ᠳᠡᠭᠡᠷ᠎ᠡ ᠬᠠᠭᠠᠰ ᠵᠢᠯ ᠳᠤ ᠪᠦᠬᠦ ᠣᠷᠣᠨ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠤᠷᠤᠭᠤᠯᠤᠯᠲᠠ ᠶᠢ 2753.55 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2016/7/26
      ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢ 2753.55 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.59%  ᠨᠡᠮᠡᠭᠳᠡᠵᠦ᠂ ᠪᠥᠬᠦ ᠣᠷᠣᠨ ᠤ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ 44.59%᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.57 ᠵᠠᠭᠤᠨ ᠤ ᠴᠡᠭ ᠪᠠᠭᠤᠷᠠᠪᠠ᠃ ᠡᠭᠦᠨ ᠳᠤ᠂ ᠵᠢᠷᠭᠤᠭᠠᠨ ᠶᠡᠭᠡ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ 2533.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.62% ᠪᠠᠭᠤᠷᠠᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.21 ᠵᠠᠭᠤᠨ ᠤ ᠴᠡᠭ ᠳᠤᠤᠷ᠎ᠠ ᠪᠤᠯᠪᠠ᠃      ᠨᠢᠭᠡ᠂ ᠠᠶᠢᠮᠠᠭ ᠬᠤᠳᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠪᠠᠶᠢᠳᠠᠯ      ᠶᠡᠷᠦᠩᠬᠡᠶ ᠬᠡᠮᠵᠢᠶᠡᠨ ᠠᠴᠠ ᠨᠢ ᠦᠵᠡᠪᠡᠯ᠂ ᠳᠡᠭᠡᠷ᠎ᠡ ᠬᠠᠭᠠᠰ ᠵᠢᠯ ᠳᠤ ᠠᠶᠢᠮᠠᠭ ᠬᠤᠳᠠ ᠶᠢᠨ ᠬᠤᠭᠤᠷᠤᠨᠳᠤᠬᠢ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ ᠵᠥᠷᠢᠶ᠎ᠡ ᠤᠯᠠᠮ ᠨᠢᠭᠡ ᠠᠯᠬᠤᠮ ᠶᠡᠬᠡᠰᠦᠭᠰᠡᠨ ᠪᠠᠶᠢᠨ᠎ᠠ᠃ ᠤᠷᠳᠤᠰ ᠬᠤᠳᠠ ᠮᠥᠨ ᠯᠡ ᠪᠦᠬᠦ ᠣᠷᠣᠨ ᠤ ᠲᠦᠷᠦᠭᠦᠨ ᠳᠤ ᠣᠷᠣᠵᠤ᠂ ᠪᠡᠯᠡ ᠣᠷᠣᠭᠤᠯᠤᠯᠲᠠ ᠶᠢ 831.90 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 30.21%᠎ ᠶᠢ ᠡᠵᠡᠯᠡᠵᠦ᠂ ᠪᠠᠷᠠᠭᠤᠨ ᠬᠡᠰᠡᠭ ᠤᠨ ᠲᠤᠯᠤᠭᠠᠨ ᠠᠶᠢᠮᠠᠭ ᠬᠤᠳᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 40.60%᠎ ᠶᠢ ᠡᠵᠡᠯᠡᠪᠡ᠃ ᠪᠤᠰᠤᠳ ᠠᠶᠢᠮᠠᠭ ᠬᠤᠲᠠ ᠶᠢᠨ ᠪᠡᠯᠡ ᠣᠷᠣᠭᠤᠯᠤᠯᠲᠠ ᠶᠢᠨ ᠪᠡᠶᠡᠯᠡᠭᠳᠡᠯ ᠢ ᠵᠢᠭᠰᠠᠭᠠᠪᠠᠯ᠄ ᠪᠤᠭᠤᠲᠤ ᠬᠤᠳᠠ 642.54 ᠳ᠋ᠦᠩᠰᠢᠭᠤᠷ ᠲᠥᠭᠦᠷᠢᠭ᠂ ᠲᠦᠩᠯᠢᠶᠣᠤ ᠬᠤᠳᠠ 263.16 ᠳ᠋ᠦᠩᠰᠢᠭᠤᠷ ᠲᠥᠭᠦᠷᠢᠭ᠂ ᠬᠥᠬᠡᠬᠤᠲᠠ ᠶᠢᠨ 197.88 ᠳ᠋ᠦᠩᠰᠢᠭᠤᠷ ᠲᠥᠭᠦᠷᠢᠭ᠂ ᠪᠠᠶᠠᠨᠨᠠᠭᠤᠷ ᠬᠤᠳᠠ 148.84 ᠳ᠋ᠦᠩᠰᠢᠭᠤᠷ ᠲᠥᠭᠦᠷᠢᠭ᠂ ᠤᠯᠠᠭᠠᠨᠬᠠᠳᠠ ᠬᠤᠲᠠ 146.25 ᠳ᠋ᠦᠩᠰᠢᠭᠤᠷ ᠲᠥᠭᠦᠷᠢᠭ᠂ ᠬᠥᠯᠥᠨ ᠪᠤᠶᠢᠷ ᠬᠤᠳᠠ 134.06 ᠳ᠋ᠦᠩᠰᠢᠭᠤᠷ ᠲᠥᠭᠦᠷᠢᠭ᠂ ᠤᠯᠠᠭᠠᠨᠴᠠᠪ ᠬᠤᠳᠠ114.30 ᠳ᠋ᠦᠩᠰᠢᠭᠤᠷ ᠲᠥᠭᠦᠷᠢᠭ᠂ ᠰᠢᠯᠢ ᠶᠢᠨ ᠭᠤᠣᠯ ᠠᠶᠢᠮᠠᠭ 114.03 ᠳ᠋ᠦᠩᠰᠢᠭᠤᠷ ᠲᠥᠭᠦᠷᠢᠭ᠂ ᠠᠯᠠᠱᠠ ᠠᠶᠢᠮᠠᠭ 87.04 ᠳ᠋ᠦᠩᠰᠢᠭᠤᠷ ᠲᠥᠭᠦᠷᠢᠭ᠂ ᠬᠢᠩᠭᠠᠨ ᠠᠶᠢᠮᠠᠭ ᠤᠨ 46.84 ᠳ᠋ᠦᠩᠰᠢᠭᠤᠷ ᠲᠥᠭᠦᠷᠢᠭ᠂ ᠦᠬᠠᠶ ᠬᠤᠳᠠ 26.70 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃      ᠨᠡᠮᠡᠭᠳᠡᠯ ᠤᠨ ᠬᠤᠷᠳᠤᠴᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ 7 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠶᠢ ᠳᠠᠪᠠᠪᠠ᠂ ᠡᠳᠡᠭᠡᠷ ᠨᠢ ᠲᠤᠰ ᠲᠤᠰ ᠰᠢᠯᠢ ᠶᠢᠨ ᠭᠤᠣᠯ ᠠᠶᠢᠮᠠᠭ34.60%᠂ ᠬᠥᠬᠡᠬᠤᠲᠠ 29.40%᠂ ᠲᠦᠩᠯᠢᠶᠣᠤ ᠬᠤᠲᠠ 14.60%᠂ ᠪᠤᠭᠤᠲᠤ ᠬᠤᠳᠠ 8.85%᠂ ᠬᠥᠯᠥᠨ ᠪᠤᠶᠢᠷ ᠬᠤᠳᠠ 5.03%᠂ ᠤᠷᠳᠤᠰ ᠬᠤᠳᠠ 3.46%᠂ ᠠᠯᠠᠱᠠ ᠠᠶᠢᠮᠠᠭ 3.26% ᠪᠤᠯᠤᠨ᠎ᠠ᠃ ᠪᠤᠰᠤᠳ ᠠᠶᠢᠮᠠᠭ ᠬᠤᠳᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠵᠢᠭᠰᠠᠭᠠᠪᠠᠯ᠄ ᠬᠢᠩᠭᠠᠨ ᠠᠶᠢᠮᠠᠭ -3.43%᠂ ᠪᠠᠶᠠᠨᠨᠠᠭᠤᠷ ᠬᠤᠳᠠ -10.91%᠂ ᠤᠯᠠᠭᠠᠨᠴᠠᠪ ᠬᠤᠳᠠ -18.51%᠂ ᠤᠯᠠᠭᠠᠨᠬᠠᠳᠠ ᠬᠤᠳᠠ -27.22%᠂ ᠦᠬᠠᠶ ᠬᠤᠳᠠ -75.05% ᠪᠤᠯᠤᠨ᠎ᠠ᠃      ᠣᠷᠣᠨ ᠪᠦᠰᠡ ᠠᠴᠠ ᠦᠵᠡᠪᠡᠯ᠂ ᠪᠡᠯᠡ ᠣᠷᠣᠭᠤᠯᠤᠯᠲᠠ ᠶᠢᠨ ᠨᠡᠮᠡᠭᠳᠡᠯ ᠨᠢ ᠭᠤᠣᠯᠳᠠᠭᠤ ᠪᠠᠷᠠᠭᠤᠨ ᠬᠡᠰᠡᠭ ᠎ ᠲᠤ ᠲᠦᠰᠢᠭᠯᠡᠵᠡᠢ᠃ ᠳᠡᠭᠡᠷ᠎ᠡ ᠬᠠᠭᠠᠰ ᠵᠢᠯ ᠳᠤ ᠪᠠᠷᠠᠭᠤᠨ ᠬᠡᠰᠡᠭ ᠤᠨ 7 ᠠᠶᠢᠮᠠᠭ ᠬᠤᠲᠠ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢ 2049.21 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.16% ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.43 ᠵᠠᠭᠤᠨ ᠤ ᠴᠡᠭ ᠳᠣᠣᠷ᠎ᠠ ᠪᠠᠶᠢᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 74.42%᠎ ᠶᠢ ᠡᠵᠡᠯᠡᠪᠡ︔ ᠵᠡᠭᠦᠨ ᠲᠠᠪᠤᠨ ᠠᠶᠢᠮᠠᠭ ᠬᠤᠳᠠ ᠠᠵᠤ ᠦᠢᠯᠡᠳᠪᠦᠷᠢ ᠶᠢᠨ ᠲᠣᠭᠲᠠᠮᠠᠯ ᠡᠳ᠋ ᠭᠦᠷᠤᠩᠭᠡ ᠶᠢᠨ ᠪᠡᠯᠡ ᠣᠷᠣᠭᠤᠯᠤᠯᠲᠠ ᠶᠢ 704.34 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.87% ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1.28 ᠵᠠᠭᠤᠨ ᠤ ᠴᠡᠭ ᠦᠨᠳᠦᠷ ᠪᠠᠶᠢᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 25.58%᠎ ᠶᠢ ᠡᠵᠡᠯᠡᠪᠡ᠃      ᠬᠤᠶᠠᠷ᠂ ᠠᠵᠢᠯ ᠲᠦᠷᠦᠯ ᠤᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠪᠠᠶᠢᠳᠠᠯ      ᠵᠢᠷᠭᠤᠭᠠᠨ ᠶᠡᠭᠡ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ 