ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠲᠡᠢ ᠳᠡᠮᠵᠢᠪᠡ
ᠨᠡᠶᠢᠲᠡᠯᠡᠭᠰᠡᠨ ᠴᠠᠭ᠄
2016/7/26
      ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠲᠡᠶ ᠳᠡᠮᠵᠢᠭᠰᠡᠨ ᠪᠠᠶᠢᠨ᠎ᠠ᠃ ᠡᠨᠡ ᠵᠢᠯ ᠠᠴᠠ ᠨᠠᠰᠢ᠂ ᠪᠥᠬᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠵᠡᠷᠭᠡ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ ᠶᠢ ᠲᠡᠰᠦᠷᠡᠯᠳᠠ ᠤᠢᠭᠡᠢ ᠥᠷᠭᠡᠳᠬᠡᠪᠡ᠃ ᠡᠭᠦᠨ ᠤ ᠬᠠᠮᠲᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠦᠷᠭᠦᠯᠵᠢᠯᠡᠨ ᠵᠡᠭᠦᠨ ᠣᠷᠣᠨ ᠲᠡᠰᠢ ᠬᠡᠯᠪᠠᠶᠢᠯᠭᠡᠵᠦ᠂ ᠣᠷᠣᠨ ᠪᠦᠰᠡ ᠶᠢᠨ ᠢᠲᠡᠭᠡᠮᠵᠢᠲᠦ ᠵᠢᠭᠡᠯᠡᠯᠭᠡ ᠶᠢᠨ ᠲᠡᠩᠴᠡᠭᠦᠷᠢ ᠦᠭᠡᠢ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ 2016 ᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠮᠡᠳᠡᠭᠦᠯᠦᠯᠲᠡ ᠶᠢᠨ ᠵᠠᠳᠠᠯᠤᠯᠲᠠ ᠶᠢ ᠦᠨᠳᠦᠰᠦᠯᠡᠪᠡᠯ᠂ ᠠᠵᠢᠯ ᠲᠦᠷᠦᠯ ᠢᠶᠠᠷ ᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠡᠮᠦᠨ᠎ᠡ 6 ᠨᠡᠷᠡᠰ ᠠᠵᠢᠯ ᠲᠥᠷᠥᠯ ᠪᠣᠯ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠵᠠᠮ ᠲᠡᠭᠡᠭᠡᠪᠦᠷᠢ ᠶᠢᠨ ᠬᠥᠮᠥᠷᠭᠡ ᠶᠢᠨ ᠬᠠᠳᠠᠭᠠᠯᠠᠮᠵᠢ᠂ ᠰᠢᠦᠳᠠᠨ ᠤ ᠦᠢᠯᠡᠰ᠂ ᠦᠢᠯᠡᠳᠬᠦ ᠦᠢᠯᠡᠰ᠂ ᠬᠦᠳᠡᠷ ᠮᠠᠯᠲᠠᠬᠤ ᠦᠢᠯᠡᠰ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠪᠣᠯᠣᠨ᠎ᠠ᠃ ᠡᠨᠡ 6 ᠶᠡᠭᠡ ᠠᠵᠢᠯ ᠲᠥᠷᠥᠯ ᠤᠨ ᠰᠢᠨ᠎ᠡ ᠵᠢᠭᠡᠯᠡᠯᠭᠡ ᠨᠢ ᠵᠢᠯ ᠤᠨ ᠡᠬᠢᠨ ᠤ ᠠᠴᠠ 1039.29 ᠳ᠋ᠦᠩᠰᠢᠭᠤᠷ ᠲᠥᠭᠦᠷᠢᠭ ᠨᠡᠮᠡᠭᠳᠡᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠨᠢ ᠰᠢᠨ᠎ᠡ ᠪᠠᠷ ᠨᠡᠮᠡᠭᠳᠡᠭᠰᠡᠨ ᠪᠦᠬᠦ ᠠᠵᠢᠯ ᠲᠦᠷᠤᠯ ᠤᠨ ᠵᠢᠭᠡᠯᠡᠯᠭᠡ ᠶᠢᠨ 97.23%᠎ ᠶᠢ ᠡᠵᠡᠯᠡᠪᠡ︔ ᠣᠷᠣᠭᠤᠯᠤᠯᠲᠠ ᠶᠢᠨ ᠴᠢᠭᠯᠡᠯ ᠢᠶᠠᠷ ᠨᠢ ᠠᠪᠴᠤ ᠦᠵᠡᠪᠡᠯ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠡᠭᠦᠨ ᠬᠡᠰᠡᠭ ᠤᠨ ᠠᠶᠢᠮᠠᠭ ᠬᠤᠳᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 4535.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 16.72%᠎ ᠢᠶᠠᠷ ᠨᠡᠮᠡᠭᠳᠡᠵᠦ᠂ ᠪᠦᠬᠦ ᠣᠷᠣᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ 2.43 ᠵᠠᠭᠤᠨ ᠤ ᠴᠡᠭ ᠥᠨᠳᠦᠷ ᠪᠣᠯᠵᠤ᠂ ᠵᠢᠯ ᠤᠨ ᠡᠬᠢᠨ ᠤ ᠬᠢ ᠠᠴᠠ 402.09 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ ᠂ ᠪᠦᠬᠦ ᠣᠷᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ 28.17%᠎ ᠶᠢ ᠡᠵᠡᠯᠡᠪᠡ᠃ ᠡᠭᠦᠨ ᠠᠴᠠ ᠭᠠᠳᠠᠨ᠎ᠠ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠦᠴᠢᠷᠳᠡᠯᠲᠡᠶ ᠠᠵᠤ ᠠᠬᠤᠶᠢᠯᠠᠯ ᠳᠤ ᠳᠠᠷᠤᠯᠲᠠ ᠶᠢ ᠨᠢ ᠪᠠᠭᠤᠷᠠᠭᠤᠯᠵᠤ ᠥᠭᠭᠦᠭᠰᠡᠨ ᠪᠠ ᠳᠠᠷᠤᠭᠠᠰᠤ ᠶᠢ ᠨᠢ ᠬᠥᠩᠭᠡᠷᠡᠭᠦᠯᠦᠨ ᠥᠭᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠦᠢᠳᠬᠡᠯ ᠢ ᠬᠠᠰᠤᠵᠤ ᠬᠡᠯᠲᠦᠷᠢᠭᠦᠯᠬᠦ᠂ ᠦᠢᠯᠡᠳᠬᠦᠨ ᠰᠣᠯᠢᠬᠤ᠂ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠵᠣᠭᠤᠰ ᠪᠤᠴᠠᠭᠠᠬᠤ ᠲᠥᠯᠥᠪᠯᠡᠭᠡ ᠶᠢ ᠲᠣᠬᠢᠷᠠᠭᠤᠯᠬᠤ᠂ ᠰᠢᠨ᠎ᠡ ᠪᠠᠷ ᠵᠢᠭᠡᠯᠡᠭᠦᠯᠵᠦ ᠬᠠᠭᠤᠴᠢᠨ ᠢ ᠨᠢ ᠪᠤᠴᠠᠭᠠᠯᠭᠠᠬᠤ᠂ ᠪᠡᠯᠡ ᠲᠣᠬᠢᠷᠠᠭᠤᠯᠭ᠎ᠠ ᠶᠢ ᠲᠠᠬᠢᠨ ᠦᠷᠭᠦᠯᠵᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ︽ᠪᠡᠯᠡ ᠲᠣᠬᠢᠷᠠᠭᠤᠯᠬᠤ ᠲᠤ ᠦᠨᠡᠲᠡᠶ ᠪᠠᠶᠢᠬᠤ︾᠂ ︽ᠪᠡᠯᠡ ᠲᠣᠬᠢᠷᠠᠭᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠨᠠᠮᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号