢ ᠬᠡᠷᠡᠭᠵᠢᠬᠦᠯᠦᠨ᠎ᠡ᠃ | ︵ᠬᠤᠶᠠᠷ︶ ᠢᠳᠡᠭᠡᠮᠵᠢ ᠶᠢᠨ ᠮᠡᠳᠡᠭᠡ ᠵᠠᠩᠭᠢ ᠶᠢᠨ ᠨᠡᠶᠢᠭᠡᠮ ᠤᠨ ᠬᠡᠷᠡᠭᠯᠡᠯᠳᠡ ᠶᠢ ᠢᠳᠡᠪᠬᠢᠲᠠᠢ ᠠᠬᠢᠭᠤᠯᠣᠨ᠎ᠠ᠃ | ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ ᠶᠢ ᠲᠦᠷᠭᠡᠳᠭᠡᠨ ᠠᠬᠢᠭᠤᠯᠣᠨ᠎ᠠ᠃ ᠣᠯᠠᠨ ᠨᠡᠶᠢᠳᠡ ᠶᠢᠨ | ᠠᠮᠣᠷ ᠲᠦᠪᠰᠢᠨ᠂ ᠬᠤᠳᠠᠯᠳᠣᠭᠠᠨ ᠤ ᠨᠢᠭᠤᠴᠠ ᠪᠠ ᠬᠤᠪᠢ ᠶᠢᠨ ᠬᠦᠮᠦᠨ ᠤ ᠨᠢᠭᠤᠴᠠ ᠲᠠᠢ ᠬᠤᠯᠪᠣᠭᠳᠠᠭᠰᠠᠨ | ᠮᠡᠳᠡᠭᠡ ᠵᠠᠩᠬᠢ ᠶᠢ ᠬᠠᠮᠠᠭᠠᠯᠠᠭᠰᠠᠨ ᠰᠠᠭᠤᠷᠢᠨ ᠲᠡᠭᠡᠷ᠎ᠡ᠂ ᠵᠠᠰᠠᠭ ᠵᠠᠬᠢᠷᠭᠠᠨ ᠤ ᠬᠠᠮᠢᠶᠠᠷᠣᠯᠳᠡ ᠶᠢᠨ ᠲᠣᠮᠳᠡ | ᠡᠵᠡᠮᠰᠢᠵᠦ ᠪᠦᠬᠦᠢ ᠢᠳᠡᠭᠡᠮᠵᠢ ᠶᠢᠨ ᠮᠡᠳᠡᠭᠡ ᠵᠠᠩᠬᠢ ᠶᠢ ᠬᠠᠥᠯᠢ ᠶᠣᠰᠣᠭᠠᠷ ᠢᠯᠡ ᠪᠣᠯᠭᠠᠨ᠎ᠠ᠃ ᠢᠳᠡᠭᠡᠮᠵᠢ ᠶᠢᠨ | ᠮᠡᠳᠡᠭᠡ ᠵᠠᠩᠬᠢ ᠶᠢ ᠠᠰᠠᠭᠤᠨ ᠯᠠᠪᠯᠠᠬᠤ ᠵᠠᠮ ᠮᠦᠷ ᠢ ᠦᠷᠭᠡᠳᠭᠡᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ | ᠰᠠᠭᠤᠷᠢ ᠪᠣᠯᠬᠤ ᠢᠳᠡᠭᠡᠮᠵᠢ ᠶᠢᠨ ᠮᠡᠳᠡᠭᠡ ᠵᠠᠩᠬᠢ ᠪᠠ ᠬᠠᠥᠯᠢ ᠲᠣᠭᠳᠠᠭᠠᠯ ᠠᠴᠠ ᠵᠦᠷᠢᠴᠡᠭᠰᠡᠨ ᠮᠡᠳᠡᠭᠡ ᠵᠠᠩᠬᠢ ᠶᠢ | ᠠᠰᠠᠭᠤᠨ ᠯᠠᠪᠯᠠᠬᠤ ᠲᠠᠯ᠎ᠠ ᠪᠠᠷ ᠣᠯᠠᠨ ᠨᠡᠶᠢᠳᠡ ᠳᠤ ᠲᠦᠭᠦᠮ ᠠᠪᠰᠠᠷᠬᠠᠨ ᠦᠨᠳᠣᠷ ᠦᠷ᠎ᠡ ᠪᠦᠳᠦᠮᠵᠢᠳᠦ | ᠦᠢᠯᠡᠴᠢᠯᠡᠭᠡ ᠬᠠᠩᠭᠠᠨ᠎ᠠ᠃ ᠢᠳᠡᠭᠡᠮᠵᠢ ᠶᠢᠨ ᠦᠢᠯᠡᠴᠢᠯᠡᠭᠡᠨ ᠤ ᠵᠠᠬ᠎ᠠ ᠲᠡᠯᠭᠡᠭᠦᠷ ᠢ ᠬᠠᠥᠯᠢ ᠶᠣᠰᠣᠭᠠᠷ | ᠵᠢᠷᠣᠮᠵᠢᠭᠤᠯᠵᠦ᠂ ᠨᠡᠶᠢᠭᠡᠮ ᠤᠨ ᠢᠳᠡᠭᠡᠮᠵᠢ ᠶᠢᠨ ᠦᠢᠯᠡᠴᠢᠯᠡᠭᠡᠨ ᠤ ᠪᠠᠶᠢᠭᠤᠯᠣᠮᠵᠢ ᠶᠢ ᠪᠤᠶᠢᠵᠢᠭᠤᠯᠬᠤ ᠪᠠ | ᠬᠦᠭᠵᠢᠬᠦᠯᠵᠦ᠂ ᠬᠤᠪᠢ ᠬᠦᠮᠦᠨ ᠤ ᠮᠡᠳᠡᠭᠡ ᠵᠠᠩᠬᠢ ᠪᠣᠯᠣᠨ ᠨᠢᠭᠤᠴᠠ ᠶᠢ ᠬᠠᠮᠠᠭᠠᠯᠠᠬᠤ ᠲᠦᠷᠢᠮ ᠲᠣᠭᠳᠠᠭᠠᠯ | ᠪᠠᠶᠢᠭᠤᠯᠬᠤ ᠶᠢ ᠠᠬᠢᠭᠤᠯᠵᠦ᠂ ᠢᠳᠡᠭᠡᠮᠵᠢ ᠶᠢᠨ ᠦᠢᠯᠡᠴᠢᠯᠡᠭᠡᠨ ᠤ ᠪᠠᠶᠢᠭᠤᠯᠣᠮᠵᠢ ᠪᠠ ᠠᠵᠢᠯᠳᠠᠨ ᠳᠤ ᠬᠢᠨᠠᠯᠳᠠ | ᠬᠠᠮᠢᠶᠠᠷᠣᠯᠳᠡ ᠬᠢᠬᠦ ᠶᠢ ᠴᠢᠩᠭᠠᠳᠬᠠᠨ᠎ᠠ ︵ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ | ᠵᠦᠪᠯᠡᠯ᠂ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠠᠷᠡᠳ ᠤᠨ ᠪᠠᠩᠬᠢ ᠶᠢᠨ ᠬᠦᠬᠡᠬᠤᠳᠡ ᠶᠢᠨ ᠲᠦᠪ | ᠰᠠᠯᠪᠣᠷᠢ ᠪᠠᠩᠬᠢ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ | ᠬᠠᠷᠢᠭᠤᠴᠠᠨ᠎ᠠ︶᠃ | ᠲᠠᠪᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠬᠠᠥᠯᠢ ᠬᠡᠷᠡᠭᠵᠢᠬᠦᠯᠦᠯᠳᠡ ᠶᠢ ᠰᠠᠶᠢᠵᠢᠷᠠᠭᠤᠯᠣᠨ᠎ᠠ | ᠬᠠᠥᠯᠢ ᠬᠡᠷᠡᠭᠵᠢᠬᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠠᠥᠯᠢ ᠬᠡᠷᠡᠭᠵᠢᠬᠦᠯᠵᠦ ᠬᠢᠨᠡᠯᠳᠡ ᠲᠠᠯᠪᠢᠬᠤ | ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠣᠨ᠂ ᠬᠠᠥᠯᠢ ᠶᠣᠰᠣᠭᠠᠷ ᠬᠠᠥᠯᠢ ᠬᠡᠷᠡᠭᠵᠢᠬᠦᠯᠬᠦ᠂ | ᠲᠦᠪ ᠭᠤᠣᠯᠴᠢ ᠪᠠᠷ ᠬᠠᠥᠯᠢ ᠬᠡᠷᠡᠭᠵᠢᠬᠦᠯᠬᠦ᠂ ᠪᠣᠯᠪᠠᠰᠣᠨ ᠢᠶᠠᠷ ᠬᠠᠥᠯᠢ ᠬᠡᠷᠡᠭᠵᠢᠬᠦᠯᠬᠦ ᠶᠢ ᠦᠨᠡᠨᠬᠦ ᠪᠠᠳᠣᠯᠠᠨ᠎ᠠ᠃ | ︵ᠨᠢᠭᠡ︶ ᠵᠠᠬ᠎ᠠ ᠲᠡᠯᠭᠡᠭᠦᠷ ᠤᠨ ᠬᠠᠥᠯᠢ ᠬᠡᠷᠡᠭᠵᠢᠬᠦᠯᠬᠦ ᠠᠵᠢᠯᠯᠠᠭ᠎ᠠ ᠶᠢ ᠵᠢᠷᠣᠮᠵᠢᠭᠤᠯᠣᠨ᠎ᠠ᠃ | 1. ᠬᠠᠥᠯᠢ ᠶᠣᠰᠣᠭᠠᠷ ᠡᠬᠦᠷᠬᠡ ᠬᠠᠷᠢᠭᠤᠴᠠᠯᠭ᠎ᠠ ᠭᠦᠢᠴᠡᠳᠭᠡᠬᠦ ᠶᠢ ᠴᠢᠩᠳᠠᠯᠠᠨ᠎ᠠ᠃ ︽ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠡᠯᠳᠡ ᠬᠠᠮᠢᠶᠠᠷᠣᠯᠳᠡ ᠶᠢᠨ ᠠᠷᠭ᠎ᠠ︾ ︵ | ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠵᠠᠷᠯᠢᠭ 208 ᠳ᠋ᠣᠭᠠᠷ ᠲᠣᠭᠠᠳᠦ︶ ᠶᠢ | ᠨᠠᠶᠢᠳᠠᠪᠣᠷᠢᠵᠢᠭᠤᠯᠵᠦ᠂ ᠬᠠᠥᠯᠢ ᠳᠤ ᠲᠣᠭᠳᠠᠭᠰᠠᠨ ᠡᠷᠬᠡ ᠮᠡᠳᠡᠯ ᠤᠨ ᠬᠡᠪᠴᠢᠶ᠎ᠡ ᠪᠠ ᠵᠢᠷᠦᠮ ᠶᠣᠰᠣᠭᠠᠷ ᠡᠷᠬᠡ ᠪᠠᠨ | ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠢᠨᠠᠨ ᠬᠠᠮᠢᠶᠠᠷᠬᠤ ᠵᠠᠭᠠᠭ ᠱᠣᠭᠤᠮ ᠢᠶᠠᠨ ᠴᠢᠩᠭ᠎ᠠ | ᠲᠣᠭᠳᠠᠭᠠᠵᠦ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠭᠦᠷᠢ ᠲᠠᠢ ᠴᠢᠬ ᠤᠨ ᠪᠠᠶᠢᠭᠤᠯᠣᠯᠳᠡ ᠶᠢ | ᠠᠬᠢᠭᠤᠯᠣᠨ᠎ᠠ᠃ ᠬᠠᠥᠯᠢ ᠴᠠᠭᠠᠵᠠ᠂ ᠬᠠᠥᠯᠢ ᠲᠣᠭᠳᠠᠭᠠᠯ᠂ ᠲᠤᠬᠳᠠᠭᠠᠯ ᠲᠦᠷᠢᠮ ᠤᠨ ᠦᠨᠳᠣᠰᠣ ᠪᠠᠷᠢᠮᠳᠠ ᠦᠭᠡᠢ | ᠪᠣᠯ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠳ ᠵᠠᠬ᠎ᠠ ᠲᠡᠯᠭᠡᠭᠦᠷ ᠤᠨ ᠭᠤᠣᠯ | ᠴᠣᠭᠴᠠ ᠶᠢᠨ ᠡᠷᠬᠡ ᠠᠰᠢᠭ ᠢ ᠨᠦᠯᠦᠭᠡᠯᠡᠬᠦ ᠪᠣᠶᠣ ᠲᠡᠭᠦᠨ ᠤ ᠡᠭᠦᠷᠭᠡ ᠶᠢ ᠨᠡᠮᠡᠭᠳᠡᠭᠦᠯᠬᠦ ᠲᠣᠭᠳᠠᠭᠠᠯ ᠭᠠᠷᠭᠠᠵᠦ | ᠪᠣᠯᠬᠤ ᠦᠭᠡᠢ︔ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠳ ᠢᠷᠭᠡᠨ ᠤ ᠬᠡᠷᠡᠭ ᠤᠨ | ᠠᠵᠢᠯᠯᠠᠭ᠎ᠠ ᠳᠤ ᠣᠷᠣᠯᠴᠠᠨ᠂ ᠬᠠᠥᠯᠢ ᠶᠣᠰᠣᠭᠠᠷ ᠡᠷᠬᠡ ᠪᠠᠨ ᠬᠡᠷᠡᠭᠵᠢᠬᠦᠯᠵᠦ᠂ ᠡᠭᠦᠷᠭᠡ ᠪᠠᠨ ᠭᠦᠢᠴᠡᠳᠭᠡᠨ᠂ | ᠬᠠᠷᠢᠭᠤᠴᠠᠯᠭ᠎ᠠ ᠡᠭᠦᠷᠭᠡᠯᠡᠨ᠎ᠡ ︵ᠦᠪᠡᠷᠳᠡᠭᠡᠨ ᠵᠠᠰᠠᠬᠤ ᠣᠷᠣᠨ ᠤ ᠬᠠᠥᠯᠢ ᠲᠦᠷᠢᠮ ᠤᠨ ᠠᠯᠪᠠᠨ ᠭᠡᠷ᠂ ᠡᠯ᠎ᠡ | ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠬᠠᠥᠯᠢ ᠬᠡᠷᠡᠭᠵᠢᠭᠦᠯᠬᠦ ᠠᠵᠢᠯᠯᠠᠭ᠎ᠠ ᠶᠢᠨ ᠬᠠᠥᠯᠢᠵᠢᠯᠳᠡ᠂ ᠵᠢᠷᠣᠮᠵᠢᠯᠳᠠ᠂ ᠲᠦᠷᠢᠮᠵᠢᠯᠳᠡ ᠶᠢ | ᠴᠢᠩᠭᠠᠳᠬᠠᠨ᠎ᠠ᠃ ᠰᠢᠨᠵᠢᠯᠡᠬᠦ ᠣᠬᠠᠭᠠᠨᠴᠢ ᠬᠢᠨᠠᠯᠳᠠ ᠬᠠᠮᠢᠶᠠᠷᠣᠯᠳᠠ ᠶᠢᠨ ᠲᠦᠷᠢᠮ ᠪᠠ ᠠᠷᠭ᠎ᠠ ᠶᠢ ᠪᠠᠶᠢᠭᠤᠯᠵᠦ᠂ ︽ | ᠬᠤᠣᠰ ᠲᠠᠰᠢᠷᠠᠮ︾ ᠤᠨ ᠰᠣᠭᠤᠴᠢᠨ ᠪᠠᠶᠢᠴᠠᠭᠠᠯᠳᠠ ᠪᠠᠷ ᠭᠤᠣᠯᠳᠠᠯᠭ᠎ᠠ ᠪᠣᠯᠭᠠᠭᠰᠠᠨ ᠡᠳᠦᠷ ᠲᠣᠳᠣᠮ ᠤᠨ ᠬᠢᠨᠠᠯᠳᠠ | ᠪᠠᠶᠢᠴᠠᠭᠠᠯᠳᠠ ᠶᠢᠨ ᠲᠦᠷᠢᠮ ᠢ ᠲᠡᠭᠦᠯᠳᠡᠷᠵᠢᠬᠦᠯᠵᠦ᠂ ᠬᠠᠥᠯᠢ ᠬᠡᠷᠡᠭᠵᠢᠬᠦᠯᠬᠦ ᠠᠵᠢᠯ ᠤᠨ ᠴᠣᠪᠣᠷᠠᠯ ᠢ | ᠰᠢᠯᠢᠳᠡᠭᠵᠢᠬᠦᠯᠦᠨ ᠨᠠᠷᠢᠯᠢᠬᠵᠢᠭᠤᠯᠵᠦ᠂ ᠵᠢᠷᠦᠮ ᠤᠨ ᠲᠦᠪ ᠭᠤᠣᠯᠴᠢ ᠪᠠᠶᠢᠬᠤ ᠶᠢ ᠦᠨᠡᠨᠬᠦ ᠪᠠᠳᠣᠯᠠᠵᠦ᠂ ᠬᠠᠥᠯᠢ | ᠬᠡᠷᠡᠭᠵᠢᠬᠦᠯᠬᠦ ᠦᠭᠡᠢ᠂ ᠬᠠᠥᠯᠢ ᠶᠢ ᠲᠣᠷ᠎ᠡ ᠪᠠᠷ ᠨᠢ ᠬᠡᠷᠡᠭᠵᠢᠬᠦᠯᠬᠦ᠂ ᠬᠠᠥᠯᠢ ᠬᠡᠷᠡᠭᠵᠢᠬᠦᠯᠬᠦ ᠳᠡᠭᠡᠨ ᠠᠷᠡᠳ ᠢ | ᠲᠦᠢᠪᠡᠬᠡᠬᠦ ᠵᠡᠷᠬᠡ ᠠᠰᠠᠭᠤᠳᠠᠯ ᠢ ᠦᠨᠡᠨ ᠪᠣᠳᠠᠳᠠᠢ ᠰᠢᠢᠳᠪᠦᠷᠢᠯᠡᠨ᠎ᠡ ︵ᠦᠪᠡᠷᠳᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠬᠤᠳᠠᠯᠳᠣᠭᠠᠨ ᠤ ᠲᠣᠪᠴᠢᠶ᠎ᠠ᠂ ᠶᠠᠰᠦ ᠴᠢᠨᠡᠷ ᠲᠤ ᠮᠡᠷᠭᠡᠵᠢᠯ ᠤᠨ ᠬᠢᠨᠠᠯᠳᠡ ᠲᠠᠯᠪᠢᠬᠤ ᠲᠣᠪᠴᠢᠶ᠎ᠠ᠂ | ᠠᠶᠤᠯ ᠦᠬᠡᠢ ᠶᠢᠨ ᠬᠢᠨᠠᠯᠲᠠ ᠬᠠᠮᠢᠶᠠᠷᠣᠯᠳᠡ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠣᠯᠳᠡ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠢᠩᠬᠢᠮ ᠵᠡᠷᠭᠡ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠵᠢᠷᠦᠮ ᠪᠣᠯᠣᠨ ᠲᠦᠷᠢᠮ ᠤᠨ ᠪᠠᠶᠢᠭᠤᠯᠣᠯᠳᠡ ᠶᠢ ᠲᠡᠭᠦᠯᠳᠡᠷᠵᠢᠬᠦᠯᠦᠨ᠂ | ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠦᠯᠳᠡ ᠶᠢᠨ ᠰᠠᠯᠠᠭ᠎ᠠ ᠮᠦᠴᠢᠷ ᠤᠨ ᠲᠣᠳᠣᠭᠠᠳᠣ ᠶᠢᠨ ᠬᠡᠷᠡᠭ ᠪᠠᠶᠢᠴᠠᠭᠠᠬᠤ | ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠳᠠᠭᠠᠯ ᠢ ᠬᠠᠷᠢᠴᠠᠩᠭᠤᠢ ᠪᠠᠷ ᠰᠠᠯᠭᠠᠬᠤ ᠲᠦᠷᠢᠮ ᠢ | ᠪᠦᠷᠢᠨᠰᠢᠬᠦᠯᠵᠦ᠂ ᠬᠠᠥᠯᠢ ᠬᠡᠷᠡᠭᠵᠢᠬᠦᠯᠬᠦ ᠠᠵᠢᠯᠯᠠᠭ᠎ᠠ ᠶᠢ ᠵᠢᠷᠣᠮᠵᠢᠭᠤᠯᠣᠨ᠂ ᠵᠠᠰᠠᠭ ᠵᠠᠬᠢᠷᠭᠠᠨ ᠤ ᠬᠠᠥᠯᠢ | ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠣᠨ᠎ᠠ᠃ ᠵᠠᠰᠠᠭ ᠵᠠᠬᠢᠷᠭᠠᠨ ᠤ ᠬᠠᠥᠯᠢ | ᠬᠡᠷᠡᠭᠵᠢᠬᠦᠯᠬᠦ ᠴᠢᠯᠦᠭᠡᠳᠡᠢ ᠲᠠᠰᠣᠯᠣᠯᠳᠠ ᠬᠢᠬᠦ ᠰᠠᠭᠤᠷᠢ ᠪᠠᠷᠢᠮᠵᠢᠶᠠᠳᠤ ᠲᠦᠷᠢᠮ ᠢ ᠪᠠᠶᠢᠭᠤᠯᠵᠦ᠂ ᠵᠠᠰᠠᠭ ᠵᠠᠬᠢᠷᠭᠠᠨ ᠤ | ᠲᠠᠰᠣᠯᠣᠯᠳᠠ ᠶᠢᠨ ᠡᠷᠬᠡ ᠶᠢ ᠨᠠᠷᠢᠯᠢᠬᠵᠢᠭᠤᠯᠣᠨ ᠬᠡᠮᠵᠢᠶᠡᠵᠢᠬᠦᠯᠵᠦ᠂ ᠲᠠᠰᠣᠯᠣᠯᠳᠠ ᠶᠢᠨ ᠬᠦᠷᠢᠶ᠎ᠡ ᠬᠡᠪᠴᠢᠶ᠎ᠡ᠂ | ᠲᠦᠷᠦᠯ ᠵᠦᠢᠯ ᠪᠣᠯᠣᠨ ᠬᠡᠪᠴᠢᠶ᠎ᠠ ᠶᠢ ᠢᠯᠡ ᠪᠣᠯᠭᠠᠨ᠂ ᠲᠠᠰᠣᠯᠣᠯᠳᠠ ᠶᠢᠨ ᠡᠷᠬᠡ ᠬᠡᠷᠡᠭᠵᠢᠬᠦᠯᠬᠦ ᠶᠢ ᠴᠢᠩᠭ᠎ᠠ | ᠬᠢᠵᠠᠭᠠᠷᠯᠠᠨ ᠲᠣᠭᠳᠠᠭᠠᠬᠤ ᠪᠠ ᠵᠦᠢ ᠵᠣᠬᠢᠰᠳᠡᠢ ᠵᠢᠷᠣᠮᠵᠢᠭᠤᠯᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ | ᠶᠠᠪᠣᠴᠠ ᠳᠤ ᠠᠷᠠᠳ ᠢᠷᠭᠡᠳ ᠤᠨ ᠬᠠᠥᠯᠢ ᠶᠣᠰᠣᠨ ᠤ ᠡᠷᠬᠡ ᠠᠰᠢᠭ ᠢ ᠬᠦᠨᠳᠦᠳᠭᠡᠨ᠂ ᠲᠤᠬᠠᠢᠢᠳᠠᠢ ᠬᠦᠮᠦᠨ ᠳᠤ | ᠪᠣᠯᠬᠢ ᠪᠦᠳᠦᠭᠦᠯᠢᠭ ᠢᠶᠠᠷ ᠬᠠᠨᠳᠣᠵᠦ ᠪᠣᠯᠬᠤ ᠦᠭᠡᠢ᠂ ᠬᠦᠮᠦᠨ ᠴᠢᠨᠠᠷ ᠨᠡᠷ᠎ᠡ ᠬᠦᠨᠳᠦ ᠶᠢ ᠨᠢ ᠬᠤᠬᠢᠷᠠᠭᠤᠯᠵᠦ | ᠪᠣᠯᠬᠤ ᠦᠭᠡᠢ᠃ ᠵᠠᠰᠠᠭ ᠵᠠᠬᠢᠷᠭᠠᠨ ᠤ ᠵᠢᠯᠣᠭᠤᠳᠣᠯᠭ᠎ᠠ᠂ ᠵᠠᠰᠠᠭ ᠵᠠᠬᠢᠷᠭᠠᠨ ᠤ ᠭᠡᠷ᠎ᠡ᠂ ᠵᠠᠰᠠᠭ ᠵᠠᠬᠢᠷᠭᠠᠨ ᠤ ᠱᠠᠩᠨᠠᠯ | ᠬᠦᠬᠢᠭᠦᠯᠦᠯ ᠵᠢᠴᠢ ᠵᠠᠰᠠᠭ ᠵᠠᠬᠢᠷᠭᠠᠨ ᠤ ᠡᠶᠡᠳᠡᠭᠦᠯᠬᠡ ᠵᠡᠷᠬᠡ ᠠᠯᠪᠠᠳᠠᠯᠭ᠎ᠠ ᠶᠢᠨ ᠪᠣᠰᠣ ᠠᠷᠭ᠎ᠠ ᠪᠠᠷᠢᠯ ᠢ | ᠢᠳᠡᠪᠬᠢᠳᠡᠢ ᠪᠠᠷ ᠬᠡᠷᠡᠭᠵᠢᠬᠦᠯᠵᠦ᠂ ᠲᠣᠬᠠᠢᠢᠳᠠᠢ ᠬᠦᠮᠦᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ︵ | ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 3. ᠬᠢᠨᠠᠯᠳᠠ ᠬᠠᠮᠢᠶᠠᠷᠣᠯᠳᠡ ᠶᠢᠨ ᠬᠠᠥᠯᠢ ᠬᠡᠷᠡᠭᠵᠢᠬᠦᠯᠬᠦ ᠡᠭᠦᠷᠭᠡ ᠴᠢᠳᠠᠪᠤᠷᠢ ᠪᠠ ᠮᠡᠷᠭᠡᠵᠢᠯ ᠢᠶᠠᠷ ᠪᠠᠶᠢᠴᠠᠭᠠᠨ | ᠰᠢᠯᠭᠠᠬᠤ ᠪᠠᠶᠢᠴᠠᠭᠠᠨ ᠰᠢᠨᠵᠢᠬᠦ ᠡᠭᠦᠷᠭᠡ ᠴᠢᠳᠠᠪᠤᠷᠢ ᠶᠢ ᠬᠠᠷᠢᠴᠠᠩᠭᠤᠢ ᠪᠠᠷ ᠰᠠᠯᠭᠠᠬᠤ ᠶᠢ ᠠᠬᠢᠭᠤᠯᠣᠨ᠎ᠠ᠃ | ᠬᠤᠶᠢᠰᠢᠳᠡ ᠮᠡᠷᠭᠡᠵᠢᠯ ᠢᠶᠠᠷ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠪᠠᠶᠢᠭᠤᠯᠣᠮᠵᠢ ᠨᠢ ᠬᠠᠥᠯᠢ ᠬᠡᠷᠡᠭᠵᠢᠬᠦᠯᠬᠦ | ᠡᠭᠦᠷᠭᠡ ᠴᠢᠳᠠᠪᠤᠷᠢ ᠶᠢ ᠡᠭᠦᠷᠭᠡᠯᠡᠵᠤ ᠪᠤᠯᠬᠤ ᠦᠭᠡᠢ᠃ ︽ᠪᠦᠬᠦ ᠣᠷᠣᠨ ᠤ ᠶᠠᠰᠦ ᠴᠢᠨᠠᠷ ᠲᠤ ᠮᠡᠷᠭᠡᠵᠢᠯ ᠤᠨ | ᠬᠢᠨᠠᠯᠳᠡ ᠲᠠᠯᠪᠢᠬᠤ ᠰᠢᠰᠲ᠋ᠧᠮ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠬᠡᠷᠡᠴᠢᠯᠡᠬᠦ ᠪᠠᠶᠢᠭᠤᠯᠣᠮᠵᠢ ᠶᠢ | ᠨᠡᠶᠢᠯᠡᠬᠦᠯᠬᠦ ᠲᠣᠬᠠᠢ ᠠᠵᠢᠯ ᠤᠨ ᠲᠦᠰᠦᠯ︾ ᠢ ᠲᠣᠭᠳᠠᠭᠠᠨ᠎ᠠ᠃ ︵ᠦᠪᠡᠷᠳᠡᠭᠡᠨ ᠵᠠᠰᠠᠬᠤ ᠣᠷᠣᠨ ᠤ ᠣᠷᠣᠨ | ᠲᠤᠭ᠎ᠠ ᠶᠢᠨ ᠠᠯᠪᠠᠨ ᠭᠡᠷ᠂ ᠶᠠᠰᠦ ᠴᠢᠨᠠᠷ ᠲᠤ ᠮᠡᠷᠭᠡᠵᠢᠯ ᠤᠨ ᠬᠢᠨᠡᠯᠳᠡ ᠲᠠᠯᠪᠢᠬᠤ ᠲᠣᠪᠴᠢᠶ᠎ᠠ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶ | 4. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠬᠠᠥᠯᠢ ᠬᠡᠷᠡᠭᠵᠢᠬᠦᠯᠬᠦ ᠮᠡᠳᠡᠭᠡ ᠵᠠᠩᠭᠢ ᠶᠢ ᠢᠯᠡ | ᠪᠣᠯᠭᠠᠨ᠎ᠠ᠃ ᠡᠯ᠎ᠡ ᠱᠠᠳᠣᠨ ᠤ ᠠᠷᠡᠳ ᠤᠨ ᠵᠠᠰᠠᠭ ᠤᠨ ᠣᠷᠳᠣᠨ ᠵᠢᠴᠢ ᠲᠡᠳᠡᠨ ᠤ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠡ ᠶᠢᠨ ᠰᠠᠯᠠᠭ᠎ᠠ ᠮᠦᠴᠢᠷ ᠤᠨ ᠡᠷᠬᠡ ᠶᠢᠨ ᠨᠠᠷᠢᠨ ᠬᠠᠭᠤᠳᠠᠰᠦ ᠶᠢᠨ ᠲᠦᠷᠢᠮ ᠢ ᠬᠡᠷᠡᠭᠵᠢᠬᠦᠯᠵᠦ᠂ | ᠡᠷᠬᠡ ᠶᠢᠨ ᠠᠵᠢᠯᠯᠠᠭᠠᠨ ᠤ ᠴᠣᠪᠣᠷᠡᠯ ᠢ ᠬᠠᠥᠯᠢ ᠶᠣᠰᠣᠭᠠᠷ ᠢᠯᠡ ᠪᠣᠯᠭᠠᠨ᠎ᠠ᠃ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠵᠦᠢᠯᠡᠰ ᠤᠨ ᠭᠠᠷᠴᠠᠭ ᠢ ᠢᠯᠡ ᠨᠡᠶᠢᠳᠡᠯᠡᠵᠦ᠂ ᠬᠢᠨᠠᠨ ᠵᠦᠪᠰᠢᠶᠡᠷᠡᠬᠦ ᠦᠨᠳᠣᠰᠦ ᠪᠠᠷᠢᠮᠳᠠ᠂ | ᠵᠢᠷᠦᠮ᠂ ᠮᠡᠳᠡᠭᠦᠯᠬᠦ ᠨᠦᠬᠦᠴᠡᠯ ᠵᠡᠷᠭᠡ ᠶᠢ ᠢᠯᠡ ᠪᠣᠯᠭᠠᠨ᠎ᠠ ︵ᠦᠪᠡᠷᠳᠡᠭᠡᠨ ᠵᠠᠰᠠᠬᠤ ᠣᠷᠣᠨ ᠤ ᠬᠠᠥᠯᠢ | ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶ | 5. ᠬᠢᠨᠠᠨ ᠰᠢᠨᠵᠢᠬᠦ᠂ ᠰᠣᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ | ᠦᠨᠳᠣᠰᠣ ᠪᠠᠷᠢᠮᠳᠠ᠂ ᠠᠭᠤᠯᠭ᠎ᠠ᠂ ᠪᠠᠷᠢᠮᠵᠢᠶ᠎ᠠ᠂ ᠵᠢᠷᠦᠮ ᠪᠣᠯᠣᠨ ᠦᠷ᠎ᠡ ᠳ᠋ᠦᠩ ᠢ ᠬᠠᠥᠯᠢ ᠶᠣᠰᠣᠭᠠᠷ ᠢᠯᠡ | ᠪᠣᠯᠭᠠᠨ᠎ᠠ᠃ ᠬᠠᠥᠯᠢ ᠴᠠᠭᠠᠵᠠ ᠬᠠᠥᠯᠢ ᠲᠣᠭᠳᠠᠭᠠᠯ ᠳᠤ ᠣᠨᠳᠣᠣ ᠲᠣᠭᠳᠠᠭᠠᠯ ᠭᠠᠷᠭᠠᠭᠰᠠᠨ ᠠᠴᠠ ᠪᠣᠰᠣᠳ᠂ ᠵᠠᠬ᠎ᠠ | ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠩ ᠤᠨ ᠵᠢᠷᠦᠮ ᠢ ᠬᠡᠷᠡᠭᠯᠡᠵᠦ ᠪᠠᠶᠢᠭᠠᠳ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠰᠢᠢᠳᠪᠦᠷᠢ ᠭᠠᠷᠭᠠᠬᠤ ᠪᠣᠶᠣ ᠰᠢᠳᠬᠡᠯ ᠲᠣᠷᠭᠠᠭᠤᠯᠢ ᠶᠢᠨ | ᠰᠢᠢᠳᠪᠦᠷᠢ ᠶᠢ ᠬᠤᠪᠢᠷᠠᠭᠤᠯᠣᠭᠰᠠᠨ ᠡᠳᠦᠷ ᠠᠴᠠ ᠡᠬᠢᠯᠡᠵᠦ 20 ᠠᠵᠢᠯᠯᠠᠬᠤ ᠡᠳᠦᠷ ᠤᠨ ᠲᠣᠳᠣᠷ᠎ᠡ ᠬᠠᠥᠯᠢ | ᠬᠡᠷᠡᠭᠵᠢᠬᠦᠯᠦᠭᠰᠡᠨ ᠬᠡᠷᠡᠭ ᠤᠨ ᠭᠤᠣᠯ ᠴᠣᠭᠴᠠ ᠶᠢᠨ ᠮᠡᠳᠡᠭᠡ ᠵᠠᠩᠬᠢ᠂ ᠬᠡᠷᠡᠭ ᠤᠨ ᠰᠢᠯᠳᠠᠭᠠᠨ᠂ ᠰᠢᠳᠬᠡᠨ | ᠲᠣᠷᠭᠠᠭᠰᠠᠨ ᠦᠨᠳᠣᠰᠦ ᠪᠠᠷᠢᠮᠳᠠ ᠵᠢᠴᠢ ᠰᠢᠳᠬᠡᠯ ᠲᠤᠷᠭᠠᠭᠤᠯᠢ ᠶᠢᠨ ᠦᠷ᠎ᠡ ᠳ᠋ᠦᠩ ᠢ ᠢᠯᠠ ᠪᠣᠯᠭᠠᠵᠦ᠂ ᠬᠠᠥᠯᠢ | ᠭᠡᠷᠡᠭᠵᠢᠬᠦᠯᠬᠦ ᠶᠢᠨ ᠲᠦᠪ ᠭᠤᠣᠯᠴᠢ ᠪᠠᠶᠢᠬᠤ ᠪᠠ ᠣᠯᠠᠨ ᠨᠡᠶᠢᠳᠡ ᠳᠤ ᠢᠳᠡᠭᠡᠭᠦᠯᠬᠦ ᠬᠦᠴᠦᠨ ᠢ ᠲᠡᠭᠡᠭᠰᠢᠯᠡᠭᠦᠯᠦᠨ᠎ᠡ᠃ | ᠮᠡᠳᠡᠭᠡ ᠵᠠᠩᠬᠢ ᠶᠢ ᠢᠯᠡ ᠪᠣᠯᠭᠠᠬᠤ ᠲᠣᠳᠣᠭᠠᠳᠣ ᠶᠢᠨ ᠬᠢᠨᠠᠨ ᠰᠢᠯᠭᠠᠬᠤ ᠲᠣᠭᠳᠠᠴᠠ᠂ ᠲᠠᠩᠰᠠ ᠡᠪᠬᠡᠮᠡᠯ ᠤᠨ | ᠬᠠᠮᠢᠶᠠᠷᠣᠯᠳᠡ ᠵᠡᠷᠭᠡ ᠶᠢ ᠪᠠᠶᠢᠭᠤᠯᠣᠨ ᠪᠦᠷᠢᠨᠰᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠬᠠᠥᠯᠢ ᠲᠦᠷᠢᠮ ᠤᠨ | ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠬᠤᠶᠡᠷ︶ ᠬᠠᠥᠯᠢ ᠬᠡᠷᠡᠭᠵᠢᠬᠦᠯᠬᠦ ᠶᠢ ᠰᠢᠯᠭᠠᠨ ᠬᠢᠨᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ | ᠬᠡᠯᠡᠯᠴᠡᠬᠦ ᠶᠢ ᠴᠢᠩᠭᠠᠳᠬᠠᠨ᠎ᠠ᠃ | 1. ᠬᠠᠥᠯᠢ ᠬᠡᠷᠡᠭᠵᠢᠬᠦᠯᠬᠦ ᠶᠢ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠱᠠᠳᠣᠨ ᠤ | ᠠᠷᠡᠳ ᠤᠨ ᠵᠠᠰᠠᠭ ᠤᠨ ᠣᠷᠳᠣᠨ ᠵᠢᠴᠢ ᠲᠡᠳᠡᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠰᠢᠮᠳᠠᠭᠤᠯᠬᠤ ᠪᠠ ᠬᠢᠵᠠᠭᠠᠷᠯᠠᠨ᠎ᠠ ︵ | ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠨᠤᠭᠤᠳ ᠬᠠᠷᠢᠭᠤᠴᠠᠨ᠎ᠠ︶᠃ | 2. ᠬᠠᠥᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠶᠢ ᠴᠢᠩᠳᠠᠯᠠᠨ᠎ᠠ᠃ ᠬᠢᠨᠠᠨ ᠪᠠᠶᠢᠴᠠᠭᠠᠬᠤ᠂ ᠬᠢᠨᠠᠨ | ᠪᠣᠳᠣᠬᠤ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠠᠵᠢᠯ ᠦᠯᠦ ᠬᠢᠬᠦ᠂ ᠲᠣᠷ᠎ᠠ ᠪᠠᠷ ᠢᠶᠠᠨ ᠬᠢᠬᠦ᠂ ᠲᠣᠷᠭᠠᠭᠤᠯᠢ ᠪᠠᠷ ᠬᠠᠮᠢᠶᠠᠷᠣᠯᠳᠡ ᠶᠢ | ᠣᠷᠣᠯᠠᠭᠤᠯᠬᠤ ᠵᠡᠷᠬᠡ ᠬᠠᠥᠯᠢ ᠲᠣᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠳᠠ ᠲᠠᠯᠪᠢᠬᠤ ᠶᠢ | ᠴᠢᠩᠭᠠᠳᠬᠠᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠵᠢᠴᠢ ᠲᠡᠳᠡᠨ ᠤ | ᠠᠵᠢᠯᠳᠠᠨ ᠠᠯᠪᠠᠳᠠᠯᠭ᠎ᠠ ᠶᠢᠨ ᠴᠢᠨᠠᠷᠳᠡᠢ ᠪᠠᠷᠢᠮᠵᠢᠶ᠎ᠠ ᠶᠣᠰᠣᠭᠠᠷ ᠬᠢᠨᠠᠨ ᠬᠠᠮᠢᠶᠠᠷᠴᠦ ᠬᠠᠥᠯᠢ ᠬᠡᠷᠡᠭᠵᠢᠬᠦᠯᠬᠦ ᠶᠢ | ᠴᠢᠩᠭ᠎ᠠ ᠬᠢᠨᠠᠨ ᠬᠠᠮᠢᠶᠠᠷᠣᠭᠰᠠᠨ ᠦᠭᠡᠢ ᠠᠴᠠ ᠪᠣᠯᠵᠦ ᠬᠤᠬᠢᠷᠠᠯ ᠣᠴᠠᠷᠠᠭᠤᠯᠣᠭᠰᠠᠨ ᠪᠠᠶᠢᠪᠠᠯ ᠬᠠᠥᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠨ᠎ᠡ︔ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠡᠷᠡ | ᠲᠣᠣᠷ᠎ᠡ ᠨᠢ ᠢᠯᠡᠷᠡᠭᠦᠯᠦᠭᠰᠡᠨ ᠦᠭᠡᠢ᠂ ᠬᠤᠷᠢᠭᠯᠠᠭᠰᠠᠨ ᠦᠭᠡᠢ ᠠᠴᠠ ᠪᠣᠯᠵᠦ ᠰᠢᠰᠲ᠋ᠧᠮ ᠤᠨ ᠴᠢᠨᠡᠷᠳᠡᠢ ᠲᠦᠭᠰᠢᠭᠦᠷᠢ | ᠡᠭᠦᠰᠭᠡᠭᠰᠡᠨ ᠪᠠᠶᠢᠪᠠᠯ᠂ ᠣᠷᠣᠨ ᠨᠣᠳᠤᠭ ᠤᠨ ᠵᠠᠰᠠᠭ ᠤᠨ ᠣᠷᠳᠣᠨ ᠣᠷᠳᠣ ᠬᠤᠭᠤᠴᠠᠭ᠎ᠠ ᠬᠤᠷᠢᠭᠯᠠᠭᠰᠠᠨ | ᠦᠭᠡᠢ ᠠᠴᠠ ᠪᠣᠯᠵᠦ ᠣᠷᠣᠨ ᠪᠦᠰᠡ ᠶᠢᠨ ᠴᠢᠨᠠᠷᠳᠡᠢ ᠲᠦᠭᠰᠢᠭᠦᠷᠢ ᠡᠭᠦᠰᠭᠡᠭᠰᠡᠨ ᠪᠠᠶᠢᠪᠠᠯ᠂ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠬᠢᠨᠠᠯᠲᠠ ᠬᠠᠮᠢᠶᠠᠷᠣᠯᠳᠡ ᠶᠢᠨ ᠰᠠᠯᠠᠭ᠎ᠠ ᠮᠦᠴᠢᠷ ᠴᠢᠨᠠᠭᠰᠢᠯᠠᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠲᠠᠷᠤᠭ᠎ᠠ ᠠᠴᠠ ᠬᠠᠥᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠣᠰᠣᠯ ᠠᠯᠳᠠᠭ᠎ᠠ ᠠᠴᠠ ᠪᠣᠯᠵᠦ | ᠬᠢᠨᠠᠯᠲᠠ ᠬᠠᠮᠢᠶᠠᠷᠣᠯᠳᠡ ᠭᠦᠢᠴᠡᠳ ᠰᠠᠶᠢᠨ ᠦᠭᠡᠢ ᠪᠤᠯᠤᠬᠰᠠᠨ ᠤ ᠤᠴᠢᠷ ᠢᠶᠠᠷ ᠢᠳᠡᠭᠡᠨ ᠪᠠ ᠡᠮ ᠤᠨ ᠵᠦᠢᠯᠡᠰ ᠤᠨ | ᠠᠮᠣᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠠᠮᠣᠷ ᠲᠦᠪᠰᠢᠨ᠂ ᠦᠢᠯᠡᠳᠪᠦᠷᠢᠯᠡᠯ ᠤᠨ ᠠᠮᠣᠷ | ᠲᠦᠪᠰᠢᠨ ᠵᠡᠷᠭᠡ ᠬᠦᠷᠢᠶᠡᠨ ᠳᠤ ᠡ᠊ᠨᠳᠡᠯ ᠭᠠᠷᠣᠭᠰᠠᠨ ᠪᠠᠶᠢᠪᠠᠯ᠂ ᠭᠡᠳᠡᠷᠭᠦ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠵᠦ᠂ | ᠬᠡᠷᠡᠭ ᠭᠠᠷᠪᠠᠯ ᠵᠠᠪᠠᠯ ᠪᠠᠶᠢᠴᠠᠭᠠᠵᠦ᠂ ᠠᠯᠳᠠᠭ᠎ᠠ ᠪᠠᠶᠢᠪᠠᠯ ᠵᠠᠪᠠᠯ ᠰᠢᠳᠭᠡᠵᠦ᠂ ᠬᠠᠷᠢᠭᠤᠴᠠᠯᠭ᠎ᠠ ᠪᠠᠶᠢᠪᠠᠯ ᠵᠠᠪᠠᠯ | ᠨᠡᠬᠡᠮᠵᠢᠯᠡᠬᠦ ᠶᠢ ᠭᠦᠢᠴᠡᠳᠭᠡᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠬᠠᠶᠢᠬᠤᠷᠤᠯ ᠦᠭᠡᠢ ᠪᠠᠷ ᠰᠣᠬᠤᠷ | ᠪᠠᠯᠠᠢ ᠪᠠᠷ ᠰᠢᠢᠳᠪᠦᠷᠢᠳᠦ ᠪᠣᠳᠣᠯᠭ᠎ᠠ ᠲᠣᠭᠳᠠᠭᠠᠵᠦ᠂ ᠬᠦᠨᠳᠣ ᠨᠣᠴᠢᠳᠡᠢ ᠣᠷᠰᠢᠭ ᠲᠠᠳᠠᠭᠰᠠᠨ ᠣᠳᠣᠷᠢᠳᠬᠤ | ᠺᠠᠳ᠋ᠷ ᠠᠴᠠ ᠨᠠᠰᠣᠨ ᠲᠣᠷᠰᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠳᠡᠯᠢᠭ ᠴᠢᠨᠠᠷᠳᠡᠢ ᠬᠡᠷᠡᠭ ᠢ ᠮᠡᠳᠡᠬᠡᠯᠡᠵᠦ | ᠢᠯᠡᠴᠢᠯᠡᠨ᠎ᠡ ︵ᠦᠪᠡᠷᠳᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠢᠩᠬᠢᠮ᠂ ᠬᠢᠨᠠᠨ ᠪᠣᠳᠣᠬᠤ ᠲᠢᠩᠬᠢᠮ᠂ | ᠬᠠᠥᠯᠢ ᠲᠦᠷᠢᠮ ᠤᠨ ᠠᠯᠪᠠᠨ ᠭᠡᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ | ᠲᠣᠰ ᠬᠠᠷᠢᠭᠤᠴᠠᠨ᠎ᠠ︶᠃ | ᠵᠢᠷᠭᠤᠭ᠎ᠠ᠂ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠪᠠᠶᠢᠭᠤᠯᠣᠯ ᠢ ᠦᠭᠡᠷᠡᠴᠢᠯᠡᠨ᠎ᠡ | ᠬᠠᠥᠯᠢ ᠬᠡᠷᠡᠭᠵᠢᠬᠦᠯᠬᠦ ᠡᠬᠢ ᠪᠠᠶᠠᠯᠢᠭ ᠢ ᠨᠡᠶᠢᠯᠡᠭᠦᠯᠦᠨ ᠰᠢᠯᠢᠳᠡᠭᠵᠢᠬᠦᠯᠵᠦ᠂ ᠬᠠᠥᠯᠢ ᠬᠡᠷᠡᠭᠵᠢᠬᠦᠯᠬᠦ ᠲᠡᠰ | ᠱᠠᠳᠦ ᠶᠢ ᠪᠠᠭᠠᠰᠬᠠᠵᠦ᠂ ᠬᠠᠮᠵᠢᠯᠴᠠᠬᠤ ᠲᠣᠭᠳᠠᠴᠠ ᠶᠢ ᠪᠦᠷᠢᠨᠰᠢᠬᠦᠯᠦᠨ᠂ ᠬᠢᠨᠠᠯᠳᠠ ᠬᠠᠮᠢᠶᠠᠷᠣᠯᠳᠡ ᠶᠢᠨ ᠦᠷ᠎ᠡ | ᠪᠦᠳᠦᠮᠵᠢ ᠶᠢ ᠲᠡᠭᠡᠭᠰᠢᠯᠡᠬᠦᠯᠦᠨ᠎ᠡ᠃ | ︵ᠨᠢᠭᠡ︶ ᠣᠯᠠᠨ ᠲᠠᠯ᠎ᠠ ᠠᠴᠠ ᠬᠠᠥᠯᠢ ᠬᠡᠷᠡᠭᠵᠢᠬᠦᠯᠬᠦ ᠪᠠ ᠣᠯᠠᠨ ᠱᠠᠳᠦ ᠪᠠᠷ ᠲᠠᠪᠬᠤᠷᠳᠠᠭᠤᠯᠵᠦ ᠬᠠᠥᠯᠢ | ᠬᠡᠷᠡᠭᠵᠢᠬᠦᠯᠬᠦ ᠠᠰᠠᠭᠤᠳᠠᠯ ᠢ ᠰᠢᠢᠳᠪᠦᠷᠢᠯᠡᠨ᠎ᠡ᠃ | 1. ᠬᠠᠥᠯᠢ ᠬᠡᠷᠡᠭᠵᠢᠬᠦᠯᠬᠦ ᠡᠷᠬᠡ ᠶᠢ ᠬᠠᠷᠢᠴᠠᠩᠭᠤᠢ ᠪᠠᠷ ᠲᠦᠪᠯᠡᠷᠡᠭᠦᠯᠦᠨ᠎ᠡ᠃ | ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠭᠤᠣᠯ ᠴᠣᠭᠴᠠ ᠶᠢ ᠨᠡᠶᠢᠯᠡᠭᠦᠯᠦᠨ | ᠵᠢᠷᠣᠮᠵᠢᠭᠤᠯᠵᠦ᠂ ᠬᠤᠳᠠ ᠶᠢᠨ ᠬᠠᠮᠢᠶᠠᠷᠣᠯᠳᠡ᠂ ᠰᠣᠶᠣᠯ ᠵᠡᠷᠬᠡ ᠬᠦᠷᠢᠶᠡᠨ ᠤ ᠰᠠᠯᠠᠭ᠎ᠠ ᠮᠦᠴᠢᠷ ᠪᠠ ᠠᠵᠢᠯ | ᠲᠦᠷᠦᠯ ᠠᠯᠣᠰᠯᠠᠨ ᠶᠡᠷᠦᠩᠬᠡᠶᠢᠯᠡᠨ ᠬᠠᠥᠯᠢ ᠬᠡᠷᠡᠭᠵᠢᠬᠦᠯᠬᠦ ᠶᠢ ᠠᠬᠢᠭᠤᠯᠵᠦ᠂ ᠬᠠᠥᠯᠢ ᠬᠡᠷᠡᠭᠵᠢᠬᠦᠯᠬᠦ ᠡᠷᠬᠡ ᠶᠢ | ᠬᠠᠷᠢᠴᠠᠩᠭᠤᠢ ᠪᠠᠷ ᠲᠦᠪᠯᠡᠷᠡᠭᠦᠯᠦᠨ᠎ᠡ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ | ᠬᠠᠥᠯᠢ ᠬᠡᠷᠡᠭᠵᠢᠬᠦᠯᠬᠦ ᠡᠭᠦᠷᠭᠡ ᠬᠠᠷᠢᠭᠤᠴᠠᠯᠭ᠎ᠠ ᠶᠢ ᠰᠢᠭᠤᠳ ᠲᠠᠭᠠᠭᠠᠨ ᠡᠭᠦᠷᠭᠡᠯᠡᠵᠦ᠂ ᠵᠠᠷᠴᠢᠮ ᠲᠡᠭᠡᠷ᠎ᠡ ᠪᠠᠨ | ᠲᠣᠰᠠᠭᠠᠷ ᠢᠶᠠᠨ ᠬᠠᠥᠯᠢ ᠶᠢᠨ ᠡᠷᠬᠡᠳᠡᠨ ᠤ ᠬᠢᠷᠢ ᠭᠡᠮ ᠲᠠᠢ ᠬᠠᠥᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠬᠤ ᠦᠭᠡᠢ᠃ | ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠬ᠎ᠠ ᠲᠡᠯᠭᠡᠭᠦᠷ ᠤᠨ ᠨᠢᠭᠡᠳᠣᠯᠳᠡᠢ ᠬᠢᠨᠠᠯᠳᠠ | ᠬᠠᠮᠢᠶᠠᠷᠣᠯᠳᠠ ᠶᠢ ᠲᠦᠷᠭᠡᠳᠭᠡᠬᠦ ᠶᠢᠨ ᠬᠡᠷᠡᠭᠵᠢᠬᠦᠯᠬᠦ ᠲᠦᠰᠦᠯ︾ ᠢ ᠲᠣᠭᠳᠠᠭᠠᠵᠦ᠂ ᠨᠢᠭᠡ ᠰᠠᠯᠠᠭ᠎ᠠ ᠮᠦᠴᠢᠷ ᠲᠤ | ᠣᠯᠠᠨ ᠰᠠᠯᠪᠣᠷᠢ ᠬᠠᠥᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠣᠭᠰᠠᠨ ᠪᠠᠶᠢᠪᠠᠯ᠂ ᠲᠤᠬᠠᠢᠢᠯᠠᠬᠰᠠᠨ ᠠᠵᠢᠯ ᠢᠶᠠᠷ | ᠣᠶᠢᠷᠡᠯᠴᠠᠭ᠎ᠠ ᠶᠢ ᠨᠢ ᠨᠡᠶᠢᠯᠡᠭᠦᠯᠦᠨ ᠨᠢᠬᠡ ᠰᠠᠯᠪᠣᠷᠢ ᠡᠩᠨᠡᠭᠡ ᠪᠣᠯᠭᠠᠨ᠎ᠠ︔ ᠠᠳᠠᠯᠢ ᠪᠣᠰᠣ ᠰᠠᠯᠠᠭ᠎ᠠ ᠮᠦᠴᠢᠷ ᠤᠨ | ᠪᠠᠶᠢᠭᠤᠯᠣᠭᠰᠠᠨ ᠡᠭᠦᠷᠭᠡ ᠬᠠᠷᠢᠭᠤᠴᠠᠯᠭ᠎ᠠ ᠨᠢ ᠣᠶᠢᠷᠡᠯᠴᠠᠭ᠎ᠠ ᠪᠣᠶᠣ ᠠᠳᠠᠯᠢᠪᠳᠣᠷ ᠬᠠᠥᠯᠢ ᠬᠡᠷᠡᠭᠵᠢᠬᠦᠯᠬᠦ ᠡᠩᠨᠡᠭᠡ ᠶᠢ | ᠢᠳᠡᠭ ᠢᠳᠡᠭ ᠢᠶᠠᠷ ᠨᠢᠬᠡ ᠰᠠᠯᠪᠣᠷᠢ ᠡᠩᠨᠡᠭᠡ ᠪᠣᠯᠭᠠᠨ᠎ᠠ︔ ᠬᠠᠥᠯᠢ ᠴᠠᠭᠠᠵᠠ ᠬᠠᠥᠯᠢ ᠲᠣᠭᠳᠠᠭᠠᠯ ᠤᠨ ᠦᠨᠳᠣᠰᠣᠯᠡᠯ | ᠪᠠᠶᠢᠬᠤ ᠦᠭᠡᠢ᠂ ᠪᠠᠶᠢᠭᠤᠯᠣᠮᠵᠢ ᠣᠷᠣᠨ ᠲᠤᠭ᠎ᠠ ᠶᠢᠨ ᠬᠠᠮᠢᠶᠠᠷᠣᠯᠳᠡ ᠶᠢᠨ ᠲᠣᠭᠳᠠᠭᠠᠯ ᠠᠴᠠ ᠵᠦᠷᠢᠴᠡᠭᠰᠡᠨ ᠬᠠᠥᠯᠢ | ᠬᠡᠷᠡᠭᠵᠢᠬᠦᠯᠬᠦ ᠡᠩᠨᠡᠭᠡ ᠶᠢ ᠢᠯᠭᠠᠷᠠᠭᠤᠯᠣᠨ ᠬᠦᠴᠦᠨ ᠦᠭᠡᠢ ᠪᠣᠯᠭᠠᠨ᠎ᠠ ︵ᠦᠪᠡᠷᠳᠡᠭᠡᠨ ᠵᠠᠰᠠᠬᠤ ᠣᠷᠣᠨ ᠤ ᠣᠷᠣᠨ | ᠲᠤᠭ᠎ᠠ ᠶᠢᠨ ᠠᠯᠪᠠᠨ ᠭᠡᠷ᠂ ᠬᠠᠥᠯᠢ ᠲᠦᠷᠢᠮ ᠤᠨ ᠠᠯᠪᠠᠨ ᠭᠡᠷ᠂ ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ | ᠠᠷᠠᠳ ᠤᠨ ᠵᠠᠰᠠᠭ ᠤᠨ ᠣᠷᠳᠣᠨ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠲᠣᠰ ᠲᠣᠰ ᠬᠠᠷᠢᠭᠤᠴᠠᠨ᠎ᠠ︶᠃ | 2. ᠣᠯᠠᠨ ᠱᠠᠳᠣ ᠪᠠᠷ ᠲᠠᠪᠬᠤᠷᠳᠠᠭᠤᠯᠣᠨ ᠬᠠᠥᠯᠢ ᠬᠡᠷᠡᠭᠵᠢᠬᠦᠯᠬᠦ ᠶᠢ ᠦᠬᠡᠶᠢᠰᠬᠡᠨᠠ᠃ ᠡᠯ᠎ᠡ ᠱᠠᠳᠣᠨ ᠤ | ᠠᠷᠡᠳ ᠤᠨ ᠵᠠᠰᠠᠭ ᠤᠨ ᠣᠷᠳᠣᠨ ᠤ ᠬᠡᠷᠡᠭ ᠶᠠᠪᠤᠳᠠᠯ ᠬᠠᠮᠢᠶᠠᠷᠬᠤ ᠡᠷᠬᠡ ᠶᠢ ᠵᠣᠬᠢᠰᠳᠡᠢ ᠬᠤᠪᠢᠶᠠᠷᠢᠯᠠᠵᠦ᠂ | ᠢᠳᠡᠭᠡᠨ ᠤ ᠠᠮᠣᠷ ᠲᠦᠪᠰᠢᠨ᠂ ᠠᠷᠠᠯᠵᠢᠶ᠎ᠠ ᠬᠤᠳᠠᠯᠳᠣᠭᠠᠨ ᠤ ᠦᠢᠯᠡᠴᠢᠯᠡᠭᠡ ᠵᠡᠷᠬᠡ ᠶᠢᠨ ᠱᠠᠳᠦ ᠬᠤᠪᠢᠶᠠᠨ | ᠬᠠᠮᠢᠶᠠᠷᠬᠤ ᠵᠦᠢᠯᠡᠰ ᠲᠤ ᠬᠠᠷᠢᠶᠠᠳᠦ ᠭᠠᠵᠠᠷ ᠤᠨ ᠬᠠᠮᠢᠶᠠᠷᠣᠯᠳᠠ ᠶᠢ ᠬᠡᠷᠡᠭᠵᠢᠬᠦᠯᠵᠦ᠂ ᠡᠯ᠎ᠡ ᠠᠶᠢᠮᠠᠭ ᠬᠤᠳᠠ᠂ | ᠬᠤᠰᠢᠭᠤ ᠰᠢᠶᠡᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠬᠢᠨᠠᠯᠳᠠ ᠬᠠᠮᠢᠶᠠᠷᠣᠯᠳᠡ ᠶᠢ | ᠲᠣᠳᠣᠷᠬᠠᠢ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ ᠤ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠨ ᠵᠠᠬ᠎ᠠ ᠲᠡᠯᠭᠡᠭᠦᠷ ᠤᠨ ᠬᠠᠥᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠵᠢᠯᠣᠭᠤᠳᠣᠯᠭ᠎ᠠ᠂ | ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠬᠦ ᠶᠢ ᠵᠣᠬᠢᠴᠠᠭᠤᠯᠬᠤ ᠪᠠ ᠴᠢᠬᠤᠯᠠ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠦ᠂ ᠪᠡᠶ᠎ᠡ ᠪᠠᠨ ᠲᠠᠭᠠᠭᠠᠭᠰᠠᠨ ᠬᠠᠥᠯᠢ ᠶᠢᠨ ᠡᠷᠬᠡᠳᠡᠨ ᠤ | ᠬᠢᠷᠢ ᠭᠡᠮ ᠲᠠᠢ ᠬᠠᠥᠯᠢ ᠬᠡᠷᠡᠭᠵᠢᠭᠦᠯᠬᠦ ᠡᠩᠨᠡᠭᠡ ᠶᠢ ᠲᠠᠬᠢᠵᠦ ᠰᠢᠨ᠎ᠡ ᠪᠠᠷ ᠪᠠᠶᠢᠭᠤᠯᠬᠤ ᠦᠭᠡᠢ᠃ ᠢᠳᠡᠭᠡᠨ ᠪᠠ | ᠡᠮ ᠤᠨ ᠵᠦᠢᠯᠡᠰ᠂ ᠠᠶᠣᠯ ᠦᠭᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ᠂ | ᠬᠦᠳᠡᠯᠮᠦᠷᠢ ᠶᠢᠨ ᠪᠠᠳᠣᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠦᠨᠳᠣᠰᠣᠨ ᠱᠠᠳᠣᠨ ᠤ ᠬᠠᠥᠯᠢ | ᠬᠡᠷᠡᠭᠵᠢᠬᠦᠯᠬᠦ ᠬᠦᠴᠦᠨ ᠢ ᠴᠢᠩᠭᠠᠳᠬᠠᠬᠤ ᠪᠣᠳᠠᠳᠠᠢ ᠰᠠᠨᠠᠯ ᠢ ᠲᠣᠭᠳᠠᠭᠠᠨ᠎ᠠ᠃ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠪᠠᠨ ᠬᠤᠪᠢᠷᠠᠭᠤᠯᠬᠤ ᠪᠠ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠠᠵᠢᠯ ᠲᠠᠢ ᠣᠶᠠᠯᠳᠣᠭᠤᠯᠣᠨ᠂ | ᠠᠶᠢᠮᠠᠭ ᠬᠤᠳᠠ ᠶᠢ ᠱᠠᠭᠠᠷᠳᠠᠯᠭ᠎ᠠ ᠶᠣᠰᠣᠭᠠᠷ ᠬᠠᠥᠯᠢ ᠬᠡᠷᠡᠭᠵᠢᠬᠦᠯᠬᠦ ᠡᠩᠨᠡᠭᠡ ᠪᠠᠶᠢᠭᠤᠯᠬᠤ ᠶᠢ ᠰᠢᠮᠳᠠᠭᠤᠯᠣᠨ | ᠵᠢᠯᠣᠭᠤᠳᠴᠦ᠂ ᠲᠣᠭᠤᠷᠢᠭ ᠪᠠᠶᠢᠭᠤᠯᠣᠭᠰᠠᠨ ᠬᠤᠳᠠ ᠪᠠ ᠲᠣᠭᠤᠷᠢᠭ ᠤᠨ ᠲᠣᠰ ᠱᠠᠳᠣᠨ ᠤ ᠵᠤᠬᠢᠴᠠᠯᠳᠤᠬᠤ | ᠰᠠᠯᠠᠭ᠎ᠠ ᠮᠦᠴᠢᠷ ᠲᠤ ᠲᠠᠪᠬᠤᠷᠳᠠᠭᠤᠨᠯᠤᠨ ᠪᠠᠶᠢᠭᠤᠯᠬᠤ ᠦᠭᠡᠢ ᠮᠦᠷᠳᠡᠬᠡᠨ ᠨᠢᠭᠡᠨᠳᠡ ᠲᠠᠪᠬᠤᠷᠳᠠᠭᠤᠯᠣᠨ | ᠪᠠᠶᠢᠭᠤᠯᠣᠭᠰᠠᠨ ᠪᠠᠶᠢᠪᠠᠯ ᠨᠡᠶᠢᠯᠡᠭᠦᠯᠦᠨ᠎ᠡ︔ ᠬᠡᠰᠡᠭ ᠬᠤᠰᠢᠭᠤ ᠰᠢᠶᠡᠨ ︵ᠬᠤᠳᠠ᠂ ᠲᠣᠭᠤᠷᠢᠭ︶ ᠳᠤ ᠵᠠᠬ᠎ᠠ | ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠪᠠᠶᠢᠭᠤᠯᠣᠮᠵᠢ ᠶᠢ ᠶᠡᠷᠦᠩᠬᠡᠶᠢᠯᠡᠨ ᠪᠠᠶᠢᠭᠤᠯᠬᠤ ᠶᠢ ᠰᠦᠪᠡᠭᠴᠢᠯᠡᠵᠦ᠂ | ᠵᠠᠷᠴᠢᠮ ᠲᠡᠭᠡᠷ᠎ᠡ ᠪᠠᠨ ᠠᠰᠳᠠᠭᠠᠨ ᠬᠠᠥᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠦᠭᠡᠢ᠃ ᠨᠠᠶᠢᠳᠠᠨ ᠬᠠᠥᠯᠢ | ᠬᠡᠷᠡᠭᠵᠢᠬᠦᠯᠬᠦ ᠪᠠ ᠲᠣᠮᠢᠯᠠᠨ ᠬᠠᠥᠯᠢ ᠬᠡᠷᠡᠭᠵᠢᠬᠦᠯᠬᠦ ᠶᠢ ᠵᠢᠷᠣᠮᠵᠢᠭᠤᠯᠵᠦ᠂ ᠠᠵᠦ ᠠᠬᠤᠢ ᠬᠦᠭᠵᠢᠭᠰᠡᠨ᠂ ᠬᠤᠳᠠ | ᠪᠠᠯᠭᠠᠰᠣᠵᠢᠯᠳᠠ ᠶᠢᠨ ᠬᠢᠷᠢ ᠬᠡᠮᠵᠢᠶ᠎ᠡ ᠨᠡᠯᠢᠶᠡᠳ ᠦᠨᠳᠣᠷ ᠰᠣᠮᠣ ᠰᠢᠶᠠᠩ ᠪᠠᠯᠭᠠᠰᠣ ᠳᠤ ᠬᠡᠷᠡᠭᠴᠡᠭᠡ ᠪᠠ ᠨᠦᠬᠦᠴᠡᠯ ᠢ | ᠦᠨᠳᠣᠰᠣᠯᠡᠨ ᠬᠠᠥᠯᠢ ᠳᠤ ᠲᠣᠭᠳᠠᠭᠰᠠᠨ ᠵᠢᠷᠦᠮ ᠢᠶᠠᠷ ᠲᠠᠮᠵᠢᠭᠤᠯᠣᠨ ᠲᠡᠳᠡᠨ ᠳᠤ ᠬᠡᠰᠡᠭ ᠵᠠᠰᠠᠭ ᠵᠠᠬᠢᠷᠭᠠᠨ ᠤ | ᠬᠠᠥᠯᠢ ᠬᠡᠷᠡᠭᠵᠢᠭᠦᠯᠬᠦ ᠡᠷᠬᠡ ᠣᠯᠭᠤᠬᠤ ᠶᠢ ᠰᠦᠪᠡᠭᠴᠢᠯᠡᠨ᠎ᠡ︔ ᠬᠠᠥᠯᠢ ᠬᠡᠷᠡᠭᠵᠢᠭᠦᠯᠬᠦ ᠨᠦᠬᠦᠴᠡᠯ ᠢ | ᠪᠦᠷᠢᠳᠦᠭᠦᠯᠦᠭᠡᠳᠦᠢ ᠦᠨᠳᠣᠰᠣᠨ ᠱᠠᠳᠣᠨ ᠤ ᠨᠢᠭᠡᠴᠡ ᠳᠤ ᠬᠠᠥᠯᠢ ᠬᠡᠷᠡᠭᠵᠢᠬᠦᠯᠬᠦ ᠡᠷᠬᠡ ᠲᠠᠢ ᠬᠠᠥᠯᠢ ᠬᠡᠷᠡᠭᠵᠢᠬᠦᠯᠬᠦ | ᠭᠤᠣᠯ ᠴᠣᠭᠴᠠ ᠠᠴᠠ ᠨᠠᠶᠢᠳᠠᠨ ᠬᠠᠥᠯᠢ ᠬᠡᠷᠡᠭᠵᠢᠬᠦᠯᠬᠦ ᠪᠣᠶᠣ ᠲᠣᠮᠢᠯᠠᠨ ᠬᠠᠥᠯᠢ ᠬᠡᠷᠡᠭᠵᠢᠬᠦᠯᠬᠦ ᠠᠷᠭ᠎ᠠ ᠮᠠᠶ᠋ᠢᠭ ᠢᠶᠠᠷ | ᠬᠠᠥᠯᠢ ᠬᠡᠷᠡᠭᠵᠢᠬᠦᠯᠦᠨ᠎ᠡ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠬᠤᠰᠢᠭᠤ | ᠰᠢᠶᠡᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠬᠠᠷᠢᠭᠤᠴᠠᠨ᠎ᠠ︶᠃ | ︵ᠬᠤᠶᠡᠷ︶ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠶᠢᠨ ᠬᠠᠮᠵᠢᠯᠴᠠᠨ ᠬᠠᠪᠰᠣᠷᠣᠯᠴᠠᠬᠤ | ᠲᠣᠭᠳᠠᠴᠠ ᠶᠢ ᠵᠢᠷᠣᠮᠵᠢᠭᠤᠯᠬᠤ ᠪᠠ ᠲᠡᠭᠦᠯᠳᠡᠷᠵᠢᠭᠦᠯᠦᠨ᠎ᠡ᠃ | 1. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠮᠡᠳᠡᠭᠡ ᠵᠠᠩᠬᠢ ᠶᠢᠨ | ᠬᠠᠮᠳᠣᠷᠠᠯᠴᠠᠭ᠎ᠠ ᠶᠢ ᠠᠬᠢᠭᠤᠯᠣᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ | ᠬᠤᠭᠤᠷᠣᠨᠳᠦ ᠪᠠᠨ ᠲᠣᠰ ᠲᠣᠰ ᠤᠨ ᠲᠣᠰᠢᠶᠠᠯ ᠢᠶᠠᠨ ᠬᠡᠷᠡᠭᠵᠢᠬᠦᠯᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠭᠡᠨ᠂ ᠬᠠᠷᠢᠯᠴᠠᠨ ᠬᠠᠪᠰᠣᠷᠣᠯᠴᠠᠵᠦ᠂ ᠴᠣᠭᠭᠠᠷ ᠠᠳᠬᠤᠵᠦ ᠬᠠᠮᠳᠣᠪᠠᠷ ᠬᠠᠮᠢᠶᠠᠷᠬᠤ ᠠᠵᠢᠯ ᠤᠨ | ᠲᠣᠭᠳᠠᠴᠠ ᠶᠢ ᠲᠡᠭᠦᠯᠳᠡᠷᠵᠢᠬᠦᠯᠦᠨ᠎ᠡ᠃ ᠰᠠᠯᠠᠭ᠎ᠠ ᠮᠦᠴᠢᠷ ᠤᠨ ᠬᠤᠭᠤᠷᠣᠨᠳᠦᠬᠢ ᠬᠢᠨᠠᠨ ᠬᠠᠮᠢᠶᠠᠷᠤᠯᠳᠠ ᠶᠢᠨ ᠬᠠᠥᠯᠢ | ᠬᠡᠷᠡᠭᠵᠢᠬᠦᠯᠬᠦ ᠮᠡᠳᠡᠭᠡ ᠵᠠᠩᠬᠢ ᠶᠢ ᠬᠠᠮᠳᠣᠪᠡᠷ ᠬᠦᠷᠳᠡᠬᠦ ᠪᠠᠷᠢᠮᠵᠢᠶ᠎ᠠ ᠶᠢ ᠲᠣᠭᠳᠠᠭᠠᠵᠦ᠂ ︽ᠮᠡᠳᠡᠭᠡ ᠵᠠᠩᠬᠢ | ᠲᠤᠰᠠᠭᠠᠷᠯᠠᠬᠳᠠᠬᠤ︾ ᠪᠠᠶᠢᠳᠠᠯ ᠭᠠᠷᠬᠤ ᠶᠢ ᠦᠬᠡᠶᠢᠰᠬᠡᠵᠦ᠂ ᠮᠡᠳᠡᠭᠡ ᠵᠠᠩᠬᠢ ᠶᠢᠨ ᠡᠬᠢ ᠪᠠᠶᠠᠯᠢᠭ ᠢ ᠴᠢᠯᠦᠭᠡᠳᠡᠢ | ᠪᠣᠯᠭᠠᠨ ᠬᠠᠮᠳᠣᠪᠡᠷ ᠬᠦᠷᠳᠡᠬᠦ᠂ ᠬᠠᠷᠢᠯᠴᠠᠨ ᠬᠤᠯᠪᠣᠭᠠᠯᠠᠵᠦ ᠬᠠᠷᠢᠯᠴᠠᠨ ᠨᠡᠪᠳᠡᠷᠡᠯᠴᠡᠬᠦ ᠶᠢ ᠪᠡᠶᠡᠯᠡᠭᠦᠯᠦᠨ᠎ᠡ ︵ᠡᠯ᠎ᠡ | ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠵᠦ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ | ᠲᠣᠭᠳᠠᠴᠠ ᠶᠢ ᠲᠡᠭᠦᠯᠳᠡᠷᠵᠢᠬᠦᠯᠦᠨ᠎ᠡ᠃ ︽ᠣᠷᠣᠨ ᠪᠦᠰᠡ ᠰᠠᠯᠠᠭ᠎ᠠ ᠮᠦᠴᠢᠷ ᠠᠯᠣᠰᠯᠠᠨ ᠶᠡᠷᠦᠩᠬᠡᠶᠢᠯᠡᠨ ᠬᠠᠥᠯᠢ | ᠬᠡᠷᠡᠭᠵᠢᠬᠦᠯᠬᠦ ᠲᠣᠷᠰᠢᠯᠳᠠ ᠶᠢᠨ ᠠᠷᠭ᠎ᠠ︾ ᠶᠢ ᠲᠣᠭᠳᠠᠭᠠᠵᠦ᠂ ᠰᠠᠯᠠᠭ᠎ᠠ ᠮᠦᠴᠢᠷ᠂ ᠣᠷᠣᠨ ᠪᠦᠰᠡ ᠠᠯᠤᠰᠯᠠᠨ | ᠬᠠᠥᠯᠢ ᠬᠡᠷᠡᠭᠵᠢᠬᠦᠯᠵᠦ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ ᠲᠣᠭᠳᠠᠴᠠ ᠶᠢ ᠪᠠᠶᠢᠭᠤᠯᠣᠨ ᠪᠦᠷᠢᠨᠰᠢᠬᠦᠯᠵᠦ᠂ | ᠬᠤᠯᠪᠣᠭᠠᠯᠠᠨ ᠬᠠᠥᠯᠢ ᠬᠡᠷᠡᠭᠵᠢᠬᠦᠯᠬᠦ᠂ ᠣᠷᠣᠨ ᠪᠦᠰᠡ ᠪᠠᠷ ᠬᠠᠥᠯᠢ ᠬᠡᠷᠡᠭᠵᠢᠬᠦᠯᠬᠦ᠂ ᠰᠣᠯᠪᠢᠴᠠᠨ ᠬᠠᠥᠯᠢ | ᠬᠡᠷᠡᠭᠵᠢᠬᠦᠯᠬᠦ ᠶᠢ ᠠᠬᠢᠭᠤᠯᠵᠦ᠂ ᠣᠷᠣᠨ ᠪᠦᠰᠡ ᠠᠯᠣᠰᠯᠠᠨ ᠬᠡᠷᠡᠭ ᠢ ᠰᠢᠯᠵᠢᠬᠦᠯᠬᠦ᠂ ᠭᠡᠷᠡᠴᠢ ᠠᠪᠬᠤ ᠶᠢ ᠨᠢᠬᠳᠠ | ᠵᠣᠯᠭᠠᠭᠤᠯᠬᠤ ᠶᠢ ᠪᠡᠶᠡᠯᠡᠬᠦᠯᠵᠦ᠂ ᠣᠷᠣᠨ ᠪᠦᠰᠡ ᠶᠢᠨ ᠴᠢᠨᠠᠷᠳᠡᠢ᠂ ᠰᠢᠰᠲ᠋ᠧᠮ ᠤᠨ ᠴᠢᠨᠡᠷᠳᠡᠢ ᠲᠦᠭᠰᠢᠭᠦᠷᠢ ᠶᠢ | ᠪᠦᠳᠦᠮᠵᠢᠳᠡᠢ ᠰᠡᠷᠭᠡᠶᠢᠯᠡᠵᠦ᠂ ᠵᠠᠬ᠎ᠠ ᠲᠡᠯᠭᠡᠭᠦᠷ ᠤᠨ ᠨᠢᠭᠡᠳᠦᠯᠳᠡᠢ ᠡᠮᠬᠢ ᠲᠢᠭᠯᠢᠮ ᠢ ᠬᠠᠮᠠᠭᠠᠯᠠᠨ᠎ᠠ᠃ ᠦᠪᠡᠷᠳᠡᠭᠡᠨ | ᠵᠠᠰᠠᠬᠤ ᠣᠷᠣᠨ ᠤ ᠲᠡᠰ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠯ᠎ᠡ | ᠮᠣᠵᠢ ︵ᠣᠷᠣᠨ᠂ ᠬᠤᠳᠠ︶ ᠶᠢᠨ ᠵᠤᠬᠢᠴᠠᠯᠳᠤᠬᠰᠠᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠴᠦ ᠬᠠᠥᠯᠢ | ᠬᠡᠷᠡᠭᠵᠢᠬᠦᠯᠬᠦ ᠰᠠᠯᠠᠭ᠎ᠠ ᠮᠦᠴᠢᠷ ᠯᠦᠭᠡ ᠬᠠᠥᠯᠢ ᠬᠡᠷᠡᠭᠵᠢᠬᠦᠯᠬᠦ ᠬᠠᠮᠵᠢᠯᠴᠠᠭ᠎ᠠ ᠪᠠᠨ ᠴᠢᠩᠭᠠᠳᠬᠠᠨ᠂ ᠦᠪᠡᠷᠳᠡᠭᠡᠨ | ᠵᠠᠰᠠᠬᠤ ᠣᠷᠣᠨ ᠤ ᠲᠣᠳᠣᠷᠡᠬᠢ ᠣᠷᠣᠨ ᠪᠦᠰᠡ ᠠᠯᠣᠰᠯᠠᠨ ᠬᠠᠥᠯᠢ ᠬᠡᠷᠡᠭᠵᠢᠬᠦᠯᠬᠦ ᠶᠢᠨ ᠵᠣᠬᠢᠴᠠᠭᠤᠯᠣᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠣᠨ᠎ᠠ ︵ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ | ᠭᠡᠷ᠂ ᠬᠠᠥᠯᠢ ᠲᠦᠷᠢᠮ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠣᠯᠣᠰ ᠲᠦᠷᠦ | ᠬᠠᠥᠯᠢ ᠴᠠᠭᠠᠵᠠ ᠶᠢᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠡ ᠨᠤᠭᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ ᠬᠠᠤᠯᠢ | ᠶᠤᠰᠤᠭᠠᠷ ᠦᠯᠦ ᠵᠥᠪᠰᠢᠶᠡᠷᠡᠭᠳᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠠᠭ ᠲᠣᠬᠠᠢ ᠳᠤᠨᠢ | ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠤᠭᠤᠯᠬᠤ ᠵᠥᠪᠰᠢᠶᠡᠷᠡᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠤᠭᠠᠷ ᠲᠤᠰ ᠲᠤᠰ ᠬᠠᠷᠢᠭᠤᠴᠠᠨ᠎ᠠ︶᠃ | 3. ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠬᠠᠥᠯᠢ ᠬᠡᠷᠡᠭᠵᠢᠬᠦᠯᠬᠦ ᠪᠠ ᠬᠠᠥᠯᠢ | ᠴᠠᠭᠠᠵᠠ ᠯᠤᠭ᠎ᠠ ᠶᠢᠨ ᠵᠣᠯᠭᠠᠭᠤᠯᠳᠠ ᠶᠢ ᠰᠠᠶᠢᠳᠣᠷ ᠬᠢᠨ᠎ᠡ᠃ ᠬᠡᠷᠡᠭ ᠢ ᠰᠢᠯᠵᠢᠬᠦᠯᠤᠨ ᠬᠦᠷᠭᠡᠬᠦ ᠪᠠᠷᠢᠮᠵᠢᠶ᠎ᠠ ᠪᠠ | ᠵᠢᠷᠦᠮ ᠢ ᠲᠡᠭᠦᠯᠳᠡᠷᠵᠢᠬᠦᠯᠵᠦ᠂ ᠬᠠᠥᠯᠢ ᠬᠡᠷᠡᠭᠵᠢᠬᠦᠯᠬᠦ ᠬᠠᠮᠵᠢᠯᠴᠠᠭᠠᠨ ᠤ ᠬᠠᠮᠢᠶ᠎ᠠ ᠪᠦᠬᠦᠢ ᠲᠣᠭᠳᠠᠭᠠᠯ ᠢ | ᠨᠠᠷᠢᠯᠢᠬᠵᠢᠭᠤᠯᠬᠤ ᠶᠢᠨ ᠬᠠᠮᠳᠦ ᠴᠢᠩᠭ᠎ᠠ ᠬᠡᠷᠡᠭᠵᠢᠬᠦᠯᠦᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠲᠣᠰ ᠲᠣᠰ ᠬᠠᠷᠢᠭᠤᠴᠠᠨ᠎ᠠ︶᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ᠂ | ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠬᠤᠭᠤᠷᠣᠨᠳᠣ ᠪᠠᠨ ᠬᠡᠷᠡᠭ ᠤᠨ | ᠪᠠᠶᠢᠳᠠᠯ ᠢ ᠮᠡᠳᠡᠬᠦᠯᠬᠦ ᠲᠣᠭᠳᠠᠴᠠ ᠶᠢ ᠪᠠᠶᠢᠭᠤᠯᠣᠨ᠎ᠠ᠃ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ | ᠮᠦᠴᠢᠷ ᠤᠳ ᠬᠠᠥᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠳᠤ ᠬᠦᠷᠦᠭᠰᠡᠨ ᠢᠶᠠᠷ ᠰᠡᠵᠢᠭᠯᠡᠭᠳᠡᠭᠰᠡᠨ ᠢ | ᠮᠡᠳᠡᠭᠰᠡᠨ ᠪᠠᠶᠢᠪᠠᠯ᠂ ᠬᠠᠥᠯᠢ ᠶᠣᠰᠣᠭᠠᠷ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠬᠦᠯᠬᠦ ᠶᠢᠨ ᠲᠠᠭᠠᠦ | ᠠᠳᠠᠯᠢ ᠱᠠᠳᠣᠨ ᠤ ᠪᠠᠶᠢᠴᠠᠭᠠᠬᠤ ᠪᠠᠶᠢᠭᠤᠯᠭ᠎ᠠ ᠳᠤ ᠮᠡᠳᠡᠬᠦᠯᠦᠨ᠎ᠡ᠂ ᠲᠤᠷᠭᠠᠭᠤᠯᠢ ᠪᠠᠷ ᠡᠷᠡᠭᠦᠦ ᠶᠢ ᠣᠷᠣᠯᠠᠭᠤᠯᠵᠦ | ᠪᠣᠯᠬᠤ ᠦᠭᠡᠢ᠃ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠡᠷᠡᠭ ᠪᠣᠯᠭᠠᠬᠤ ᠪᠠᠷ ᠲᠣᠭᠳᠠᠭᠠᠭᠰᠠᠨ ᠪᠠᠶᠢᠪᠠᠯ᠂ | ᠬᠡᠷᠡᠭ ᠢ ᠰᠢᠯᠵᠢᠬᠦᠯᠦᠭᠰᠡᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠤ ᠪᠢᠴᠢᠭ ᠤᠨ | ᠬᠡᠯᠪᠡᠷᠢ ᠪᠠᠷ ᠮᠡᠳᠡᠭᠳᠡᠨ᠎ᠡ᠂ ᠬᠡᠷᠡᠭ ᠪᠣᠯᠭᠠᠬᠤ ᠦᠭᠡᠢ ᠪᠣᠶᠣ ᠬᠦᠴᠦᠨ ᠦᠭᠡᠢ ᠪᠣᠯᠭᠠᠬᠤ ᠪᠠᠷ ᠲᠣᠭᠳᠠᠭᠠᠭᠰᠠᠨ ᠪᠠᠶᠢᠪᠠᠯ᠂ | ᠪᠢᠴᠢᠭ ᠤᠨ ᠬᠡᠯᠪᠡᠷᠢ ᠪᠠᠷ ᠰᠢᠯᠳᠠᠭᠠᠨ ᠢ ᠨᠢ ᠲᠠᠶᠢᠯᠪᠣᠷᠢᠯᠠᠬᠤ ᠶᠢᠨ ᠬᠠᠮᠳᠣ᠂ ᠠᠳᠠᠯᠢ ᠱᠠᠳᠣᠨ ᠤ ᠪᠠᠶᠢᠴᠠᠭᠠᠬᠤ | ᠬᠤᠷᠢᠶ᠎ᠠ ᠳᠤ ᠮᠡᠳᠡᠬᠡᠯᠡᠨ᠎ᠠ᠃ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠨᠢ ᠬᠠᠥᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠮᠡᠳᠡᠭᠡᠳ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠭᠡᠢ ᠭᠡᠵᠦ ᠦᠵᠡᠭᠰᠡᠨ ᠪᠣᠯᠪᠠᠴᠦ᠂ | ᠬᠠᠥᠯᠢ ᠶᠣᠰᠣᠭᠠᠷ ᠵᠠᠰᠠᠭ ᠵᠠᠬᠢᠷᠭᠠᠨ ᠢᠶᠠᠷ ᠰᠢᠢᠳᠪᠦᠷᠢᠯᠡᠬᠦ ᠴᠢᠬᠤᠯᠠᠳᠠᠢ ᠪᠠᠶᠢᠪᠠᠯ᠂ ᠬᠡᠷᠡᠭ ᠢ ᠴᠠᠭ ᠲᠣᠬᠠᠢ ᠳᠤ ᠨᠢ | ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠲᠤ ᠰᠢᠯᠵᠢᠬᠦᠯᠦᠨ᠎ᠡ ︵ᠦᠪᠡᠷᠳᠡᠭᠡᠨ ᠵᠠᠰᠠᠬᠤ | ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ ᠲᠦᠷᠦᠭᠦᠯᠡᠨ ᠬᠠᠷᠢᠭᠤᠴᠠᠨ᠎ᠠ︶᠃ ᠰᠢᠬᠦᠬᠦ ᠬᠤᠷᠢᠶ᠎ᠡ ᠶᠢᠨ | ᠬᠦᠴᠦᠨ ᠲᠠᠢ ᠪᠣᠯᠣᠭᠰᠠᠨ ᠲᠣᠭᠳᠠᠭᠠᠯᠳᠠ ᠪᠠ ᠲᠠᠰᠣᠯᠣᠯᠳᠡ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ | ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠲᠣᠭᠳᠠᠭᠠᠯ ᠤᠨ ᠬᠡᠷᠡᠭᠵᠢᠬᠦᠯᠬᠦ ᠡᠷᠴᠢᠮ ᠢ ᠴᠢᠩᠭᠠᠷᠠᠭᠤᠯᠣᠨ᠎ᠠ᠃ ᠵᠠᠬ᠎ᠠ | ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠠᠷᠡᠳ ᠤᠨ ᠰᠢᠬᠦᠬᠦ ᠬᠤᠷᠢᠶ᠎ᠠ ᠶᠢᠨ | ᠬᠦᠴᠦᠨ ᠲᠠᠢ ᠪᠣᠯᠣᠭᠰᠠᠨ ᠲᠣᠭᠳᠠᠭᠠᠯᠳᠠ ᠪᠠ ᠲᠠᠰᠣᠯᠣᠯᠳᠡ ᠶᠢ ᠭᠦᠢᠴᠡᠳᠭᠡᠨ᠎ᠡ᠃ ᠲᠤᠬᠠᠢᠢᠳᠠᠢ ᠬᠦᠮᠦᠨ ᠨᠢ ᠵᠠᠰᠠᠭ | ᠵᠠᠬᠢᠷᠭᠠᠨ ᠤ ᠲᠣᠭᠳᠠᠭᠠᠯ ᠢ ᠭᠦᠢᠴᠡᠳᠭᠡᠬᠦ ᠦᠭᠡᠢ ᠪᠠᠶᠢᠪᠠᠯ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ | ᠰᠠᠯᠠᠭ᠎ᠠ ᠮᠦᠴᠢᠷ ᠨᠢ ᠬᠠᠥᠯᠢ ᠶᠣᠰᠣᠭᠠᠷ ᠠᠯᠪᠠᠳᠠᠨ ᠭᠦᠢᠴᠡᠳᠭᠡᠯᠬᠡᠬᠦ ᠪᠣᠶᠣ ᠰᠢᠭᠦᠬᠦ ᠬᠤᠷᠢᠶ᠎ᠡ ᠳᠤ ᠠᠯᠪᠠᠳᠠᠨ | ᠬᠡᠷᠡᠭᠵᠢᠬᠦᠯᠬᠦ ᠪᠠᠷ ᠭᠤᠶᠣᠴᠢᠯᠠᠵᠦ᠂ ᠬᠠᠮᠵᠢᠯᠴᠠᠭ᠎ᠠ ᠪᠠᠨ ᠴᠢᠩᠭᠠᠷᠠᠭᠤᠯᠣᠨ᠂ ᠬᠠᠥᠯᠢ ᠬᠡᠷᠡᠭᠵᠢᠭᠦᠯᠬᠦ ᠶᠢ | ᠬᠦᠴᠦᠷᠬᠡᠭᠯᠡᠯ ᠢᠶᠠᠷ ᠡᠰᠡᠷᠭᠦᠴᠡᠬᠦ ᠵᠡᠷᠬᠡ ᠦᠢᠯᠡ ᠠᠵᠢᠯᠯᠠᠭ᠎ᠠ ᠶᠢ ᠪᠦᠳᠦᠮᠵᠢᠳᠡᠢ ᠰᠡᠷᠭᠡᠶᠢᠯᠡᠨ᠎ᠡ᠃ ︽ᠵᠠᠰᠠᠭ | ᠵᠠᠬᠢᠷᠭᠠᠨ ᠤ ᠬᠠᠥᠯᠢ ᠬᠡᠷᠡᠭᠵᠢᠬᠦᠯᠬᠦ ᠬᠡᠷᠡᠭ ᠢ ᠠᠯᠪᠠᠳᠠᠨ ᠭᠦᠢᠴᠡᠳᠭᠡᠬᠦ ᠠᠷᠭ᠎ᠠ︾ ᠶᠢ ᠲᠣᠭᠳᠠᠭᠠᠨ᠎ᠠ ︵ᠦᠪᠡᠷᠳᠡᠭᠡᠨ | ᠵᠠᠰᠠᠬᠤ ᠣᠷᠣᠨ ᠤ ᠦᠨᠳᠦᠷ ᠵᠡᠷᠬᠡ ᠶᠢᠨ ᠠᠷᠡᠳ ᠤᠨ ᠰᠢᠬᠦᠬᠦ ᠬᠤᠷᠢᠶ᠎ᠡ᠂ ᠡᠯ᠎ᠡ ᠬᠠᠮᠢᠶ᠎ᠠ ᠪᠦᠬᠦᠢ ᠵᠠᠬ᠎ᠠ | ᠲᠡᠯᠭᠡᠭᠦᠷ ᠤᠨ ᠬᠢᠨᠠᠯᠳᠠ ᠬᠠᠮᠢᠶᠠᠷᠣᠯᠳᠡ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ᠲᠣᠯᠤᠭ᠎ᠠ᠂ ᠨᠡᠶᠢᠭᠡᠮ ᠤᠨ ᠬᠢᠨᠠᠯᠳᠡ ᠲᠠᠯᠪᠢᠬᠤ ᠲᠣᠭᠳᠠᠴᠠ ᠶᠢ ᠪᠦᠷᠢᠨᠰᠢᠭᠦᠯᠦᠨ᠎ᠡ | ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠡ ᠳᠠᠬᠢ ᠨᠡᠶᠢᠭᠡᠮ ᠤᠨ ᠬᠦᠴᠦᠨ ᠤ ᠦᠵᠡᠬᠦᠯᠬᠦ ᠦᠢᠯᠡᠳᠦᠯ ᠢ | ᠭᠦᠢᠴᠡᠳ ᠪᠠᠳᠠᠷᠠᠭᠤᠯᠵᠦ᠂ ᠠᠯᠢᠪᠠ ᠢᠳᠡᠪᠬᠢ ᠬᠦᠴᠦᠨ ᠵᠦᠢᠯ ᠢ ᠲᠠᠶᠢᠴᠢᠯᠠᠨ᠂ ᠵᠠᠬ᠎ᠠ ᠲᠡᠯᠭᠡᠭᠦᠷ ᠤᠨ ᠦᠪᠡᠷ ᠢ ᠪᠠᠨ | ᠬᠠᠮᠢᠶᠠᠷᠬᠤ᠂ ᠦᠪᠡᠷ ᠢ ᠪᠠᠨ ᠵᠢᠷᠣᠮᠵᠢᠭᠤᠯᠬᠤ᠂ ᠦᠪᠡᠷ ᠢ ᠪᠠᠨ ᠴᠡᠪᠡᠷᠰᠢᠭᠦᠯᠬᠦ ᠶᠢ ᠠᠬᠢᠭᠤᠯᠣᠨ᠎ᠠ᠃ | ︵ᠨᠢᠬᠡ︶ ᠠᠵᠢᠯ ᠲᠦᠷᠦᠯ ᠤᠨ ᠨᠡᠶᠢᠭᠡᠮᠯᠢᠭ ᠬᠤᠳᠠᠯᠳᠣᠭᠠᠴᠢᠨ ᠤ ᠨᠡᠶᠢᠭᠡᠮᠯᠢᠭ ᠤᠨ ᠪᠡᠶ᠎ᠡ ᠪᠠᠨ ᠱᠠᠭᠠᠷᠳᠠᠬᠤ | ᠦᠢᠯᠡᠳᠦᠯ ᠢ ᠪᠠᠳᠠᠷᠠᠭᠤᠯᠣᠨ᠎ᠠ᠃ | 1. ᠠᠵᠢᠯ ᠲᠦᠷᠦᠯ ᠤᠨ ᠨᠡᠶᠢᠭᠡᠮᠯᠢᠭ ᠤᠨ ᠦᠭᠡᠷᠡᠴᠢᠯᠡᠯᠲᠡ ᠶᠢ ᠠᠬᠢᠭᠤᠯᠣᠨ᠎ᠠ᠃ ᠣᠯᠣᠰ ᠤᠨ ᠨᠢᠭᠡᠳᠦᠯᠳᠡᠢ | ᠪᠠᠶᠢᠷᠢᠯᠠᠭᠤᠯᠣᠯᠳᠠ ᠪᠠ ᠮᠠᠨ ᠤ ᠣᠷᠣᠨ ᠤ ᠪᠣᠳᠠᠳᠦ ᠪᠠᠶᠢᠳᠠᠯ ᠢ ᠦᠨᠳᠣᠰᠣᠯᠡᠨ᠂ ᠵᠠᠰᠠᠭ ᠪᠠ ᠨᠡᠶᠢᠭᠡᠮ ᠤᠨ ᠵᠤᠬᠢᠶᠠᠨ | ᠪᠠᠶᠢᠭᠤᠯᠤᠯᠳᠠ ᠶᠢ ᠰᠠᠯᠭᠠᠬᠤ ᠶᠢ ᠠᠬᠢᠭᠤᠯᠵᠦ᠂ ︽ᠠᠵᠢᠯ ᠲᠦᠷᠦᠯ ᠤᠨ ᠨᠡᠶᠢᠭᠡᠮᠯᠢᠭ ᠬᠤᠳᠠᠯᠳᠣᠭᠠᠴᠢᠨ ᠤ | ᠨᠡᠶᠢᠭᠡᠮᠯᠢᠭ ᠬᠢᠬᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠠᠯᠭᠠᠬᠤ ᠠᠵᠢᠯ ᠤᠨ ᠲᠦᠰᠦᠯ︾ ᠢ ᠲᠣᠭᠳᠠᠭᠠᠵᠣ᠂ | ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠣᠭᠠᠴᠢᠨ ᠤ ᠨᠡᠶᠢᠭᠡᠮᠯᠢᠭ ᠬᠢᠬᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠵᠢᠯᠳᠠᠨ᠂ ᠡᠭᠦᠷᠭᠡ ᠴᠢᠳᠠᠪᠤᠷᠢ᠂ ᠡᠳ᠋ ᠤᠨ ᠶᠠᠪᠣᠳᠠᠯ ᠪᠠ ᠠᠯᠪᠠᠯᠠᠬᠤ ᠭᠠᠵᠠᠷ ᠵᠡᠷᠭᠡ ᠲᠠᠯ᠎ᠠ ᠪᠠᠷ ᠦᠨᠡᠨᠬᠦ | ᠰᠠᠯᠭᠠᠬᠤ ᠶᠢ ᠠᠬᠢᠭᠤᠯᠵᠤ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠣᠭᠠᠴᠢᠨ ᠤ ᠨᠡᠶᠢᠭᠡᠮᠯᠢᠭ ᠤᠨ ᠪᠡᠶ᠎ᠡ ᠪᠠᠨ | ᠲᠠᠭᠠᠭᠠᠵᠦ ᠨᠡᠶᠢᠭᠡᠮᠯᠢᠭ ᠡᠷᠬᠢᠯᠡᠬᠦ᠂ ᠪᠡᠶ᠎ᠡ ᠪᠠᠨ ᠱᠠᠭᠠᠷᠳᠠᠵᠤ ᠬᠦᠭᠵᠢᠬᠦ ᠶᠢ ᠪᠡᠶᠡᠯᠡᠭᠦᠯᠦᠨ᠎ᠡ ︵ᠦᠪᠡᠷᠳᠡᠭᠡᠨ ᠵᠠᠰᠠᠬᠤ | ᠣᠷᠣᠨ ᠤ ᠠᠷᠡᠳ ᠤᠨ ᠶᠠᠪᠣᠳᠠᠯ ᠤᠨ ᠲᠢᠩᠬᠢᠮ᠂ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠬᠠᠥᠯᠢ ᠪᠠ ᠵᠠᠭᠠᠯᠳᠣᠯᠭ᠎ᠠ ᠳᠤ ᠬᠤᠯᠪᠣᠭᠳᠠᠭᠰᠠᠨ ᠠᠰᠠᠭᠤᠳᠠᠯ ᠢ ᠶᠡᠬᠡᠪᠡᠷ ᠰᠢᠢᠳᠪᠦᠷᠢᠯᠡᠨ᠎ᠡ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠨᠡᠶᠢᠬᠡᠮ ᠲᠠᠶᠠᠭᠠᠷ ᠬᠠᠮᠵᠢᠯᠴᠠᠨ ᠬᠠᠮᠳᠣ ᠪᠠᠷ ᠵᠠᠰᠠᠬᠤ ᠶᠢ | ᠠᠬᠢᠭᠤᠯᠤᠨ᠎ᠠ᠃ ᠬᠡᠷᠡᠭᠯᠡᠭᠴᠢᠳ ᠤᠨ ᠵᠢᠭᠤᠷᠠᠯᠳᠣᠭᠠᠨ ᠢ ᠡᠶᠡᠳᠡᠭᠦᠯᠦᠨ ᠰᠢᠢᠳᠪᠦᠷᠢᠯᠡᠬᠦ ᠬᠡᠷᠡᠭᠯᠡᠭᠴᠢᠳ ᠤᠨ ᠵᠣᠬᠢᠶᠠᠨ | ᠪᠠᠶᠢᠭᠤᠯᠣᠯᠳᠡ ᠶᠢᠨ ᠦᠢᠯᠡᠳᠦᠯ ᠢ ᠪᠠᠳᠠᠷᠠᠭᠤᠯᠣᠭᠰᠠᠨ ᠰᠠᠭᠤᠷᠢᠨ ᠲᠡᠭᠡᠷ᠎ᠡ᠂ ᠣᠭ ᠦᠨᠳᠦᠰᠦ ᠠᠴᠠ ᠨᠢ ᠵᠠᠰᠠᠬᠤ | ᠲᠣᠭᠳᠠᠴᠠ᠂ ᠡᠷᠬᠡ ᠠᠰᠢᠭ ᠢ ᠬᠠᠮᠭᠠᠯᠠᠬᠤ ᠲᠣᠮᠣ ᠲᠣᠭᠳᠠᠴᠠ ᠶᠢ ᠪᠠᠶᠢᠭᠤᠯᠣᠨ ᠲᠡᠭᠦᠯᠳᠡᠷᠵᠢᠬᠦᠯᠵᠦ᠂ ᠲᠠᠸᠠᠷ ᠪᠠ | ᠦᠢᠯᠡᠴᠢᠯᠡᠭᠡᠨ ᠳᠤ ᠨᠡᠶᠢᠭᠡᠮ ᠤᠨ ᠬᠢᠨᠡᠯᠳᠡ ᠲᠠᠯᠪᠢᠬᠤ ᠶᠢ ᠴᠢᠩᠭᠠᠷᠠᠭᠤᠯᠵᠤ᠂ ᠬᠠᠮᠵᠢᠯᠴᠠᠨ ᠬᠠᠮᠳᠣ ᠪᠠᠷ ᠵᠠᠰᠠᠬᠤ ᠶᠢ | ᠠᠬᠢᠭᠤᠯᠤᠨ᠂ ᠡᠷᠬᠡ ᠠᠰᠢᠭ ᠢ ᠬᠠᠮᠠᠭᠠᠯᠠᠬᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠬᠤᠳᠠᠯᠳᠣᠭᠠᠨ ᠤ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠨ᠎ᠠ︶᠃ ᠵᠠᠬᠢᠳᠠᠯ | ᠰᠣᠷᠪᠣᠯᠵᠢᠯᠠᠯ ᠢᠶᠠᠷ ᠢᠯᠡᠴᠢᠯᠡᠨ ᠮᠡᠳᠡᠭᠦᠯᠬᠦ ᠶᠢᠨ ᠬᠢᠨᠠᠯᠳᠡ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ | ᠣᠳᠣᠷᠢᠳᠬᠤ ᠺᠠᠳ᠋ᠷᠴᠤᠳ ᠣᠬᠠᠮᠰᠠᠷ ᠠᠴᠠ ᠪᠠᠨ ᠣᠯᠠᠨ ᠲᠦᠮᠡᠨ ᠤ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠬᠤ᠂ | ᠣᠯᠠᠨ ᠲᠦᠮᠡᠨ ᠤ ᠵᠠᠬᠢᠳᠠᠯ ᠢ ᠰᠢᠢᠳᠪᠦᠷᠢᠯᠡᠬᠦ ᠲᠦᠷᠢᠮ ᠢ ᠣᠬᠠᠮᠰᠠᠷ ᠠᠴᠠ ᠪᠠᠨ ᠨᠠᠶᠢᠳᠠᠪᠦᠷᠢᠵᠢᠭᠤᠯᠤᠨ᠎ᠠ᠃ | ᠰᠦᠯᠵᠢᠶᠡᠨ ᠲᠡᠭᠡᠷ᠎ᠡ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠲᠦᠷᠢᠮ ᠢ ᠬᠡᠷᠡᠭᠵᠢᠬᠦᠯᠦᠨ᠂ | ᠰᠦᠯᠵᠢᠶᠡᠨ ᠲᠡᠭᠡᠷ᠎ᠡ ᠵᠠᠬᠢᠳᠠᠯ ᠰᠣᠷᠪᠣᠯᠵᠢᠯᠠᠯ ᠬᠢᠬᠦ ᠮᠡᠳᠡᠭᠡ ᠵᠠᠩᠬᠢ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠣᠨ᠂ | ᠣᠯᠠᠨ ᠲᠦᠮᠡᠨ ᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠴᠠᠭ ᠲᠣᠬᠠᠢ ᠳᠤᠨᠢ ᠲᠣᠰ ᠭᠠᠵᠠᠷ ᠲᠤᠨᠢ | ᠰᠢᠢᠳᠪᠦᠷᠢᠯᠡᠬᠦ ᠲᠣᠭᠳᠠᠴᠠ ᠶᠢ ᠪᠦᠷᠢᠨᠰᠢᠭᠦᠯᠦᠨ᠎ᠡ᠃ ᠣᠯᠠᠨ ᠲᠦᠮᠡᠨ ᠢ ᠬᠦᠳᠦᠯᠦᠨ ᠵᠢᠯᠤᠭᠤᠳᠴᠣ ᠪᠠᠶᠢᠭᠠᠳ | ᠬᠠᠥᠯᠢ ᠶᠣᠰᠣᠭᠠᠷ ᠲᠣᠰ ᠭᠠᠵᠠᠷ ᠲᠤᠨᠢ ᠬᠦᠰᠡᠯ ᠱᠠᠭᠠᠷᠳᠠᠯᠭ᠎ᠠ ᠶᠢ ᠨᠢ ᠲᠣᠰᠬᠠᠯᠭᠠᠨᠠ᠃ ᠵᠠᠬᠢᠳᠠᠯ | ᠰᠣᠷᠪᠣᠯᠵᠢᠯᠠᠯ ᠢᠶᠠᠷ ᠢᠯᠡᠴᠢᠯᠡᠨ ᠮᠡᠳᠡᠭᠦᠯᠬᠦ ᠠᠵᠢᠯ ᠤᠨ ᠲᠣᠭᠳᠠᠴᠠ ᠶᠢ ᠲᠠᠰᠣᠷᠠᠯᠳᠠ ᠦᠭᠡᠢ ᠪᠦᠷᠢᠨᠰᠢᠭᠦᠯᠵᠤ᠂ | ᠵᠠᠬᠢᠳᠠᠯ ᠰᠣᠷᠪᠣᠯᠵᠢᠯᠠᠭ᠎ᠠ ᠶᠢᠨ ᠵᠠᠮ ᠮᠦᠷ ᠢ ᠪᠦᠳᠦᠮᠵᠢᠳᠡᠢ ᠦᠷᠭᠡᠳᠭᠡᠬᠦ ᠪᠠ ᠰᠢᠯᠤᠭᠤᠳᠬᠠᠨ᠂ ︽ᠵᠠᠬᠢᠳᠠᠯ᠂ | ᠰᠣᠷᠪᠣᠯᠵᠢᠯᠠᠯ᠂ ᠰᠦᠯᠵᠢᠶ᠎ᠡ᠂ ᠣᠳᠠᠰᠣ︾ ᠲᠦᠷᠪᠡ ᠶᠢ ᠨᠢᠭᠡ ᠴᠣᠭᠴᠠᠵᠢᠭᠤᠯᠣᠭᠰᠠᠨ᠂ ᠰᠦᠯᠵᠢᠶᠡᠨ ᠲᠡᠭᠡᠷ᠎ᠡ | ᠬᠦᠯᠢᠶᠡᠨ ᠠᠪᠴᠣ ᠰᠢᠢᠳᠪᠦᠷᠢᠯᠡᠬᠦ ᠪᠠᠷ ᠭᠤᠤᠯ ᠪᠤᠯᠭᠠᠭᠰᠠᠨ ᠬᠦᠰᠡᠯ ᠱᠠᠭᠠᠷᠳᠠᠯᠭ᠎ᠠ ᠪᠠᠨ ᠢᠯᠡᠳᠭᠡᠬᠦ ᠪᠠᠶᠢᠷᠢᠰᠢᠯ ᠢ | ᠪᠠᠶᠢᠭᠤᠯᠤᠨ᠎ᠠ᠃ ᠠᠷᠡᠳ ᠲᠦᠮᠡᠨ ᠤ ᠰᠠᠨᠠᠭᠤᠯᠭ᠎ᠠ ᠶᠢ ᠡᠯᠰᠡᠨ ᠴᠣᠭᠯᠠᠭᠤᠯᠬᠤ ᠲᠦᠷᠢᠮ ᠢ ᠪᠠᠶᠢᠭᠤᠯᠣᠨ | ᠪᠦᠷᠢᠨᠰᠢᠭᠦᠯᠦᠨ᠎ᠡ ︵ᠦᠪᠡᠷᠳᠡᠭᠡᠨ ᠵᠠᠰᠠᠬᠤ ᠣᠷᠣᠨ ᠤ ᠵᠠᠬᠢᠳᠠᠯ ᠰᠣᠷᠪᠣᠯᠵᠢᠯᠠᠯ ᠤᠨ ᠲᠣᠪᠴᠢᠶ᠎ᠠ ᠠᠴᠠ ᠲᠦᠷᠦᠭᠦᠯᠡᠨ | ᠬᠠᠷᠢᠭᠤᠴᠠᠨ᠎ᠠ︶᠃ | 3. ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠶᠢ ᠴᠢᠩᠭᠠᠷᠠᠭᠤᠯᠣᠨ᠎ᠠ᠃ ᠨᠡᠶᠢᠳᠡᠯᠢᠭ ᠬᠡᠷᠡᠭ ᠢ ᠢᠯᠡᠴᠢᠯᠡᠨ | ᠮᠡᠳᠡᠬᠡᠯᠡᠵᠦ᠂ ᠬᠠᠥᠯᠢ ᠠᠴᠠ ᠵᠦᠷᠢᠴᠡᠭᠰᠡᠨ ᠶᠠᠯᠠᠳᠦ ᠦᠢᠯᠡ ᠠᠵᠢᠯᠯᠠᠭ᠎ᠠ ᠳᠤ ᠰᠦᠷ ᠦᠵᠡᠬᠦᠯᠵᠦ᠂ ᠣᠯᠠᠨ | ᠨᠡᠶᠢᠳᠡ ᠶᠢᠨ ᠲᠠᠨᠢᠨ ᠮᠡᠳᠡᠷᠡᠬᠦᠢ ᠪᠠ ᠰᠡᠷᠭᠡᠶᠢᠯᠡᠬᠦ ᠴᠢᠳᠠᠪᠣᠷᠢ ᠶᠢ ᠲᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ | ᠣᠷᠣᠨ ᠤ ᠲᠡᠰ ᠤᠨ ᠭᠤᠣᠯ ᠪᠣᠯᠬᠤ ᠵᠠᠭᠤᠴᠢᠯᠠᠭᠤᠷ ᠵᠢᠴᠢ ᠲᠡᠳᠡᠨ ᠤ ᠰᠦᠯᠵᠢᠶᠡᠨ ᠲᠡᠭᠡᠷ᠎ᠡ ᠬᠠᠥᠯᠢ ᠠᠴᠠ | ᠵᠦᠷᠢᠴᠡᠭᠰᠡᠨ ᠬᠡᠷᠡᠭ ᠤᠨ ᠪᠠᠶᠢᠴᠠᠭᠠᠨ ᠰᠢᠢᠳᠪᠦᠷᠢᠯᠡᠭᠰᠡᠨ ᠢ ᠨᠡᠶᠢᠳᠡᠯᠡᠵᠣ᠂ ᠬᠠᠥᠯᠢ ᠠᠴᠠ ᠵᠦᠷᠢᠴᠡᠭᠰᠡᠨ ᠶᠠᠯᠠᠳᠣ | ᠠᠵᠢᠯᠯᠠᠭ᠎ᠠ ᠶᠢ ᠢᠯᠡᠴᠢᠯᠡᠵᠣ᠂ ᠨᠡᠶᠢᠳᠡᠯᠢᠭ ᠬᠡᠷᠡᠭ ᠢ ᠵᠠᠳᠠᠯᠵᠣ᠂ ᠰᠦᠷ ᠦᠵᠡᠬᠦᠯᠬᠦ ᠦᠢᠯᠡᠳᠦᠯ ᠨᠦᠯᠦᠬᠡ ᠶᠢ ᠪᠤᠢ | ᠪᠤᠯᠭᠠᠨ᠎ᠠ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠣᠨᠢᠨ ᠮᠡᠳᠡᠭᠡᠨ ᠤ ᠠᠵᠢᠯᠳᠠᠳ ᠤᠨ | ᠠᠵᠢᠯ ᠮᠡᠷᠭᠡᠵᠢᠯ ᠤᠨ ᠬᠢᠷᠢ ᠭᠡᠮ ᠤᠨ ᠲᠦᠷᠢᠮ︾ ᠢ ᠲᠣᠭᠳᠠᠭᠠᠨ᠎ᠠ᠃ ᠰᠣᠨᠢᠨ ᠮᠡᠳᠡᠭᠡ ᠵᠠᠭᠤᠴᠢᠯᠠᠭᠤᠷ᠂ ᠰᠣᠨᠢᠨ | ᠮᠡᠳᠡᠭᠡ ᠰᠤᠷᠪᠤᠯᠵᠢᠯᠠᠵᠦ ᠨᠠᠶᠢᠷᠠᠭᠤᠯᠬᠤ ᠠᠵᠢᠯᠯᠠᠭ᠎ᠠ ᠵᠢᠴᠢ ᠰᠣᠨᠢᠨ ᠮᠡᠳᠡᠭᠡᠨ ᠤ ᠠᠵᠢᠯᠳᠠᠨ ᠳᠤ ᠬᠢᠨᠠᠯᠳᠠ ᠲᠠᠯᠪᠢᠨ | ᠪᠠᠶᠢᠴᠠᠭᠠᠬᠤ ᠶᠢ ᠴᠢᠩᠭᠠᠳᠬᠠᠨ᠂ ᠬᠤᠳᠠᠯ ᠬᠠᠭᠤᠷᠮᠠᠭ ᠰᠣᠨᠢᠨ ᠮᠡᠳᠡᠭᠡ᠂ ᠰᠣᠨᠢᠨ ᠮᠡᠳᠡᠭᠡ ᠪᠠᠷ ᠮᠡᠬᠡᠯᠡᠨ ᠬᠢᠬᠠᠬᠤ᠂ | ᠲᠦᠯᠦᠪᠦᠷᠢ ᠲᠠᠢ ᠰᠤᠨᠢᠨ ᠮᠡᠳᠡᠭᠡ᠂ ᠦᠢᠯᠡᠳᠪᠦᠷᠢᠯᠡᠯ ᠡᠵᠡᠩᠨᠡᠭᠴᠢᠳ ᠢ ᠮᠠᠭᠤ ᠰᠠᠨᠠᠭ᠎ᠠ ᠪᠠᠷ ᠬᠤᠣᠷᠯᠠᠨ ᠲᠠᠭᠠᠷᠢᠬᠤ | ᠪᠠ ᠬᠡᠷᠡᠭᠯᠡᠭᠴᠢᠳ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠦᠭᠡᠢ᠂ ᠬᠢᠨᠠᠯᠳᠠ ᠬᠠᠮᠢᠶᠠᠷᠣᠯᠳᠠ ᠳᠤ ᠬᠠᠷᠢᠭᠤᠴᠠᠯᠭ᠎ᠠ ᠠᠯᠳᠠᠭᠰᠠᠨ᠂ ᠡᠭᠦᠷᠭᠡ ᠲᠣᠰᠢᠶᠠᠯ ᠳᠠᠭᠠᠨ | ᠣᠰᠣᠯᠳᠣᠵᠣ ᠲᠣᠰᠢᠶᠠᠯ ᠢᠶᠠᠨ ᠭᠤᠳᠣᠭᠠᠭᠰᠠᠨ᠂ ᠦᠮᠦᠭᠯᠡᠨ ᠬᠠᠮᠠᠭᠠᠯᠠᠵᠤ ᠲᠣᠷ᠎ᠠ ᠪᠠᠷ ᠨᠢ ᠲᠠᠯᠪᠢᠵᠤ᠂ ᠴᠢᠨᠠᠭᠰᠢᠯᠠᠨ᠂ | ᠬᠠᠣᠯᠢ ᠬᠡᠷᠡᠭᠵᠢᠭᠦᠯᠬᠦ ᠠᠵᠢᠯᠯᠠᠭ᠎ᠠ ᠶᠢ ᠬᠠᠷᠰᠢᠯᠠᠵᠤ᠂ ᠬᠤᠷᠢᠭᠯᠠᠵᠤ ᠰᠠᠭᠠᠳ ᠣᠴᠠᠷᠠᠭᠤᠯᠣᠭᠰᠠᠨ ᠰᠣᠨᠢᠨ ᠮᠡᠳᠡᠭᠡ | ᠵᠠᠭᠤᠴᠢᠯᠠᠭᠤᠷ ᠤᠨ ᠬᠠᠷᠢᠭᠤᠴᠠᠯᠭᠠᠳᠠᠨ ᠪᠠ ᠰᠢᠭᠤᠳ ᠬᠠᠷᠢᠭᠤᠴᠠᠯᠭᠠᠳᠠᠨ ᠢ ᠴᠢᠩᠭ᠎ᠠ ᠰᠢᠢᠳᠪᠦᠷᠢᠯᠡᠨ᠎ᠡ ︵ | ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠦᠷᠦᠭᠦᠯᠡᠨ | ᠬᠠᠷᠢᠭᠤᠴᠠᠨ᠎ᠠ︶᠃ | ᠨᠠᠢᠮᠠ᠂ ᠬᠢᠨᠠᠯᠳᠠ ᠬᠠᠮᠢᠶᠠᠷᠤᠯᠳᠠ ᠶᠢᠨ ᠬᠠᠣᠯᠢ ᠬᠡᠷᠡᠭᠵᠢᠭᠦᠯᠬᠦ ᠪᠠᠳᠣᠯᠠᠭ᠎ᠠ ᠶᠢ ᠲᠡᠭᠦᠯᠳᠡᠷᠵᠢᠭᠦᠯᠦᠨ᠎ᠡ | ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠣ᠂ ᠬᠠᠣᠯᠢ ᠬᠡᠷᠡᠭᠵᠢᠭᠦᠯᠬᠦ ᠴᠢᠳᠠᠪᠦᠷᠢ ᠶᠢᠨ ᠪᠠᠳᠣᠯᠠᠭ᠎ᠠ ᠶᠢ | ᠴᠢᠩᠭᠠᠷᠠᠭᠤᠯᠣᠨ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠳᠤ ᠬᠡᠷᠡᠭᠵᠢᠭᠦᠯᠬᠦ ᠠᠴᠠ ᠬᠠᠣᠯᠢ ᠲᠠᠢ᠂ ᠬᠠᠣᠯᠢ | ᠬᠡᠷᠡᠭᠵᠢᠭᠦᠯᠬᠦ ᠳᠤ ᠵᠠᠪᠠᠯ ᠴᠢᠩᠭ᠎ᠠ ᠪᠠᠶᠢᠬᠤ᠂ ᠲᠦᠪ ᠭᠤᠣᠯᠴᠢ ᠠᠷᠢᠭᠤᠨ ᠴᠢᠭᠡᠴᠢ᠂ ᠠᠷᠠᠳ ᠤᠨ ᠲᠦᠯᠦᠭᠡ ᠲᠦᠪ | ᠴᠢᠭᠡᠴᠢ ᠪᠠᠶᠢᠬᠤ ᠶᠢ ᠦᠨᠡᠨᠬᠦ ᠪᠠᠳᠣᠯᠠᠨ᠎ᠠ᠃ | ︵ᠨᠢᠭᠡ︶ ᠬᠠᠮᠢᠶ᠎ᠠ ᠪᠦᠬᠦᠢ ᠬᠠᠣᠯᠢ ᠴᠠᠭᠠᠵᠠ ᠶᠢ ᠲᠡᠭᠦᠯᠳᠡᠷᠵᠢᠭᠦᠯᠦᠨ ᠬᠠᠣᠯᠢ ᠴᠠᠭᠠᠵᠠ ᠶᠢᠨ | ᠬᠠᠷᠢᠭᠤᠴᠠᠯᠭ᠎ᠠ ᠶᠢᠨ ᠲᠦᠷᠢᠮ ᠢ ᠵᠢᠷᠣᠮᠵᠢᠭᠤᠯᠤᠨ ᠪᠦᠷᠢᠨᠰᠢᠭᠦᠯᠦᠨ᠎ᠡ᠃ | 1. ᠬᠠᠮᠢᠶ᠎ᠠ ᠪᠦᠬᠦᠢ ᠬᠠᠣᠯᠢ ᠴᠠᠭᠠᠵᠠ ᠶᠢᠨ ᠵᠢᠷᠣᠮᠵᠢᠯ ᠢ ᠴᠠᠭ ᠲᠣᠬᠠᠢ ᠳᠤᠨᠢ ᠲᠡᠭᠦᠯᠳᠡᠷᠵᠢᠭᠦᠯᠦᠨ᠎ᠡ᠃ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠪᠣᠳᠠᠳᠣ ᠱᠠᠭᠠᠷᠳᠠᠯᠭ᠎ᠠ ᠪᠠ ᠵᠠᠬ᠎ᠠ ᠲᠡᠯᠭᠡᠭᠦᠷ ᠤᠨ ᠬᠤᠪᠢᠷᠠᠯᠳᠠ ᠶᠢᠨ | ᠪᠠᠶᠢᠳᠠᠯ ᠢ ᠦᠨᠳᠦᠰᠦᠯᠡᠨ ᠣᠷᠣᠨ ᠨᠣᠳᠤᠭ ᠤᠨ ᠬᠠᠮᠢᠶ᠎ᠠ ᠪᠦᠬᠦᠢ ᠬᠠᠣᠯᠢ ᠲᠣᠭᠳᠠᠭᠠᠯ ᠳᠤ ᠴᠠᠭ ᠲᠣᠬᠠᠢ ᠳᠤᠨᠢ | ᠵᠠᠰᠠᠪᠦᠷᠢ ᠣᠷᠣᠭᠤᠯᠣᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ᠡᠮᠬᠢᠯᠡᠨ ᠬᠦᠴᠦᠨ ᠦᠭᠡᠢ | ᠪᠤᠯᠭᠠᠬᠤ ᠪᠠ ᠲᠣᠷᠣᠭᠰᠢ ᠪᠠᠭᠤᠯᠭᠠᠵᠤ ᠦᠷᠭᠦᠯᠵᠢᠯᠡᠨ ᠬᠢᠨᠠᠨ ᠬᠠᠮᠢᠶᠠᠷᠬᠤ ᠳᠤ ᠬᠤᠯᠪᠤᠭᠳᠠᠭᠰᠠᠨ ᠣᠷᠣᠨ | ᠨᠣᠳᠤᠭ ᠤᠨ ᠬᠠᠣᠯᠢ ᠲᠣᠭᠳᠠᠭᠠᠯ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠢ ᠴᠢᠩᠭᠠᠳᠬᠠᠨ᠂ | ᠵᠠᠰᠠᠪᠦᠷᠢ ᠣᠷᠣᠭᠤᠯᠬᠤ ᠪᠠ ᠬᠦᠴᠦᠨ ᠦᠭᠡᠢ ᠪᠤᠯᠭᠠᠬᠤ ᠰᠠᠨᠠᠯ ᠰᠠᠨᠠᠭᠤᠯᠭ᠎ᠠ ᠶᠢ ᠲᠣᠷᠠᠳᠣᠨ᠎ᠠ᠃ ᠮᠡᠷᠭᠡᠵᠢᠯ ᠤᠨ | ᠪᠠᠷᠢᠮᠵᠢᠶ᠎ᠠ᠂ ᠢᠳᠡᠭᠡᠮᠵᠢ ᠶᠢᠨ ᠮᠡᠳᠡᠭᠡ ᠵᠠᠩᠭᠢ ᠪᠠ ᠢᠳᠡᠭᠡᠮᠵᠢ ᠶᠢᠨ ᠮᠡᠳᠡᠭᠦᠯᠦᠯᠳᠡ᠂ ᠲᠠᠩᠰᠠᠯᠠᠬᠤ ᠮᠡᠳᠡᠭᠦᠯᠦᠯᠳᠡ | ᠵᠡᠷᠭᠡ ᠵᠠᠰᠠᠭ ᠤᠨ ᠣᠷᠳᠣᠨ ᠤ ᠬᠠᠮᠢᠶᠠᠷᠣᠯᠳᠠ ᠶᠢᠨ ᠠᠷᠭ᠎ᠠ ᠮᠠᠶ᠋ᠢᠭ ᠤᠨ ᠬᠡᠷᠡᠭᠯᠡᠭᠡᠨ ᠳᠤ ᠲᠣᠬᠢᠷᠠᠬᠤ ᠲᠦᠷᠢᠮ ᠢ | ᠰᠣᠳᠣᠯᠣᠨ᠎ᠠ᠃ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠬᠠᠣᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠣᠭᠳᠠᠴᠠ ᠶᠢ ᠲᠡᠭᠦᠯᠳᠡᠷᠵᠢᠭᠦᠯᠵᠤ᠂ ᠣᠷᠣᠨ ᠨᠣᠳᠤᠭ ᠤᠨ ᠬᠠᠣᠯᠢ | ᠲᠣᠭᠳᠠᠭᠠᠯ᠂ ᠲᠦᠷᠢᠮ ᠲᠣᠭᠳᠠᠭᠠᠯ ᠪᠠ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠲᠠᠩᠰᠠᠯᠠᠵᠦ ᠬᠢᠨᠠᠨ ᠪᠠᠶᠢᠴᠠᠭᠠᠬᠤ | ᠲᠦᠷᠢᠮ ᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠲᠠᠬᠢᠨ ᠵᠦᠪᠯᠡᠬᠦ ᠬᠡᠷᠡᠭ ᠤᠨ ᠰᠢᠭᠦᠨ ᠰᠢᠢᠳᠪᠦᠷᠢᠯᠡᠬᠦ | ᠲᠣᠭᠳᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠬᠦᠯᠢᠶᠡᠨ ᠠᠪᠬᠤ ᠬᠡᠪᠴᠢᠶ᠎ᠡ ᠶᠢ | ᠦᠷᠭᠡᠳᠭᠡᠬᠦ ᠶᠢ ᠠᠬᠢᠭᠤᠯᠤᠨ᠎ᠠ ︵ᠦᠪᠡᠷᠳᠡᠭᠡᠨ ᠵᠠᠰᠠᠬᠤ ᠣᠷᠣᠨ ᠤ ᠬᠠᠣᠯᠢ ᠲᠦᠷᠢᠮ ᠤᠨ ᠠᠯᠪᠠᠨ ᠭᠡᠷ᠂ ᠡᠯ᠎ᠡ | ᠬᠤᠯᠪᠣᠭᠳᠠᠯ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | 2. ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠢᠳᠡᠭᠡᠨ ᠪᠠ ᠡᠮ ᠤᠨ | ᠵᠦᠢᠯᠡᠰ᠂ ᠠᠮᠢ ᠠᠬᠤᠢ ᠶᠢᠨ ᠣᠷᠴᠢᠨ ᠲᠤᠭᠤᠷᠢᠨ᠂ ᠠᠶᠣᠯ ᠦᠭᠡᠢ ᠦᠢᠯᠡᠳᠪᠦᠷᠢᠯᠡᠯ᠂ ᠬᠦᠳᠡᠯᠮᠦᠷᠢ ᠶᠢᠨ | ᠪᠠᠳᠣᠯᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠣᠳᠣ ᠶᠢᠨ ᠬᠡᠷᠡᠭᠵᠢᠭᠦᠯᠵᠤ ᠪᠠᠶᠢᠭ᠎ᠠ ᠣᠷᠣᠨ ᠨᠣᠳᠤᠭ ᠤᠨ ᠬᠠᠣᠯᠢ | ᠲᠣᠭᠳᠠᠭᠠᠯ ᠳᠠᠬᠢ ᠵᠣᠭᠤᠰ ᠢᠶᠠᠷ ᠲᠣᠷᠭᠠᠬᠤ ᠵᠡᠷᠭᠡ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ ᠲᠣᠭᠳᠠᠭᠠᠯ ᠢ | ᠴᠡᠭᠴᠡᠯᠡᠨ ᠲᠤᠬᠢᠷᠠᠭᠤᠯᠵᠣ᠂ ᠡᠳᠦᠷ ᠢᠶᠠᠷ ᠪᠣᠳᠣᠵᠣ ᠲᠣᠷᠭᠠᠬᠤ ᠵᠡᠷᠭᠡ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢᠨ | ᠬᠡᠯᠪᠡᠷᠢ ᠶᠢ ᠰᠦᠪᠡᠭᠴᠢᠯᠡᠨ᠎ᠡ᠃ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠣᠷᠣᠨ ᠨᠣᠳᠤᠭ ᠤᠨ ᠬᠠᠣᠯᠢ | ᠲᠣᠭᠳᠠᠭᠠᠯ ᠳᠠᠬᠢ ᠵᠠᠯᠬᠠᠭᠠᠯ ᠤᠨ ᠴᠢᠨᠠᠷᠲᠠᠢ ᠲᠦᠯᠦᠪᠦᠷᠢ ᠶᠢᠨ ᠬᠡᠷᠡᠭᠯᠡᠬᠦ ᠬᠡᠪᠴᠢᠶ᠎ᠡ ᠶᠢ ᠦᠷᠭᠡᠳᠭᠡᠨ᠂ | ᠲᠦᠯᠦᠪᠦᠷᠢ ᠶᠢᠨ ᠲᠠᠬᠢᠨ ᠲᠤᠭ᠎ᠠ ᠶᠢ ᠬᠠᠣᠯᠢ ᠶᠣᠰᠣᠭᠠᠷ ᠶᠡᠭᠡ ᠬᠡᠮᠵᠢᠶ᠎ᠡ ᠪᠠᠷ ᠲᠡᠭᠡᠭᠰᠢᠯᠡᠭᠦᠯᠦᠨ᠎ᠡ᠃ | ᠲᠣᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠳᠠ ᠶᠢᠨ ᠬᠤᠯᠪᠣᠯᠳᠤᠭᠰᠠᠨ ᠬᠠᠷᠢᠭᠤᠴᠠᠯᠭ᠎ᠠ ᠶᠢ | ᠴᠢᠩᠭᠠᠷᠠᠭᠤᠯᠣᠨ᠎ᠠ᠃ ᠵᠠᠰᠠᠭ ᠵᠠᠬᠢᠷᠭᠠᠨ ᠤ ᠨᠦᠬᠦᠪᠦᠷᠢ ᠪᠠ ᠲᠦᠯᠦᠪᠦᠷᠢ ᠦᠭᠬᠦ ᠲᠦᠷᠢᠮ ᠢ ᠪᠦᠷᠢᠨᠰᠢᠭᠦᠯᠦᠨ᠂ ᠵᠠᠬ᠎ᠠ | ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ ᠵᠢᠴᠢ ᠲᠡᠳᠡᠨ ᠤ ᠠᠵᠢᠯᠳᠠᠨ ᠡᠷᠬᠡ ᠲᠣᠰᠢᠶᠠᠯ ᠢᠶᠠᠨ | ᠬᠡᠷᠡᠭᠵᠢᠭᠦᠯᠵᠤ ᠪᠠᠶᠢᠭᠠᠳ ᠨᠢᠭᠤᠷᠳᠠᠭᠴᠢ ᠬᠠᠷᠢᠴᠠᠩᠭᠤᠢ ᠬᠦᠮᠦᠨ ᠤ ᠬᠠᠣᠯᠢ ᠶᠣᠰᠣᠨ ᠤ ᠡᠷᠭᠡ ᠠᠰᠢᠭ ᠢ | ᠬᠤᠬᠢᠷᠠᠭᠤᠯᠬᠤ ᠶᠠᠪᠤᠳᠠᠯ ᠭᠠᠷᠬᠤ ᠦᠶᠡᠰ ᠡᠷᠬᠡᠪᠰᠢ ᠨᠦᠬᠦᠪᠦᠷᠢ ᠪᠠ ᠲᠦᠯᠪᠦᠷᠢ ᠦᠭᠬᠦ ᠬᠠᠷᠢᠭᠤᠴᠠᠯᠭ᠎ᠠ ᠶᠢ | ᠭᠦᠢᠴᠡᠳᠭᠡᠨ᠎ᠡ ︵ᠡᠯ᠎ᠡ ᠬᠠᠮᠢᠶ᠎ᠠ ᠪᠦᠬᠦᠢ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠰᠠᠯᠠᠭ᠎ᠠ ᠮᠦᠴᠢᠷ᠂ | ᠦᠪᠡᠷᠳᠡᠭᠡᠨ ᠵᠠᠰᠠᠬᠤ ᠤᠷᠤᠨ ᠤ ᠬᠠᠣᠯᠢ ᠲᠦᠷᠢᠮ ᠤᠨ ᠠᠯᠪᠠᠨ ᠭᠡᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶᠃ | ︵ᠬᠤᠶᠠᠷ︶ ᠬᠠᠣᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ | 1. ᠬᠠᠣᠯᠢ ᠬᠡᠷᠡᠭᠵᠢᠭᠦᠯᠬᠦ ᠠᠵᠢᠯᠳᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠴᠢᠳᠠᠪᠦᠷᠢ ᠶᠢᠨ ᠬᠢᠷᠢ | ᠲᠦᠪᠰᠢᠨ ᠢ ᠲᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠠᠰᠠᠷᠠᠨ ᠲᠡᠵᠢᠭᠡᠵᠣ ᠪᠠᠶᠢᠭ᠎ᠠ ᠬᠦᠮᠦᠨ ᠤ ᠶᠡᠷᠦᠩᠬᠡᠢ | ᠲᠤᠭ᠎ᠠ ᠶᠢ ᠨᠡᠮᠡᠭᠳᠡᠭᠦᠯᠬᠦ ᠦᠭᠡᠢ ᠪᠠᠶᠢᠬᠤ ᠣᠷᠢᠳᠠᠯ ᠲᠤᠤᠷ᠎ᠠ᠂ ᠦᠯᠡᠳᠡᠬᠡᠯ ᠢᠶᠠᠨ ᠬᠦᠢᠯᠬᠡᠬᠡᠨ ᠠᠮᠢᠳᠣᠯᠢᠭ ᠪᠤᠯᠭᠠᠵᠤ᠂ | ᠪᠦᠳᠦᠴᠡ ᠪᠠᠨ ᠰᠢᠯᠢᠳᠡᠭᠵᠢᠭᠦᠯᠵᠤ᠂ ᠣᠯᠭᠤᠮᠵᠢ ᠪᠠ ᠰᠣᠩᠭᠤᠨ ᠬᠡᠷᠡᠭᠯᠡᠬᠦ ᠵᠡᠷᠭᠡ ᠣᠷᠮᠠᠰᠢᠭᠤᠯᠣᠯ ᠪᠠᠳᠣᠯᠠᠭ᠎ᠠ ᠶᠢᠨ | ᠲᠦᠷᠢᠮ ᠢ ᠲᠡᠭᠦᠯᠳᠡᠷᠵᠢᠭᠦᠯᠦᠨ᠂ ᠬᠠᠣᠯᠢ ᠬᠡᠷᠡᠭᠵᠢᠭᠦᠯᠬᠦ ᠬᠦᠴᠦᠨ ᠢ ᠦᠨᠳᠦᠰᠦᠨ ᠱᠠᠳᠦ ᠪᠠ ᠨᠢᠭᠡᠳᠦᠭᠡᠷ ᠹᠷᠣᠨᠲ | ᠵᠦᠭ ᠬᠡᠯᠪᠠᠶᠢᠯᠭᠡᠬᠦ ᠶᠢ ᠠᠬᠢᠭᠤᠯᠤᠨ᠎ᠠ᠃ ᠬᠠᠣᠯᠢ ᠬᠡᠷᠡᠭᠵᠢᠭᠦᠯᠬᠦ ᠠᠵᠢᠯᠳᠠᠨ ᠤ ᠲᠣᠰᠬᠠᠢ ᠮᠡᠷᠭᠡᠵᠢᠯ ᠤᠨ | ᠪᠤᠯᠪᠠᠰᠣᠷᠠᠭᠤᠯᠣᠯ ᠪᠠ ᠲᠣᠬᠠᠶᠢᠯᠠᠭᠰᠠᠨ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠣ᠂ ᠴᠢᠬᠤᠯᠠ ᠪᠦᠬᠦᠢ | ᠬᠠᠣᠯᠢ ᠬᠡᠷᠡᠭᠵᠢᠭᠦᠯᠬᠦ ᠲᠤᠨᠤᠭ ᠲᠦᠭᠦᠭᠡᠷᠦᠮᠵᠢ ᠶᠢ ᠲᠣᠬᠢᠷᠠᠭᠤᠯᠵᠣ᠂ ᠬᠠᠣᠯᠢ ᠬᠡᠷᠡᠭᠵᠢᠭᠦᠯᠬᠦ ᠠᠵᠢᠯᠳᠠᠨ ᠤ | ᠶᠡᠷᠦᠩᠬᠡᠶᠢᠯᠡᠭᠰᠡᠨ ᠬᠡᠪ ᠴᠢᠨᠠᠷ ᠪᠠ ᠴᠢᠳᠠᠪᠦᠷᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ ︵ᠦᠪᠡᠷᠳᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ | ᠲᠢᠩᠬᠢᠮ᠂ ᠣᠷᠣᠨ ᠲᠤᠭ᠎ᠠ ᠶᠢᠨ ᠠᠯᠪᠠᠨ ᠭᠡᠷ᠂ ᠬᠠᠣᠯᠢ ᠲᠦᠷᠢᠮ ᠤᠨ ᠠᠯᠪᠠᠨ ᠭᠡᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶᠃ | 2. ᠵᠠᠷᠣᠳᠠᠯ ᠤᠨ ᠪᠠᠳᠣᠯᠠᠭ᠎ᠠ ᠶᠢᠨ ᠲᠦᠷᠢᠮ ᠢ ᠲᠡᠭᠦᠯᠳᠡᠷᠵᠢᠬᠦᠯᠦᠨ᠎ᠡ᠃ ᠡᠳ᠋ ᠤᠨ ᠵᠠᠰᠠᠭ ᠠᠴᠠ ᠬᠠᠣᠯᠢ | ᠬᠡᠷᠡᠭᠵᠢᠭᠦᠯᠬᠦ ᠵᠠᠷᠣᠳᠠᠯ ᠢ ᠪᠠᠳᠣᠯᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠵᠠᠬ᠎ᠠ ᠲᠡᠯᠭᠡᠭᠦᠷ ᠤᠨ | ᠬᠢᠨᠠᠯᠲᠠ ᠬᠠᠮᠢᠶᠠᠷᠣᠯᠳᠠ ᠶᠢᠨ ᠠᠵᠢᠯ ᠤᠨ ᠵᠠᠷᠣᠳᠠᠯ ᠪᠠ ᠴᠢᠳᠠᠪᠦᠷᠢ ᠶᠢᠨ ᠪᠠᠶᠢᠭᠤᠯᠤᠯᠳᠠ ᠶᠢᠨ ᠵᠠᠷᠣᠳᠠᠯ ᠢ | ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠵᠦ ᠪᠠᠳᠣᠯᠠᠨ᠎ᠠ᠃ | ᠭᠠᠶᠢᠯᠢ ᠲᠠᠳᠠᠪᠣᠷᠢ ᠶᠢᠨ ᠪᠣᠰᠣ ᠣᠷᠣᠯᠭ᠎ᠠ ᠬᠤᠷᠢᠶᠠᠬᠤ ᠪᠠ ᠲᠣᠰᠢᠶᠠᠬᠤ ᠦᠭᠡᠷᠡᠴᠢᠯᠡᠯᠳᠡ ᠶᠢᠨ ᠠᠵᠢᠯ ᠢ ᠠᠬᠢᠭᠤᠯᠵᠤ᠂ | ᠬᠤᠷᠢᠶᠠᠬᠤ ︵ᠲᠣᠷᠭᠠᠬᠤ︶ ᠲᠣᠰᠢᠶᠠᠬᠤ ᠶᠢ ᠰᠠᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ᠂ ᠲᠣᠷᠭᠠᠵᠦ ᠬᠤᠷᠢᠶᠠᠭᠰᠠᠨ ᠣᠷᠣᠯᠭ᠎ᠠ ᠳᠤ ︽ᠨᠢᠭᠡᠴᠡ | ᠪᠠᠷᠢᠮᠳᠠ ᠭᠠᠷᠭᠠᠬᠤ᠂ ᠪᠠᠩᠭᠢ ᠣᠷᠣᠯᠠᠨ ᠬᠤᠷᠢᠶᠠᠬᠤ᠂ ᠡᠳ᠋ ᠤᠨ ᠵᠠᠰᠠᠭ ᠨᠢᠭᠡᠳᠦᠯᠲᠠᠢ ᠬᠠᠮᠢᠶᠠᠷᠬᠤ︾ ᠲᠠᠳᠠᠪᠤᠷᠢᠯᠠᠵᠦ | ᠬᠠᠮᠢᠶᠠᠷᠬᠤ ᠲᠦᠷᠢᠮ ᠢ ᠬᠡᠷᠡᠭᠵᠢᠭᠦᠯᠵᠤ᠂ ᠪᠡᠯᠡ ᠮᠦᠩᠬᠦ ᠶᠢ ᠴᠠᠭ ᠲᠣᠬᠠᠢ ᠳᠤᠨᠢ᠂ ᠲᠤᠭ᠎ᠠ ᠨᠣᠷᠮ᠎ᠠ ᠭᠦᠢᠴᠡᠳ ᠢᠶᠠᠷ | ᠡᠳ᠋ ᠤᠨ ᠵᠠᠰᠠᠭ ᠲᠤ ᠲᠣᠰᠢᠶᠠᠬᠤ ᠶᠢ ᠪᠠᠳᠣᠯᠠᠨ᠂ ᠶᠡᠷᠦᠩᠬᠡᠢ ᠲᠦᠰᠦᠪ ᠤᠨ ᠬᠠᠮᠢᠶᠠᠷᠣᠯᠳᠠ ᠳᠤ ᠣᠷᠣᠭᠤᠯᠣᠨ᠎ᠠ︔ | ᠬᠤᠷᠢᠶᠡᠵᠦ ᠲᠣᠷᠭᠠᠬᠤ ᠳᠤ ᠬᠡᠷᠡᠭᠯᠡᠬᠦ ᠡᠳ᠋ ᠤᠨ ᠵᠠᠰᠠᠭ ᠤᠨ ᠫᠢᠶᠣᠣ ᠪᠠᠷᠢᠮᠳᠠ ᠶᠢᠨ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠎ᠠ᠃ ︽ᠣᠷᠣᠯᠭ᠎ᠠ ᠵᠠᠷᠣᠯᠭ᠎ᠠ ᠶᠢ ᠠᠰ ᠲᠤᠨᠢ ᠪᠤᠳᠤᠬᠤ︾ ᠲᠦᠷᠢᠮ ᠢ ᠴᠢᠩᠭ᠎ᠠ ᠬᠡᠷᠡᠭᠵᠢᠭᠦᠯᠵᠤ᠂ | ᠵᠣᠭᠤᠰ ᠲᠣᠷᠭᠠᠬᠤ ᠡᠭᠦᠷᠭᠡ ᠪᠠᠭᠤᠯᠭᠠᠬᠤ ᠶᠢ ᠴᠢᠩᠭ᠎ᠠ ᠴᠠᠭᠠᠵᠠᠯᠠᠵᠦ᠂ ᠲᠣᠷᠭᠠᠵᠦ ᠬᠤᠷᠢᠶᠠᠭᠰᠠᠨ ᠣᠷᠣᠯᠭ᠎ᠠ ᠠᠴᠠ | ᠰᠦᠢᠳᠭᠡᠯ ᠬᠤᠷᠢᠶᠠᠬᠤ ᠳᠠᠭᠠᠨ ᠬᠠᠷᠢᠴᠠᠯ ᠶᠣᠰᠣᠭᠠᠷ ᠪᠣᠴᠠᠭᠠᠨ ᠦᠭᠬᠦ ᠵᠡᠷᠭᠡ ᠰᠠᠯᠠᠭ᠎ᠠ ᠮᠦᠴᠢᠷ ᠤᠨ ᠠᠰᠢᠭ | ᠲᠣᠰᠠ ᠯᠤᠭ᠎ᠠ ᠬᠤᠯᠪᠣᠬᠤ ᠪᠣᠶᠣ ᠬᠡᠯᠪᠡᠷᠢ ᠶᠢ ᠨᠢ ᠦᠭᠡᠷᠡᠴᠢᠯᠡᠨ ᠬᠤᠯᠪᠣᠬᠤ ᠶᠢ ᠴᠢᠩᠭ᠎ᠠ ᠴᠠᠭᠠᠵᠠᠯᠠᠨ᠎ᠠ ︵ | ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠯᠡᠨ ᠬᠠᠷᠢᠭᠤᠴᠠᠨ᠎ᠠ︶᠃ | ᠶᠢᠰᠦ᠂ ᠵᠣᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠶᠢ ᠴᠢᠩᠭᠠᠳᠬᠠᠨ᠎ᠠ | ᠵᠠᠬ᠎ᠠ ᠲᠡᠯᠭᠡᠭᠦᠷ ᠤᠨ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ᠂ ᠵᠠᠬ᠎ᠠ ᠲᠡᠯᠭᠡᠭᠦᠷ ᠤᠨ ᠬᠢᠨᠠᠯᠲᠠ | ᠬᠠᠮᠢᠶᠠᠷᠣᠯᠳᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠬᠦ ᠪᠤᠯ ᠨᠢᠭᠡᠨ ᠰᠢᠰᠲ᠋ᠧᠮᠲᠦ ᠢᠨᠵᠧᠨᠧᠷᠢᠩ ᠮᠦᠨ᠂ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ | ᠦᠵᠡᠯ ᠰᠠᠨᠠᠭ᠎ᠠ ᠪᠠᠨ ᠨᠢᠭᠡᠳᠭᠡᠨ᠂ ᠨᠠᠶᠢᠳᠠᠪᠦᠷᠢᠵᠢᠭᠤᠯᠤᠯᠳᠠ ᠶᠢ ᠴᠢᠩᠭ᠎ᠠ ᠠᠳᠬᠤᠵᠣ᠂ ᠪᠣᠳᠠᠳᠦ ᠦᠷ᠎ᠡ ᠪᠦᠳᠦᠮᠵᠢ | ᠣᠯᠬᠤ ᠪᠠᠷ ᠴᠢᠷᠮᠠᠶᠢᠨ᠎ᠠ᠃ | ︵ᠨᠢᠭᠡ︶ ᠣᠳᠣᠷᠢᠳᠣᠯᠭ᠎ᠠ ᠶᠢ ᠴᠢᠩᠭᠠᠳᠬᠠᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠨ᠎ᠠ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠵᠠᠬ᠎ᠠ ᠲᠡᠯᠭᠡᠭᠦᠷ ᠤᠨ ᠬᠢᠨᠠᠯᠲᠠ | ᠬᠠᠮᠢᠶᠠᠷᠣᠯᠳᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠣ᠂ | ᠲᠣᠰ ᠰᠠᠨᠠᠯ ᠳᠤ ᠲᠣᠷᠠᠳᠣᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠬᠤ ᠬᠡᠷᠡᠭᠲᠠᠢ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠵᠠᠬ᠎ᠠ ᠲᠡᠯᠭᠡᠭᠦᠷ ᠤᠨ | ᠬᠢᠨᠠᠯᠲᠠ ᠬᠠᠮᠢᠶᠠᠷᠣᠯᠳᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠣᠳᠣᠷᠢᠳᠣᠯᠭ᠎ᠠ ᠪᠠ ᠵᠣᠬᠢᠴᠠᠭᠤᠯᠬᠤ | ᠲᠣᠭᠳᠠᠴᠠ ᠶᠢ ᠪᠠᠶᠢᠭᠤᠯᠣᠨ ᠪᠦᠷᠢᠨᠰᠢᠬᠦᠯᠵᠦ᠂ ᠨᠢᠭᠡᠳᠦᠯᠲᠠᠢ ᠲᠦᠯᠦᠪᠯᠡᠨ ᠵᠣᠬᠢᠴᠠᠭᠤᠯᠵᠦ᠂ ᠰᠢᠮᠳᠠᠭᠤᠯᠣᠨ | ᠨᠠᠶᠢᠳᠠᠪᠦᠷᠢᠵᠢᠭᠤᠯᠬᠤ ᠶᠢ ᠴᠢᠩᠭᠠᠳᠬᠠᠵᠣ᠂ ᠰᠠᠯᠠᠭ᠎ᠠ ᠮᠦᠴᠢᠷ ᠤᠨ ᠠᠵᠢᠯ ᠤᠨ ᠬᠤᠪᠢᠶᠠᠷᠢᠯᠠᠯ ᠤᠨ ᠡᠭᠦᠷᠭᠡ ᠪᠠᠨ | ᠲᠣᠳᠣᠷᠬᠠᠢ ᠪᠣᠯᠭᠠᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠪᠡᠶ᠎ᠡ ᠶᠢᠨ | ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ᠂ ᠬᠢᠨᠠᠯᠲᠠ ᠬᠠᠮᠢᠶᠠᠷᠣᠯᠳᠠ ᠶᠢᠨ ᠠᠷᠭ᠎ᠠ ᠬᠡᠮᠵᠢᠶ᠎ᠡ ᠶᠢ ᠨᠠᠷᠢᠯᠢᠬ | ᠪᠣᠳᠠᠲᠠᠢ ᠪᠣᠯᠭᠠᠵᠦ᠂ ᠬᠢᠨᠠᠯᠲᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠪᠠ | ᠴᠢᠩᠭᠠᠷᠠᠭᠤᠯᠣᠨ᠎ᠠ᠃ ᠰᠣᠨᠢᠨ ᠮᠡᠳᠡᠭᠡ ᠶᠢᠨ ᠣᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠶᠢ | ᠴᠢᠩᠭᠠᠳᠬᠠᠵᠦ᠂ ᠵᠠᠬ᠎ᠠ ᠲᠡᠯᠭᠡᠭᠦᠷ ᠤᠨ ᠠᠵᠢᠯᠯᠠᠭᠠᠨ ᠤ ᠲᠣᠭᠳᠠᠭᠤᠨ ᠪᠦᠬᠡᠳ ᠡᠮᠬᠢ ᠵᠢᠷᠦᠮ ᠲᠠᠢ ᠪᠠᠶᠢᠬᠤ ᠶᠢ | ᠪᠠᠳᠣᠯᠠᠨ᠎ᠠ᠃ | ︵ᠬᠤᠶᠠᠷ︶ ᠪᠣᠳᠠᠲᠠᠢ ᠲᠠᠢ ᠪᠠᠨ ᠣᠶᠠᠯᠳᠣᠭᠤᠯᠣᠨ᠂ ᠭᠤᠣᠯᠳᠠᠯᠭ᠎ᠠ ᠪᠠᠨ ᠲᠣᠪᠤᠶᠢᠯᠭᠠᠨ᠎ᠠ᠃ | ᠠᠷᠠᠳ ᠣᠯᠠᠨ ᠤ ᠲᠣᠰᠬᠠᠯ ᠴᠢᠩᠭ᠎ᠠ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ | ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠳᠤ ᠬᠤᠯᠪᠣᠭᠳᠠᠬᠤ᠂ ᠠᠵᠣ ᠠᠬᠤᠢ ᠨᠡᠶᠢᠭᠡᠮ ᠤᠨ ᠬᠦᠭᠵᠢᠯᠳᠡ ᠳᠤ | ᠲᠣᠮᠣ ᠬᠤᠬᠢᠷᠠᠯ ᠣᠴᠠᠷᠠᠭᠤᠯᠵᠦ ᠮᠡᠳᠡᠬᠦ ᠠᠰᠠᠭᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠭᠤᠣᠯᠳᠠᠯᠭ᠎ᠠ ᠲᠠᠢ | ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ | ᠦᠢᠯᠡᠳᠬᠦᠨ ᠤ ᠬᠢᠨᠠᠯᠲᠠ ᠬᠠᠮᠢᠶᠠᠷᠣᠯᠳᠠ ᠶᠢ ᠬᠦᠴᠦᠯᠡᠨ ᠴᠢᠩᠭᠠᠳᠬᠠᠵᠣ᠂ ᠢᠳᠡᠭᠡᠨ ᠪᠠ ᠡᠮ ᠤᠨ ᠵᠦᠢᠯᠡᠰ᠂ ᠠᠮᠢ | ᠠᠬᠤᠢ ᠶᠢᠨ ᠣᠷᠴᠢᠨ ᠲᠣᠭᠤᠷᠢᠨ᠂ ᠠᠶᠣᠯ ᠦᠭᠡᠢ ᠦᠢᠯᠡᠳᠪᠦᠷᠢᠯᠡᠯ᠂ ᠮᠦᠩᠭᠦᠨ ᠭᠦᠢᠯᠭᠡᠭᠡᠨ ᠤ ᠦᠢᠯᠡᠴᠢᠯᠡᠭᠡ᠂ | ᠲᠣᠣᠷ ᠰᠦᠯᠵᠢᠶ᠎ᠡ ᠶᠢᠨ ᠮᠡᠳᠡᠭᠡ ᠵᠠᠩᠭᠢ᠂ ᠡᠯᠧᠺᠲᠷᠣᠨ ᠬᠤᠳᠠᠯᠳᠣᠭᠠᠨ ᠤ ᠶᠠᠪᠣᠳᠠᠯ᠂ ᠭᠡᠷ ᠪᠠᠶᠢᠰᠢᠩ ᠭᠠᠵᠠᠷ ᠤᠨ | ᠬᠦᠷᠦᠩᠭᠡ ᠵᠡᠷᠭᠡ ᠬᠦᠷᠢᠶ᠎ᠡ ᠴᠠᠷᠠᠭ᠎ᠠ ᠶᠢᠨ ᠵᠠᠬ᠎ᠠ ᠲᠡᠯᠭᠡᠭᠦᠷ ᠤᠨ ᠡᠮᠬᠢ ᠵᠢᠷᠦᠮ ᠢ ᠰᠠᠮᠠᠭᠤᠷᠠᠭᠤᠯᠬᠤ᠂ | ᠬᠡᠷᠡᠭᠯᠡᠭᠴᠢᠳ ᠤᠨ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ | ᠬᠡᠷᠡᠭᠲᠠᠢ᠃ | ︵ᠭᠤᠷᠪᠠ︶ ᠰᠢᠮᠳᠠᠭᠤᠯᠣᠨ ᠪᠠᠶᠢᠴᠠᠭᠠᠬᠤ ᠶᠢ ᠴᠢᠩᠭᠠᠳᠬᠠᠵᠣ᠂ ᠪᠣᠳᠠᠳᠦ ᠦᠷ᠎ᠡ ᠪᠦᠳᠦᠮᠵᠢ ᠣᠯᠬᠤ ᠶᠢ | ᠡᠷᠬᠢᠮᠯᠡᠨ᠎ᠡ᠃ | ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠪᠠ ᠡᠯ᠎ᠡ ᠲᠦᠷᠦᠭᠦᠯᠡᠨ ᠭᠦᠢᠴᠡᠳᠭᠡᠬᠦ ᠨᠢᠭᠡᠴᠡ ᠨᠦᠭᠦᠳ | ᠲᠣᠰ ᠰᠠᠨᠠᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯᠳᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠦᠰᠦᠯ | ᠪᠠ ᠰᠢᠯᠭᠠᠨ ᠪᠠᠶᠢᠴᠠᠭᠠᠵᠦ ᠪᠣᠯᠬᠤ ᠦᠷ᠎ᠡ ᠪᠦᠳᠦᠮᠵᠢ ᠶᠢᠨ ᠬᠡᠯᠪᠡᠷᠢ ᠶᠢ ᠱᠠᠯᠠᠪᠳᠠᠨ ᠰᠣᠳᠣᠯᠣᠨ ᠲᠣᠷᠠᠳᠴᠦ᠂ | ᠡᠭᠦᠷᠭᠡ ᠶᠢ ᠨᠠᠶᠢᠳᠠᠪᠣᠷᠢᠵᠢᠭᠤᠯᠬᠤ ᠴᠠᠭ ᠤᠨ ᠬᠦᠰᠦᠨᠦᠭ᠂ ᠠᠵᠢᠯ ᠤᠨ ᠱᠣᠭᠤᠮ ᠢ ᠪᠣᠳᠠᠶᠢᠵᠢᠭᠤᠯᠵᠦ | ᠨᠠᠷᠢᠯᠢᠬᠵᠢᠭᠤᠯᠣᠨᠠ᠃ ᠦᠪᠡᠷᠳᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ | ᠪᠠᠶᠢᠭᠤᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠲᠣᠰ ᠰᠠᠨᠠᠯ ᠤᠨ ᠬᠤᠯᠪᠣᠭᠳᠠᠯ ᠪᠦᠬᠦᠢ ᠠᠵᠢᠯ ᠢ | ᠲᠤᠤᠱᠯᠠᠭᠤᠯᠤᠨ ᠨᠠᠶᠢᠳᠠᠪᠣᠷᠢᠵᠢᠭᠤᠯᠬᠤ ᠶᠢ ᠰᠢᠮᠳᠠᠭᠤᠯᠣᠨ ᠪᠠᠶᠢᠴᠠᠭᠠᠵᠦ᠂ ᠡᠯ᠎ᠡ ᠵᠦᠢᠯ ᠤᠨ ᠡᠭᠦᠷᠭᠡ ᠪᠠ ᠠᠷᠭ᠎ᠠ | ᠬᠡᠮᠵᠢᠶ᠎ᠡ ᠶᠢ ᠪᠣᠳᠠᠳᠠᠢ ᠨᠠᠶᠢᠳᠠᠪᠦᠷᠢᠵᠢᠭᠤᠯᠬᠤ ᠶᠢ ᠦᠨᠡᠨᠬᠦ ᠪᠠᠳᠣᠯᠠᠬᠤ ᠬᠡᠷᠡᠭᠲᠠᠢ᠃ |