2533.18 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.62% ᠪᠠᠭᠤᠷᠠᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 92.00%᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1.12 ᠵᠠᠭᠤᠨ ᠤ ᠴᠡᠭ ᠪᠠᠭᠤᠷᠠᠪᠠ᠃ ᠮᠧᠬᠠᠨᠢᠭ ᠲᠣᠨᠣᠭᠯᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠢ ᠠᠴᠠ ᠳᠠᠪᠠᠪᠠ᠃ ᠵᠢᠷᠭᠤᠭᠠᠨ ᠶᠡᠭᠡ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠳᠤᠲᠤᠷ᠎ᠠ᠂ ᠡᠨᠧᠷᠭᠢ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ ᠲᠣᠨᠣᠭᠯᠠᠯ ᠦᠢᠯᠡᠳᠬᠦ ᠭᠤᠷᠪᠠᠨ ᠠᠵᠢᠯ ᠲᠥᠷᠥᠯ 1903.54 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 69.13% ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.33 ᠵᠠᠭᠤᠨ ᠤ ᠴᠡᠭ ᠨᠡᠮᠡᠭᠳᠡᠪᠡ᠃ ᠡᠭᠦᠨ ᠳᠤ᠄      ᠡᠨᠧᠷᠬᠢ ᠶᠢᠨ ᠠᠵᠢᠯ ᠲᠦᠷᠦᠯ 830.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.05 % ︵ᠡᠭᠦᠨ ᠳᠤ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠬᠢ 119.33 %᠎ ᠪᠠᠷ ᠨᠡᠮᠡᠭᠳᠡᠵᠦ᠂ ᠴᠠᠬᠢᠯᠭᠠᠨ ᠬᠦᠴᠦ ᠪᠠ ᠢᠯᠴᠢ ᠶᠢᠨ ᠬᠦᠴᠦ ᠶᠢᠨ ᠬᠢ 7.92 %᠎ ᠢᠶᠠᠷ ᠨᠡᠮᠡᠭᠳᠡᠵᠦ᠂ ᠨᠡᠭᠦᠷᠡᠰᠦ ᠶᠢᠨ ᠬᠢ 7.97 %᠎ ᠪᠠᠷ ᠪᠠᠭᠤᠷᠠᠵᠠᠢ︶᠎ ᠪᠠᠷ ᠨᠡᠮᠡᠭᠳᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 6.46 ᠵᠠᠭᠤᠨ ᠤ ᠴᠡᠭ ᠥᠨᠳᠥᠷ ᠪᠣᠯᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 30.15 % ᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.82 ᠵᠠᠭᠤᠨ ᠤ ᠴᠡᠭ ᠳᠡᠭᠡᠭᠰᠢᠯᠡᠵᠡᠢ᠃      ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠬᠢᠨ 719.42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.53 % ︵ᠡᠭᠦᠨ ᠳᠤ ᠪᠠᠷᠢᠯᠭ᠎ᠠ ᠶᠢᠨ ᠮᠠᠲ᠋ᠧᠷᠢᠶᠠᠯ ᠤᠨ ᠬᠢ29.92 %᠎ ᠢᠶᠠᠷ ᠨᠡᠮᠡᠭᠳᠡᠵᠦ᠂ ᠥᠩᠭᠡᠲᠦ ᠲᠡᠮᠦᠷᠯᠢᠭ 31.92 %᠎ ᠢᠶᠠᠷ ᠨᠡᠮᠡᠭᠳᠡᠵᠡᠶ︶᠎ ᠪᠠᠷ ᠨᠡᠮᠡᠭᠳᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 8.94 ᠵᠠᠭᠤᠨ ᠤ ᠴᠡᠭ ᠥᠨᠳᠥᠷ ᠪᠣᠯᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 26.13 % ᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2.13 