ᠥᠪᠥᠷ ᠮᠣᠩᠭᠤᠯ᠄ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠵᠠᠷ ᠤᠷᠤᠨ ᠠᠯᠤᠰᠯᠠᠨ ᠰᠤᠷᠤᠭᠴᠢ ᠡᠯᠰᠡᠬᠦ ᠶᠢ ᠴᠢᠩᠭ᠎ᠠ ᠬᠤᠷᠢᠬᠯᠠᠨ᠎ᠠ
ᠨᠡᠶᠢᠲᠡᠯᠡᠭᠰᠡᠨ ᠴᠠᠭ᠄
2016/7/25
      7 ᠳ᠋ᠤᠭᠠᠷ ᠰᠠᠷ᠎ᠠ ᠶᠢᠨ 22᠎ ᠤ ᠡᠳᠦᠷ᠂ ᠪᠦᠬᠦ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠠᠵᠢᠯ ᠤᠨ ᠬᠤᠷᠠᠯ ᠬᠦᠬᠡᠬᠤᠳᠠ ᠳᠤ ᠶᠠᠪᠤᠭᠳᠠᠵᠤ᠂ ᠰᠤᠷᠤᠭᠴᠢ ᠡᠯᠰᠡᠬᠦ ᠠᠵᠢᠯ ᠢ ᠴᠢᠩᠭ᠎ᠠ ᠵᠢᠷᠤᠮᠵᠢᠭᠤᠯᠬᠤ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠢᠯᠠᠩᠭᠤᠶ᠎ᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠦᠷᠢᠮ ᠳᠤᠭᠳᠠᠭᠠᠯ ᠠᠴᠠ ᠵᠦᠷᠢᠴᠡᠨ ᠰᠤᠷᠤᠭᠴᠢ ᠡᠯᠰᠡᠬᠦ ᠶᠢ ᠴᠢᠩᠭ᠎ᠠ ᠬᠤᠷᠢᠬᠯᠠᠨ᠎ᠠ ᠭᠡᠪᠡ᠃      ᠬᠤᠷᠠᠯ ᠠᠴᠠ᠂ ᠡᠯ᠎ᠡ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠭᠴᠢ ᠡᠯᠰᠡᠬᠦ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ ᠲᠦᠷᠢᠮ ᠳᠤᠭᠳᠠᠭᠠᠯ ᠠᠴᠠ ᠵᠦᠷᠢᠴᠡᠨ ᠠᠶᠢᠮᠠᠭ᠂ ᠬᠤᠰᠢᠭᠤ᠂ ᠰᠢᠶᠠᠨ ︵ᠬᠤᠳᠠ᠂ ᠳᠤᠭᠤᠷᠢᠭ︶ ᠠᠯᠤᠰᠯᠠᠨ ᠰᠤᠷᠤᠭᠴᠢ ᠡᠯᠰᠡᠵᠦ ᠪᠤᠯᠬᠤ ᠦᠬᠡᠢ᠃ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠦᠷᠢᠮ ᠠᠴᠠ ᠵᠦᠷᠢᠴᠡᠨ ᠤᠯᠠᠨ ᠤᠯᠤᠰ ᠤᠨ ᠬᠡᠯᠳᠡᠰ᠂ ᠤᠯᠠᠨ ᠤᠯᠤᠰ ᠤᠨ ᠠᠩᠬᠢ᠂ ᠤᠯᠤᠰ ᠤᠨ ᠨᠢᠬᠡᠳᠦᠯᠳᠡᠢ ᠰᠢᠯᠭᠠᠯᠳᠠ ᠶᠢᠨ ᠬᠠᠨᠳᠤᠯᠠᠭᠠᠳᠤ ᠠᠩᠬᠢ᠂ ᠳᠤᠷᠰᠢᠯᠳᠠ ᠶᠢᠨ ᠠᠩᠬᠢ ᠵᠡᠷᠬᠡ ᠨᠡᠷ᠎ᠡ ᠪᠠᠷ ᠠᠩᠬᠢ ᠬᠤᠪᠢᠶᠠᠬᠤ ᠪᠤᠶᠤ ᠬᠡᠯᠪᠡᠷᠢ ᠶᠢ ᠨᠢ ᠬᠤᠪᠢᠷᠠᠭᠤᠯᠤᠨ ᠰᠤᠷᠤᠭᠴᠢ ᠡᠯᠰᠡᠬᠦ ᠶᠢ ᠴᠢᠩᠭ᠎ᠠ ᠬᠤᠷᠢᠬᠯᠠᠬᠤ ᠬᠡᠷᠡᠭᠳᠡᠢ ᠭᠡᠵᠤ ᠱᠠᠭᠠᠷᠳᠠᠪᠠ᠃      ᠬᠤᠷᠠᠯ ᠠᠴᠠ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠵᠠᠷ ᠤᠷᠤᠨ ᠠᠯᠤᠰᠯᠠᠨ ︽ᠰᠢᠯᠢᠳᠡᠭ ᠰᠤᠷᠤᠭᠴᠢ ᠶᠢ ᠡᠯᠰᠡᠬᠦ︾ ᠦᠵᠡᠭᠳᠡᠯ ᠢ ᠤᠯᠠᠮ ᠴᠢᠨᠠᠭᠰᠢᠳᠠ ᠵᠠᠰᠠᠨ ᠴᠡᠭᠴᠡᠯᠡᠬᠦ ᠶᠢᠨ ᠲᠦᠯᠦᠬᠡ᠂ ᠦᠪᠡᠷᠳᠡᠬᠡᠨ ᠵᠠᠰᠠᠬᠤ ᠤᠷᠤᠨ ᠠᠴᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠳᠠ ᠪᠠᠨ ᠴᠢᠩᠭᠠᠳᠬᠠᠵᠤ᠂ ᠰᠤᠷᠤᠭᠴᠢᠳ ᠤᠨ ᠡᠮᠬᠢ ᠲᠢᠭᠯᠢᠮ ᠦᠬᠡᠢ ᠨᠠᠰᠢ ᠴᠠᠰᠢ ᠰᠢᠯᠵᠢᠬᠦ ᠶᠢ ᠡᠷᠡᠰ ᠬᠤᠷᠢᠬᠯᠠᠵᠤ᠂ ᠬᠦᠮᠦᠨ ᠪᠠ ᠰᠤᠷᠭᠠᠭᠤᠯᠢ ᠶᠢᠨ ᠬᠠᠷᠢᠶ᠎ᠠ ᠨᠢ ᠰᠠᠯᠤᠭᠰᠠᠨ᠂ ᠰᠤᠷᠭᠠᠭᠤᠯᠢ ᠶᠢᠨ ᠬᠠᠷᠢᠶ᠎ᠠ ᠪᠠᠨ ᠬᠤᠭᠤᠰᠤᠨ ᠳᠠᠯᠪᠢᠬᠤ᠂ ᠰᠤᠷᠭᠠᠭᠤᠯᠢ ᠶᠢᠨ ᠬᠠᠷᠢᠶ᠎ᠠ ᠪᠠᠨ ᠬᠠᠭᠤᠷᠮᠠᠭᠯᠠᠨ ᠵᠤᠬᠢᠶᠠᠬᠤ ᠵᠡᠷᠬᠡ ᠲᠦᠷᠢᠮ ᠠᠴᠠ ᠵᠦᠷᠢᠴᠡᠭᠰᠡᠨ ᠦᠵᠡᠭᠳᠡᠯ ᠢ ᠴᠢᠩᠭ᠎ᠠ ᠪᠠᠶᠢᠴᠠᠭᠠᠨ ᠭᠠᠷᠭᠠᠬᠤ ᠬᠡᠷᠡᠭᠳᠡᠢ ᠬᠡᠵᠦ ᠱᠠᠭᠠᠷᠳᠠᠵᠠᠢ᠃      ᠵᠢᠭᠠᠨ ᠰᠤᠷᠭᠠᠯᠳᠠ᠂ ᠰᠤᠷᠤᠭᠴᠢ ᠡᠯᠰᠡᠬᠦ᠂ ᠰᠢᠯᠭᠠᠯᠳᠠ ᠬᠢᠬᠦ ᠵᠡᠷᠬᠡ ᠶᠠᠪᠤᠴᠠ ᠳᠤ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠬᠦᠯᠦᠨ᠎ᠡ ᠬᠡᠵᠦ ᠦᠪᠡᠷᠳᠡᠬᠡᠨ ᠵᠠᠰᠠᠬᠤ ᠤᠷᠤᠨ ᠠᠴᠠ ᠳᠤᠳᠤᠷᠬᠠᠢᠢᠯᠠᠵᠠᠢ᠃ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠳᠤᠰᠬᠠᠢ ᠪᠠᠶᠢᠭᠤᠯᠤᠮᠵᠢ ᠭᠠᠷᠭᠠᠵᠤ᠂ ᠲᠦᠷᠢᠮ ᠳᠤᠭᠳᠠᠭᠠᠯ ᠠᠴᠠ ᠵᠦᠷᠢᠴᠡᠨ ᠰᠤᠷᠤᠭᠴᠢ ᠡᠯᠰᠡᠭᠰᠡᠨ ᠠᠴᠠ ᠪᠤᠯᠵᠤ ᠰᠤᠷᠭᠠᠭᠤᠯᠢ ᠶᠢᠨ ᠬᠠᠷᠢᠶ᠎ᠠ ᠪᠠᠨ ᠳᠠᠩᠰᠠᠯᠠᠭᠤᠯᠵᠤ ᠳᠡᠶᠢᠯᠬᠦ ᠦᠬᠡᠢ ᠠᠰᠠᠭᠤᠳᠠᠯ ᠠᠴᠠ ᠭᠤᠤᠯ ᠴᠤᠭᠴᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠵᠦᠢ ᠶᠤᠰᠤᠨ ᠳᠤ ᠨᠡᠶᠢᠴᠡᠬᠦ ᠦᠬᠡᠢ ᠪᠠᠷ ᠰᠤᠷᠭᠠᠭᠤᠯᠢ ᠶᠢᠨ ᠬᠠᠷᠢᠶ᠎ᠠ ᠳᠠᠩᠰᠠᠯᠠᠭᠤᠯᠤᠭᠰᠠᠨ ᠪᠤᠯ ᠭᠤᠤᠯ ᠴᠤᠭᠴᠠ ᠶᠢᠨ ᠬᠠᠷᠢᠭᠤᠴᠠᠯᠭ᠎ᠠ ᠪᠠ ᠬᠠᠷᠢᠭᠤᠴᠠᠯᠭ᠎ᠠ ᠲᠠᠢ ᠬᠦᠮᠦᠰ ᠠᠴᠠ ᠪᠦᠷ ᠬᠠᠷᠢᠭᠤᠴᠠᠯᠭ᠎ᠠ ᠨᠡᠬᠡᠮᠵᠢᠯᠡᠨ᠎ᠡ︔ ᠰᠤᠷᠤᠭᠴᠢ ᠪᠤᠯᠢᠶᠠᠯᠴᠠᠬᠤ᠂ ᠳᠤᠷ᠎ᠠ ᠪᠠᠷ ᠰᠤᠷᠤᠭᠴᠢ ᠡᠯᠰᠡᠬᠦ ᠵᠡᠷᠬᠡ ᠠᠰᠠᠭᠤᠳᠠᠯ ᠢᠶᠠᠨ ᠴᠠᠭ ᠳᠤᠬᠠᠢ ᠳᠠᠭᠠᠨ ᠵᠠᠯᠠᠷᠠᠭᠤᠯᠬᠤ ᠦᠬᠡᠢ ᠪᠤᠯ ᠤᠯᠠᠨ ᠳᠤ ᠨᠡᠶᠢᠳᠡᠯᠡᠨ ᠰᠢᠬᠦᠮᠵᠢᠯᠡᠬᠦ ᠠᠴᠠ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠤ ᠳᠡᠰ ᠪᠠ ᠠᠶᠢᠮᠠᠭ ᠬᠤᠳᠠ ᠶᠢᠨ ᠳᠡᠰ ᠤᠨ ᠵᠢᠱᠢᠶ᠎ᠡ ᠦᠵᠡᠬᠦᠯᠬᠦ ᠰᠤᠷᠭᠠᠭᠤᠯᠢ ᠶᠢᠨ ᠢᠷᠠᠭᠤ ᠠᠯᠳᠠᠷ ᠢ ᠨᠢ ᠬᠦᠴᠦᠨ ᠦᠬᠡᠢ ᠪᠤᠯᠭᠠᠵᠤ᠂ ᠦᠢᠯᠡ ᠠᠵᠢᠯᠯᠠᠭ᠎ᠠ ᠨᠢ ᠬᠦᠨᠳᠤ ᠨᠤᠴᠢᠳᠠᠢ ᠪᠤᠯ ᠰᠤᠷᠭᠠᠭᠤᠯᠢ ᠶᠢᠨ ᠵᠠᠬᠢᠷᠤᠯ ᠢ ᠳᠤᠰᠢᠶᠠᠯ ᠠᠴᠠ ᠨᠢ ᠪᠠᠭᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号