ᠲᠥᠪ ᠤᠨ ᠴᠠᠭ ᠠᠭᠤᠷ ᠤᠨ ᠲᠣᠪᠴᠢᠶ᠎ᠠ ᠶᠢᠨ 7 ᠳ᠋ᠤᠭᠠᠷ ᠰᠠᠷ᠎ᠠ ᠶᠢᠨ 24 ᠤ ᠡᠳᠦᠷ ᠤᠨ 10 ᠴᠠᠭ ᠲᠤ | ᠨᠡᠶᠢᠲᠡᠯᠡᠭᠰᠡᠨ ᠠᠭᠠᠳᠠᠷ ᠪᠤᠷᠤᠭᠠᠨ ᠤ ᠬᠥᠬᠡ ᠥᠩᠭᠡᠲᠦ ᠰᠡᠷᠡᠮᠵᠢᠯᠡᠭᠦᠯᠦᠯ ᠠᠴᠠ ᠦᠵᠡᠪᠡᠯ᠄ ᠵᠢᠱᠢᠯᠲᠡ ᠪᠠᠷ 24 ᠤ | ᠡᠳᠦᠷ ᠤᠨ 14 ᠴᠠᠭ ᠠᠴᠠ 25 ᠤ ᠡᠳᠦᠷ ᠤᠨ 14 ᠴᠠᠭ ᠪᠣᠯᠲᠠᠯ᠎ᠠ᠂ ᠥᠪᠥᠷ ᠮᠣᠩᠭᠤᠯ ᠤᠨ ᠳᠤᠮᠳᠠ ᠪᠡᠶ᠎ᠡ ᠶᠢᠨ | ᠡᠮᠦᠨᠡᠰᠢ ᠭᠠᠵᠠᠷ ᠤᠳ ᠢᠶᠠᠷ ᠶᠡᠭᠡ ᠪᠣᠷᠣᠭᠠᠨ ᠪᠤᠶᠤ ᠠᠭᠠᠳᠠᠷ ᠪᠣᠷᠣᠭᠠᠨ ᠲᠠᠢ ᠪᠥᠭᠡᠳ ᠲᠦᠷ ᠵᠠᠭᠤᠷ᠎ᠠ ᠶᠢᠨ | ᠳᠤᠭᠰᠢᠨ ᠪᠤᠷᠤᠭᠠᠨ ᠤᠷᠤᠵᠤ᠂ ᠠᠶᠤᠩᠭ᠎ᠠ ᠰᠠᠯᠬᠢ ᠵᠡᠷᠭᠡ ᠴᠢᠩᠭ᠎ᠠ ᠰᠣᠯᠢᠭ ᠤᠷᠤᠰᠬᠠᠯᠲᠤ ᠠᠭᠤᠷ ᠠᠮᠢᠰᠬᠤᠯ | ᠳᠠᠭᠠᠯᠳᠤᠵᠤ᠂ ᠬᠠᠮᠤᠭ ᠤᠨ ᠶᠡᠭᠡ ᠴᠠᠭ ᠤᠨ ᠲᠤᠨᠳᠠᠰᠤ ᠨᠢ 60 ~ 70 ᠮᠢᠯᠢᠮᠧᠲᠷ ᠬᠦᠷᠦᠨ᠎ᠡ᠃ ᠡᠭᠦᠨ ᠳᠤ᠂ | ᠥᠪᠥᠷ ᠮᠣᠩᠭᠤᠯ ᠤᠨ ᠪᠣᠷᠣᠲᠣᠬᠤᠶ ᠶᠢᠨ ᠵᠡᠭᠦᠨ ᠪᠡᠶ᠎ᠡ ᠪᠠᠷ ᠠᠭᠠᠳᠠᠷ ᠪᠣᠷᠣᠭᠠᠨ ᠲᠠᠢ ︵100 ~ 150 | ᠮᠢᠯᠢᠮᠧᠲᠷ︶᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ | ᠨᠡᠶᠢᠲᠡᠯᠡᠭᠰᠡᠨ ᠠᠭᠠᠳᠠᠷ ᠪᠣᠷᠣᠭᠠᠨ ᠤ ᠰᠡᠷᠡᠮᠵᠢᠯᠡᠭᠦᠯᠦᠯ ᠠᠴᠠ ᠦᠵᠡᠪᠡᠯ᠄ ᠵᠢᠱᠢᠯᠲᠡ ᠪᠠᠷ 7 ᠳ᠋ᠤᠭᠠᠷ ᠰᠠᠷ᠎ᠠ ᠶᠢᠨ | 24 ᠤ ᠡᠳᠦᠷ ᠠᠴᠠ 26 ᠤ ᠡᠳᠦᠷ ᠪᠤᠯᠲᠠᠯ᠎ᠠ᠂ ᠬᠦᠢᠲᠡᠨ ᠳᠤᠯᠠᠭᠠᠨ ᠠᠭᠤᠷ ᠠᠮᠢᠰᠬᠤᠯ ᠤᠨ ᠬᠢᠮᠤᠷᠠᠯ ᠢᠶᠠᠷ᠂ | ᠮᠠᠨ ᠤ ᠣᠷᠣᠨ ᠪᠠᠷᠠᠭᠤᠨ ᠠᠴᠠ ᠵᠡᠭᠦᠨᠰᠢ ᠨᠢᠭᠡ ᠤᠳᠠᠭᠠᠨ ᠤ ᠢᠯᠡᠷᠬᠡᠶ ᠬᠤᠷ᠎ᠠ ᠲᠣᠨᠣᠳᠠᠰᠤ ᠲᠠᠢ᠃ ᠠᠯᠠᠱᠠ | ᠠᠶᠢᠮᠠᠭ ᠤᠨ ᠵᠡᠭᠦᠨ ᠡᠮᠦᠨ᠎ᠡ ᠪᠡᠶ᠎ᠡ᠂ ᠤᠷᠳᠤᠰ ᠬᠤᠳᠠ᠂ ᠪᠤᠭᠤᠲᠤ ᠬᠤᠳᠠ ᠶᠢᠨ ᠡᠮᠦᠨ᠎ᠡ ᠪᠡᠶ᠎ᠡ᠂ ᠬᠥᠬᠡᠬᠤᠲᠠ᠂ | ᠤᠯᠠᠭᠠᠨᠴᠠᠪ ᠬᠤᠲᠠ ᠶᠢᠨ ᠳᠤᠮᠳᠠ ᠪᠡᠶ᠎ᠡ ᠪᠣᠯᠤᠨ ᠡᠮᠦᠨ᠎ᠡ ᠪᠡᠶ᠎ᠡ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠪᠡᠶ᠎ᠡ᠂ | ᠤᠯᠠᠭᠠᠨᠬᠠᠳᠠ ᠬᠤᠲᠠ ᠶᠢᠨ ᠡᠮᠦᠨ᠎ᠡ ᠪᠡᠶ᠎ᠡ᠂ ᠲᠦᠩᠯᠢᠶᠣᠤ ᠬᠤᠲᠠ ᠶᠢᠨ ᠡᠮᠦᠨ᠎ᠡ ᠪᠡᠶ᠎ᠡ ᠪᠠᠷ ᠶᠡᠭᠡ ᠪᠣᠷᠣᠭᠠᠨ᠂ | ᠠᠭᠠᠳᠠᠷ ᠪᠣᠷᠣᠭᠠᠨ ᠲᠠᠢ᠂ ᠡᠭᠦᠨ ᠳᠤ᠂ ᠤᠷᠳᠤᠰ ᠬᠤᠳᠠ ᠶᠢᠨ ᠵᠡᠭᠦᠨ ᠬᠤᠶᠢᠲᠤ ᠪᠡᠶ᠎ᠡ᠂ ᠬᠦᠬᠡᠬᠤᠲᠠ ᠶᠢᠨ | ᠪᠠᠷᠠᠭᠤᠨ ᠡᠮᠦᠨ᠎ᠡ ᠪᠡᠶ᠎ᠡ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠪᠡᠶ᠎ᠡ ᠪᠠᠷ ᠬᠢ ᠲᠤᠨᠳᠠᠰᠤᠨ ᠤ | ᠬᠡᠮᠵᠢᠶ᠎ᠡ ᠨᠢ 100.0 ᠮᠢᠯᠢᠮᠧᠲᠷ ᠠᠴᠠ ᠳᠡᠭᠡᠭᠰᠢ ᠬᠦᠷᠬᠦ ᠪᠤᠯᠤᠨ᠎ᠠ᠃ ᠡᠭᠦᠨ ᠳᠤ᠂ ᠵᠢᠱᠢᠯᠲᠡ ᠪᠠᠷ 24 ᠤ | ᠡᠳᠦᠷ ᠤᠨ ᠦᠳᠡ ᠶᠢᠨ ᠬᠤᠶᠢᠨ᠎ᠠ ᠠᠴᠠ 25 ᠤ ᠡᠳᠦᠷ ᠪᠣᠯᠲᠠᠯ᠎ᠠ᠂ ᠬᠥᠬᠡᠬᠤᠲᠠ ᠶᠢᠨ ᠶᠡᠬᠡᠩᠬᠢ ᠭᠠᠵᠠᠷ ᠲᠤ ᠶᠡᠭᠡ | ᠪᠣᠷᠣᠭᠠᠨ ᠣᠷᠣᠵᠤ ︵ᠲᠤᠨᠳᠠᠰᠤᠨ ᠤ ᠬᠡᠮᠵᠢᠶ᠎ᠡ ᠨᠢ 25 — 49.9 ᠮᠢᠯᠢᠮᠧᠲᠷ︶᠂ ᠳᠤᠮᠲᠠ ᠡᠮᠦᠨ᠎ᠡ ᠪᠡᠶ᠎ᠡ ᠶᠢᠨ | ᠵᠠᠷᠢᠮ ᠭᠠᠵᠠᠷ ᠲᠤ ᠠᠭᠠᠳᠠᠷ ᠪᠣᠷᠣᠭᠠᠨ ᠲᠠᠢ ︵ᠲᠤᠨᠳᠠᠰᠤᠨ ᠤ ᠬᠡᠮᠵᠢᠶ᠎ᠡ ᠨᠢ ≥ 50 ᠮᠢᠯᠢᠮᠧᠲᠷ︶᠃ | ᠲᠤᠨᠳᠠᠰᠤ ᠶᠢ ᠳᠠᠭᠠᠯᠳᠤᠨ ᠠᠶᠤᠩᠭ᠎ᠠ ᠰᠠᠯᠬᠢ ᠲᠠᠢ᠂ ᠲᠦᠷ ᠵᠠᠭᠤᠷ᠎ᠠ ᠶᠢᠨ ᠳᠤᠭᠰᠢᠨ ᠪᠤᠷᠤᠭᠠᠨ ᠤᠷᠤᠬᠤ ᠵᠡᠷᠭᠡ | ᠰᠣᠯᠢᠭ ᠤᠷᠤᠰᠬᠠᠯᠲᠤ ᠠᠭᠤᠷ ᠠᠮᠢᠰᠬᠤᠯ ᠢᠯᠡᠷᠡᠬᠦ ᠪᠤᠯᠤᠮᠵᠢ ᠲᠠᠢ᠃ |