6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢᠨ ᠥᠭᠡᠷᠡᠴᠢᠯᠡᠯᠲᠡ ᠳᠠᠬᠢ ᠵᠣᠭᠤᠰᠴᠢᠯᠠᠨ ᠲᠦᠪᠬᠢᠨᠡᠭᠦᠯᠦᠭᠰᠡᠨ ᠬᠠᠷᠢᠴᠠᠯ ᠨᠢ 75.3% ᠬᠦᠷᠴᠦ᠂ | ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠡᠨᠡ ᠵᠢᠯ᠂ ᠮᠠᠨ ᠤ ᠣᠷᠣᠨ ᠪᠠᠶᠢᠭᠤᠯᠤᠯ ᠲᠣᠭᠲᠠᠴᠠ ᠶᠢ | ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠳᠠᠬᠢ | ᠵᠣᠭᠤᠰᠴᠢᠯᠠᠨ ᠲᠦᠪᠬᠢᠨᠡᠭᠦᠯᠬᠦ ᠠᠵᠢᠯ ᠢ ᠬᠦᠴᠦᠯᠡᠨ ᠠᠬᠢᠭᠤᠯᠵᠤ᠂ ᠬᠥᠮᠥᠷᠭᠡ ᠶᠢᠨ ᠬᠠᠳᠠᠭᠠᠯᠠᠮᠵᠢ ᠶᠢ | ᠦᠭᠡᠶᠢᠰᠬᠡᠬᠦ ᠳᠤ ᠢᠯᠡᠳᠲᠡ ᠦᠷ᠎ᠡ ᠪᠥᠲᠦᠭᠡᠯ ᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶᠠᠨ ᠤ ᠨᠡᠶᠢᠲᠡᠯᠡᠭᠰᠡᠨ ᠲᠤᠭ᠎ᠠ ᠪᠦᠷᠢᠳᠬᠡᠯ ᠠᠴᠠ ᠦᠵᠡᠪᠡᠯ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠪᠦᠬᠦ ᠣᠷᠣᠨ ᠤ ᠭᠡᠷ ᠭᠠᠵᠠᠷ ᠬᠦᠷᠦᠩᠭᠡ ᠶᠢᠨ ᠬᠥᠮᠦᠷᠭᠡᠯᠡᠯᠲᠡ ᠶᠢᠨ ᠬᠡᠮᠵᠢᠶ᠎ᠡ ᠨᠢ ᠨᠢᠳᠤᠨᠤᠨ ᠵᠢᠯ ᠤᠨ ᠡᠴᠦᠰ ᠤᠨ | ᠬᠢ ᠠᠴᠠ 6.6% ᠪᠠᠷ ᠪᠠᠭᠤᠷᠠᠭᠰᠠᠨ ᠪᠠᠶᠢᠨ᠎ᠠ᠃ | ᠡᠨᠡ ᠵᠢᠯ᠂ ᠮᠠᠨ ᠤ ᠣᠷᠣᠨ ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠨ ᠵᠠᠰᠠᠬᠤ | ᠦᠢᠯᠡᠴᠢᠯᠡᠭᠡ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠪᠠ᠃ | ᠣᠳᠣᠬᠠᠨ ᠳᠤ᠂ ᠡᠯ᠎ᠡ ᠠᠶᠢᠮᠠᠭ ᠬᠤᠲᠠ ᠨᠤᠭᠤᠳ ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠨ | ᠵᠠᠰᠠᠬᠤ ᠦᠢᠯᠡᠴᠢᠯᠡᠭᠡ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠪᠡᠶᠡᠴᠢ ᠴᠣᠭᠴᠠ ᠪᠣᠯᠤᠨ ᠠᠴᠢᠶᠠᠯᠠᠬᠤ | ᠪᠡᠶᠡᠴᠢ ᠴᠣᠭᠴᠠ ᠶᠢ ᠨᠢᠭᠡᠨᠲᠡ ᠲᠣᠭᠲᠠᠭᠠᠭᠰᠠᠨ ᠪᠥᠭᠡᠳ ᠤᠯᠤᠰ ᠤᠨ ᠨᠡᠬᠡᠬᠡᠯᠲᠡ ᠶᠢᠨ ᠪᠠᠩᠭᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ ᠲᠤᠰ ᠲᠤᠰ ᠵᠢᠭᠡᠯᠡᠯᠭᠡ ᠶᠢᠨ ᠲᠥᠷᠥᠯ ᠵᠦᠢᠯ ᠢ ᠵᠣᠯᠭᠠᠯᠳᠤᠭᠤᠯᠪᠠ᠃ ᠡᠭᠦᠨ ᠳᠤ᠂ ᠤᠯᠤᠰ ᠤᠨ | ᠨᠡᠬᠡᠬᠡᠯᠲᠡ ᠶᠢᠨ ᠪᠠᠩᠭᠢ ᠶᠢᠨ ᠲᠠᠯ᠎ᠠ ᠠᠴᠠ᠂ ᠦᠬᠠᠶ ᠬᠤᠳᠠ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠨ ᠵᠠᠰᠠᠬᠤ ᠲᠥᠷᠥᠯ ᠵᠦᠢᠯ ᠳᠤ 31 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠭᠤᠯᠬᠤ ᠪᠠᠷ | ᠶᠡᠷᠦᠩᠬᠡᠶ ᠪᠠᠩᠬᠢ ᠪᠠᠷ ᠨᠢᠭᠡᠨᠲᠡ ᠬᠢᠨᠠᠨ ᠵᠦᠪᠰᠢᠶᠡᠷᠡᠭᠦᠯᠪᠡ︔ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠶᠢᠨ | ᠲᠠᠯ᠎ᠠ ᠠᠴᠠ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠲᠠ ᠶᠢᠨ 9 ᠲᠥᠷᠥᠯ ᠵᠦᠢᠯ ᠳᠤ 37.77 | ᠳ᠋ᠥᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠭᠤᠯᠬᠤ ᠪᠠᠷ ᠥᠪᠥᠷ ᠮᠣᠩᠭᠤᠯ ᠤᠨ ᠬᠤᠪᠢᠶᠠᠷᠢ ᠪᠠᠩᠬᠢ ᠪᠠᠷ ᠨᠢᠭᠡᠨᠲᠡ | ᠬᠢᠨᠠᠨ ᠵᠦᠪᠰᠢᠶᠡᠷᠡᠭᠦᠯᠪᠡ᠂ ᠡᠭᠦᠨ ᠳᠤ ᠬᠥᠯᠥᠨ ᠪᠤᠶᠢᠷ ᠬᠤᠳᠠ ᠶᠢᠨ 2016 ᠣᠨ ᠤ 2 ᠲᠥᠷᠥᠯ ᠵᠦᠢᠯ ᠳᠤ 8. | 08 ᠳ᠋ᠥᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠤᠯᠠᠭᠠᠨᠬᠠᠳᠠ ᠬᠤᠲᠠ ᠶᠢᠨ 2014 ᠣᠨ ᠤ ᠨᠢᠭᠡ | ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠨ᠎ᠠ᠃ ᠡᠭᠦᠨ ᠤ ᠵᠡᠷᠭᠡᠴᠡᠪᠡᠷ᠂ ᠮᠠᠨ ᠤ | ᠣᠷᠣᠨ ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠳᠠᠬᠢ ᠵᠣᠭᠤᠰᠴᠢᠯᠠᠨ ᠲᠦᠪᠬᠢᠨᠡᠭᠦᠯᠬᠦ | ᠠᠵᠢᠯ ᠢ ᠶᠡᠬᠡᠪᠡᠷ ᠲᠦᠯᠬᠢᠨ ᠠᠬᠢᠭᠤᠯᠬᠤ ᠶᠢᠨ ᠬᠠᠮᠲᠤ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ | ᠵᠠᠰᠠᠬᠤ ᠠᠵᠢᠯ ᠢ 2016 ᠣᠨ ᠤ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠣᠯᠭᠠᠭᠰᠠᠨ ᠪᠠᠶᠢᠨ᠎ᠠ | ᠃ ᠡᠨᠡ ᠵᠢᠯ ᠤᠨ 2 ᠳ᠋ᠤᠭᠠᠷ ᠰᠠᠷ᠎ᠠ ᠳᠤ ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠬᠡᠬᠦ ᠠᠵᠢᠯ ᠯᠤᠭ᠎ᠠ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠭᠡᠷ ᠭᠠᠵᠠᠷ ᠬᠦᠷᠦᠩᠭᠡ ᠶᠢᠨ | ᠬᠥᠮᠦᠷᠭᠡ ᠶᠢᠨ ᠬᠠᠳᠠᠭᠠᠯᠠᠮᠵᠢ ᠶᠢ ᠦᠭᠡᠶᠢᠰᠬᠡᠬᠦ ᠠᠵᠢᠯ ᠢ ᠰᠠᠶᠢᠲᠤᠷ ᠬᠢᠵᠦ ᠭᠡᠷ ᠭᠠᠵᠠᠷ ᠬᠦᠷᠦᠩᠭᠡ ᠶᠢᠨ ᠦᠢᠯᠡᠰ ᠤᠨ | ᠲᠣᠭᠲᠠᠭᠤᠨ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ | ᠳᠥᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠳᠠᠬᠢ ᠵᠣᠭᠤᠰᠴᠢᠯᠠᠨ ᠲᠦᠪᠬᠢᠨᠡᠭᠦᠯᠬᠦ ᠬᠠᠷᠢᠴᠠᠯ ᠢ | ᠳᠡᠭᠡᠭᠰᠢᠯᠡᠭᠦᠯᠵᠦ᠂ ᠲᠠᠲᠠᠪᠤᠷᠢᠯᠠᠯᠲᠠ ᠶᠢᠨ ᠨᠥᠬᠦᠪᠥᠷᠢ ᠥᠭᠬᠦ᠂ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ᠂ | ᠭᠡᠷ ᠪᠠᠶᠢᠰᠢᠩ ᠬᠤᠳᠠᠯᠳᠤᠨ ᠠᠪᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ᠂ ᠢᠵᠢ | ᠪᠦᠷᠢᠳᠦᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ ᠶᠢ | ᠪᠠᠭᠲᠠᠭᠠᠭᠰᠠᠨ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠲᠠᠯ᠎ᠠ ᠪᠠᠷ ᠤᠯᠠᠮ | ᠨᠢᠭᠡ ᠠᠯᠬᠤᠮ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ |