ᠵᠦᠶ ᠵᠣᠬᠢᠰ ᠦᠭᠡᠶ ᠦᠢᠯᠡ ᠠᠵᠢᠯᠯᠠᠭ᠎ᠠ ᠶᠢ ᠬᠤᠷᠢᠭᠯᠠᠵᠤ   ᠥᠪᠥᠷ ᠮᠣᠩᠭᠤᠯ ᠡᠮᠴᠢᠯᠡᠭᠡᠨ ᠤ ᠪᠠᠶᠢᠭᠤᠯᠤᠮᠵᠢ ᠶᠢᠨ ᠲᠤᠰᠠᠯᠠᠬᠤ ᠡᠮ ᠤᠨ ᠬᠡᠷᠡᠭᠯᠡᠯᠲᠡ ᠶᠢ ᠵᠢᠷᠤᠮᠵᠢᠭᠤᠯᠵᠤ ᠪᠤᠢ
ᠨᠡᠶᠢᠲᠡᠯᠡᠭᠰᠡᠨ ᠴᠠᠭ᠄
2016/7/25
      7 ᠳ᠋ᠤᠭᠠᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠠᠴᠠ ︽ᠡᠮᠴᠢᠯᠡᠭᠡᠨ ᠤ ᠪᠠᠶᠢᠭᠤᠯᠤᠮᠵᠢ ᠶᠢᠨ ᠲᠤᠰᠠᠯᠠᠬᠤ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠢᠨᠠᠨ ᠡᠵᠡᠮᠳᠡᠬᠦ ᠪᠠ ᠬᠢᠵᠠᠭᠠᠷᠯᠠᠬᠤ ᠲᠦᠷᠦᠯ ᠤᠨ ᠲᠤᠰᠠᠯᠠᠬᠤ ᠡᠮ ᠤᠨ ᠬᠡᠷᠡᠭᠯᠡᠯᠲᠡ ᠶᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠡᠷᠬᠡ ᠠᠴᠠ ᠪᠠᠨ ᠳᠠᠪᠠᠨ ᠬᠡᠷᠡᠭᠯᠡᠵᠦ ᠪᠣᠯᠬᠤ ᠦᠭᠡᠢ ᠭᠡᠵᠡᠢ᠃ ᠣᠳᠣᠬᠠᠨ ᠳᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠡᠮᠴᠢᠯᠡᠭᠡᠨ ᠤ ᠡᠮ ᠤᠨ ᠬᠡᠷᠡᠭᠯᠡᠯᠲᠡ ᠶᠢ ᠪᠠᠶᠢᠩᠭᠤᠵᠢᠭᠤᠯᠤᠭᠰᠠᠨ ᠬᠢᠨᠠᠨ ᠬᠠᠮᠢᠶᠠᠷᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠶ ᠪᠠᠶᠢᠵᠤ᠂ ᠡᠮᠴᠢᠯᠡᠭᠡᠨ ᠤ ᠡᠮ ᠤᠨ ᠬᠡᠷᠡᠭᠯᠡᠯᠲᠡ ᠨᠢ ᠵᠢᠷᠤᠮᠵᠢᠯ ᠦᠭᠡᠢ᠂ ᠬᠠᠮᠢᠶ᠎ᠠ ᠪᠥᠬᠦᠢ ᠲᠥᠷᠢᠮ ᠢ ᠨᠠᠶᠢᠳᠠᠪᠤᠷᠢᠵᠢᠭᠤᠯᠤᠭᠰᠠᠨ ᠢᠶᠠᠷ ᠪᠠᠷᠤᠭᠲᠠᠶ ᠪᠠᠶᠢᠬᠤ ᠵᠡᠷᠭᠡ ᠠᠰᠠᠭᠤᠳᠠᠯ ᠮᠥᠨ ᠣᠷᠣᠰᠢᠭᠰᠠᠭᠠᠷ ᠪᠠᠶᠢᠨ᠎ᠠ᠂ ᠢᠯᠠᠩᠭᠤᠶ᠎ᠠ ᠵᠠᠷᠢᠮ ᠦᠨ᠎ᠡ ᠲᠠᠢ ᠡᠮ᠂ ᠬᠡᠷᠡᠭᠯᠡᠬᠦ ᠬᠡᠮᠵᠢᠶ᠎ᠡ ᠨᠢ ᠶᠡᠭᠡ᠂ ᠲᠤᠰᠠᠯᠠᠬᠤ ᠴᠢᠨᠠᠷᠲᠠᠶ ᠡᠮ ᠤᠨ ᠵᠦᠢᠯ ᠢ ᠬᠡᠷᠡᠭᠯᠡᠬᠦ ᠠᠵᠢᠯ ᠤᠨ ᠬᠠᠮᠢᠶᠠᠷᠤᠯᠲᠠ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠵᠣᠬᠢᠰ ᠦᠭᠡᠶ ᠪᠠᠷ ᠡᠮ ᠬᠡᠷᠡᠭᠯᠡᠬᠦ ᠦᠢᠯᠡ ᠠᠵᠢᠯᠯᠠᠭ᠎ᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠮᠡᠳᠡᠭᠳᠡᠯ ᠳᠤ ᠬᠡᠯᠡᠭᠰᠡᠨ ᠨᠢ᠂ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠲᠤᠰᠠᠯᠠᠬᠤ ᠡᠮ ᠢ ᠠᠩᠭᠢᠯᠠᠨ ᠬᠡᠷᠡᠭᠯᠡᠬᠦ ᠵᠠᠷᠴᠢᠮ ᠢ ᠲᠣᠳᠣᠷᠬᠠᠶᠢᠯᠠᠬᠤ ᠬᠡᠷᠡᠭᠲᠡᠶ᠂ ᠡᠮᠴᠢᠯᠡᠭᠡᠨ ᠤ ᠡᠯ᠎ᠡ ᠲᠤᠰᠬᠠᠶ ᠮᠡᠷᠭᠡᠵᠢᠯ ᠢ ᠵᠢᠯᠣᠭᠤᠳᠤᠨ ᠡᠮ ᠢ ᠵᠦᠢ ᠵᠣᠬᠢᠰᠲᠠᠶ ᠪᠠᠷ ᠬᠡᠷᠡᠭᠯᠡᠭᠦᠯᠵᠦ᠂ ᠲᠤᠰᠠᠯᠠᠬᠤ ᠡᠮ ᠤᠨ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠶ᠃ ᠡᠮᠨᠡᠯᠭᠡ ᠶᠢᠨ ᠠᠵᠢᠯᠲᠠᠳ ᠤᠨ ᠵᠦᠢ ᠵᠣᠬᠢᠰᠲᠠᠶ ᠪᠠᠷ ᠡᠮ ᠬᠡᠷᠡᠭᠯᠡᠬᠦ ᠮᠡᠳᠡᠯᠭᠡ ᠪᠣᠯᠪᠠᠰᠤᠷᠠᠯ ᠪᠠ ᠬᠢᠨᠠᠨ ᠰᠢᠯᠭᠠᠯᠲᠠ ᠶᠢ ᠴᠢᠩᠭᠠᠳᠬᠠᠵᠤ᠂ ᠵᠣᠷ ᠤᠨ ᠬᠢᠷᠢ ᠲᠡᠩᠴᠡᠭᠦ ᠨᠤᠷᠮ᠎ᠠ ᠪᠠᠷ ᠵᠦᠢ ᠵᠣᠬᠢᠰᠲᠠᠶ ᠡᠮ ᠬᠡᠷᠡᠭᠯᠡᠬᠦ ᠲᠠᠯ᠎ᠠ ᠶᠢᠨ ᠮᠡᠳᠡᠯᠭᠡ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠦᠨᠳᠦᠰᠦᠯᠡᠯ ᠪᠣᠯᠭᠠᠵᠤ᠂ ᠵᠣᠷ ᠢ ᠦᠨᠡᠯᠡᠬᠦ ᠪᠠ ᠡᠮ ᠬᠡᠷᠡᠭᠯᠡᠬᠦ ᠶᠢ ᠪᠣᠯᠪᠠᠰᠤᠷᠠᠭᠤᠯᠬᠤ ᠶᠢ ᠬᠠᠷᠢᠯᠴᠠᠨ ᠠᠬᠢᠭᠤᠯᠬᠤ ᠤᠷᠳᠤ ᠤᠳᠠᠭᠠᠨ ᠬᠦᠴᠦᠨ ᠲᠡᠭᠦᠯᠳᠡᠷ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠳᠤ ᠵᠦᠢ ᠵᠣᠬᠢᠰᠲᠠᠶ ᠪᠠᠷ ᠡᠮ ᠬᠡᠷᠡᠭᠯᠡᠬᠦ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃      ᠮᠡᠳᠡᠭᠳᠡᠯ ᠳᠤ ᠵᠢᠭᠠᠭᠰᠠᠨ ᠨᠢ᠂ ᠳᠤᠮᠳᠠ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠲᠤᠰᠢᠶᠠᠯ ᠤᠨ ᠬᠢᠷᠢ ᠬᠡᠮ ᠲᠠᠢ ᠡᠮᠴᠢ ᠳᠤ᠂ ᠭᠤᠣᠯᠳᠠᠯᠭ᠎ᠠ ᠲᠠᠢ ᠬᠢᠨᠠᠨ ᠡᠵᠡᠮᠳᠡᠬᠦ ᠲᠤᠰᠠᠯᠠᠬᠤ ᠡᠮ ᠬᠡᠷᠡᠭᠯᠡᠬᠦ ᠡᠷᠬᠡ ᠣᠯᠭᠤᠵᠤ ᠪᠣᠯᠣᠨ᠎ᠠ︔ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠬᠢᠷᠢ ᠬᠡᠮ ᠲᠠᠢ ᠡᠮᠴᠢ ᠳᠤ᠂ ᠬᠢᠵᠠᠭᠠᠷᠯᠠᠬᠤ ᠲᠤᠰᠠᠯᠠᠬᠤ ᠡᠮ ᠬᠡᠷᠡᠭᠯᠡᠬᠦ ᠡᠷᠬᠡ ᠣᠯᠭᠤᠵᠤ ᠪᠣᠯᠣᠨ᠎ᠠ᠃ ᠵᠣᠷᠯᠠᠬᠤ ᠳᠠᠭᠠᠨ ᠡᠮ ᠤᠨ ᠥᠪᠡᠷ ᠤᠨ ᠥᠷᠳᠡᠭ ᠬᠢᠭᠡᠳ ᠡᠮᠴᠢᠯᠡᠭᠡᠨ ᠤ ᠲᠤᠰᠠ ᠶᠢ ᠭᠦᠢᠴᠡᠳ ᠪᠣᠳᠣᠯᠬᠢᠯᠠᠬᠤ ᠬᠡᠷᠡᠭᠲᠡᠶ᠂ ᠥᠯᠥ ᠬᠡᠷᠡᠭᠡᠯᠡᠪᠡᠴᠦ ᠪᠣᠯᠬᠤ ᠶᠢ ᠎ ᠨᠢ ᠠᠯᠢ ᠴᠢᠳᠠᠬᠤ ᠪᠠᠷ ᠬᠡᠷᠡᠭᠯᠡᠬᠦ ᠦᠭᠡᠢ᠂ ᠴᠥᠭᠡᠨ ᠬᠡᠷᠡᠭᠯᠡᠵᠦ ᠪᠣᠯᠬᠤ ᠶᠢ ᠨᠢ ᠤᠯᠠᠨ ᠬᠡᠷᠡᠭᠯᠡᠬᠦ ᠦᠭᠡᠢ᠂ ᠤᠤᠭᠤᠬᠤ ᠡᠮ ᠬᠡᠷᠡᠭᠯᠡᠵᠦ ᠪᠣᠯᠪᠠᠯ ᠲᠠᠷᠢᠯᠭ᠎ᠠ ᠬᠢᠬᠦ ᠦᠭᠡᠢ᠂ ᠪᠤᠯᠴᠢᠩ ᠤᠨ ᠲᠡᠷᠢᠯᠭ᠎ᠠ ᠬᠢᠵᠦ ᠪᠣᠯᠬᠤ ᠪᠠᠶᠢᠪᠠᠯ ᠨᠠᠮᠵᠢᠭᠤᠨ ᠰᠤᠳᠠᠯ ᠤᠨ ᠶᠡᠭᠦᠯᠲᠡ ᠬᠢᠬᠦ ᠤᠢᠭᠡᠢ᠂ ᠡᠩ ᠤᠨ ᠡᠮ ᠬᠡᠷᠡᠭᠯᠡᠵᠦ ᠪᠣᠯᠪᠠᠯ ᠳᠡᠭᠡᠳᠦ ᠲᠡᠰ ᠤᠨ ᠡᠮ ᠢ ᠬᠡᠷᠡᠭᠯᠡᠬᠦ ᠦᠭᠡᠢ ᠪᠠᠶᠢᠬᠤ ᠶᠢ ᠵᠢᠷᠤᠮᠯᠠᠵᠤ᠂ ᠡᠮ ᠤᠨ ᠵᠦᠢᠯ ᠢ ᠲᠣᠳᠣᠷᠬᠠᠶᠢᠯᠠᠯᠲᠠ ᠶᠢᠨ ᠪᠢᠴᠢᠭ ᠲᠤ ᠲᠣᠭᠲᠠᠭᠠᠭᠰᠠᠨ ᠬᠡᠷᠡᠭᠯᠡᠬᠦ ᠬᠡᠪᠴᠢᠶ᠎ᠡ᠂ ᠡᠮᠴᠢᠯᠡᠭᠡᠨ ᠤ ᠬᠤᠭᠤᠴᠠᠭ᠎ᠠ᠂ ᠬᠡᠮᠵᠢᠶ᠎ᠡ ᠪᠠ ᠲᠤᠬᠢᠷᠡᠬᠤ ᠡᠪᠡᠳᠴᠢᠨ ᠢ ᠴᠢᠩᠭ᠎ᠠ ᠵᠢᠷᠤᠮᠯᠠᠨ ᠵᠤᠷᠯᠠᠵᠤ᠂ ᠡᠮᠴᠢᠯᠡᠭᠡᠨ ᠤ ᠡᠮ ᠬᠡᠷᠡᠭᠯᠡᠬᠦ ᠠᠮᠤᠷ ᠲᠦᠪᠰᠢᠨ᠂ ᠵᠦᠢ ᠵᠣᠬᠢᠰᠲᠠᠶ᠂ ᠲᠤᠰᠠᠲᠠᠢ᠂ ᠬᠢᠮᠲᠠᠬᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号