ᠵᠠᠭᠤᠨ ᠤ ᠴᠡᠭ ᠳᠡᠭᠡᠭᠰᠢᠯᠡᠵᠡᠢ᠃      ᠮᠧᠬᠠᠨᠢᠭ ᠲᠣᠨᠣᠭᠯᠠᠯ ᠦᠢᠯᠡᠳᠬᠦ ᠦᠢᠯᠡᠰ 353.94 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠎ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.62 %᠎ ᠢᠶᠠᠷ ᠨᠡᠮᠡᠭᠳᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 12.03 ᠵᠠᠭᠤᠨ ᠤ ᠴᠡᠭ ᠥᠨᠳᠥᠷ ᠪᠣᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 12.85 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.37 ᠵᠠᠭᠤᠨ ᠤ ᠴᠡᠭ ᠳᠡᠭᠡᠭᠰᠢᠯᠡᠵᠡᠢ᠃      ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ 288.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.71%᠎ ᠪᠠᠷ ᠪᠠᠭᠤᠷᠠᠪᠠ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠡᠳ᠋ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ39.30 ᠵᠠᠭᠤᠨ ᠤ ᠴᠡᠭ ᠳᠣᠣᠷ᠎ᠠ ᠪᠣᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 10.46 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 6.71 ᠵᠠᠭᠤᠨ ᠤ ᠴᠡᠭ ᠳᠣᠷᠣᠭᠰᠢᠯᠠᠵᠠᠢ᠃      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠢᠯ ᠲᠦᠷᠦᠯ 210.26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.26 %᠎ ᠪᠠᠷ ᠨᠡᠮᠡᠭᠳᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 1.67 ᠵᠠᠭᠤᠨ ᠤ ᠴᠡᠭ ᠥᠨᠳᠥᠷ ᠪᠣᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 7.64 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.12 ᠵᠠᠭᠤᠨ ᠤ ᠴᠡᠭ ᠳᠡᠭᠡᠭᠰᠢᠯᠡᠵᠡᠢ᠃      ᠳᠡᠭᠡᠳᠦ ᠰᠢᠨ᠎ᠡ ᠮᠡᠷᠭᠡᠵᠢᠯ ᠤᠨ 131.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.48 % ᠎ ᠪᠠᠷ ᠨᠡᠮᠡᠭᠳᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 2.89 ᠵᠠᠭᠤᠨ ᠤ ᠴᠡᠭ ᠥᠨᠳᠥᠷ ᠪᠣᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠳᠠᠬᠢ ᠬᠤᠪᠢ ᠶᠢᠨ ᠵᠢᠩ ᠨᠢ 4.77 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.13 ᠵᠠᠭᠤᠨ ᠤ ᠴᠡᠭ ᠳᠡᠭᠡᠭᠰᠢᠯᠡᠵᠡᠢ᠃      ᠭᠤᠷᠪᠠ᠂ ᠠᠵᠤ ᠦᠢᠯᠡᠳᠪᠦᠷᠢ ᠶᠢᠨ ᠠᠷᠠᠳ ᠤᠨ ᠪᠡᠯᠡ ᠣᠷᠣᠭᠤᠯᠤᠯᠲᠠ ᠪᠣᠯᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠪᠠᠶᠢᠳᠠᠯ      ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠠᠵᠤ ᠦᠢᠯᠡᠳᠪᠦᠷᠢ ᠶᠢᠨ ᠠᠷᠠᠳ ᠤᠨ ᠪᠡᠯᠡ ᠣᠷᠣᠭᠤᠯᠤᠯᠲᠠ ᠶᠢ1749.28 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 63.53 %᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.56 ᠵᠠᠭᠤᠨ ᠤ ᠴᠡᠭ ᠪᠠᠭᠤᠷᠠᠵᠠᠢ᠃ ᠪᠦᠬᠦ ᠣᠷᠣᠨ ᠤ ᠠᠵᠤ ᠦᠢᠯᠡᠳᠪᠦᠷᠢ ᠶᠢᠨ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.57 %᠎ ᠪᠠᠷ ᠪᠠᠭᠤᠷᠠᠵᠤ᠂ ᠪᠦᠬᠦ ᠣᠷᠣᠨ ᠤ ᠨᠡᠶᠢᠭᠡᠮ ᠤᠨ ᠠᠷᠠᠳ ᠤᠨ ᠪᠡᠯᠡ ᠣᠷᠣᠭᠤᠯᠤᠯᠲᠠ ᠠᠴᠠ 3.35 ᠵᠠᠭᠤᠨ ᠤ ᠴᠡᠭ ᠳᠤᠤᠷ᠎ᠠ ᠪᠣᠯᠵᠠᠢ᠂ ᠭᠤᠣᠯᠳᠠᠭᠤ ᠬᠦᠳᠡᠷ ᠮᠠᠯᠲᠠᠬᠤ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠪᠠᠷ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 31.01 %᠎ ᠪᠠᠷ  ᠪᠠᠭᠤᠷᠠᠵᠠᠢ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ 19.88 %᠎ ᠪᠠᠷ ᠪᠠᠭᠤᠷᠠᠵᠤ᠂ ᠦᠢᠯᠡᠳᠬᠦ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ 6.88 %᠎ ᠪᠠᠷ ᠪᠠᠭᠤᠷᠠᠵᠠᠢ᠃      ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢ 393.11 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.21%᠎ ᠪᠠᠷ ᠪᠠᠭᠤᠷᠠᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 14.28 %᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.46 ᠵᠠᠭᠤᠨ ᠤ ᠴᠡᠭ ᠪᠠᠭᠤᠷᠠᠵᠠᠢ᠃ ᠡᠭᠦᠨ ᠳᠤ᠂ ᠮᠧᠬᠠᠨᠢᠭ ᠲᠣᠨᠣᠭᠯᠠᠯ ᠦᠢᠯᠡᠳᠬᠦ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ 46.88 %᠎ ᠪᠠᠷ ᠨᠡᠮᠡᠭᠳᠡᠵᠦ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠢ ᠠᠳᠠᠯᠢ ᠬᠤᠭᠤᠴᠠᠭᠠᠨ ᠤ ᠬᠢ ᠠᠴᠠ 22.31%᠎ ᠪᠠᠷ ᠨᠡᠮᠡᠭᠳᠡᠵᠦ᠂ ᠡᠨᠧᠷᠭᠢ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ᠂ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠬᠢ ᠲᠤᠰ ᠲᠤᠰ ᠠᠳᠠᠯᠢ ᠬᠤᠭᠤᠴᠠᠭᠠᠨ ᠤ ᠬᠢ ᠠᠴᠠ 18.60 %᠂ 26.13 %᠂ 17.96 %᠂ 48.33 %᠎ ᠪᠠᠷ ᠪᠠᠭᠤᠷᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号