ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠵᠠᠷᠢᠮ ᠭᠠᠵᠠᠷ ᠲᠤ ᠭᠠᠩ ᠬᠠᠭᠰᠠᠷᠠᠭᠠᠨ ᠪᠣᠯᠵᠤ᠂ | ᠭᠠᠮᠰᠢᠭ ᠤᠨ ᠨᠦᠯᠦᠭᠡ ᠶᠢᠨ ᠬᠡᠪᠴᠢᠶ᠎ᠡ ᠨᠢ ᠶᠡᠭᠡ᠂ ᠭᠠᠮᠰᠢᠭᠳᠠᠭᠰᠠᠨ ᠬᠥᠮᠦᠨ ᠠᠮᠠ ᠤᠯᠠᠨ᠂ ᠦᠷᠭᠦᠯᠵᠢᠯᠡᠭᠰᠡᠨ | ᠴᠠᠭ ᠨᠢ ᠤᠷᠳᠦ ᠪᠠᠶᠢᠵᠤ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠶ | ᠨᠥᠯᠥᠭᠡ ᠦᠵᠡᠭᠦᠯᠪᠡ᠃ 7 ᠳ᠋ᠤᠭᠠᠷ ᠰᠠᠷ᠎ᠠ ᠶᠢᠨ 22 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ | ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠬᠥᠩᠭᠡᠷᠡᠭᠦᠯᠬᠦ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠠᠴᠠ | ᠭᠠᠩ ᠬᠠᠭᠰᠠᠷᠠᠭᠠᠨ ᠤ ᠳᠥᠷᠪᠡᠳᠦᠭᠡᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ | ᠠᠵᠢᠯᠯᠠᠭᠠᠨ ᠡᠬᠢᠯᠡᠭᠦᠯᠪᠡ᠃ | ᠴᠠᠭ ᠠᠭᠤᠷ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠢᠯ ᠤᠨ | ᠬᠠᠪᠤᠷ ᠠᠴᠠ ᠨᠠᠰᠢ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠲᠤᠨᠳᠠᠰᠤ ᠶᠢᠨ ᠬᠡᠮᠵᠢᠶ᠎ᠡ ᠨᠢ 25 ~ | 100% ᠪᠠᠷ ᠪᠠᠭᠠᠰᠪᠠ᠃ ᠪᠥᠬᠦ ᠣᠷᠣᠨ ᠤ ᠳᠤᠮᠳᠠᠴᠢ ᠲᠤᠨᠳᠠᠰᠤᠨ ᠤ ᠬᠡᠮᠵᠢᠶ᠎ᠡ ᠨᠢ 13.3 ᠮᠢᠯᠢᠮᠧᠲᠷ ᠪᠠᠶᠢᠵᠤ᠂ | ᠶᠡᠷᠦ ᠶᠢᠨ ᠵᠢᠯ ᠤᠨ ᠠᠳᠠᠯᠢ ᠬᠤᠭᠤᠴᠠᠭᠠᠨ ᠤ ᠬᠢ ᠠᠴᠠ 25.3% ᠪᠠᠷ ᠪᠠᠭᠠᠰᠴᠤ᠂ ᠣᠶᠢᠷ᠎ᠠ ᠶᠢᠨ 5 ᠵᠢᠯ ᠤᠨ | ᠲᠤᠷᠰᠢᠬᠢ ᠬᠠᠮᠤᠭ ᠤᠨ ᠪᠠᠭ᠎ᠠ ᠬᠡᠮᠵᠢᠶᠡᠨ ᠳᠤ ᠬᠦᠷᠪᠡ᠃ 5 ᠳ᠋ᠤᠭᠠᠷ ᠰᠠᠷ᠎ᠠ ᠳᠤ᠂ ᠪᠦᠬᠦ ᠣᠷᠣᠨ ᠤ ᠲᠤᠨᠳᠠᠰᠤ ᠶᠢᠨ | ᠬᠡᠮᠵᠢᠶ᠎ᠡ ᠮᠥᠨ ᠯᠡ ᠨᠡᠯᠢᠶᠡᠳ ᠪᠠᠭ᠎ᠠ᠂ ᠭᠠᠩ ᠬᠠᠭᠤᠷᠠᠶ ᠭᠠᠵᠠᠷ ᠤᠷᠤᠨ ᠳᠤ ᠬᠤᠷ᠎ᠠ ᠲᠤᠨᠳᠠᠰᠤ ᠪᠠᠭᠤᠭᠰᠠᠨ | ᠦᠭᠡᠢ ᠠᠴᠠ ᠪᠦᠬᠦ ᠣᠷᠣᠨ ᠤ ᠭᠠᠩ ᠬᠠᠭᠰᠠᠷᠠᠭᠠᠨ ᠤ ᠪᠠᠶᠢᠳᠠᠯ ᠦᠳᠲᠡᠷ ᠲᠦᠷᠭᠡᠨ ᠦᠷᠭᠡᠳᠴᠦ᠂ ᠤᠯᠠᠭᠠᠨᠴᠠᠪ | ᠬᠤᠲᠠ ᠶᠢᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠡᠮᠦᠨᠡᠲᠦ ᠪᠡᠶ᠎ᠡ᠂ | ᠲᠦᠩᠯᠢᠶᠣᠤ ᠬᠤᠲᠠ ᠶᠢᠨ ᠪᠠᠷᠠᠭᠤᠨ ᠬᠤᠶᠢᠲᠤ ᠪᠡᠶ᠎ᠡ ᠳᠤ ᠳᠤᠮᠳᠠ ᠵᠡᠷᠭᠡ᠂ ᠬᠦᠨᠳᠦ ᠨᠣᠴᠢᠲᠠᠢ ᠭᠠᠩ ᠬᠠᠭᠰᠠᠷᠠᠭᠠᠨ | ᠤ ᠭᠠᠮᠰᠢᠭ ᠪᠣᠯᠪᠠ᠃ 6 ᠳ᠋ᠤᠭᠠᠷ ᠰᠠᠷ᠎ᠠ ᠶᠢᠨ ᠡᠬᠢᠨ ᠳᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠬᠡᠳᠦ᠋ᠢᠪᠡᠷ | ᠲᠠᠷᠬᠠᠯᠲᠠ ᠨᠢ ᠲᠡᠭᠰᠢ ᠪᠤᠰᠤ ᠬᠤᠷ᠎ᠠ ᠪᠣᠷᠤᠭᠠᠨ ᠤᠷᠤᠭᠰᠠᠨ ᠪᠣᠯᠪᠠᠴᠤ ᠬᠠᠯᠠᠭᠤᠨ ᠤ ᠬᠡᠮᠵᠢᠶ᠎ᠡ ᠨᠢ ᠨᠡᠯᠢᠶᠡᠳ | ᠥᠨᠳᠥᠷ ᠠᠴᠠ ᠪᠣᠯᠵᠤ᠂ ᠬᠤᠷ᠎ᠠ ᠲᠤᠨᠳᠠᠰᠤ ᠬᠦᠷᠦᠯᠴᠡᠬᠦ ᠦᠭᠡᠢ ᠪᠣᠯᠵᠤ᠂ ᠭᠠᠩ ᠬᠠᠭᠰᠠᠷᠠᠭᠠᠨ ᠤ ᠪᠠᠶᠢᠳᠠᠯ | ᠦᠷᠭᠦᠯᠵᠢᠯᠡᠨ ᠬᠡᠴᠡᠭᠦᠳᠡᠪᠡ᠃ 7 ᠳ᠋ᠤᠭᠠᠷ ᠰᠠᠷ᠎ᠠ ᠠᠴᠠ ᠬᠤᠶᠢᠰᠢ᠂ ᠪᠦᠬᠦ ᠣᠷᠣᠨ ᠤ ᠶᠡᠬᠡᠩᠬᠢ ᠭᠠᠵᠠᠷ ᠤᠷᠤᠨ ᠳᠤ | ᠶᠡᠭᠡ ᠬᠠᠯᠠᠭᠤᠨ ᠪᠣᠯᠵᠤ᠂ ᠠᠯᠠᠱᠠ ᠶᠢᠨ ᠪᠠᠷᠠᠭᠤᠨ ᠬᠤᠶᠢᠲᠤ ᠪᠡᠶ᠎ᠡ ᠳᠤ ᠬᠠᠮᠤᠭ ᠥᠨᠳᠥᠷ ᠳᠡᠭᠡᠨ 40℃ ᠢ | ᠳᠠᠪᠠᠵᠤ᠂ ᠬᠥᠯᠥᠨ ᠪᠤᠶᠢᠷ ᠤᠨ ᠪᠠᠷᠠᠭᠤᠨ ᠪᠡᠶ᠎ᠡ᠂ ᠬᠢᠩᠭᠠᠨ ᠠᠶᠢᠮᠠᠭ ᠤᠨ ᠡᠮᠦᠨᠡᠲᠦ ᠪᠡᠶ᠎ᠡ᠂ ᠲᠦᠩᠯᠢᠶᠣᠤ | ᠬᠤᠲᠠ ᠶᠢᠨ ᠪᠠᠷᠠᠭᠤᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠰᠢᠯᠢ ᠶᠢᠨ ᠭᠤᠣᠯ | ᠠᠶᠢᠮᠠᠭ ᠤᠨ ᠪᠠᠷᠠᠭᠤᠨ ᠬᠤᠶᠢᠲᠤ ᠪᠡᠶ᠎ᠡ᠂ ᠡᠷᠢᠶᠡᠨ ᠬᠤᠲᠠ ᠵᠡᠷᠭᠡ ᠭᠠᠵᠠᠷ ᠲᠤ ᠬᠠᠯᠠᠭᠤᠨ ᠤ 35 — 39℃ | ᠬᠦᠷᠪᠡ᠃ ᠦᠷᠭᠦᠯᠵᠢᠯᠡᠭᠰᠡᠨ ᠠᠭᠠᠬᠢᠮ᠎ᠠ ᠬᠠᠯᠠᠭᠤᠨ ᠨᠢ ᠮᠠᠨ ᠤ ᠤᠷᠤᠨ ᠤ ᠳᠤᠮᠳᠠ ᠵᠡᠭᠦᠨ ᠪᠡᠶ᠎ᠡ ᠶᠢᠨ ᠵᠠᠷᠢᠮ | ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠢ ᠤᠯᠠᠮ ᠬᠡᠴᠡᠭᠦᠳᠡᠭᠦᠯᠪᠡ᠃ | 7 ᠳ᠋ᠤᠭᠠᠷ ᠰᠠᠷ᠎ᠠ ᠶᠢᠨ 21 ᠤ ᠡᠳᠦᠷ ᠤᠨ ᠪᠦᠷᠢᠳᠬᠡᠯ ᠢᠶᠠᠷ ᠪᠣᠯ᠂ ᠭᠠᠩ ᠬᠠᠭᠰᠠᠷᠠᠭᠠᠨ ᠨᠢ ᠬᠥᠯᠥᠨ ᠪᠤᠶᠢᠷ | ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ | ᠤᠯᠠᠭᠠᠨᠴᠠᠪ ᠬᠤᠳᠠ᠂ ᠠᠯᠠᠱᠠ ᠠᠶᠢᠮᠠᠭ ᠵᠡᠷᠭᠡ 7 ᠠᠶᠢᠮᠠᠭ ᠬᠤᠲᠠ ᠶᠢᠨ 35 ᠬᠤᠰᠢᠭᠤ ᠰᠢᠶᠠᠨ ︵ᠬᠤᠳᠠ᠂ | ᠲᠣᠭᠤᠷᠢᠭ︶ ᠤ 200 ᠲᠦᠮᠡᠨ ᠬᠥᠮᠦᠨ ᠢ ᠭᠠᠮᠰᠢᠭᠳᠠᠭᠤᠯᠵᠤ᠂ ᠭᠠᠩ ᠬᠠᠭᠰᠠᠷᠠᠭᠠᠨ ᠠᠴᠠ ᠪᠣᠯᠵᠤ ᠠᠮᠢᠳᠤᠷᠠᠯ ᠤᠨ | ᠠᠪᠤᠷᠠᠨ ᠲᠤᠰᠠᠯᠠᠬᠤ ᠴᠢᠬᠤᠯᠠᠲᠠᠶ ᠬᠥᠮᠦᠨ ᠠᠮᠠ 69.6 ᠲᠦᠮᠡ ᠬᠦᠷᠴᠦ᠂ ᠡᠭᠦᠨ ᠳᠤ ᠤᠮᠳᠠ ᠤᠰᠤᠨ ᠤ | ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠨᠢ 43.3 ᠲᠦᠮᠨ ᠪᠣᠯᠪᠠ︔ ᠲᠠᠷᠢᠮᠠᠯ ᠤᠨ ᠭᠠᠩᠳᠠᠭᠰᠠᠨ ᠲᠠᠯᠠᠪᠠᠶ | ᠨᠢ 993 ᠮᠢᠩᠭᠠᠨ ᠾᠧᠺᠲ᠋ᠠᠷ ᠪᠣᠯᠵᠤ᠂ 666 ᠮᠢᠩᠭᠠᠨ ᠾᠧᠺᠲ᠋ᠠᠷ ᠲᠠᠯᠠᠪᠠᠢ ᠭᠠᠮᠰᠢᠭᠳᠠᠵᠤ᠂ 195 ᠮᠢᠩᠭᠠᠨ | ᠾᠧᠺᠲ᠋ᠠᠷ ᠲᠠᠯᠠᠪᠠᠢ ᠭᠠᠵᠠᠷ ᠬᠤᠷᠢᠶᠠᠯᠲᠠ ᠠᠯᠳᠠᠵᠤ᠂ 13233 ᠮᠢᠩᠭᠠᠨ ᠾᠧᠺᠲ᠋ᠠᠷ ᠡᠪᠡᠰᠦ ᠪᠡᠯᠴᠢᠭᠡᠷ | ᠭᠠᠮᠰᠢᠭᠳᠠᠪᠠ︔ ᠤᠮᠳᠠ ᠤᠰᠤᠨ ᠤ ᠬᠦᠴᠢᠷᠳᠡᠯ ᠳᠤ ᠲᠤᠯᠭᠠᠷᠠᠭᠰᠠᠨ ᠪᠤᠳᠠ ᠮᠠᠯ ᠤᠨ ᠲᠤᠭ᠎ᠠ 145.6 ᠲᠦᠮᠨ | ᠳᠤ ᠬᠦᠷᠴᠦ᠂ ᠰᠢᠭᠤᠳ ᠤᠴᠠᠷᠠᠭᠤᠯᠤᠭᠰᠠᠨ ᠠᠵᠤ ᠠᠬᠤᠶ ᠶᠢᠨ ᠬᠤᠬᠢᠷᠠᠯ ᠨᠢ 41 ᠳ᠋ᠦᠩᠰᠢᠭᠤᠷ ᠲᠥᠭᠦᠷᠢᠭ ᠲᠤ | ᠬᠦᠷᠪᠡ᠃ ᠭᠠᠮᠰᠢᠭᠳᠠᠭᠰᠠᠨ ᠤ ᠳᠠᠷᠠᠭ᠎ᠠ᠂ ᠡᠯ᠎ᠡ ᠭᠠᠵᠠᠷ ᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠭᠠᠮᠰᠢᠭ ᠤᠨ | ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ᠂ ᠭᠠᠮᠰᠢᠭ ᠠᠴᠠ ᠠᠪᠤᠷᠠᠬᠤ ᠠᠵᠢᠯ ᠢ ᠢᠳᠡᠪᠬᠢᠲᠡᠶ ᠪᠠᠷ ᠥᠷᠨᠢᠭᠦᠯᠵᠦ᠂ | ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ | ᠭᠠᠮᠰᠢᠭ ᠢ ᠬᠦᠩᠭᠡᠷᠡᠭᠦᠯᠬᠦ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠭᠠᠮᠰᠢᠭ ᠢ ᠪᠠᠶᠢᠴᠠᠭᠠᠨ ᠲᠣᠭᠲᠠᠭᠠᠬᠤ | ᠡᠷᠴᠢᠮ ᠢᠶᠠᠨ ᠤᠯᠠᠮ ᠴᠢᠩᠭᠠᠷᠠᠭᠤᠯᠵᠤ᠂ ᠭᠠᠩ ᠬᠠᠭᠰᠠᠷᠠᠭᠠᠨ ᠤ ᠪᠠᠶᠢᠳᠠᠯ ᠤᠨ ᠦᠷᠭᠡᠵᠢᠯ ᠢ ᠨᠢᠭᠲᠠ | ᠠᠩᠬᠠᠷᠬᠤ ᠶᠢᠨ ᠬᠠᠮᠲᠤ ᠦᠷᠭᠦᠯᠵᠢᠯᠡᠨ ᠮᠥᠷᠳᠡᠵᠦ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠴᠠᠭ | ᠲᠣᠬᠠᠢᠢᠴᠢ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠬᠠᠤ ᠪᠦᠭᠡᠳ ᠠᠶᠢᠮᠠᠭ ᠬᠤᠳᠠ᠂ ᠬᠤᠰᠢᠭᠤ | ᠰᠢᠶᠠᠨ ᠢ ᠵᠣᠬᠢᠴᠠᠭᠤᠯᠤᠨ ᠲᠤᠰ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠯᠠᠵᠤ᠂ | ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠵᠣᠬᠢᠰᠲᠠᠶ ᠰᠠᠶᠢᠲᠤᠷ ᠲᠣᠬᠢᠷᠠᠭᠤᠯᠬᠤ ᠬᠡᠷᠡᠭᠲᠡᠢ᠃ |