ᠥᠪᠥᠷ ᠮᠣᠩᠭᠤᠯ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠠᠪᠴᠤ ᠲᠤᠷᠰᠢᠯᠲᠠ ᠶᠢᠨ ᠬᠤᠳᠠ ᠶᠢᠨ ᠱᠠᠳᠤ ᠬᠤᠪᠢᠶᠠᠨ ᠣᠨᠣᠰᠢᠯᠠᠨ ᠡᠮᠨᠡᠬᠦ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2016/7/26
      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ ᠲᠢᠩᠬᠢᠮ ᠣᠷᠴᠢᠮᠬᠠᠨ ᠱᠠᠳᠤ ᠬᠤᠪᠢᠶᠠᠨ ᠣᠨᠣᠰᠢᠯᠠᠨ ᠡᠮᠨᠡᠬᠦ ᠠᠵᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠤᠨ ᠲᠤᠬᠠᠢ ᠮᠡᠳᠡᠭᠳᠡᠯ ᠲᠠᠷᠬᠠᠭᠠᠭᠰᠠᠨ ᠪᠥᠭᠡᠳ ᠪᠣᠳᠠᠲᠠᠶ ᠠᠵᠢᠯ ᠤᠨ ᠬᠤᠪᠢᠶᠠᠷᠢᠯᠠᠯ ᠤᠨ ᠲᠥᠰᠦᠯ ᠭᠠᠷᠭᠠᠵᠤ᠂  ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠠᠵᠢᠯ ᠢ ᠬᠠᠮᠲᠤᠷᠠᠨ ᠠᠬᠢᠭᠤᠯᠪᠠ᠃      ᠣᠶᠢᠯᠠᠭᠠᠭᠰᠠᠨ ᠢᠶᠠᠷ᠂ 70% ᠣᠷᠴᠢᠮ ᠤᠨ ᠬᠤᠲᠠ ᠳᠤ ᠲᠤᠷᠰᠢᠯᠲᠠ ᠬᠢᠬᠦ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ᠂ ᠪᠤᠭᠤᠲᠤ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠦᠬᠠᠶ ᠬᠤᠳᠠ ᠵᠡᠷᠭᠡ 9 ᠠᠶᠢᠮᠠᠭ ᠬᠤᠲᠠ ᠶᠢ ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠭᠠᠵᠠᠷ ᠣᠷᠣᠨ ᠢᠶᠠᠷ ᠲᠤᠭᠲᠠᠭᠠᠪᠠ᠃ ᠲᠤᠷᠰᠢᠯᠲᠠ ᠶᠢᠨ ᠴᠢᠬ ᠤᠨ ᠪᠤᠰᠤ ᠭᠠᠵᠠᠷ ᠣᠷᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠱᠠᠳᠤ ᠬᠤᠪᠢᠶᠠᠨ ᠣᠨᠣᠰᠢᠯᠠᠨ ᠡᠮᠨᠡᠬᠦ ᠠᠵᠢᠯ ᠢ ᠦᠷᠨᠢᠬᠦᠯᠬᠦ ᠶᠢ ᠢᠳᠡᠪᠬᠢᠲᠡᠶ ᠬᠠᠶᠢᠨ ᠰᠦᠪᠡᠭᠴᠢᠯᠡᠵᠤ ᠪᠤᠯᠤᠨ᠎ᠠ᠃      ᠮᠡᠳᠡᠭᠳᠡᠯ ᠳᠤ ᠲᠤᠲᠤᠷᠬᠠᠶᠢᠯᠠᠭᠰᠠᠨ ᠢᠶᠠᠷ ᠪᠤᠯ᠂ 2016 ᠣᠨ ᠤ ᠡᠴᠦᠰ ᠪᠤᠯᠬᠤ ᠳᠤ᠂ ᠡᠯ᠎ᠡ ᠲᠤᠷᠰᠢᠯᠲᠠ ᠶᠢᠨ ᠴᠢᠬ ᠤᠨ ᠠᠶᠢᠮᠠᠭ ᠬᠤᠳᠠ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠠᠶᠢᠮᠠᠭ ᠬᠤᠳᠠ ᠪᠠᠷ ᠨᠢᠭᠡᠴᠡ ᠪᠣᠯᠭᠠᠨ᠂ ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠬᠤᠰᠢᠭᠤ ᠰᠢᠶᠠᠨ ᠤ ᠬᠡᠪᠴᠢᠶᠡᠨ ᠳᠣᠲᠣᠷ᠎ᠠ ᠡᠪᠡᠳᠴᠢᠨ ᠤᠨᠤᠰᠢᠯᠠᠬᠤ ᠨᠤᠷᠮ᠎ᠠ ᠶᠢ 80%᠎ ᠳᠤ ᠬᠦᠷᠲᠡᠯ᠎ᠡ ᠳᠡᠭᠡᠭᠰᠢᠯᠡᠭᠦᠯᠦᠨ᠎ᠡ᠃ 2017 ᠣᠨ ᠪᠣᠯᠬᠤ ᠳᠤ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠬᠦᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠬᠦᠯᠵᠤ᠂ ᠲᠤᠷᠰᠢᠯᠲᠠ ᠶᠢᠨ ᠴᠢᠬ ᠤᠨ ᠪᠦᠬᠦ ᠠᠶᠢᠮᠠᠭ ᠬᠤᠳᠠ ᠶᠢ ᠤᠯᠤᠰ ᠤᠨ ᠱᠠᠲᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠠᠵᠢᠯ ᠤᠨ ᠬᠢᠨᠠᠨ ᠰᠢᠯᠭᠠᠵᠤ ᠦᠨᠡᠯᠡᠬᠦ ᠪᠠᠷᠢᠮᠵᠢᠶ᠎ᠠ ᠳᠤ ᠬᠦᠷᠦᠬᠦᠯᠦᠨ᠎ᠡ᠃ 2020 ᠣᠨ ᠪᠣᠯᠬᠤ ᠳᠤ᠂ 30 ᠲᠦᠮᠡᠨ ᠬᠥᠮᠦᠨ ᠠᠮᠠ ᠠᠴᠠ ᠳᠡᠭᠡᠭᠰᠢᠬᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ 90%᠎ ᠶᠢ ᠨᠢ ᠤᠯᠤᠰ ᠤᠨ ᠰᠢᠶᠠᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢᠨ ᠦᠨᠳᠦᠰᠦᠨ ᠪᠠᠷᠢᠮᠵᠢᠶ᠎ᠠ ᠱᠠᠭᠠᠷᠳᠠᠯᠭ᠎ᠠ ᠳᠤ ᠬᠦᠷᠦᠬᠦᠯᠬᠦ ᠪᠠᠷ ᠬᠦᠴᠦᠯᠡᠨ ᠴᠢᠷᠮᠠᠶᠢᠨ᠎ᠠ᠃ 30 ᠲᠦᠮᠡᠨ ᠬᠥᠮᠦᠨ ᠠᠮᠠ ᠠᠴᠠ ᠳᠣᠷᠣᠭᠰᠢᠬᠢ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠵᠦᠷᠢᠶᠡᠴᠢᠯᠡᠭᠰᠡᠨ ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢᠨ ᠦᠨᠳᠦᠰᠦᠨ ᠪᠠᠷᠢᠮᠵᠢᠶ᠎ᠠ ᠳᠤ ᠦᠨᠳᠦᠰᠦᠨ ᠳᠤ ᠪᠠᠨ ᠬᠦᠷᠦᠬᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 4 ᠰᠠᠯᠠᠭ᠎ᠠ ᠮᠥᠴᠢᠷ ᠠᠴᠠ 6 ᠵᠦᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠳᠡᠰ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠴᠢᠬ ᠤᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠪᠠ᠃      — ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠠᠵᠢᠯ ᠤᠨ ᠪᠠᠶᠢᠷᠢ ᠳᠤ ᠪᠠᠶᠢᠭ᠎ᠠ ᠡᠮᠴᠢ ᠶᠢ ᠠᠵᠢᠯ ᠤᠨ ᠪᠠᠶᠢᠷᠢ ᠠᠴᠠ ᠨᠢ ᠰᠢᠯᠵᠢᠭᠦᠯᠦᠨ ᠪᠤᠯᠪᠠᠰᠤᠷᠠᠭᠤᠯᠬᠤ᠂ ᠪᠦᠷᠢᠨ ᠰᠠᠯᠠᠭᠠᠨ ᠤ ᠡᠮᠴᠢ ᠶᠢ ᠬᠠᠨᠳᠤᠯᠭ᠎ᠠ ᠲᠠᠢ ᠬᠥᠮᠦᠵᠢᠭᠦᠯᠬᠦ᠂ ᠦᠨᠳᠦᠰᠦᠨ ᠱᠠᠲᠤᠨ ᠤ ᠠᠵᠢᠯ ᠤᠨ ᠪᠠᠶᠢᠷᠢ ᠳᠤ ᠪᠠᠶᠢᠭ᠎ᠠ ᠡᠮᠴᠢ ᠶᠢᠨ ᠰᠤᠷᠤᠯᠭ᠎ᠠ ᠶᠢᠨ ᠨᠠᠮᠲᠠᠷ ᠤᠨ ᠲᠡᠰ ᠢ ᠨᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠬᠢᠭᠡᠳ ᠤᠯᠠᠨ ᠠᠷᠭ᠎ᠠ ᠵᠠᠮ ᠢᠶᠠᠷ ᠪᠦᠷᠢᠨ ᠰᠠᠯᠠᠭᠠᠨ ᠤ ᠡᠮᠴᠢ ᠶᠢ ᠬᠥᠮᠦᠵᠢᠭᠦᠯᠦᠨ᠂  ᠪᠦᠷᠢᠨ ᠰᠠᠯᠠᠭᠠᠨ ᠤ ᠡᠮᠴᠢ ᠶᠢ ᠵᠢᠷᠤᠮᠵᠢᠭᠤᠨ ᠲᠡᠰᠢ ᠬᠥᠮᠦᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠦᠷᠢᠨ ᠰᠠᠯᠠᠭᠠᠨ ᠤ ᠡᠮᠴᠢ ᠶᠢᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ︽ᠬᠠᠮᠠᠭᠠᠯᠠᠭᠴᠢ︾᠎ ᠶᠢᠨ ᠦᠢᠯᠡᠳᠦᠯ ᠢ ᠨᠢ ᠪᠠᠳᠠᠷᠠᠭᠤᠯᠤᠨ᠎ᠠ᠃ ᠬᠤᠳᠠ ᠶᠢᠨ ᠲᠦᠮᠡᠨ ᠰᠠᠭᠤᠭᠠᠯᠢ ᠠᠷᠠᠳ ᠪᠦᠷᠢ 1᠎ ᠠᠴᠠ ᠳᠡᠭᠡᠭᠰᠢ ᠪᠦᠷᠢᠨ ᠰᠠᠯᠠᠭᠠᠨ ᠤ ᠡᠮᠴᠢ ᠪᠠᠶᠢᠯᠭᠠᠵᠤ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠳᠤ 1᠎ ᠠᠴᠠ ᠳᠡᠭᠡᠭᠰᠢ ᠪᠦᠷᠢᠨ ᠰᠠᠯᠠᠭᠠᠨ ᠤ ᠡᠮᠴᠢ ᠲᠠᠢ ᠪᠠᠶᠢᠯᠭᠠᠨ᠎ᠠ᠃      — ᠬᠡᠷ ᠪᠦᠯᠢ ᠶᠢᠨ ᠬᠢᠨ ᠤ ᠡᠮᠴᠢ ᠯᠦᠭᠡ ᠭᠡᠷ᠎ᠡ ᠲᠤᠭᠲᠠᠬᠤ ᠦᠢᠯᠡᠴᠢᠯᠡᠭᠡ ᠶᠢ ᠦᠷᠭᠡᠳᠭᠡᠨ᠎ᠡ᠃ ᠰᠠᠭᠤᠭᠠᠯᠢ ᠠᠷᠠᠳ ᠪᠤᠶᠤ ᠭᠡᠷ ᠪᠦᠯᠢ ᠶᠢᠨ ᠬᠢᠨ ᠰᠠᠶᠢᠨ ᠳᠤᠷ᠎ᠠ ᠠᠴᠠ ᠪᠠᠨ ᠬᠡᠷ᠎ᠡ ᠲᠤᠭᠲᠠᠬᠤ ᠡᠮᠴᠢ ᠶᠢᠨ ᠪᠦᠯᠬᠦᠮ ᠠᠩᠬᠢ ᠯᠤᠭ᠎ᠠ ᠦᠢᠯᠡᠴᠢᠯᠡᠭᠡᠨ ᠤ ᠵᠥᠪᠯᠡᠯᠴᠡᠭᠡᠷ ᠲᠤᠭᠲᠠᠬᠤ ᠶᠢ ᠠᠬᠢᠭᠤᠯᠤᠨ ᠦᠷᠭᠡᠳᠭᠡᠨ᠎ᠡ᠃ ᠭᠡᠷ᠎ᠡ ᠲᠣᠭᠲᠠᠬᠤ ᠡᠮᠴᠢ ᠶᠢᠨ ᠪᠦᠯᠬᠦᠮ ᠠᠩᠬᠢ ᠶᠢ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠴᠢ ᠪᠤᠯᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠢᠶᠠᠷ ᠪᠦᠷᠢᠯᠳᠦᠬᠦᠯᠦᠨ᠎ᠡ᠃ ᠭᠡᠷ᠎ᠡ ᠲᠤᠭᠲᠠᠬᠤ ᠦᠢᠯᠡᠴᠢᠯᠡᠭᠡ ᠶᠢ ᠨᠠᠰᠤᠲᠠᠶᠢᠴᠤᠳ᠂ ᠤᠵᠢᠭ ᠴᠢᠨᠠᠷᠲᠠᠶ ᠡᠪᠡᠳᠴᠢᠨ ᠪᠤᠯᠤᠨ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ᠂ ᠵᠢᠷᠮᠦᠰᠦᠨ ᠪᠠ ᠬᠥᠩᠭᠡᠵᠢᠬᠦ ᠡᠮᠡᠭᠲᠡᠶ᠂ ᠬᠡᠦᠬᠡᠳ᠂ ᠵᠡᠮᠳᠡᠭᠴᠦᠳ ᠢᠶᠠᠷ ᠭᠤᠣᠯᠳᠠᠯᠭ᠎ᠠ ᠪᠣᠯᠭᠠᠵᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠡᠩ ᠤᠨ ᠬᠥᠮᠦᠰ ᠲᠡᠰᠢ ᠦᠷᠭᠡᠳᠭᠡᠨ᠎ᠡ᠃      — ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠠᠵᠢᠯ ᠬᠤᠪᠢᠶᠠᠨ ᠬᠠᠮᠵᠢᠯᠴᠠᠬᠤ ᠵᠠᠭᠪᠤᠷᠰᠢᠯ ᠢ ᠪᠠᠶᠢᠭᠤᠯᠤᠨ᠎ᠠ᠃  ᠡᠬᠢ ᠪᠠᠶᠠᠯᠢᠭ ᠢ ᠬᠠᠮᠲᠤᠪᠠᠷ ᠬᠦᠷᠲᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠣᠲᠣᠭᠠᠳᠤ ᠳᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠠᠵᠢᠯ ᠬᠤᠪᠢᠳᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠮᠡᠰᠡ ᠵᠠᠰᠠᠯ ᠬᠢᠯᠭᠡᠭᠰᠡᠳ ᠢ ᠮᠦᠷᠳᠡᠨ ᠰᠤᠷᠪᠤᠯᠵᠢᠯᠠᠬᠤ ᠲᠥᠷᠢᠮ ᠢ ᠪᠠᠶᠢᠭᠤᠯᠤᠨ᠂ ᠳᠣᠣᠷ᠎ᠠ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠨᠢ ᠡᠪᠡᠳᠴᠢᠲᠡᠨ ᠤ ᠮᠡᠰᠡ ᠵᠠᠰᠠᠯ ᠤᠨ ᠳᠠᠷᠠᠭᠠᠬᠢ ᠡᠷᠡᠭᠦᠯᠵᠢᠯ ᠤᠨ ᠠᠵᠢᠯ ᠢ ᠰᠠᠶᠢᠲᠤᠷ ᠬᠢᠬᠦ ᠶᠢ ᠵᠢᠭᠠᠨ ᠵᠢᠯᠤᠭᠤᠳᠬᠤ ᠪᠠ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠳᠦᠷ ᠳᠤᠲᠤᠮ ᠤᠨ ᠮᠡᠰᠡ ᠵᠠᠰᠠᠯ ᠬᠢᠬᠦ ᠰᠢᠯᠤᠭᠤᠨ ᠵᠠᠮ ᠢ ᠨᠡᠭᠡᠭᠡᠨ ᠦᠭᠴᠦ᠂ ︽ᠡᠮᠨᠡᠯᠭᠡ ᠶᠢᠨ ᠬᠤᠷᠢᠶ᠎ᠠ ᠳᠤ ᠮᠡᠰᠡ ᠵᠠᠰᠠᠯ ᠬᠢᠯᠭᠡᠵᠤ᠂ ᠨᠡᠶᠢᠭᠡᠮ ᠲᠣᠭᠤᠷᠢᠭ ᠲᠠᠭᠠᠨ ᠰᠤᠪᠢᠯᠠᠨ ᠡᠷᠡᠭᠦᠯᠵᠢᠭᠦᠯᠬᠦ︾ ᠱᠠᠳᠤ ᠬᠤᠪᠢᠶᠠᠨ ᠣᠨᠣᠰᠢᠯᠠᠨ ᠡᠮᠨᠡᠬᠦ ᠵᠠᠭᠪᠤᠷᠰᠢᠯ ᠢ ᠠᠯᠬᠤᠮ ᠠᠯᠬᠤᠮ ᠢᠶᠠᠷ ᠪᠤᠢ ᠪᠤᠯᠭᠠᠨ᠎ᠠ᠃      — ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠴᠢᠯᠡᠯᠳᠠ ᠪᠠ ᠠᠯᠤᠰ ᠡᠵᠡᠮᠰᠢᠯ ᠤᠨ ᠡᠮᠴᠢᠯᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠤᠷᠰᠢᠯᠲᠠ ᠶᠢᠨ ᠭᠠᠵᠠᠷ ᠣᠷᠣᠨ ᠣᠷᠣᠨ ᠪᠦᠰᠡ ᠶᠢᠨ ᠴᠢᠨᠠᠷᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠪᠠᠶᠢᠭᠤᠯᠵᠤ᠂ ᠡᠷᠡᠭᠦᠯ ᠮᠡᠨᠳᠤ ᠶᠢᠨ ᠡᠯᠧᠺᠲᠷᠤᠨ ᠳᠠᠩᠰᠠ ᠡᠪᠬᠡᠮᠡᠯ ᠪᠠ ᠡᠯᠧᠺᠲᠷᠤᠨ ᠡᠪᠡᠳᠴᠢᠨ ᠤ ᠪᠠᠶᠢᠳᠠᠯ ᠢ ᠦᠷᠭᠦᠯᠵᠢᠯᠡᠨ ᠲᠡᠮᠳᠡᠭᠯᠡᠬᠦ ᠵᠢᠴᠢ ᠠᠳᠠᠯᠢ ᠪᠤᠰᠤ ᠳᠡᠰ ᠤᠨ᠂ ᠠᠳᠠᠯᠢ ᠪᠤᠰᠤ ᠲᠦᠷᠦᠯ ᠵᠦᠢᠯ ᠤᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠯᠤᠰ ᠠᠴᠠ ᠬᠠᠮᠲᠤᠷᠠᠨ ᠣᠨᠣᠰᠢᠯᠠᠬᠤ᠂ ᠠᠯᠤᠰ ᠠᠴᠠ ᠡᠪᠡᠳᠴᠢᠨ ᠤ ᠪᠠᠶᠢᠳᠠᠯ ᠢ ᠣᠨᠣᠰᠢᠯᠠᠬᠤ᠂ ᠠᠯᠤᠰ ᠠᠴᠠ ᠪᠣᠯᠪᠠᠰᠤᠷᠠᠭᠤᠯᠬᠤ ᠵᠡᠷᠭᠡ ᠦᠢᠯᠡᠴᠢᠯᠡᠭᠡ ᠶᠢ ᠬᠠᠨᠭ᠍ᠭᠠᠨ᠎ᠠ᠃ ᠱᠠᠳᠤ ᠬᠤᠪᠢᠶᠠᠨ ᠣᠨᠣᠰᠢᠯᠠᠨ ᠡᠮᠨᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠤᠨ 65%᠎ ᠠᠴᠠ ᠳᠡᠭᠡᠭᠰᠢᠬᠢ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠥᠬᠦᠨ ᠳᠤ ᠪᠦᠷᠢᠨ ᠪᠦᠷᠬᠦᠬᠦᠯᠵᠤ᠂ ᠠᠯᠤᠰ ᠡᠵᠡᠮᠰᠢᠯ ᠤᠨ ᠡᠮᠴᠢᠯᠡᠭᠡᠨ ᠤ ᠦᠢᠯᠡᠴᠢᠯᠡᠭᠡ ᠶᠢ ᠲᠤᠷᠰᠢᠯᠲᠠ ᠶᠢᠨ ᠭᠠᠵᠠᠷ ᠣᠷᠣᠨ ᠤ 40%᠎ ᠠᠴᠠ ᠳᠡᠭᠡᠭᠰᠢᠬᠢ ᠬᠤᠰᠢᠭᠤ ᠰᠢᠶᠠᠨ ᠲᠣᠭᠤᠷᠢᠭ ᠲᠤ ᠪᠦᠷᠬᠦᠬᠦᠯᠦᠨ᠎ᠡ᠃      — ᠡᠮᠴᠢ ᠶᠢᠨ ᠤᠯᠠᠨ ᠭᠠᠵᠠᠷ ᠠᠵᠢᠯ ᠡᠷᠬᠢᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠨᠥᠬᠦᠴᠡᠯ ᠢ ᠠᠭᠤᠵᠢᠭᠤ ᠲᠠᠯᠪᠢᠵᠤ᠂ ᠳᠡᠰ ᠳᠠᠷᠠᠭᠠᠯᠠᠯ ᠢ ᠳᠦᠬᠦᠮᠴᠢᠯᠡᠵᠤ᠂ ᠡᠮᠴᠢ ᠶᠢᠨ ᠤᠯᠠᠨ ᠭᠠᠵᠠᠷ ᠠᠵᠢᠯ ᠡᠷᠬᠢᠯᠡᠬᠦ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠮᠴᠢ ᠨᠠᠷ ᠦᠨᠳᠦᠰᠦᠨ ᠱᠠᠲᠤ᠂ ᠬᠢᠯᠢ ᠬᠢᠵᠠᠭᠠᠷ ᠣᠷᠣᠨ᠂ ᠡᠮ ᠡᠮᠨᠡᠯᠭᠡ ᠶᠢᠨ ᠡᠬᠢ ᠪᠠᠶᠠᠯᠢᠭ ᠬᠤᠪᠣᠷ ᠴᠤᠬᠠᠭ ᠭᠠᠵᠠᠷ ᠣᠷᠣᠨ ᠪᠣᠯᠤᠨ ᠪᠤᠰᠤᠳ ᠬᠡᠷᠡᠭᠴᠡᠭᠡ ᠱᠠᠭᠠᠷᠳᠠᠯᠭ᠎ᠠ ᠲᠠᠢ ᠡᠮᠴᠢᠯᠡᠭᠡᠨ ᠤ ᠪᠠᠶᠢᠭᠤᠯᠤᠮᠵᠢ ᠵᠡᠷᠭᠡ ᠤᠯᠠᠨ ᠴᠢᠭ᠋ ᠲᠤ ᠠᠵᠢᠯ ᠡᠷᠬᠢᠯᠡᠬᠦ ᠶᠢ ᠨᠢ ᠵᠤᠷᠢᠭᠵᠢᠭᠤᠯᠵᠤ᠂ ᠱᠠᠳᠤ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ ᠪᠤᠢ ᠪᠣᠯᠭᠠᠬᠤ ᠶᠢ ᠲᠥᠯᠬᠢᠨ ᠠᠬᠢᠭᠤᠯᠤᠨ᠎ᠠ᠃ ᠲᠤᠷᠰᠢᠯᠲᠠ ᠢᠶᠠᠷ ᠳᠠᠮᠵᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠠᠵᠢᠯᠯᠠᠵᠤ ᠪᠠᠶᠢᠭ᠎ᠠ ᠪᠤᠶᠤ ᠠᠵᠢᠯ ᠠᠴᠠ ᠪᠠᠨ ᠠᠮᠠᠷᠠᠭᠰᠠᠨ ᠭᠤᠤᠯ ᠡᠮᠴᠢ ᠠᠴᠠ ᠳᠡᠭᠡᠭᠰᠢᠬᠢ ᠡᠮᠴᠢ ᠨᠠᠷ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠴᠢᠵᠤ ᠠᠵᠢᠯ ᠡᠷᠬᠢᠯᠡᠬᠦ ᠪᠤᠶᠤ ᠠᠵᠢᠯ ᠤᠨ ᠦᠷᠦᠬᠡ ᠨᠡᠭᠡᠭᠡᠬᠦ ᠶᠢ ᠨᠢ ᠴᠢᠯᠥᠭᠡᠲᠡᠶ ᠪᠤᠯᠭᠠᠨ᠎ᠠ᠃      — ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠲᠡᠨ ᠢ ᠵᠢᠷᠤᠮᠵᠢᠭᠤᠯᠤᠨ ᠣᠨᠣᠰᠢᠯᠠᠨ ᠡᠮᠨᠡᠬᠦ ᠪᠠ  ᠬᠠᠮᠢᠶᠠᠷᠬᠤ ᠨᠣᠷᠮ᠎ᠠ ᠶᠢ ᠳᠡᠭᠡᠭᠰᠢᠯᠡᠬᠦᠯᠦᠨ᠎ᠡ᠃ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠢ  ᠱᠠᠲᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠲᠤᠷᠰᠢᠯᠲᠠ ᠶᠢᠨ ᠭᠠᠵᠠᠷ ᠣᠷᠣᠨ ᠤ ᠵᠢᠷᠤᠮᠵᠢᠭᠤᠯᠤᠭᠰᠠᠨ ᠣᠨᠣᠰᠢᠯᠠᠨ ᠡᠮᠨᠡᠬᠦ ᠪᠠ ᠬᠠᠮᠢᠶᠠᠷᠬᠤ ᠨᠤᠷᠮ᠎ᠠ ᠶᠢ ᠬᠠᠷᠠᠯᠲᠠ ᠶᠢᠨ ᠱᠠᠭᠠᠷᠳᠠᠯᠭ᠎ᠠ ᠳᠤ ᠬᠦᠷᠦᠬᠦᠯᠦᠨ᠎ᠡ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠬᠤᠳᠠ ᠶᠢᠨ ᠴᠢᠰᠤᠨ ᠳᠠᠷᠤᠯᠲᠠ ᠥᠨᠳᠥᠷ ᠡᠪᠡᠳᠴᠢᠲᠡᠨ᠂ ᠰᠢᠬᠢᠷ ᠰᠢᠵᠢᠩ ᠡᠪᠡᠳᠴᠢᠲᠡᠨ ᠢ ᠵᠢᠷᠤᠮᠵᠢᠭᠤᠯᠤᠨ ᠣᠨᠣᠰᠢᠯᠠᠨ ᠡᠮᠨᠡᠬᠦ ᠪᠠ ᠬᠠᠮᠢᠶᠠᠷᠬᠤ ᠨᠤᠷᠮ᠎ᠠ ᠶᠢ 30%᠎ ᠠᠴᠠ ᠳᠡᠭᠡᠭᠰᠢ ᠳᠤ ᠬᠦᠷᠦᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号