ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠭᠤᠣᠯᠴᠢᠯᠠᠨ ᠡᠷᠬᠢᠯᠡᠭᠰᠡᠨ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠪᠤᠭᠤᠲᠤ ᠬᠤᠳᠠ ᠶᠢᠨ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ︽ᠲᠠᠯ᠎ᠠ ᠨᠤᠲᠤᠭ ᠤᠨ ᠰᠣᠳᠣᠴᠤᠳ︾ | ᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠴᠤᠭᠯᠠᠭᠠᠨ ᠵᠢᠴᠢ | ᠬᠥᠬᠡᠬᠤᠲᠠ ᠪᠤᠭᠤᠲᠤ ᠤᠷᠳᠤᠰ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠭᠠᠷᠠᠭ ᠤᠨ ᠭᠤᠣᠯ ᠠᠵᠢᠯᠯᠠᠭ᠎ᠠ 8 ᠳ᠋ᠤᠭᠠᠷ ᠰᠠᠷ᠎ᠠ ᠶᠢᠨ 7 ᠤ ᠡᠳᠦᠷ ᠪᠤᠭᠤᠲᠤ ᠬᠤᠲᠠ ᠶᠢᠨ ᠣᠯᠠᠨ ᠤᠯᠤᠰ ᠤᠨ | ᠬᠤᠷᠠᠯ ᠴᠤᠭᠯᠠᠭᠠᠨ ᠤ ᠲᠥᠪ ᠲᠤ ᠡᠬᠢᠯᠡᠬᠦ ᠪᠤᠯᠤᠨ᠎ᠠ᠃ ᠲᠤᠰ ᠬᠤᠭᠤᠴᠠᠭᠠᠨ ᠤ ᠠᠵᠢᠯᠯᠠᠭ᠎ᠠ ᠨᠢ ︽ᠴᠢᠳᠠᠪᠤᠷᠢᠲᠠᠨ ᠢ | ᠴᠤᠭᠯᠠᠭᠤᠯᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠪᠣᠳᠣᠯᠬᠢᠯᠠᠵᠤ · ᠥᠩᠭᠡ ᠢᠯᠭᠠᠷᠠᠭᠰᠠᠨ ᠦᠵᠡᠮᠵᠢᠲᠦ | ᠣᠷᠣᠨ ᠢᠶᠠᠨ ᠴᠣᠭᠴᠠᠯᠠᠶ᠎ᠠ︾ ᠭᠡᠰᠡᠨ ᠭᠤᠣᠯ ᠰᠡᠳᠦᠪ ᠢᠶᠠᠷ᠂ 8 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ | 11 ᠤ ᠡᠳᠦᠷ ᠥᠨᠳᠥᠷᠯᠡᠨ᠎ᠡ᠂ ᠡᠨᠡ ᠬᠤᠭᠤᠴᠠᠭᠠᠨ ᠳᠤ ᠴᠢᠳᠠᠪᠤᠷᠢᠲᠠᠨ ᠤ ᠠᠵᠢᠯ ᠤᠨ ᠲᠤᠬᠠᠶ ᠬᠤᠷᠠᠯ᠂ ᠠᠵᠤ | ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠲᠥᠷᠥᠯ ᠵᠦᠢᠯ ᠢ ᠰᠣᠯᠢᠯᠴᠠᠨ ᠵᠣᠯᠭᠠᠭᠤᠯᠬᠤ᠂ ᠦᠷ᠎ᠡ | ᠪᠦᠲᠦᠭᠡᠯ ᠢ ᠲᠠᠨᠢᠯᠴᠠᠭᠤᠯᠤᠨ ᠳᠡᠯᠭᠡᠨ ᠦᠵᠡᠭᠦᠯᠬᠦ᠂ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ᠂ ᠣᠶᠤᠲᠠᠳ ᠢ | ᠲᠥᠪᠯᠡᠷᠡᠭᠦᠯᠦᠨ ᠠᠳᠠᠯ ᠦᠢᠯᠡᠰ ᠴᠣᠭᠴᠠᠯᠠᠭᠤᠯᠬᠤ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠵᠦ᠂ ︽ᠲᠠᠯ᠎ᠠ | ᠨᠤᠲᠤᠭ ᠤᠨ ᠰᠣᠳᠣᠴᠤᠳ︾ ᠤᠨ ᠢᠨᠵᠧᠨᠧᠷᠢᠩ ᠢ ᠭᠦᠨᠵᠡᠭᠡᠶ ᠨᠡᠭᠡᠭᠡᠨ ᠥᠷᠭᠡᠳᠬᠡᠵᠦ᠂ ᠡᠯ᠎ᠡ ᠲᠦᠷᠦᠯ ᠤᠨ | ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠵᠦ᠂ ᠴᠢᠳᠠᠪᠤᠷᠢᠲᠠᠨ ᠢ ᠠᠵᠤ ᠦᠢᠯᠡᠰ ᠤᠨ ᠲᠥᠷᠥᠯ ᠵᠦᠢᠯ ᠲᠠᠢ ᠵᠣᠯᠭᠠᠯᠳᠤᠭᠤᠯᠬᠤ ᠲᠠᠪᠴᠠᠩ ᠢ ᠤᠯᠠᠮ | ᠨᠢᠭᠡ ᠠᠯᠬᠤᠮ ᠪᠠᠶᠢᠭᠤᠯᠬᠤ ᠪᠠᠷ ᠵᠣᠷᠢᠯᠭ᠎ᠠ ᠪᠠᠷ ᠪᠣᠯᠭᠠᠨ᠎ᠠ᠃ |