ᠥᠪᠥᠷ ᠵᠠᠰᠠᠭ ᠠᠯᠪᠠᠨ ᠲᠠᠷᠬᠠᠭᠠᠭᠰᠠᠨ ﹇2015﹈ 144 ᠳ᠋ᠤᠭᠡᠷ ᠲᠤᠭᠠᠳᠤ | 12 ᠳ᠋ᠤᠭᠠᠷ ᠰᠠᠷ᠎ᠠ ᠶᠢᠨ 28 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ᠪᠠᠭᠰᠢ ᠶᠢ ᠳᠡᠮᠵᠢᠬᠦ | ᠲᠦᠯᠦᠪᠯᠡᠭᠡ ︵2015 ᠣᠨ — 2020 ᠣᠨ︶ ᠶᠢᠨ ᠬᠡᠷᠡᠭᠵᠢᠭᠦᠯᠬᠦ ᠠᠷᠭ᠎ᠠ︾ ᠶᠢ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ᠪᠠᠭᠰᠢ ᠶᠢ ᠳᠡᠮᠵᠢᠬᠦ | ᠲᠦᠯᠦᠪᠯᠡᠭᠡ ︵2015 ᠣᠨ — 2020 ᠣᠨ︶ ᠶᠢᠨ ᠬᠡᠷᠡᠭᠵᠢᠭᠦᠯᠬᠦ ᠠᠷᠭ᠎ᠠ | | | ︽ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ︵2015 — 2020 ᠣᠨ︶ ᠶᠢ | ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ﹇2015﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠣᠷᠣᠨ ᠤ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠠᠬᠢᠭᠤᠯᠵᠤ᠂ ᠬᠤᠲᠠ ᠬᠦᠳᠡᠭᠡ ᠶᠢᠨ ᠪᠠᠭᠰᠢ ᠶᠢᠨ ᠬᠢᠷᠢ ᠬᠡᠮᠵᠢᠶ᠎ᠡ ᠶᠢᠨ ᠵᠦᠷᠢᠶ᠎ᠡ ᠶᠢ ᠢᠯᠡᠳᠲᠡ ᠪᠠᠭᠠᠰᠬᠠᠨ᠂ | ᠰᠤᠷᠭᠠᠨ ᠬᠦᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ᠬᠤᠲᠠ ᠬᠦᠳᠡᠭᠡ ᠶᠢᠨ ᠰᠤᠷᠭᠠᠨ ᠬᠦᠮᠦᠵᠢᠯ ᠤᠨ | ᠲᠡᠩᠴᠡᠭᠦᠷᠢᠲᠡᠢ ᠬᠥᠭᠵᠢᠯᠲᠡ ᠪᠠ ᠬᠤᠲᠠ ᠬᠦᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠦᠳᠡᠭᠡ ᠲᠤᠰᠬᠤᠨ ᠤ ᠬᠡᠦᠬᠡᠳ ᠨᠢᠭᠡᠪᠦᠷᠢ ᠳᠤ ᠴᠦᠮ ᠡᠷᠬᠡ ᠲᠡᠭᠰᠢ ᠪᠦᠭᠡᠳ ᠶᠠᠰᠤ ᠴᠢᠨᠠᠷ ᠲᠠᠢ | ᠰᠤᠷᠭᠠᠨ ᠬᠦᠮᠦᠵᠢᠯ ᠢ ᠬᠦᠷᠲᠡᠭᠡᠬᠦ ᠶᠢᠨ ᠲᠤᠰᠠᠳᠠ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ | ᠲᠤᠰ ᠠᠷᠭ᠎ᠠ ᠶᠢ ᠣᠨᠴᠤᠭᠤᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠪᠠᠷᠢᠮᠲᠠᠯᠠᠨ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠷᠢᠳᠠᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠦᠪᠡᠷᠲᠡᠭᠡᠨ ᠵᠠᠰᠠᠬᠤ ᠣᠷᠣᠨ ᠤ ᠨᠢᠭᠡᠲᠦᠯᠲᠡᠢ ᠲᠦᠯᠦᠪᠯᠡᠬᠦ | ᠡᠷᠴᠢᠮ ᠢᠶᠠᠨ ᠴᠢᠩᠭᠠᠷᠠᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠷᠢᠭᠤᠴᠠᠯᠭ᠎ᠠ ᠶᠢ ᠴᠢᠩᠭᠠᠷᠠᠭᠤᠯᠤᠨ᠎ᠠ︔ ᠪᠦᠬᠦᠯᠢ ᠴᠣᠭᠴᠠ ᠪᠠᠷ ᠲᠦᠯᠦᠪᠵᠢᠭᠦᠯᠬᠦ᠂ ᠲᠣᠭᠲᠠᠴᠠ ᠳᠤ ᠰᠢᠨ᠎ᠡ ᠶᠢ | ᠡᠭᠦᠳᠬᠦ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠵᠤ᠂ | ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢᠯᠠᠩᠭᠤᠶ᠎ᠠ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ | ᠣᠳᠣᠬᠢᠴᠢᠯᠠᠯᠲᠠ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠰᠤᠷᠭᠠᠨ ᠬᠦᠮᠦᠵᠢᠯ ᠤᠨ ᠠᠵᠢᠯ | ᠦᠢᠯᠡᠰ ᠤᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠣᠢ ᠪᠣᠯᠭᠠᠬᠤ ᠳᠤ ᠬᠦᠴᠦᠨ ᠲᠡᠭᠦᠯᠳᠡᠷ | ᠲᠤᠯᠭᠠᠭᠤᠷᠢᠯᠠᠯ ᠢ ᠬᠠᠩᠭᠠᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠦᠨᠳᠦᠰᠦᠨ ᠵᠠᠷᠴᠢᠮ᠃ | ᠪᠠᠭᠰᠢ ᠶᠢᠨ ᠶᠤᠰᠤ ᠮᠤᠷᠠᠯ ᠢ ᠲᠡᠷᠢᠭᠦᠨ ᠳᠤ ᠲᠠᠯᠪᠢᠵᠤ᠂ ᠶᠤᠰᠤ ᠮᠤᠷᠠᠯ ᠢᠶᠠᠷ ᠬᠦᠮᠦᠨ ᠢ ᠰᠡᠭᠡᠭᠡᠷᠡᠭᠦᠯᠬᠦ | ᠬᠡᠷᠡᠭᠲᠡᠢ᠃ ᠬᠦᠳᠡᠭᠡ ᠲᠤᠰᠬᠤᠨ ᠤ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠣᠯᠣᠨ ᠠᠵᠢᠯ | ᠮᠡᠷᠭᠡᠵᠢᠯ ᠤᠨ ᠶᠤᠰᠤ ᠮᠤᠷᠠᠯ ᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠦᠳᠡᠭᠡ ᠲᠤᠰᠬᠤᠨ ᠤ | ᠪᠠᠭᠰᠢ ᠶᠢ ᠬᠦᠲᠦᠯᠦᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠳᠠᠭᠠᠭᠤᠯᠤᠨ ᠦᠢᠯᠡᠳᠦᠯᠭᠡᠵᠢᠭᠦᠯᠵᠦ᠂ ᠬᠦᠳᠡᠭᠡ ᠲᠤᠰᠬᠤᠨ ᠤ ᠪᠠᠭᠰᠢ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠡᠭᠡᠯᠢᠰᠢᠯᠲᠡ᠂ ᠣᠨᠣᠯ ᠤᠨ ᠡᠭᠡᠯᠢᠰᠢᠯᠲᠡ ᠪᠣᠯᠣᠨ ᠬᠠᠶᠢᠷ᠎ᠠ | ᠰᠡᠳᠬᠢᠯᠭᠡ ᠶᠢᠨ ᠡᠭᠡᠯᠢᠰᠢᠯᠲᠡ ᠶᠢ ᠴᠢᠩᠭᠠᠳᠬᠠᠬᠤ ᠬᠡᠷᠡᠭᠲᠡᠢ᠃ ᠬᠦᠳᠡᠭᠡ ᠲᠤᠰᠬᠤᠨ ᠤ ᠪᠠᠭᠰᠢ ᠶᠢᠨ ᠶᠤᠰᠤ | ᠮᠤᠷᠠᠯ ᠢᠶᠠᠷ ᠢᠶᠠᠨ ᠬᠦᠮᠦᠨ ᠢ ᠰᠡᠭᠡᠭᠡᠷᠡᠭᠦᠯᠬᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ | ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠤᠷᠤᠭᠴᠢᠳ ᠲᠤ ᠡᠬᠡ ᠤᠯᠤᠰ ᠢᠶᠠᠨ ᠬᠠᠶᠢᠷᠠᠯᠠᠬᠤ᠂ ᠠᠷᠠᠳ | ᠲᠦᠮᠡᠨ ᠢᠶᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠶᠢ ᠰᠤᠷᠭᠠᠨ | ᠬᠦᠮᠦᠵᠢᠭᠦᠯᠵᠦ᠂ ᠵᠥᠪ ᠶᠢᠷᠳᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠥᠵᠡᠯᠲᠡ ᠶᠢ | ᠪᠣᠢ ᠪᠣᠯᠭᠠᠨ᠂ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ ᠵᠥᠪ ᠤᠳᠤᠷᠢᠳᠤᠮᠵᠢ ᠶᠢ ᠦᠨᠡᠨᠬᠦ ᠪᠠᠲᠤᠯᠠᠬᠤ | ᠬᠡᠷᠡᠭᠲᠡᠢ᠃ | ᠬᠡᠪᠴᠢᠶ᠎ᠡ ᠶᠢ ᠲᠣᠬᠢᠷᠠᠮᠵᠢᠲᠠᠢ᠂ ᠪᠦᠲᠦᠴᠡ ᠶᠢ ᠵᠣᠬᠢᠰᠲᠠᠢ ᠪᠠᠶᠢᠯᠭᠠᠬᠤ ᠬᠡᠷᠡᠭᠲᠡᠢ᠃ ᠬᠦᠳᠡᠭᠡ ᠲᠤᠰᠬᠤᠨ ᠤ | ᠪᠠᠭᠰᠢ ᠶᠢᠨ ᠡᠩᠨᠡᠭᠡ ᠶᠢᠨ ᠬᠡᠪᠴᠢᠶ᠎ᠡ ᠶᠢ ᠵᠦᠢ ᠵᠣᠬᠢᠰᠲᠠᠢ ᠲᠦᠯᠦᠪᠵᠢᠭᠦᠯᠵᠦ᠂ ᠬᠦᠮᠦᠨ ᠵᠤᠭᠤᠰ ᠮᠦᠩᠭᠦ ᠡᠳ᠋ | ᠪᠣᠳᠠᠰ ᠤᠨ ᠡᠬᠢ ᠪᠠᠶᠠᠯᠢᠭ ᠢ ᠲᠦᠪᠯᠡᠷᠡᠭᠦᠯᠦᠨ᠂ ᠬᠠᠷᠠᠭᠠᠯᠵᠠᠨ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠲᠣᠭᠲᠠᠭᠠᠨ | ᠬᠡᠷᠡᠭᠵᠢᠭᠦᠯᠵᠦ᠂ ᠠᠵᠢᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠬᠦᠳᠡᠭᠡ ᠲᠤᠰᠬᠤᠨ ᠤ ᠭᠠᠵᠠᠷ | ᠣᠷᠣᠨ ᠤ ᠴᠢᠨᠠᠷᠯᠢᠭ ᠰᠠᠶᠢᠨ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠬᠦᠳᠡᠭᠡ | ᠲᠤᠰᠬᠤᠨ ᠤ ᠪᠠᠭᠰᠢ ᠲᠤᠳᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠂ ᠬᠦᠳᠡᠭᠡ ᠲᠤᠰᠬᠤᠨ ᠤ | ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ | ᠶᠠᠰᠤ ᠴᠢᠨᠠᠷ ᠢ ᠳᠡᠭᠡᠭᠰᠢᠯᠡᠭᠦᠯᠵᠦ᠂ ᠣᠯᠭᠤᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠤ ᠪᠠᠶᠢᠳᠠᠯ ᠳᠠᠭᠠᠨ | ᠰᠠᠭᠤᠷᠢᠯᠠᠨ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠠᠮᠤᠭ ᠤᠨ ᠵᠠᠩᠬᠢᠯᠠᠭ᠎ᠠ ᠶᠢᠨ | ᠬᠦᠷᠢᠶ᠎ᠡ ᠴᠠᠷᠠᠭ᠎ᠠ᠂ ᠬᠠᠮᠤᠭ ᠤᠨ ᠪᠠᠴᠢᠮ ᠲᠤᠯᠭᠠᠮ᠎ᠠ ᠡᠭᠦᠷᠭᠡ ᠳᠤ ᠴᠢᠭᠯᠡᠭᠦᠯᠦᠨ᠂ ᠬᠠᠮ ᠠᠷᠭ᠎ᠠ ᠪᠤᠳᠤᠯᠭ᠎ᠠ | ᠭᠠᠷᠭᠠᠵᠤ᠂ ᠣᠯᠠᠨ ᠵᠦᠢᠯ ᠤᠨ ᠠᠷᠭ᠎ᠠ ᠶᠢ ᠵᠡᠷᠭᠡᠪᠡᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠬᠠᠨᠳᠤᠯᠭ᠎ᠠ ᠲᠠᠢ ᠪᠠᠷ | ᠬᠡᠷᠡᠭᠵᠢᠭᠦᠯᠦᠨ᠂ ᠲᠦᠢᠯ ᠤᠨ ᠣᠨᠣᠪᠴᠢᠲᠠᠢ ᠬᠦᠴᠦᠯᠡᠵᠦ᠂ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡᠪᠡᠷ | ᠵᠠᠰᠠᠵᠤ᠂ ᠬᠦᠮᠦᠵᠢᠭᠦᠯᠦᠨ ᠨᠦᠬᠦᠪᠦᠷᠢᠯᠡᠬᠦ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠬᠡᠪ ᠴᠢᠨᠠᠷ ᠢ | ᠳᠡᠭᠡᠭᠰᠢᠯᠡᠭᠦᠯᠵᠦ᠂ ᠪᠠᠶᠢᠷᠢ ᠰᠠᠭᠤᠷᠢ ᠣᠯᠭᠤᠮᠵᠢ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠪᠠᠭᠰᠢ ᠶᠢᠨ ᠠᠵᠢᠯ | ᠪᠠ ᠠᠮᠢᠳᠤᠷᠠᠯ ᠤᠨ ᠨᠦᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ | ᠲᠣᠭᠲᠠᠴᠠ ᠳᠤ ᠰᠢᠨ᠎ᠡ ᠶᠢ ᠡᠭᠦᠳᠴᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠮᠠᠨ ᠤ ᠣᠷᠣᠨ ᠤ ᠬᠦᠳᠡᠭᠡ ᠲᠤᠰᠬᠤᠨ ᠤ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠬᠦᠯᠢᠶᠡᠰᠦᠯᠡᠵᠦ ᠪᠦᠬᠦᠢ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ | ᠦᠭᠡᠷᠡᠴᠢᠯᠡᠨ᠂ ᠬᠦᠳᠡᠭᠡ ᠲᠤᠰᠬᠤᠨ ᠤ ᠪᠠᠭᠰᠢ ᠶᠢᠨ ᠢᠷᠡᠯᠲᠡ ᠶᠢ ᠥᠷᠭᠡᠳᠭᠡᠵᠦ᠂ ᠬᠦᠰᠡᠯ ᠵᠣᠷᠢᠭ ᠲᠠᠢ | ᠵᠠᠯᠠᠭᠤᠴᠤᠳ ᠤᠨ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ ᠦᠢᠯᠡᠰ ᠲᠤ ᠪᠡᠶᠡᠴᠢᠯᠡᠨ ᠵᠢᠳᠭᠦᠬᠦ ᠶᠢ | ᠵᠣᠷᠢᠬᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤ ᠶᠢᠨ ᠪᠠᠭᠰᠢ ᠨᠠᠷ ᠬᠦᠳᠡᠭᠡ | ᠲᠤᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠬᠤ ᠵᠠᠮ ᠢ ᠰᠠᠭᠠᠳ ᠦᠭᠡᠢ ᠨᠡᠪᠲᠡᠷᠡᠭᠦᠯᠵᠦ᠂ ︽ᠬᠡᠳᠦᠢ | ᠦᠨᠳᠦᠰᠦᠨ ᠱᠠᠲᠤ ᠪᠣᠯᠬᠤ ᠳᠤᠲᠤᠮ᠂ ᠲᠠᠳᠤᠢ ᠬᠠᠲᠠᠭᠤ ᠣᠷᠴᠢᠨ ᠪᠣᠯᠬᠤ ᠪᠤᠯᠬᠤᠷ᠂ ᠪᠠᠶᠢᠷᠢ ᠰᠠᠭᠤᠷᠢ | ᠣᠯᠭᠤᠮᠵᠢ ᠶᠢ ᠤᠯᠠᠮ ᠦᠨᠳᠦᠷ ᠪᠤᠯᠭᠠᠬᠤ︾ ᠤᠷᠮᠠᠰᠢᠭᠤᠯᠬᠤ ᠲᠣᠭᠲᠠᠴᠠ ᠪᠣᠯᠣᠨ ᠠᠮᠢᠵᠢᠷᠠᠯ ᠤᠨ ᠬᠦᠴᠦᠨ | ᠪᠢᠯᠬᠠᠮ᠎ᠠ ᠬᠦᠳᠡᠭᠡ ᠲᠤᠰᠬᠤᠨ ᠤ ᠪᠠᠭᠰᠢ ᠬᠡᠷᠡᠭᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ | ᠃ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠬᠦ ᠪᠠᠷ ᠳᠠᠮᠵᠢᠨ᠂ ᠬᠠᠮᠢᠶ᠎ᠠ ᠪᠦᠬᠦᠢ | ᠳᠦᠷᠢᠮ ᠶᠢ ᠪᠠᠶᠢᠭᠤᠯᠬᠤ ᠶᠢ ᠳᠠᠶᠢᠴᠢᠯᠠᠵᠤ᠂ ᠦᠷᠭᠦᠯᠵᠢᠯᠡᠨ ᠬᠥᠭᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ | ︵ᠬᠤᠶᠠᠷ︶ ᠠᠵᠢᠯ ᠤᠨ ᠬᠠᠷᠠᠯᠲᠠ᠃ | 2017 ᠣᠨ ᠪᠣᠯᠬᠤ ᠳᠤ᠂ ᠮᠠᠨ ᠤ ᠣᠷᠣᠨ ᠤ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠬᠦ ᠪᠠᠷ ᠴᠢᠷᠮᠠᠶᠢᠵᠤ᠂ ᠬᠦᠳᠡᠭᠡ ᠲᠤᠰᠬᠤᠨ ᠤ ᠰᠤᠷᠭᠠᠭᠤᠯᠢ ᠶᠢᠨ ᠴᠢᠨᠠᠷᠯᠢᠭ ᠰᠠᠶᠢᠨ ᠪᠠᠭᠰᠢ ᠶᠢᠨ | ᠢᠷᠡᠯᠲᠡ ᠶᠢ ᠣᠯᠠᠨ ᠵᠠᠮ ᠮᠥᠷ ᠢᠶᠠᠷ ᠥᠷᠭᠡᠳᠭᠡᠨ᠂ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭᠠᠨ ᠬᠦᠮᠦᠵᠢᠯ ᠤᠨ ᠵᠢᠭᠠᠨ | ᠰᠤᠷᠭᠠᠬᠤ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠪᠠᠭᠰᠢ ᠶᠢᠨ ᠠᠵᠢᠯ | ᠠᠮᠢᠳᠤᠷᠠᠯ ᠤᠨ ᠨᠦᠬᠦᠴᠡᠯ ᠢ ᠨᠡᠯᠢᠶᠡᠳ ᠰᠠᠶᠢᠨ ᠰᠠᠶᠢᠵᠢᠷᠠᠭᠤᠯᠵᠤ᠂ ᠬᠦᠳᠡᠭᠡ ᠲᠤᠰᠬᠤᠨ ᠤ ᠪᠠᠭᠰᠢ ᠶᠢᠨ ᠠᠵᠢᠯ | ᠮᠡᠷᠭᠡᠵᠢᠯ ᠤᠨ ᠲᠠᠲᠠᠬᠤ ᠬᠦᠴᠦᠨ ᠢ ᠢᠯᠡᠳᠲᠡ ᠳᠡᠭᠡᠭᠰᠢᠯᠡᠭᠦᠯᠦᠨ᠂ ︽ᠣᠷᠣᠵᠤ ᠢᠷᠡᠵᠦ ᠳᠡᠶᠢᠯᠬᠦ᠂ ᠪᠠᠭᠤᠵᠤ | ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠨ ᠵᠢᠭᠠᠨ ᠰᠤᠷᠭᠠᠵᠤ ᠳᠡᠶᠢᠯᠬᠦ︾ ᠬᠦᠳᠡᠭᠡ ᠲᠤᠰᠬᠤᠨ ᠤ ᠪᠠᠭᠰᠢ ᠶᠢ | ᠣᠷᠤᠭᠤᠯᠤᠨ ᠠᠪᠴᠢᠷᠠᠬᠤ᠂ ᠤᠷᠮᠠᠰᠢᠭᠤᠯᠬᠤ᠂ ᠬᠦᠮᠦᠵᠢᠭᠦᠯᠬᠦ ᠪᠠ ᠰᠢᠯᠵᠢᠬᠦᠯᠬᠦ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ 2020 ᠣᠨ ᠪᠣᠯᠬᠤ ᠳᠤ᠂ ᠨᠢᠭᠡ ᠰᠠᠯᠠᠭ᠎ᠠ ᠬᠡᠪ ᠴᠢᠨᠠᠷ ᠰᠢᠯᠢᠳᠡᠭ ᠰᠠᠶᠢᠨ᠂ | ᠪᠦᠲᠦᠴᠡ ᠵᠦᠢ ᠵᠣᠬᠢᠰᠲᠠᠢ᠂ ᠳᠤᠷᠠᠲᠠᠶ᠎ᠠ ᠨᠡᠮᠡᠷᠢᠯᠡᠬᠦ᠂ ᠬᠦᠳᠡᠭᠡ ᠲᠤᠰᠬᠤᠨ ᠳᠤ ᠦᠨᠳᠦᠰᠦ ᠬᠠᠳᠬᠤᠬᠤ | ᠪᠠᠭᠰᠢ ᠶᠢᠨ ᠡᠩᠨᠡᠭᠡ ᠶᠢ ᠴᠢᠷᠮᠠᠶᠢᠨ ᠪᠣᠢ ᠪᠣᠯᠭᠠᠵᠤ᠂ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ | ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠨ ᠪᠦᠬᠦᠢ ᠪᠠᠭᠰᠢ ᠶᠢᠨ ᠪᠠᠲᠤᠯᠠᠭ᠎ᠠ ᠶᠢ ᠬᠠᠩᠭᠠᠨ᠎ᠠ᠃ | | ᠭᠤᠷᠪᠠ᠂ ᠬᠡᠷᠡᠭᠵᠢᠭᠦᠯᠬᠦ ᠬᠡᠪᠴᠢᠶ᠎ᠡ | ᠦᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠤᠨ ᠲᠥᠪ ᠲᠣᠭᠤᠷᠢᠭ᠂ ᠭᠠᠴᠠᠭ᠎ᠠ ᠲᠤᠰᠬᠤᠨ ᠤ | ᠰᠤᠷᠭᠠᠭᠤᠯᠢ ︵ᠵᠢᠭᠠᠨ ᠰᠤᠷᠭᠠᠯᠲᠠ ᠶᠢᠨ ᠴᠢᠬ ᠪᠠᠭᠲᠠᠨ᠎ᠠ︶ ᠶᠢᠨ ᠣᠷᠣᠨ ᠲᠤᠭ᠎ᠠ ᠪᠠᠷ ᠠᠵᠢᠯ ᠤᠨ ᠪᠠᠶᠢᠷᠢ ᠳᠡᠭᠡᠷ᠎ᠡ | ᠠᠵᠢᠯᠯᠠᠵᠤ ᠪᠠᠶᠢᠭ᠎ᠠ ᠪᠠᠭᠰᠢ ᠨᠠᠷ ᠢ ᠪᠠᠭᠲᠠᠭᠠᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠦᠳᠡᠭᠡ ᠲᠤᠰᠬᠤᠨ ᠤ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠠ | ᠪᠠᠭᠰᠢ ᠶᠢᠨ ᠶᠤᠰᠤ ᠮᠤᠷᠠᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 1᠂ ᠤᠯᠤᠰ ᠲᠦᠷᠥ ᠶᠢᠨ ᠤᠨᠤᠯ ᠰᠤᠷᠤᠯᠴᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠦᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠬᠦᠳᠡᠭᠡ ᠲᠤᠰᠬᠤᠨ ᠤ ᠪᠠᠭᠰᠢ ᠶᠢᠨ ᠤᠯᠤᠰ | ᠲᠥᠷᠥ ᠶᠢᠨ ᠣᠨᠣᠯ ᠰᠤᠷᠤᠯᠴᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ | ᠰᠤᠷᠭᠠᠨ ᠬᠦᠮᠦᠵᠢᠯ ᠤᠨ ᠬᠠᠨᠳᠤᠯᠭᠠᠲᠤ ᠴᠢᠨᠠᠷ ᠪᠣᠯᠣᠨ ᠪᠤᠳᠠᠳᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠎ᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠪᠣᠯᠣᠨ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠰᠢᠰᠲ᠋ᠧᠮᠵᠢ ᠶᠢᠨ ᠰᠤᠷᠭᠠᠨ ᠬᠦᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠳᠡᠭᠡ | ᠲᠤᠰᠬᠤᠨ ᠤ ᠪᠠᠭᠰᠢ ᠶᠢᠨ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢ ᠪᠠᠷᠢᠮᠲᠠᠯᠠᠬᠤ ᠶᠢ ᠦᠨᠡᠨᠬᠦ ᠪᠠᠲᠤᠯᠠᠨ᠎ᠠ | ᠃ ᠪᠠᠭᠰᠢ ᠶᠢᠨ ᠶᠤᠰᠤ ᠮᠤᠷᠠᠯ ᠤᠨ ᠬᠦᠮᠦᠵᠢᠯ ᠢ ᠬᠦᠳᠡᠭᠡ ᠲᠤᠰᠬᠤᠨ ᠤ ᠪᠠᠭᠰᠢ ᠶᠢᠨ ᠪᠣᠯᠪᠠᠰᠤᠷᠠᠭᠤᠯᠤᠯ ᠪᠠ | ᠬᠦᠮᠦᠵᠢᠭᠦᠯᠦᠯ ᠤᠨ ᠲᠡᠷᠢᠭᠦᠨ ᠴᠢᠬᠤᠯᠠ ᠠᠭᠤᠯᠭ᠎ᠠ ᠪᠣᠯᠭᠠᠵᠤ᠂ ᠬᠦᠳᠡᠭᠡ ᠲᠤᠰᠬᠤᠨ ᠤ ᠪᠠᠭᠰᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠣᠨᠣᠯ ᠤᠨ ᠬᠢᠷᠢ ᠬᠡᠮᠵᠢᠶ᠎ᠡ ᠪᠣᠯᠣᠨ ᠪᠠᠭᠰᠢ ᠶᠢᠨ ᠶᠤᠰᠤ ᠮᠤᠷᠠᠯ ᠤᠨ | ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠳᠡᠭᠡ ᠲᠤᠰᠬᠤᠨ ᠤ ᠪᠠᠭᠰᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠤᠭᠤᠳ ᠤᠯᠤᠰ ᠲᠥᠷᠥ ᠶᠢᠨ ᠭᠤᠣᠯᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ | ᠬᠦᠳᠡᠭᠡ ᠲᠤᠰᠬᠤᠨ ᠤ ᠪᠠᠭᠰᠢ ᠶᠢ ᠤᠯᠠᠮ ᠨᠢᠭᠡ ᠠᠯᠬᠤᠮ ᠬᠠᠯᠠᠮᠵᠢᠯᠠᠨ ᠬᠦᠮᠦᠵᠢᠭᠦᠯᠵᠦ᠂ ᠨᠠᠮ ᠤᠨ ᠭᠡᠰᠢᠭᠦᠨ | ᠡᠯᠰᠡᠬᠦ ᠡᠷᠴᠢᠮ ᠢᠶᠠᠨ ᠵᠣᠬᠢᠬᠤ ᠬᠡᠮᠵᠢᠶ᠎ᠡ ᠪᠠᠷ ᠴᠢᠩᠭᠠᠷᠠᠭᠤᠯᠤᠨ᠎ᠠ᠃ | 2᠂ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠦᠪᠡᠷᠲᠡᠭᠡᠨ ᠵᠠᠰᠠᠬᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ | ᠪᠦᠲᠦᠮᠵᠢᠲᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠠᠷᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠎ᠠ᠃ ᠣᠯᠠᠨ ᠵᠦᠢᠯ ᠤᠨ ᠬᠡᠯᠪᠡᠷᠢ ᠮᠠᠶ᠋ᠢᠭ ᠤᠨ ᠪᠠ ᠪᠣᠲᠠᠲᠠᠢ ᠶᠢ ᠡᠷᠬᠢᠮᠯᠡᠬᠦ ᠦᠷ᠎ᠡ | ᠪᠦᠲᠦᠮᠵᠢᠲᠡᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠬᠦ ᠪᠠᠷ ᠳᠠᠮᠵᠢᠨ᠂ ᠲᠤᠰ ᠭᠠᠵᠠᠷ ᠣᠷᠣᠨ ᠤ ᠬᠦᠳᠡᠭᠡ | ᠲᠤᠰᠬᠤᠨ ᠤ ᠰᠢᠯᠢᠳᠡᠭ ᠪᠠᠭᠰᠢ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠎ᠠ︔ ᠲᠡᠷᠢᠭᠦᠨ ᠤ ᠦᠢᠯᠡ | ᠶᠠᠪᠤᠳᠠᠯ ᠢ ᠤᠬᠠᠭᠤᠯᠬᠤ ᠪᠠᠷ ᠳᠠᠮᠵᠢᠨ᠂ ᠪᠠᠭᠰᠢ ᠶᠢᠨ ᠡᠷᠬᠢᠮ ᠳᠡᠭᠡᠳᠦ ᠶᠤᠰᠤ ᠮᠤᠷᠠᠯ ᠢ ᠪᠠᠳᠠᠷᠠᠭᠤᠯᠵᠦ᠂ ᠭᠤᠣᠯ | ᠬᠥᠭ ᠠᠶᠠᠰ ᠢ ᠴᠣᠣᠷᠢᠶᠠᠳᠤᠭᠤᠯᠤᠨ᠂ ᠢᠳᠡᠪᠬᠢ ᠬᠦᠴᠦᠨ ᠢ ᠨᠡᠮᠡᠭᠳᠡᠭᠦᠯᠦᠨ᠎ᠡ᠃ ᠪᠠᠭᠰᠢ ᠶᠢᠨ ᠶᠤᠰᠤ ᠮᠤᠷᠠᠯ ᠤᠨ | ᠪᠠᠶᠢᠭᠤᠯᠤᠯᠲᠠ ᠶᠢᠨ ᠳᠤᠮᠳᠠᠬᠢ ᠬᠠᠯᠠᠮᠰᠢᠯ᠂ ᠲᠦᠪᠡᠭᠲᠡᠢ ᠵᠡᠷᠭᠡ ᠠᠰᠠᠭᠤᠳᠠᠯ ᠳᠤ ᠴᠢᠭᠯᠡᠭᠦᠯᠵᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠡᠯᠡᠳᠬᠡᠯ ᠲᠦᠰᠦᠯ ᠢ ᠭᠠᠷᠭᠠᠨ᠂ ᠴᠠᠭ ᠲᠣᠬᠠᠢ ᠳᠤᠨᠢ ᠠᠷᠭᠠᠴᠠᠬᠤ ᠶᠢᠨ ᠬᠠᠮᠲᠤ | ᠬᠦᠲᠦᠯᠦᠨ ᠵᠢᠯᠤᠭᠤᠳᠤᠨ᠎ᠠ᠃ | 3᠂ ᠪᠠᠭᠰᠢ ᠶᠢᠨ ᠶᠤᠰᠤ ᠮᠤᠷᠠᠯ ᠢ ᠰᠢᠯᠭᠠᠨ ᠬᠢᠨᠠᠵᠤ ᠰᠢᠯᠭᠠᠨ ᠦᠨᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃ | ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠪᠠᠭᠰᠢ ᠶᠢᠨ ᠶᠤᠰᠤ | ᠮᠤᠷᠠᠯ ᠢ ᠰᠢᠯᠭᠠᠨ ᠬᠢᠨᠠᠬᠤ ᠰᠢᠨᠵᠢᠯᠡᠬᠦ ᠤᠬᠠᠭᠠᠨᠴᠢ ᠠᠷᠠᠳᠴᠢᠯᠠᠯ ᠲᠠᠢ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠤᠨ ᠪᠦᠷᠢᠨᠰᠢᠭᠦᠯᠵᠦ᠂ ᠪᠠᠭᠰᠢ ᠨᠠᠷ ᠦᠪᠡᠷ ᠢ ᠪᠠᠨ ᠦᠨᠡᠯᠡᠬᠦ᠂ ᠭᠡᠷ ᠤᠨ ᠠᠬᠠᠮᠠᠳ ᠪᠣᠯᠣᠨ ᠰᠤᠷᠤᠭᠴᠢ ᠠᠴᠠ | ᠰᠢᠯᠭᠠᠨ ᠲᠣᠭᠲᠠᠭᠠᠬᠤ ᠵᠢᠴᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠠᠴᠠ ᠶᠡᠷᠦᠩᠬᠡᠶᠢᠯᠡᠨ ᠦᠨᠡᠯᠡᠨ | ᠲᠣᠭᠲᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠰᠢᠯᠭᠠᠨ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ | ᠃ ᠶᠠᠪᠤᠴᠠ ᠶᠢ ᠰᠢᠯᠭᠠᠨ ᠬᠢᠨᠠᠬᠤ ᠪᠠ ᠣᠨ ᠤ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ᠂ ᠴᠢᠨᠠᠷ ᠤᠨ | ᠰᠢᠯᠭᠠᠨ ᠬᠢᠨᠠᠬᠤ ᠪᠠ ᠬᠡᠮᠵᠢᠶ᠎ᠡ ᠶᠢᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠤᠰᠤᠭᠠᠷ᠂ | ᠬᠦᠳᠡᠭᠡ ᠲᠤᠰᠬᠤᠨ ᠤ ᠪᠠᠭᠰᠢ ᠨᠠᠷ ᠤᠨ ᠪᠠᠭᠰᠢ ᠶᠢᠨ ᠶᠤᠰᠤ ᠮᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠨ᠎ᠠ᠃ ᠨᠡᠶᠢᠭᠡᠮ ᠤᠨ ᠬᠢᠨ ᠣᠷᠣᠯᠴᠠᠭᠰᠠᠨ ᠪᠠᠭᠰᠢ ᠶᠢᠨ ᠶᠤᠰᠤ ᠮᠤᠷᠠᠯ ᠳᠤ ᠬᠢᠨᠠᠯᠲᠠ ᠲᠠᠯᠪᠢᠬᠤ ᠲᠣᠭᠲᠠᠴᠠ ᠶᠢ | ᠠᠯᠬᠤᠮ ᠠᠯᠬᠤᠮ ᠢᠶᠠᠷ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ | ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠣᠯᠣᠨ ᠰᠤᠷᠭᠠᠭᠤᠯᠢ ᠨᠤᠭᠤᠳ ᠡᠷᠬᠡᠪᠰᠢ ᠪᠠᠭᠰᠢ ᠶᠢᠨ ᠶᠤᠰᠤ | ᠮᠤᠷᠠᠯ ᠢ ᠰᠢᠯᠭᠠᠨ ᠬᠢᠨᠠᠭᠰᠠᠨ ᠦᠷ᠎ᠡ ᠳ᠋ᠦᠩ ᠢ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠪᠠᠷ | ᠳᠠᠩᠰᠠᠯᠠᠬᠤ᠂ ᠣᠨ ᠤ ᠰᠢᠯᠭᠠᠨ ᠬᠢᠨᠠᠬᠤ᠂ ᠴᠠᠯᠢᠩ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ | ᠰᠢᠯᠢᠳᠡᠭ ᠢ ᠨᠢ ᠰᠢᠯᠭᠠᠷᠠᠭᠤᠯᠵᠤ ᠬᠦᠬᠢᠭᠦᠯᠦᠨ ᠱᠠᠩᠨᠠᠬᠤ᠂ ᠮᠡᠷᠭᠡᠵᠢᠯ ᠤᠨ ᠴᠣᠯᠠ ᠰᠢᠯᠭᠠᠷᠠᠭᠤᠯᠤᠨ ᠲᠣᠭᠲᠠᠭᠠᠬᠤ᠂ | ᠠᠵᠢᠯ ᠤᠨ ᠪᠠᠶᠢᠷᠢ ᠳᠤ ᠣᠷᠢᠨ ᠲᠤᠮᠢᠯᠠᠬᠤ᠂ ᠣᠨᠴᠠ ᠳᠡᠰ ᠤᠨ ᠪᠠᠭᠰᠢ ᠪᠣᠯᠣᠨ ᠰᠢᠨᠵᠢᠯᠡᠭᠡᠨ ᠤ ᠳᠠᠭᠠᠭᠤᠯᠤᠭᠴᠢ᠂ | ᠵᠢᠭᠠᠨ ᠰᠤᠷᠭᠠᠯᠲᠠ ᠶᠢᠨ ᠭᠠᠪᠰᠢᠭᠠᠢᠢᠯᠠᠬᠴᠢ ᠵᠡᠷᠭᠡ ᠶᠢ ᠰᠢᠯᠭᠠᠷᠠᠭᠤᠯᠤᠨ ᠲᠣᠭᠲᠠᠭᠠᠬᠤ ᠶᠢᠨ ᠭᠤᠣᠯ ᠦᠨᠳᠦᠰᠦ | ᠪᠠᠷᠢᠮᠲᠠ ᠪᠣᠯᠭᠠᠵᠤ᠂ ᠪᠠᠭᠰᠢ ᠶᠢᠨ ᠶᠤᠰᠤ ᠮᠤᠷᠠᠯ ᠤᠨ ᠨᠢᠭᠡ ᠫᠢᠶᠤᠤ ᠪᠠᠷ ᠬᠦᠴᠦᠨ ᠦᠬᠡᠢ ᠪᠤᠯᠭᠠᠬᠤ ᠳᠦᠷᠢᠮ ᠢ | ᠡᠷᠡᠰ ᠭᠡᠷᠡᠭᠵᠢᠭᠦᠯᠦᠨ᠎ᠡ᠃ | ︵ᠬᠤᠶᠠᠷ︶ ᠣᠯᠠᠨ ᠠᠷᠭ᠎ᠠ ᠪᠠᠷᠢᠯ ᠢ ᠬᠠᠮᠲᠤ ᠳᠤᠨᠢ ᠬᠡᠷᠡᠭᠯᠡᠵᠦ ᠬᠦᠳᠡᠭᠡ ᠲᠤᠰᠬᠤᠨ ᠤ ᠪᠠᠭᠰᠢ ᠶᠢ ᠨᠡᠮᠡᠵᠦ | ᠨᠦᠬᠦᠪᠦᠷᠢᠯᠡᠬᠦ ᠵᠠᠮ ᠮᠥᠷ ᠢ ᠥᠷᠭᠡᠳᠭᠡᠨ᠎ᠡ᠃ | 1᠂ ᠤᠯᠤᠰ ᠤᠨ ︽ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ | ᠦᠶ᠎ᠡ ᠶᠢᠨ ᠰᠤᠷᠭᠠᠭᠤᠯᠢ ᠶᠢᠨ ᠣᠨᠴᠤᠭᠤᠢ ᠲᠣᠬᠢᠷᠠᠭᠤᠯᠬᠤ ᠠᠵᠢᠯ ᠤᠨ ᠪᠠᠶᠢᠷᠢ ᠶᠢᠨ ᠲᠦᠯᠦᠪᠯᠡᠭᠡ︾ ︵ᠳᠣᠷᠤᠭᠰᠢ | ︽ᠣᠨᠴᠤᠭᠤᠢ ᠠᠵᠢᠯ ᠤᠨ ᠪᠠᠶᠢᠷᠢ ᠶᠢᠨ ᠲᠦᠯᠦᠪᠯᠡᠭᠡ︾ ᠭᠡᠵᠦ ᠲᠣᠪᠴᠢᠯᠠᠨ᠎ᠠ︶ ᠶᠢ ᠦᠷᠭᠦᠯᠵᠢᠯᠡᠨ ᠬᠡᠷᠡᠭᠵᠢᠭᠦᠯᠵᠦ᠂ | ᠤᠯᠤᠰ ᠤᠨ ᠲᠥᠷᠥ ᠶᠢᠨ ᠪᠣᠳᠣᠯᠭ᠎ᠠ ᠶᠢᠨ ᠶᠤᠰᠤᠭᠠᠷ᠂ ᠤᠯᠤᠰ ᠤᠨ ᠲᠣᠭᠲᠠᠭᠠᠭᠰᠠᠨ ︽ᠣᠨᠴᠤᠭᠤᠢ ᠠᠵᠢᠯ ᠤᠨ | ᠪᠠᠶᠢᠷᠢ ᠶᠢᠨ ᠲᠦᠯᠦᠪᠯᠡᠭᠡ︾ ᠶᠢ ᠬᠡᠷᠡᠭᠵᠢᠭᠦᠯᠬᠦ ᠬᠡᠪᠴᠢᠶᠡᠨ ᠳᠤ ᠬᠠᠷᠢᠶᠠᠯᠠᠭᠳᠠᠬᠤ ᠠᠯᠢᠪᠠ ᠲᠦᠪᠯᠡᠷᠡᠨ | ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ᠂ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ | ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ᠂ ᠣᠣᠯ ᠤᠨ ︽ᠬᠤᠶᠠᠷ ᠦᠨᠳᠦᠰᠦᠨ ᠳᠡᠭᠡᠨ︾ ᠤ | ᠪᠣᠭᠤᠮᠲᠠ ᠰᠢᠪᠲᠤᠯᠬᠤ ᠬᠤᠰᠢᠭᠤ ᠰᠢᠶᠠᠨ᠂ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠢ ᠨᠡᠭᠡᠭᠡᠨ | ᠬᠥᠭᠵᠢᠭᠦᠯᠬᠦ ᠲᠦᠯᠦᠪᠯᠡᠭᠡ ᠳᠤ ᠣᠷᠤᠭᠤᠯᠤᠭᠰᠠᠨ ᠬᠡᠰᠡᠭ ᠣᠨᠴᠤᠭᠤᠢ ᠬᠦᠴᠢᠷᠳᠡᠯᠲᠡᠢ ᠬᠢᠯᠢ ᠶᠢᠨ ᠬᠤᠰᠢᠭᠤ ᠰᠢᠶᠠᠨ᠂ | ᠴᠦᠬᠡᠨ ᠲᠣᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠵᠠᠯᠭᠠᠯᠳᠤᠭᠰᠠᠨ ᠣᠨᠴᠠ ᠬᠦᠴᠢᠷᠳᠡᠯᠲᠡᠢ | ᠭᠠᠵᠠᠷ ᠣᠷᠣᠨ ᠠᠴᠠ ᠪᠤᠰᠤᠳ᠂ ᠦᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠶᠢ ᠲᠡᠳᠭᠦᠵᠦ ᠨᠡᠭᠡᠭᠡᠨ | ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠠᠴᠠ ᠳᠣᠷᠤᠭᠰᠢᠬᠢ ᠮᠠᠯᠵᠢᠬᠤ ᠲᠠᠷᠢᠶᠠᠯᠠᠬᠤ | ᠣᠷᠣᠨ ᠤ ᠰᠤᠷᠭᠠᠭᠤᠯᠢ ᠶᠢᠨ ᠪᠠᠭᠰᠢ ᠨᠡᠮᠡᠵᠦ ᠨᠦᠬᠦᠪᠦᠷᠢᠯᠡᠬᠦ ᠶᠢ ᠴᠦᠮ ︽ᠣᠨᠴᠤᠭᠤᠢ ᠠᠵᠢᠯ ᠤᠨ ᠪᠠᠶᠢᠷᠢ ᠶᠢᠨ | ᠲᠦᠯᠦᠪᠯᠡᠭᠡ︾ ᠳᠤ ᠣᠷᠤᠭᠤᠯᠵᠤ᠂ ᠪᠠᠴᠢᠮ ᠲᠤᠳᠠᠭᠳᠠᠵᠤ ᠪᠠᠶᠢᠭ᠎ᠠ ᠬᠦᠳᠡᠭᠡ ᠲᠤᠰᠬᠤᠨ ᠤ ᠰᠢᠨᠵᠢᠯᠡᠭᠡᠨ ᠤ | ᠪᠠᠭᠰᠢ ᠶᠢ ᠤᠷᠢᠬᠤ ᠡᠷᠴᠢᠮ ᠢ ᠴᠢᠩᠭᠠᠷᠠᠭᠤᠯᠤᠨ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠦᠢᠯᠡᠴᠢᠯᠡᠭᠡ ᠶᠢᠨ ᠬᠤᠭᠤᠴᠠᠭ᠎ᠠ ᠨᠢ | ᠲᠤᠯᠤᠭᠰᠠᠨ᠂ ᠰᠢᠯᠭᠠᠨ ᠬᠢᠨᠠᠭᠠᠳ ᠬᠢᠷᠢ ᠲᠡᠩᠴᠡᠭᠰᠡᠨ ᠣᠨᠴᠤᠭᠤᠢ ᠠᠵᠢᠯ ᠤᠨ ᠪᠠᠶᠢᠷᠢ ᠳᠠᠬᠢ ᠪᠠᠭᠰᠢ ᠶᠢᠨ ᠣᠷᠣᠨ | ᠲᠤᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠣᠨᠴᠣᠭᠤᠢ ᠠᠵᠢᠯ ᠤᠨ ᠪᠠᠶᠢᠷᠢ ᠳᠠᠬᠢ ᠪᠠᠭᠰᠢ ᠶᠢᠨ ᠴᠠᠯᠢᠩ ᠤᠨ | ᠲᠥᠪ ᠤᠨ ᠡᠳ᠋ ᠤᠨ ᠵᠠᠰᠠᠭ ᠠᠴᠠ ᠥᠭᠭᠦᠭᠰᠡᠨ ᠵᠤᠭᠤᠰ ᠤᠨ ᠳᠠᠪᠠᠭᠰᠠᠨ ᠬᠡᠰᠡᠭ ᠪᠣᠯᠣᠨ ᠣᠷᠣᠨ ᠨᠤᠲᠤᠭ ᠤᠨ | ᠴᠢᠨᠠᠷᠲᠠᠢ ᠨᠦᠬᠦᠪᠦᠷᠢ ᠶᠢ ᠨᠠᠶᠢᠳᠠᠪᠤᠷᠢᠵᠢᠭᠤᠯᠤᠨ᠎ᠠ᠃ | 2᠂ ᠬᠦᠳᠡᠭᠡ ᠲᠣᠰᠬᠤᠨ ᠤ ᠪᠠᠭᠰᠢ ᠤᠷᠢᠬᠤ ᠠᠵᠢᠯ ᠢ ᠨᠢᠭᠡᠲᠦᠯᠲᠡᠢ ᠲᠦᠯᠦᠪᠯᠡᠬᠦ ᠶᠢ ᠴᠢᠩᠭᠠᠳᠬᠠᠨ᠎ᠠ᠃ | ᠬᠦᠳᠡᠭᠡ ᠲᠤᠰᠬᠤᠨ ᠤ ᠪᠠᠭᠰᠢ ᠡᠯᠰᠡᠬᠦ ᠪᠤᠭᠤᠮᠲᠠ ᠶᠢ ᠴᠢᠩᠭ᠎ᠠ ᠡᠵᠡᠮᠳᠡᠵᠦ᠂ ᠬᠦᠳᠡᠭᠡ ᠲᠤᠰᠬᠤᠨ ᠤ ᠰᠢᠨ᠎ᠡ ᠪᠠᠷ | ᠤᠷᠢᠭᠰᠠᠨ ᠪᠠᠭᠰᠢ ᠶᠢᠨ ᠶᠠᠰᠤ ᠴᠢᠨᠠᠷ ᠢ ᠢᠷᠡᠯᠲᠡ ᠠᠴᠠ ᠨᠢ ᠪᠠᠲᠤᠯᠠᠨ᠂ ᠬᠦᠳᠡᠭᠡ ᠲᠤᠰᠬᠤᠨ ᠤ ᠰᠤᠷᠭᠠᠭᠤᠯᠢ ᠶᠢᠨ | ᠪᠠᠭᠰᠢ ᠶᠢ ᠨᠡᠮᠡᠵᠦ ᠨᠦᠬᠦᠪᠦᠷᠢᠯᠡᠬᠦ ︵ᠣᠨᠴᠣᠭᠤᠢ ᠠᠵᠢᠯ ᠤᠨ ᠪᠠᠶᠢᠷᠢ ᠶᠢᠨ ᠪᠠᠭᠰᠢ᠂ ᠪᠠᠭᠰᠢ ᠶᠢᠨ ᠰᠤᠷᠭᠠᠭᠤᠯᠢ ᠶᠢᠨ | ᠰᠦᠢᠳᠭᠡᠯ ᠬᠡᠯᠲᠦᠷᠢᠭᠦᠯᠦᠭᠰᠡᠨ ᠰᠤᠷᠤᠭᠴᠢᠳ ᠪᠠᠭᠲᠠᠨ᠎ᠠ︶ ᠳᠡᠭᠡᠨ ᠠᠶᠢᠮᠠᠭ ᠬᠤᠲᠠ ᠠᠴᠠ ᠳᠡᠭᠡᠭᠰᠢᠬᠢ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠵᠢᠯᠤᠭᠤᠳᠤᠯᠭ᠎ᠠ ᠳᠣᠣᠷ᠎ᠠ | ᠶᠠᠪᠤᠭᠳᠠᠭᠤᠯᠵᠤ᠂ ᠠᠶᠢᠮᠠᠭ ᠬᠤᠲᠠ ᠠᠴᠠ ᠳᠡᠭᠡᠭᠰᠢᠬᠢ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠨᠢ ᠪᠣᠲᠠᠲᠠᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠷᠴᠢᠮ ᠳᠡᠭᠡᠷ᠎ᠡ ᠪᠠᠨ ᠰᠢᠨ᠎ᠡ ᠪᠠᠷ ᠣᠷᠢᠭᠰᠠᠨ ᠪᠠᠭᠰᠢ ᠶᠢᠨ ᠬᠦᠳᠡᠭᠡ | ᠲᠤᠰᠬᠤᠨ ᠤ ᠰᠤᠷᠭᠠᠭᠤᠯᠢ ᠳᠤ ᠦᠢᠯᠡᠴᠢᠯᠡᠬᠦ ᠬᠤᠭᠤᠴᠠᠭ᠎ᠠ ᠨᠢ 6 ᠵᠢᠯ ᠪᠣᠯᠣᠭᠰᠠᠨ ᠤ ᠳᠠᠷᠠᠭ᠎ᠠ᠂ ᠪᠠᠶᠢᠭ᠎ᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠪᠠᠭᠰᠢ ᠶᠢᠨ ᠠᠵᠢᠯ ᠤᠨ ᠪᠠᠶᠢᠷᠢ ᠪᠠᠷ ᠡᠭᠡᠯᠵᠢᠯᠡᠨ ᠰᠤᠯᠢᠯᠴᠠᠬᠤ ᠬᠡᠪᠴᠢᠶ᠎ᠡ ᠳᠤ | ᠨᠢᠭᠡᠲᠦᠯᠲᠡᠢ ᠣᠷᠤᠭᠤᠯᠵᠤ᠂ ᠠᠵᠢᠯ ᠤᠨ ᠪᠠᠶᠢᠷᠢ ᠳᠤ ᠡᠭᠡᠯᠵᠢᠯᠡᠨ ᠰᠤᠯᠢᠯᠴᠠᠬᠤ ᠶᠢᠨ ᠬᠡᠪᠰᠢᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | 3᠂ ᠣᠷᠤᠨ ᠨᠤᠲᠤᠭ ᠤᠨ ᠰᠦᠢᠳᠭᠡᠯ ᠬᠡᠯᠲᠦᠷᠢᠭᠦᠯᠦᠭᠰᠡᠨ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠢ | ᠬᠠᠨᠳᠤᠯᠭ᠎ᠠ ᠲᠠᠢ ᠪᠠᠷ ᠬᠦᠮᠦᠵᠢᠭᠦᠯᠬᠦ ᠲᠦᠯᠦᠪᠯᠡᠭᠡ ᠶᠢ ᠬᠡᠷᠡᠭᠵᠢᠭᠦᠯᠦᠨ᠎ᠡ᠃ ᠤᠯᠤᠰ ᠤᠨ ᠰᠠᠯᠠᠭ᠎ᠠ ᠮᠦᠴᠢᠷ ᠤᠨ | ᠬᠠᠷᠢᠶ᠎ᠠ ᠪᠤᠯᠬᠤ ᠪᠠᠭᠰᠢ ᠶᠢᠨ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠦᠢᠳᠭᠡᠯ ᠬᠡᠯᠲᠦᠷᠢᠭᠦᠯᠦᠨ | ᠬᠦᠮᠦᠵᠢᠭᠦᠯᠬᠦ ᠲᠦᠯᠦᠪᠯᠡᠭᠡ ᠶᠢ ᠬᠡᠷᠡᠭᠵᠢᠭᠦᠯᠦᠭᠰᠡᠨ ᠰᠠᠭᠤᠷᠢ ᠳᠡᠭᠡᠷ᠎ᠡ᠂ 2017 ᠣᠨ — 2020 ᠣᠨ | ᠪᠣᠯᠬᠤ ᠳᠤ ᠦᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ᠰᠤᠷᠭᠠᠭᠤᠯᠢ ᠶᠢᠨ ︽ᠰᠦᠢᠳᠭᠡᠯ | ᠬᠡᠯᠲᠦᠷᠢᠭᠦᠯᠦᠨ ᠬᠠᠨᠳᠤᠯᠭ᠎ᠠ ᠲᠠᠢ ᠪᠠᠷ ᠪᠠᠭᠰᠢ ᠬᠦᠮᠦᠵᠢᠭᠦᠯᠬᠦ ᠲᠦᠯᠦᠪᠯᠡᠭᠡ︾ ᠶᠢ ᠬᠡᠷᠡᠭᠵᠢᠭᠦᠯᠵᠦ᠂ ᠬᠦᠳᠡᠭᠡ | ᠲᠤᠰᠬᠤᠨ ᠤ ᠪᠠᠭᠰᠢ ᠶᠢᠨ ᠣᠷᠣᠨ ᠨᠤᠲᠤᠭᠵᠢᠭᠤᠯᠤᠨ ᠬᠦᠮᠦᠵᠢᠭᠦᠯᠬᠦ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠨᠤᠭᠤᠳ ᠲᠤᠰ ᠭᠠᠵᠠᠷ ᠣᠷᠣᠨ ᠤ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ | ᠬᠥᠭᠵᠢᠯᠲᠡ ᠶᠢᠨ ᠪᠣᠲᠠᠲᠠᠢ ᠪᠠᠶᠢᠳᠠᠯ ᠢᠶᠠᠨ ᠦᠨᠳᠦᠰᠦᠯᠡᠨ᠂ ᠲᠤᠰ ᠭᠠᠵᠠᠷ ᠣᠷᠣᠨ ᠤ ᠰᠤᠯᠠ ᠣᠷᠣᠨ ᠲᠤᠭ᠎ᠠ ᠶᠢᠨ | ᠳᠤᠲᠤᠷ᠎ᠠ ᠪᠠᠨ ᠬᠦᠳᠡᠭᠡ ᠲᠤᠰᠬᠤᠨ ᠤ ᠰᠤᠷᠭᠠᠭᠤᠯᠢ ᠶᠢᠨ ᠪᠠᠴᠢᠮ ᠳᠤᠳᠠᠭᠳᠠᠵᠤ ᠪᠠᠶᠢᠭ᠎ᠠ ᠰᠢᠨᠵᠢᠯᠡᠭᠡᠨ ᠤ | ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠢᠨ ᠲᠦᠯᠦᠪᠯᠡᠭᠡ ᠶᠢ ᠳᠤᠷᠠᠳᠴᠤ᠂ ᠡᠩ ᠤᠨ ᠳᠡᠭᠡᠳᠦ ᠰᠤᠷᠭᠠᠭᠤᠯᠢ ᠶᠢᠨ | ᠰᠢᠯᠭᠠᠯᠲᠠ ᠪᠠᠷ ᠳᠠᠮᠵᠢᠨ᠂ ᠦᠪᠡᠷᠲᠡᠭᠡᠨ ᠵᠠᠰᠠᠬᠤ ᠣᠷᠣᠨ ᠠᠴᠠ ᠬᠦᠳᠡᠭᠡ ᠲᠤᠰᠬᠤᠨ ᠤ ᠰᠤᠷᠭᠠᠨ ᠬᠦᠮᠦᠵᠢᠯ ᠳᠤ | ᠬᠠᠶᠢᠷᠠᠲᠠᠢ᠂ ᠬᠦᠳᠡᠭᠡ ᠲᠤᠰᠬᠤᠨ ᠤ ᠰᠤᠷᠭᠠᠭᠤᠯᠢ ᠳᠤ ᠰᠠᠶᠢᠨ ᠳᠤᠷ᠎ᠠ ᠠᠴᠠ ᠪᠠᠨ ᠣᠴᠢᠵᠣ ᠪᠠᠭᠰᠢ ᠶᠢᠨ ᠠᠵᠢᠯ | ᠬᠢᠬᠦ ᠪᠠᠷ ᠪᠠᠶᠢᠭ᠎ᠠ ᠵᠢᠩᠬᠢᠨᠢ ᠠᠩᠭᠢ ᠶᠢᠨ ᠰᠢᠯᠢᠳᠡᠭ ᠰᠤᠷᠤᠭᠴᠢᠳ ᠢ ᠡᠯᠰᠡᠨ ᠬᠡᠷᠡᠭᠯᠡᠵᠦ᠂ ᠬᠤᠰᠢᠭᠤ ᠰᠢᠶᠠᠨ ︵ | ᠬᠤᠲᠠ᠂ ᠲᠣᠭᠤᠷᠢᠭ︶ ᠯᠤᠭ᠎ᠠ ᠭᠡᠷ᠎ᠡ ᠲᠣᠭᠲᠠᠭᠰᠠᠨ ᠤ ᠳᠠᠷᠠᠭ᠎ᠠ᠂ ᠦᠪᠦᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠪᠠᠭᠰᠢ ᠶᠢᠨ ᠳᠡᠭᠡᠳᠦ | ᠰᠤᠷᠭᠠᠭᠤᠯᠢ ᠳᠤ ᠨᠠᠶᠢᠳᠠᠵᠤ ︽ᠨᠢᠭᠡ ᠵᠦᠢᠯ ᠳᠤ ᠮᠡᠷᠭᠡᠰᠢᠵᠦ ᠣᠯᠠᠨ ᠴᠢᠳᠠᠪᠤᠷᠢ ᠲᠠᠢ︾ ᠬᠦᠳᠡᠭᠡ ᠲᠤᠰᠬᠤᠨ ᠤ | ᠪᠠᠭᠰᠢ ᠶᠢ ᠬᠠᠨᠳᠤᠯᠭ᠎ᠠ ᠲᠠᠢ ᠪᠠᠷ ᠬᠦᠮᠦᠵᠢᠭᠦᠯᠦᠨ᠎ᠡ᠃ ︽ᠰᠦᠢᠳᠭᠡᠯ ᠬᠡᠯᠲᠦᠷᠢᠭᠦᠯᠦᠨ ᠬᠠᠨᠳᠤᠯᠭ᠎ᠠ ᠲᠠᠢ ᠪᠠᠷ ᠪᠠᠭᠰᠢ | ᠬᠦᠮᠦᠵᠢᠭᠦᠯᠬᠦ ᠲᠦᠯᠦᠪᠯᠡᠭᠡ︾ ᠪᠠᠷ ᠡᠯᠰᠡᠭᠳᠡᠭᠰᠡᠨ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠤ | ᠰᠤᠷᠤᠯᠭ᠎ᠠ ᠶᠢᠨ ᠰᠦᠢᠳᠭᠡᠯ᠂ ᠬᠤᠨᠤᠭ ᠤᠨ ᠵᠠᠷᠤᠳᠠᠯ ᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠠᠴᠠ ᠡᠭᠦᠷᠭᠡᠯᠡᠨ᠎ᠡ᠃ ᠲᠡᠭᠦᠰᠦᠭᠰᠡᠨ ᠤ ᠳᠠᠷᠠᠭ᠎ᠠ᠂ ᠲᠣᠷᠰᠢᠨ ᠶᠠᠷᠢᠬᠤ ᠪᠠ ᠬᠢᠨᠠᠨ ᠰᠢᠯᠭᠠᠭᠠᠳ ᠬᠢᠷᠢ | ᠲᠡᠩᠴᠡᠭᠰᠡᠳ ᠢ ᠳᠡᠭᠡᠷ᠎ᠡ ᠳᠤᠷᠠᠳᠤᠭᠰᠠᠨ ᠭᠡᠷ᠎ᠡ ᠶᠤᠰᠤᠭᠠᠷ ᠬᠦᠳᠡᠭᠡ ᠲᠤᠰᠬᠤᠨ ᠤ ᠰᠤᠷᠭᠠᠭᠤᠯᠢ ᠳᠤ ᠰᠢᠭᠤᠳ | ᠬᠤᠪᠢᠶᠠᠷᠢᠯᠠᠨ ᠪᠠᠭᠰᠢᠯᠠᠭᠤᠯᠵᠤ᠂ ᠲᠤᠰ ᠭᠠᠵᠠᠷ ᠣᠷᠣᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ | ᠬᠠᠷᠢᠭᠤᠴᠠᠵᠤ ᠣᠷᠣᠨ ᠲᠤᠭ᠎ᠠ ᠶᠢ ᠨᠠᠶᠢᠳᠠᠪᠤᠷᠢᠵᠢᠭᠤᠯᠤᠨ᠂ ᠴᠠᠯᠢᠩ ᠬᠦᠯᠦᠰᠦ ᠶᠢ ᠨᠢ ᠡᠳ᠋ ᠤᠨ ᠵᠠᠰᠠᠭ ᠲᠤ | ᠣᠷᠤᠭᠤᠯᠤᠨ ᠨᠢᠭᠡᠲᠦᠯᠲᠡᠢ ᠪᠠᠷ ᠤᠯᠭᠤᠨ᠎ᠠ᠃ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠥᠯᠦᠪᠯᠡᠭᠡ ᠶᠢ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠠᠴᠠ ᠰᠤᠷᠭᠠᠨ ᠬᠦᠮᠦᠵᠢᠯ ᠤᠨ ᠶᠠᠮᠦᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠢᠭᠡᠲᠦᠯᠲᠡᠢ ᠪᠠᠷ ᠳᠣᠷᠤᠭᠰᠢ ᠪᠠᠭᠤᠯᠭᠠᠨ᠎ᠠ᠃ | 4᠂ ᠬᠤᠲᠠ ᠪᠠᠯᠭᠠᠰᠤ ᠶᠢᠨ ᠰᠢᠯᠢᠳᠡᠭ ᠪᠠᠭᠰᠢ ᠶᠢᠨ ᠬᠦᠳᠡᠭᠡ ᠲᠤᠰᠬᠤᠨ ᠤ ᠰᠤᠷᠭᠠᠭᠤᠯᠢ ᠲᠡᠰᠢ ᠰᠢᠯᠵᠢᠬᠦ ᠶᠢ | ᠠᠬᠢᠭᠤᠯᠤᠨ᠎ᠠ᠃ ᠡᠯ᠎ᠡ ᠭᠠᠵᠠᠷ ᠣᠷᠣᠨ ᠨᠤᠭᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠪᠴᠢᠶᠡᠨ | ᠳᠤᠲᠤᠷᠠᠬᠢ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠰᠣᠯᠢᠯᠴᠠᠬᠤ | ᠠᠵᠢᠯ ᠢ ᠦᠷᠨᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠲᠦᠯᠦᠪᠯᠡᠨ᠂ ᠲᠤᠰ ᠭᠠᠵᠠᠷ ᠣᠷᠣᠨ ᠤ ᠬᠡᠷᠡᠭᠵᠢᠭᠦᠯᠬᠦ ᠠᠷᠭ᠎ᠠ ᠪᠠᠨ ᠵᠦᠢ ᠵᠣᠬᠢᠰᠲᠠᠢ ᠲᠣᠭᠲᠠᠭᠠᠨ᠎ᠠ | ᠃ 2016 ᠣᠨ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠪᠴᠢᠶᠡᠨ ᠳᠤᠲᠤᠷᠠᠬᠢ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠰᠤᠯᠢᠯᠴᠠᠬᠤ ᠠᠵᠢᠯ ᠢ ᠪᠦᠬᠦ | ᠲᠠᠯ᠎ᠠ ᠪᠠᠷ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ | ᠵᠠᠬᠢᠷᠤᠯ ᠪᠠ ᠪᠠᠭᠰᠢ ᠶᠢᠨ ᠰᠤᠯᠢᠯᠴᠠᠬᠤ ᠠᠵᠢᠯ ᠤᠨ ᠬᠡᠪᠰᠢᠯᠳᠠ᠂ ᠳᠦᠷᠢᠮᠵᠢᠯᠲᠡ ᠶᠢ ᠪᠡᠶᠡᠯᠡᠭᠦᠯᠦᠨ᠂ ᠬᠦᠳᠡᠭᠡ | ᠲᠤᠰᠬᠤᠨ ᠤ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠪᠦᠲᠦᠮᠵᠢᠲᠡᠢ ᠳᠡᠭᠡᠭᠰᠢᠯᠡᠭᠦᠯᠦᠨ᠎ᠡ᠃ | 5᠂ ᠰᠢᠯᠢᠳᠡᠭ ᠪᠠᠭᠰᠢ ᠶᠢᠨ ᠬᠦᠳᠡᠭᠡ ᠲᠤᠰᠬᠤᠨ ᠤ ᠰᠤᠷᠭᠠᠭᠤᠯᠢ ᠳᠤ ᠣᠴᠢᠵᠤ ᠵᠢᠭᠠᠨ ᠰᠤᠷᠭᠠᠵᠦ | ᠳᠡᠮᠵᠢᠬᠦ ᠶᠢ ᠵᠣᠷᠢᠬᠵᠢᠭᠤᠯᠤᠨ᠎ᠠ᠃ ᠡᠯ᠎ᠡ ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠲᠤᠰ ᠭᠠᠵᠠᠷ | ᠣᠷᠣᠨ ᠤ ᠪᠣᠲᠠᠲᠠᠢ ᠪᠠᠶᠢᠳᠠᠯ ᠢᠶᠠᠨ ᠦᠨᠳᠦᠰᠦᠯᠡᠨ᠂ ᠣᠨᠴᠠ ᠳᠡᠰ ᠤᠨ ᠪᠠᠭᠰᠢ᠂ ᠳᠡᠭᠡᠳᠦ ᠵᠡᠷᠬᠡ ᠶᠢᠨ ᠪᠠᠭᠰᠢ᠂ | ᠰᠢᠨᠵᠢᠯᠡᠭᠡᠨ ᠤ ᠳᠠᠭᠠᠭᠤᠯᠤᠭᠴᠢ ᠵᠡᠷᠭᠡ ᠰᠢᠯᠢᠳᠡᠭ ᠪᠠᠭᠰᠢ ᠶᠢᠨ ︽ᠰᠤᠷᠭᠠᠨ ᠬᠦᠮᠦᠵᠢᠯ ᠢ ᠬᠦᠳᠡᠭᠡ ᠳᠤ ᠬᠦᠷᠭᠡᠬᠦ︾ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠦᠷᠨᠢᠭᠦᠯᠦᠨ᠎ᠡ᠃ 2016 ᠣᠨ ᠠᠴᠠ | ᠡᠬᠢᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠲᠠ ᠲᠣᠭᠤᠷᠢᠭ ᠤᠨ | ᠴᠢᠨᠠᠷᠯᠢᠭ ᠰᠠᠶᠢᠨ ᠰᠤᠷᠭᠠᠭᠤᠯᠢ ᠨᠢ ᠵᠢᠯ ᠪᠦᠷᠢ ᠲᠤᠰ ᠣᠷᠣᠨ ᠤ ᠬᠡᠪᠴᠢᠶᠡᠨ ᠳᠤᠲᠤᠷᠠᠬᠢ ᠨᠢᠭᠡ ᠪᠣᠶᠣ ᠣᠯᠠᠨ | ᠬᠦᠳᠡᠭᠡ ᠲᠤᠰᠬᠤᠨ ᠤ ᠰᠤᠷᠭᠠᠭᠤᠯᠢ ᠶᠢ ᠴᠢᠬ ᠲᠣᠭᠲᠠᠭᠠᠨ ᠬᠠᠪᠰᠤᠷᠤᠨ ᠲᠡᠳᠭᠦᠨ᠎ᠡ᠃ ᠡᠯ᠎ᠡ ᠠᠶᠢᠮᠠᠭ | ᠬᠤᠲᠠ ᠨᠤᠭᠤᠳ ᠵᠢᠭᠠᠨ ᠰᠤᠷᠭᠠᠯᠲᠠ ᠶᠢᠨ ᠨᠡᠷᠡᠲᠦ ᠪᠠᠭᠰᠢ ᠶᠢᠨ ᠠᠵᠢᠯ ᠤᠨ ᠲᠠᠰᠤᠭ ᠢ ᠪᠠᠶᠢᠭᠤᠯᠵᠤ᠂ | ᠪᠦᠷᠢᠯᠳᠦᠭᠦᠨ ᠭᠡᠰᠢᠭᠦᠨ ᠳᠤ ᠨᠢ ᠡᠷᠬᠡᠪᠰᠢ ᠬᠦᠳᠡᠭᠡ ᠲᠤᠰᠬᠤᠨ ᠤ ᠪᠠᠭᠰᠢ ᠶᠢᠨ ᠲᠦᠯᠦᠭᠡᠯᠡᠭᠴᠢ ᠪᠠᠶᠢᠬᠤ ᠬᠡᠷᠡᠭᠲᠡᠢ᠃ | ᠴᠢᠨᠠᠷᠯᠢᠭ ᠰᠠᠶᠢᠨ ᠰᠤᠷᠭᠠᠭᠤᠯᠢ ᠶᠢᠨ ᠬᠠᠪᠰᠤᠷᠤᠨ ᠲᠡᠳᠭᠦᠬᠦ ᠪᠠ ᠵᠢᠭᠠᠨ ᠰᠤᠷᠭᠠᠯᠲᠠ ᠶᠢᠨ ᠨᠡᠷᠡᠲᠦ ᠪᠠᠭᠰᠢ ᠶᠢᠨ | ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ ᠪᠠᠷ ᠳᠠᠮᠵᠢᠨ᠂ ᠬᠦᠳᠡᠭᠡ ᠲᠤᠰᠬᠤᠨ ᠤ ᠪᠠᠭᠰᠢ ᠶᠢᠨ | ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠡᠯ᠎ᠡ ᠭᠠᠵᠠᠷ | ᠣᠷᠣᠨ ᠨᠤᠭᠤᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ᠂ ᠠᠵᠢᠯ ᠠᠴᠠ ᠪᠠᠨ ᠪᠠᠭᠤᠭᠰᠠᠨ ᠰᠢᠯᠢᠳᠡᠭ | ᠪᠠᠭᠰᠢ ᠪᠣᠯᠣᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠲᠠᠢ ᠬᠦᠮᠦᠰ ᠤᠨ ᠦᠯᠡᠬᠦᠤ ᠴᠢᠳᠠᠯ ᠨᠦᠯᠦᠭᠡ ᠶᠢ ᠨᠢ | ᠭᠦᠢᠴᠡᠳ ᠪᠠᠳᠠᠷᠠᠭᠤᠯᠵᠤ᠂ ᠬᠤᠲᠠ ᠪᠠᠯᠭᠠᠰᠤ ᠶᠢᠨ ᠠᠵᠢᠯ ᠠᠴᠠ ᠪᠠᠨ ᠪᠠᠭᠤᠭᠰᠠᠨ ᠣᠨᠴᠠ ᠳᠡᠰ ᠤᠨ ᠪᠠᠭᠰᠢ᠂ | ᠳᠡᠭᠡᠳᠦ ᠵᠡᠷᠬᠡ ᠶᠢᠨ ᠪᠠᠭᠰᠢ ᠪᠣᠯᠣᠨ ᠲᠡᠬᠡᠳᠤ ᠵᠡᠷᠬᠡ ᠶᠢᠨ ᠲᠤᠰᠬᠠᠢ ᠮᠡᠷᠭᠡᠵᠢᠯ ᠲᠠᠢ ᠬᠦᠮᠦᠰ ᠤᠨ ᠲᠤᠰ ᠪᠡᠶ᠎ᠡ ᠨᠢ | ᠨᠦᠬᠦᠴᠡᠯ ᠪᠣᠯᠣᠮᠵᠢ ᠲᠠᠢ ᠪᠠ ᠬᠤᠪᠢ ᠬᠦᠮᠦᠨ ᠤ ᠰᠠᠶᠢᠨ ᠳᠤᠷ᠎ᠠ ᠠᠴᠠ ᠪᠠᠨ ᠪᠠᠶᠢᠬᠤ ᠰᠠᠭᠤᠷᠢᠨ ᠳᠡᠭᠡᠷ᠎ᠡ ᠬᠦᠳᠡᠭᠡ | ᠲᠤᠰᠬᠤᠨ ᠤ ᠰᠤᠷᠭᠠᠭᠤᠯᠢ ᠳᠤ ᠣᠴᠢᠵᠤ ᠵᠢᠭᠠᠨ ᠰᠤᠷᠭᠠᠬᠤ ᠶᠢ ᠳᠡᠮᠵᠢᠨ ᠡᠷᠳᠡᠮ ᠰᠢᠨᠵᠢᠯᠡᠭᠡᠨ ᠤ ᠶᠠᠷᠢᠶ᠎ᠠ | ᠲᠠᠯᠪᠢᠬᠤ ᠶᠢ ᠵᠣᠷᠢᠬᠵᠢᠭᠤᠯᠵᠤ᠂ ᠵᠢᠭᠠᠨ ᠰᠤᠷᠭᠠᠬᠤ ᠶᠢ ᠳᠡᠮᠵᠢᠨ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ | ᠪᠠᠭᠰᠢ ᠳᠤ ᠵᠣᠬᠢᠬᠤ ᠠᠵᠢᠯ ᠤᠨ ᠨᠦᠬᠦᠪᠦᠷᠢ ᠣᠯᠭᠤᠨ᠎ᠠ᠃ | ︵ᠭᠤᠷᠪᠠ︶ ᠬᠦᠳᠡᠭᠡ ᠲᠤᠰᠬᠤᠨ ᠤ ᠪᠠᠭᠰᠢ ᠶᠢᠨ ᠣᠯᠭᠤᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ | 1᠂ ᠬᠦᠳᠡᠭᠡ ᠲᠤᠰᠬᠤᠨ ᠤ ᠪᠠᠭᠰᠢ ᠨᠠᠷ ᠲᠤ ᠨᠦᠬᠦᠪᠦᠷᠢ ᠥᠭᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠨᠤᠭᠤᠳ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ | ᠬᠦᠳᠡᠭᠡ ᠲᠤᠰᠬᠤᠨ ᠤ ᠪᠠᠭᠰᠢ ᠶᠢᠨ ᠴᠠᠯᠢᠩ ᠤᠨ ᠣᠯᠭᠤᠮᠵᠢ ᠶᠢ ᠨᠠᠶᠢᠳᠠᠪᠤᠷᠢᠵᠢᠭᠤᠯᠵᠤ᠂ ᠬᠠᠤᠯᠢ ᠶᠤᠰᠤᠭᠠᠷ | ᠬᠦᠳᠡᠭᠡ ᠲᠤᠰᠬᠤᠨ ᠤ ᠪᠠᠭᠰᠢ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠪᠣᠯᠣᠨ ᠡᠯ᠎ᠡ | ᠵᠦᠢᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠬᠦᠳᠡᠭᠡ ᠲᠤᠰᠬᠤᠨ ᠤ ᠪᠠᠭᠰᠢ ᠶᠢᠨ ᠳᠤᠮᠳᠠᠴᠢ ᠴᠠᠯᠢᠩ ᠤᠨ ᠬᠢᠷᠢ ᠬᠡᠮᠵᠢᠶ᠎ᠡ ᠶᠢ ᠲᠣᠬᠠᠢ ᠶᠢᠨ | ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ | ᠪᠠᠲᠤᠯᠠᠨ᠎ᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠭᠡᠯᠲᠡᠰ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ | ︽ᠪᠦᠬᠦ ᠣᠷᠣᠨ ᠤ ᠰᠤᠮᠤ ᠰᠢᠶᠠᠩ ᠪᠠᠯᠭᠠᠰᠤ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠳᠤ ᠰᠤᠮᠤ ᠰᠢᠶᠠᠩ ᠪᠠᠯᠭᠠᠰᠤ ᠶᠢᠨ ᠠᠵᠢᠯ ᠤᠨ ᠨᠦᠬᠦᠪᠦᠷᠢ ᠶᠢ ᠬᠡᠷᠡᠭᠵᠢᠭᠦᠯᠬᠦ ᠲᠣᠬᠠᠢ ᠮᠡᠳᠡᠭᠳᠡᠯ︾ ︵ | ᠦᠪᠦᠷ ᠬᠦᠮᠦᠨ ᠨᠡᠶᠢᠭᠡᠮ ᠲᠠᠷᠬᠠᠭᠠᠭᠰᠠᠨ ﹇2015﹈ 61 ᠳ᠋ᠤᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ | ᠂ ᠬᠦᠳᠡᠭᠡ ᠲᠤᠰᠬᠤᠨ ᠤ ᠪᠠᠭᠰᠢ ᠶᠢᠨ ᠠᠵᠢᠯ ᠤᠨ ᠨᠦᠬᠦᠪᠦᠷᠢ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ | ᠣᠷᠣᠨ ᠨᠤᠭᠤᠳ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠨᠠᠨ | ᠲᠣᠭᠲᠠᠭᠠᠬᠤ ᠳᠠᠭᠠᠨ ᠬᠦᠳᠡᠭᠡ ᠲᠤᠰᠬᠤᠨ ᠤ ᠪᠠᠭᠰᠢ ᠳᠤ ᠤᠯᠠᠮ ᠨᠢᠭᠡ ᠠᠯᠬᠤᠮ ᠬᠡᠯᠪᠠᠶᠢᠯᠭᠡᠵᠦ᠂ ᠬᠦᠳᠡᠭᠡ | ᠲᠤᠰᠬᠤᠨ ᠤ ᠪᠠᠭᠰᠢ ᠶᠢᠨ ᠴᠠᠯᠢᠩ ᠤᠨ ᠣᠯᠭᠤᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠦᠪᠡᠷᠲᠡᠭᠡᠨ | ᠵᠠᠰᠠᠬᠤ ᠣᠷᠣᠨ ᠠᠴᠠ ᠬᠦᠳᠡᠭᠡ ᠲᠤᠰᠬᠤᠨ ᠤ ᠪᠠᠭᠰᠢ ᠶᠢᠨ ᠠᠵᠢᠯ ᠤᠨ ᠪᠠᠶᠢᠷᠢ ᠶᠢᠨ ᠨᠦᠬᠦᠪᠦᠷᠢ ᠶᠢᠨ ᠪᠣᠲᠠᠲᠠᠢ | ᠠᠷᠭ᠎ᠠ ᠶᠢ ᠲᠣᠭᠲᠠᠭᠠᠬᠤ ᠶᠢᠨ ᠬᠠᠮᠲᠤ᠂ ᠬᠦᠳᠡᠭᠡ ᠲᠤᠰᠬᠤᠨ ᠤ ᠪᠠᠭᠰᠢ ᠶᠢᠨ ᠣᠯᠭᠤᠮᠵᠢ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶᠢᠯᠠᠨ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠭᠰᠠᠨ | ᠪᠠᠶᠢᠳᠠᠯ ᠢᠶᠠᠨ ᠴᠠᠭ ᠲᠣᠬᠠᠢ ᠳᠤᠨᠢ ᠮᠡᠳᠡᠭᠡᠯᠡᠨ᠂ ᠴᠠᠭ ᠳᠤᠨᠢ ᠲᠣᠬᠢᠷᠠᠭᠤᠯᠤᠨ ᠨᠡᠶᠢᠭᠡᠮ ᠨᠡᠶᠢᠲᠡ ᠳᠤ ᠨᠡᠶᠢᠲᠡᠯᠡᠨ᠎ᠡ᠃ | 2᠂ ᠬᠦᠳᠡᠭᠡ ᠲᠤᠰᠬᠤᠨ ᠤ ᠪᠠᠭᠰᠢ ᠶᠢᠨ ᠲᠦᠷ ᠲᠤᠬᠢᠷᠠᠭᠤᠯᠤᠨ ᠰᠠᠭᠤᠯᠭᠠᠬᠤ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠦᠨᠡᠨᠬᠦ ᠪᠣᠲᠠᠲᠠᠢ | ᠠᠷᠭ᠎ᠠ ᠬᠡᠮᠵᠢᠶ᠎ᠡ ᠠᠪᠴᠤ ᠪᠠᠶᠢᠭᠠᠳ᠂ ᠰᠤᠯᠠ ᠲᠠᠯᠪᠢᠵᠤ ᠪᠠᠶᠢᠭ᠎ᠠ ᠰᠤᠷᠭᠠᠭᠤᠯᠢ ᠶᠢᠨ ᠪᠠᠶᠢᠷᠢ ᠶᠢ ᠠᠰᠢᠭᠯᠠᠨ | ᠪᠠᠭᠰᠢ ᠶᠢᠨ ᠲᠦᠷ ᠲᠤᠬᠢᠷᠠᠭᠤᠯᠤᠨ ᠰᠠᠭᠤᠯᠭᠠᠬᠤ ᠪᠠᠶᠢᠷᠢ ᠶᠢᠨ ᠭᠡᠷ ᠪᠣᠯᠭᠠᠨ ᠦᠭᠡᠷᠡᠴᠢᠯᠡᠨ ᠰᠢᠨᠡᠳᠭᠡᠬᠦ᠂ ᠰᠢᠨ᠎ᠡ ᠪᠠᠷ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠦᠳᠡᠭᠡ ᠲᠤᠰᠬᠤᠨ ᠤ ᠰᠤᠷᠭᠠᠭᠤᠯᠢ ᠶᠢᠨ ᠲᠦᠷ ᠲᠤᠬᠢᠷᠠᠭᠤᠯᠤᠨ | ᠰᠠᠭᠤᠯᠭᠠᠬᠤ ᠪᠠᠶᠢᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠭᠡᠵᠦ᠂ ᠬᠦᠳᠡᠭᠡ | ᠲᠤᠰᠬᠤᠨ ᠤ ᠪᠠᠭᠰᠢ ᠶᠢᠨ ᠲᠦᠷ ᠲᠤᠬᠢᠷᠠᠭᠤᠯᠤᠨ ᠰᠠᠭᠤᠯᠭᠠᠬᠤ ᠪᠠᠶᠢᠷᠢ ᠶᠢᠨ ᠭᠡᠷ ᠤᠨ ᠠᠰᠠᠭᠤᠳᠠᠯ ᠢ ᠲᠦᠢᠯᠪᠤᠷᠢᠳᠠᠢ | ᠰᠢᠢᠳᠪᠦᠷᠢᠯᠡᠨ᠂ ᠬᠦᠳᠡᠭᠡ ᠲᠤᠰᠬᠤᠨ ᠤ ᠰᠤᠷᠭᠠᠭᠤᠯᠢ ᠳᠤ ᠰᠣᠯᠢᠯᠴᠠᠨ ᠣᠴᠢᠭᠰᠠᠨ ᠵᠠᠬᠢᠷᠤᠯ ᠪᠠ ᠪᠠᠭᠰᠢ ᠳᠤ | ᠠᠮᠢᠳᠤᠷᠠᠯ ᠤᠨ ᠪᠠᠲᠤᠯᠠᠭ᠎ᠠ ᠬᠠᠩᠭᠠᠬᠤ ᠶᠢᠨ ᠬᠠᠮᠲᠤ᠂ ᠡᠯ᠎ᠡ ᠭᠠᠵᠠᠷ ᠣᠷᠣᠨ ᠨᠤᠭᠤᠳ ᠬᠤᠯᠪᠣᠭᠳᠠᠯ ᠪᠦᠬᠦᠢ | ᠲᠣᠭᠲᠠᠭᠠᠯ ᠶᠤᠰᠤᠭᠠᠷ᠂ ᠨᠦᠬᠦᠴᠡᠯ ᠳᠤ ᠨᠡᠶᠢᠴᠡᠭᠰᠡᠨ ᠬᠦᠳᠡᠭᠡ ᠲᠤᠰᠬᠤᠨ ᠤ ᠪᠠᠭᠰᠢ ᠶᠢᠨ ᠰᠠᠭᠤᠬᠤ ᠭᠡᠷ | ᠪᠠᠶᠢᠰᠢᠩ ᠢ ᠲᠤᠰ ᠭᠠᠵᠠᠷ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠡᠭᠡᠨ ᠣᠷᠤᠭᠤᠯᠵᠤ᠂ | ᠨᠢᠭᠡᠲᠦᠯᠲᠡᠢ ᠲᠦᠯᠦᠪᠯᠡᠨ ᠰᠢᠢᠳᠪᠦᠷᠢᠯᠡᠨ᠎ᠡ᠃ | 3᠂ ᠬᠦᠳᠡᠭᠡ ᠲᠤᠰᠬᠤᠨ ᠤ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠬᠦᠳᠡᠭᠡ ᠲᠤᠰᠬᠤᠨ ᠤ ᠰᠤᠷᠭᠠᠭᠤᠯᠢ ᠶᠢᠨ ᠬᠤᠲᠠ | ᠲᠤᠭᠤᠷᠢᠭ ᠯᠤᠭ᠎ᠠ ᠶᠢᠨ ᠠᠳᠠᠯᠢ ᠰᠤᠷᠤᠯᠭ᠎ᠠ ᠶᠢᠨ ᠱᠠᠲᠤ ᠦᠶ᠎ᠡ ᠶᠢᠨ ᠰᠤᠷᠭᠠᠭᠤᠯᠢ ᠶᠢᠨ ᠳᠡᠭᠡᠳᠦ᠂ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠠᠳᠠᠯᠢᠬᠠᠨ ᠪᠠᠶᠢᠯᠭᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠤᠳ ᠶᠡᠷᠦᠩᠬᠡᠢ ᠬᠡᠮᠵᠢᠶ᠎ᠡ ᠶᠢ ᠡᠵᠡᠮᠳᠡᠵᠦ᠂ ᠰᠤᠷᠭᠠᠨ ᠬᠦᠮᠦᠵᠢᠯ ᠤᠨ ᠰᠠᠯᠠᠭ᠎ᠠ | ᠮᠦᠴᠢᠷ ᠤᠳ ᠬᠦᠳᠡᠯᠦᠩᠭᠦᠢ ᠪᠠᠷ ᠲᠣᠬᠢᠷᠠᠭᠤᠯᠬᠤ︾ ᠵᠠᠷᠴᠢᠮ ᠶᠣᠰᠤᠭᠠᠷ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠬᠢᠨᠠᠨ ᠲᠣᠭᠲᠠᠭᠠᠭᠰᠠᠨ ᠪᠠᠭᠰᠢ ᠶᠢᠨ ᠲᠤᠰᠬᠠᠢ ᠮᠡᠷᠭᠡᠵᠢᠯ ᠤᠨ | ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶᠡᠨ ᠳᠤᠲᠤᠷ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠨᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠡᠷᠡᠭᠴᠡᠭᠡ ᠱᠠᠭᠠᠷᠳᠠᠯᠭ᠎ᠠ | ᠂ ᠪᠠᠭᠰᠢ ᠶᠢᠨ ᠬᠤᠪᠢᠷᠠᠯᠲᠠ ᠵᠡᠷᠭᠡ ᠪᠠᠶᠢᠳᠠᠯ ᠢ ᠦᠨᠳᠦᠰᠦᠯᠡᠨ᠂ ᠨᠢᠭᠡᠲᠦᠯᠲᠡᠢ ᠲᠦᠯᠦᠪᠯᠡᠨ ᠲᠣᠬᠢᠷᠠᠭᠤᠯᠵᠤ | ᠬᠡᠷᠡᠭᠯᠡᠬᠦ ᠶᠢᠨ ᠬᠠᠮᠲᠤ᠂ ᠵᠣᠬᠢᠬᠤ ᠬᠠᠷᠢᠴᠠᠯ ᠢᠶᠠᠷ ᠳᠡᠭᠡᠳᠦ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠠᠵᠢᠯ ᠤᠨ ᠪᠠᠶᠢᠷᠢ ᠶᠢ ᠤᠷᠢᠳᠴᠢᠯᠡᠨ ᠦᠯᠡᠳᠡᠭᠡᠵᠦ᠂ ᠵᠠᠬᠢᠷᠤᠯ ᠪᠠ ᠪᠠᠭᠰᠢ ᠶᠢᠨ ᠰᠣᠯᠢᠯᠴᠠᠭᠠᠨ ᠤ ᠠᠵᠢᠯ ᠳᠤ | ᠲᠤᠰᠬᠠᠶᠢᠯᠠᠨ ᠬᠡᠷᠡᠭᠯᠡᠵᠦ᠂ ᠬᠤᠲᠠ ᠪᠠᠯᠭᠠᠰᠤ ᠶᠢᠨ ᠰᠤᠷᠭᠠᠭᠤᠯᠢ ᠶᠢᠨ ᠰᠢᠯᠢᠳᠡᠭ ᠵᠠᠬᠢᠷᠤᠯ ᠪᠠ ᠪᠠᠭᠰᠢ ᠶᠢᠨ ᠬᠦᠳᠡᠭᠡ | ᠲᠤᠰᠬᠤᠨ ᠤ ᠰᠤᠷᠭᠠᠭᠤᠯᠢ ᠳᠤ ᠣᠴᠢᠵᠤ ᠲᠤᠰᠢᠶᠠᠯ ᠬᠠᠷᠢᠭᠤᠴᠠᠨ ᠪᠠᠭᠰᠢᠯᠠᠬᠤ ᠶᠢ ᠵᠣᠷᠢᠬᠵᠢᠭᠤᠯᠤᠨ᠎ᠠ᠃ ᠬᠦᠳᠡᠭᠡ | ᠲᠤᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠰᠤᠷᠭᠠᠨ ᠬᠦᠮᠦᠵᠢᠯ ᠤᠨ ᠵᠢᠭᠠᠨ | ᠰᠤᠷᠭᠠᠯᠲᠠ ᠶᠢᠨ ᠠᠵᠢᠯ ᠢ ᠦᠷᠭᠦᠯᠵᠢᠯᠡᠨ ᠬᠢᠭᠡᠳ ᠪᠦᠬᠦᠯᠢ 25 ᠵᠢᠯ ᠪᠣᠯᠣᠭᠰᠠᠨ᠂ ᠳᠡᠭᠡᠳᠦ᠂ ᠳᠤᠮᠳᠠ ᠵᠡᠷᠭᠡ ᠶᠢᠨ | ᠲᠤᠰᠬᠠᠢ ᠮᠡᠷᠭᠡᠵᠢᠯ ᠤᠨ ᠬᠢᠷᠢ ᠭᠡᠮ ᠳᠤ ᠬᠦᠷᠲᠡᠭᠰᠡᠨ ᠮᠦᠷᠲᠡᠭᠡᠨ ᠲᠣᠬᠠᠢ ᠶᠢᠨ ᠵᠢᠯ ᠤᠨ ᠵᠢᠯ ᠤᠨ ᠰᠡᠭᠦᠯᠴᠢ ᠳᠤ | ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠪᠠᠭᠤᠬᠤ ᠨᠠᠰᠤ ᠨᠢ 3 ᠵᠢᠯ ᠳᠤᠲᠠᠭᠤ ᠪᠠᠶᠢᠬᠤ ᠪᠠᠴᠢᠮ ᠲᠤᠳᠠᠭᠳᠠᠵᠤ | ᠪᠠᠶᠢᠭ᠎ᠠ ᠰᠢᠨᠵᠢᠯᠡᠭᠡᠨ ᠤ ᠰᠢᠯᠢᠳᠡᠭ ᠪᠠᠭᠰᠢ ᠶᠢ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ | ᠲᠤᠭ᠎ᠠ ᠳᠤ ᠬᠢᠵᠠᠭᠠᠷᠯᠠᠭᠳᠠᠬᠤ ᠦᠭᠡᠢ ᠪᠠᠷ ᠵᠣᠬᠢᠬᠤ ᠠᠵᠢᠯ ᠤᠨ ᠪᠠᠶᠢᠷᠢ ᠳᠤ ᠤᠷᠢᠨ ᠬᠡᠷᠡᠭᠯᠡᠵᠦ᠂ ᠬᠦᠳᠡᠭᠡ | ᠲᠤᠰᠬᠤᠨ ᠤ ᠰᠢᠯᠢᠳᠡᠭ ᠪᠠᠭᠰᠢ ᠶᠢᠨ ᠬᠦᠳᠡᠭᠡ ᠲᠤᠰᠬᠤᠨ ᠤ ᠰᠤᠷᠭᠠᠭᠤᠯᠢ ᠳᠤ ᠤᠷᠲᠤ ᠬᠤᠭᠤᠴᠠᠭ᠎ᠠ ᠪᠠᠷ | ᠪᠠᠭᠰᠢᠯᠠᠬᠤ ᠶᠢ ᠵᠣᠷᠢᠬᠵᠢᠭᠤᠯᠤᠨ᠎ᠠ᠃ | 4᠂ ᠬᠦᠳᠡᠭᠡ ᠲᠤᠰᠬᠤᠨ ᠤ ᠪᠠᠭᠰᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠬᠤ ᠳᠤ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠦᠳᠡᠭᠡ ᠲᠤᠰᠬᠤᠨ ᠤ ᠪᠠᠭᠰᠢ ᠶᠢᠨ ᠲᠤᠰᠬᠠᠢ | ᠮᠡᠷᠭᠡᠵᠢᠯ ᠤᠨ ᠬᠢᠷᠢ ᠭᠡᠮ ᠢ ᠰᠢᠯᠭᠠᠷᠠᠭᠤᠯᠤᠨ ᠲᠣᠭᠲᠠᠭᠠᠬᠤ ᠳᠤ ᠭᠠᠳᠠᠭᠠᠲᠤ ᠬᠡᠯᠡ ᠶᠢᠨ ᠬᠢᠷᠢ ᠪᠦᠲᠦᠮᠵᠢ᠂ ᠦᠭᠦᠯᠡᠯ | ᠨᠡᠶᠢᠲᠡᠯᠡᠭᠰᠡᠨ ᠢ ᠴᠢᠩᠳᠠ ᠱᠠᠭᠠᠷᠳᠠᠯᠭ᠎ᠠ ᠪᠣᠯᠭᠠᠬᠤ ᠦᠭᠡᠢ ᠪᠠᠶᠢᠵᠤ᠂ ᠬᠦᠮᠦᠨ ᠬᠦᠮᠦᠵᠢᠭᠦᠯᠬᠦ ᠪᠠᠷ ᠦᠨᠳᠦᠰᠦ | ᠪᠣᠯᠭᠠᠬᠤ᠂ ᠶᠤᠰᠤ ᠮᠤᠷᠠᠯ ᠤᠨ ᠬᠦᠮᠦᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠭᠰᠢ ᠶᠢᠨ ᠶᠤᠰᠤ | ᠮᠤᠷᠠᠯ ᠤᠨ ᠪᠣᠯᠪᠠᠰᠤᠷᠠᠯ ᠢ ᠴᠢᠬᠤᠯᠠᠴᠢᠯᠠᠨ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ | ᠠᠮᠵᠢᠯᠲᠠ ᠶᠢ ᠴᠢᠬᠤᠯᠠᠴᠢᠯᠠᠵᠤ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠷᠭ᠎ᠠ ᠮᠠᠶ᠋ᠢᠭ ᠢ ᠴᠢᠬᠤᠯᠠᠴᠢᠯᠠᠨ᠂ | ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠤᠨ ᠦᠢᠯᠡᠳᠦᠯᠭᠡ ᠶᠢᠨ ᠦᠩᠭᠡᠷᠡᠯᠲᠡ ᠶᠢ | ᠴᠢᠬᠤᠯᠠᠴᠢᠯᠠᠨ᠎ᠠ᠃ ᠬᠤᠲᠠ ᠪᠠᠯᠭᠠᠰᠤ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠳᠡᠳ᠋ᠯᠡᠬᠦ ᠳᠡᠭᠡᠳᠦ | ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠬᠢᠷᠢ ᠭᠡᠮ ᠢᠶᠠᠷ ᠳᠠᠪᠰᠢᠬᠤ ᠳᠤ ᠬᠦᠳᠡᠭᠡ ᠲᠤᠰᠬᠤᠨ ᠤ | ᠰᠤᠷᠭᠠᠭᠤᠯᠢ ᠪᠣᠶᠤ ᠨᠦᠬᠦᠴᠡᠯ ᠢᠶᠠᠷ ᠪᠠᠷᠤᠬᠳᠠᠢ ᠰᠤᠷᠭᠠᠭᠤᠯᠢ ᠳᠤ ᠨᠢᠭᠡ ᠵᠢᠯ ᠠᠴᠠ ᠳᠡᠭᠡᠭᠰᠢ ᠪᠠᠭᠰᠢᠯᠠᠭᠰᠠᠨ | ᠦᠩᠭᠡᠷᠡᠯᠲᠡ ᠲᠠᠢ ᠪᠠᠶᠢᠯᠭᠠᠪᠠᠰᠤ ᠵᠣᠬᠢᠨ᠎ᠠ᠃ | 5᠂ ᠬᠦᠳᠡᠭᠡ ᠲᠤᠰᠬᠤᠨ ᠤ ᠪᠠᠭᠰᠢ ᠶᠢᠨ ᠢᠷᠠᠭᠤ ᠠᠯᠳᠠᠷ ᠤᠨ ᠳᠦᠷᠢᠮ ᠢ ᠨᠠᠶᠢᠳᠠᠪᠤᠷᠢᠵᠢᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠦᠳᠡᠭᠡ ᠲᠤᠰᠬᠤᠨ ᠤ | ᠪᠠᠭᠰᠢ ᠶᠢ ᠬᠥᠬᠢᠭᠦᠯᠦᠨ ᠱᠠᠩᠨᠠᠬᠤ ᠡᠷᠴᠢᠮ ᠢᠶᠠᠨ ᠴᠢᠩᠭᠠᠷᠠᠭᠤᠯᠤᠨ᠎ᠠ᠃ ᠦᠪᠡᠷᠲᠡᠭᠡᠨ ᠵᠠᠰᠠᠬᠤ ᠣᠷᠣᠨ ᠠᠴᠠ | ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠬᠦᠳᠡᠭᠡ ᠲᠤᠰᠬᠤᠨ ᠤ ᠰᠤᠷᠭᠠᠭᠤᠯᠢ ᠳᠤ 20 ᠵᠢᠯ ᠵᠢᠭᠠᠨ ᠰᠤᠷᠭᠠᠬᠤ | ᠠᠵᠢᠯ ᠬᠢᠭᠰᠡᠨ ᠪᠠᠭᠰᠢ ᠳᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃ ᠡᠯ᠎ᠡ ᠠᠶᠢᠮᠠᠭ ᠬᠤᠲᠠ ᠨᠢ ᠬᠦᠳᠡᠭᠡ | ᠲᠤᠰᠬᠤᠨ ᠤ ᠰᠤᠷᠭᠠᠭᠤᠯᠢ ᠳᠤ 10 ᠵᠢᠯ ᠠᠴᠠ ᠳᠡᠭᠡᠭᠰᠢ ᠵᠢᠭᠠᠨ ᠰᠤᠷᠭᠠᠬᠤ ᠠᠵᠢᠯ ᠬᠢᠭᠰᠡᠨ ᠪᠠᠭᠰᠢ ᠳᠤ ᠢᠷᠠᠭᠤ | ᠠᠯᠳᠠᠷ ᠤᠨ ᠦᠨᠡᠮᠯᠡᠯ ᠣᠯᠭᠤᠵᠤ ᠵᠣᠷᠢᠬᠵᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠰᠤᠷᠭᠠᠨ ᠬᠦᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠣᠯᠣᠨ ᠲᠡᠷᠢᠭᠦᠨ ᠤ ᠬᠤᠪᠢ ᠬᠦᠮᠦᠨ ᠢ | ᠰᠢᠯᠭᠠᠷᠠᠭᠤᠯᠵᠤ ᠰᠠᠶᠢᠰᠢᠶᠠᠨ ᠬᠦᠬᠢᠭᠦᠯᠬᠦ ᠶᠢ ᠵᠣᠬᠢᠶᠠᠨ ᠪᠠᠶᠢᠭᠤᠯᠤᠨ ᠦᠷᠨᠢᠭᠦᠯᠬᠦ ᠳᠡᠭᠡᠨ ᠬᠦᠳᠡᠭᠡ ᠲᠤᠰᠬᠤᠨ ᠤ | ᠰᠤᠷᠭᠠᠭᠤᠯᠢ ᠪᠣᠯᠣᠨ ᠬᠦᠳᠡᠭᠡ ᠲᠤᠰᠬᠤᠨ ᠤ ᠪᠠᠭᠰᠢ ᠶᠢᠨ ᠡᠵᠡᠯᠡᠬᠦ ᠬᠠᠷᠢᠴᠠᠯ ᠢ 20% ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ ᠨᠡᠶᠢᠭᠡᠮ ᠤᠨ ᠬᠦᠴᠦᠨ ᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠪᠠᠶᠢᠭᠠᠳ ᠲᠤᠰᠬᠠᠢ | ᠰᠠᠭᠤᠷᠢ ᠮᠦᠩᠭᠦ ᠶᠢ ᠪᠠᠶᠢᠭᠤᠯᠵᠤ᠂ ᠬᠦᠳᠡᠭᠡ ᠲᠤᠰᠬᠤᠨ ᠤ ᠰᠤᠷᠭᠠᠭᠤᠯᠢ ᠳᠤ ᠤᠷᠲᠤ ᠬᠤᠭᠤᠴᠠᠭ᠎ᠠ ᠪᠠᠭᠰᠢᠯᠠᠭᠰᠠᠨ | ᠰᠢᠯᠢᠳᠡᠭ ᠪᠠᠭᠰᠢ ᠳᠤ ᠡᠳ᠋ ᠪᠤᠳᠠᠰ ᠤᠨ ᠱᠠᠩᠨᠠᠯ ᠣᠯᠭᠤᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠬᠦᠳᠡᠭᠡ ᠲᠤᠰᠬᠤᠨ ᠤ ᠪᠠᠭᠰᠢ ᠶᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠭᠡ ᠳᠠᠭᠤ ᠦᠭᠡᠢ ᠪᠠᠷ ᠨᠡᠮᠡᠷᠢ | ᠬᠠᠨᠳᠢᠪ ᠦᠵᠡᠭᠦᠯᠦᠭᠰᠡᠨ ᠡᠷᠬᠢᠮ ᠳᠡᠭᠡᠳᠦ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠤᠨ᠂ ᠪᠦᠬᠦ ᠨᠡᠶᠢᠭᠡᠮ ᠳᠤ | ᠬᠦᠳᠡᠭᠡ ᠲᠤᠰᠬᠤᠨ ᠤ ᠰᠤᠷᠭᠠᠨ ᠬᠦᠮᠦᠵᠢᠯ ᠢ ᠬᠠᠷᠠᠭᠠᠯᠵᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ | ᠪᠣᠢ ᠪᠣᠯᠭᠠᠨ᠎ᠠ᠃ | 6᠂ ᠬᠦᠳᠡᠭᠡ ᠲᠤᠰᠬᠤᠨ ᠤ ᠪᠠᠭᠰᠢ ᠶᠢ ᠬᠦᠨᠳᠦ ᠡᠪᠡᠳᠴᠢᠨ ᠠᠴᠠ ᠠᠪᠤᠷᠠᠨ ᠲᠤᠰᠠᠯᠠᠬᠤ ᠳᠦᠷᠢᠮ ᠢ | ᠪᠠᠶᠢᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠤᠨ ᠪᠣᠷᠣ ᠲᠦᠯᠥᠪ ᠳᠣᠲᠤᠷ᠎ᠠ᠂ ᠡᠯ᠎ᠡ ᠭᠠᠵᠠᠷ | ᠣᠷᠣᠨ ᠨᠤᠭᠤᠳ ᠦᠪᠡᠷ ᠤᠨ ᠢᠶᠠᠨ ᠪᠣᠲᠠᠲᠠᠢ ᠲᠠᠢ ᠪᠠᠨ ᠤᠶᠠᠯᠳᠤᠭᠤᠯᠤᠨ᠂ ᠣᠨᠴᠠ ᠬᠦᠨᠳᠦ ᠡᠪᠡᠳᠴᠢᠨ ᠠᠴᠠ | ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠭᠰᠡᠨ ᠬᠦᠳᠡᠭᠡ ᠲᠤᠰᠬᠤᠨ ᠤ ᠪᠠᠭᠰᠢ ᠶᠢ ᠠᠪᠤᠷᠠᠨ ᠲᠤᠰᠠᠯᠠᠬᠤ | ᠬᠡᠪᠴᠢᠶ᠎ᠡ ᠳᠤ ᠣᠷᠤᠭᠤᠯᠤᠨ᠎ᠠ᠃ | ︵ᠳᠥᠷᠪᠡ︶ ᠬᠦᠳᠡᠭᠡ ᠲᠤᠰᠬᠤᠨ ᠤ ᠪᠠᠭᠰᠢ ᠶᠢᠨ ᠴᠢᠳᠠᠪᠤᠷᠢ ᠪᠠ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | 1᠂ ᠬᠦᠳᠡᠭᠡ ᠲᠤᠰᠬᠤᠨ ᠤ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢ ᠳᠡᠮᠵᠢᠬᠦ | ᠦᠢᠯᠡᠴᠢᠯᠡᠭᠡᠨ ᠤ ᠰᠢᠰᠲ᠋ᠧᠮᠵᠢ ᠪᠣᠯᠣᠨ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠬᠦᠳᠡᠭᠡ ᠲᠤᠰᠬᠤᠨ ᠤ ᠪᠠᠭᠰᠢ ᠶᠢᠨ ᠪᠣᠯᠪᠠᠰᠤᠷᠠᠭᠤᠯᠤᠯ ᠢ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮᠵᠢ ᠳᠤ ᠣᠷᠤᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠭᠦᠢᠴᠡᠳᠭᠡᠨ᠂ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠵᠠᠷᠤᠳᠠᠯ ᠤᠨ ᠣᠷᠤᠭᠤᠯᠤᠯᠲᠠ ᠶᠢ ᠪᠠᠲᠤᠯᠠᠨ᠎ᠠ︔ | ᠳᠡᠭᠡᠳᠦ ᠵᠡᠷᠭᠡ ᠶᠢᠨ ᠰᠤᠷᠭᠠᠭᠤᠯᠢ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠪᠠᠭᠰᠢ ᠶᠢᠨ ᠬᠥᠭᠵᠢᠯᠲᠡ ᠶᠢᠨ ᠲᠥᠪ ᠪᠣᠯᠣᠨ ᠳᠤᠮᠳᠠᠳᠤ ᠪᠠᠭ᠎ᠠ ᠰᠤᠷᠭᠠᠭᠤᠯᠢ ᠶᠢᠨ ᠴᠢᠨᠠᠷᠯᠢᠭ ᠰᠠᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠳᠡᠭᠡ ᠲᠤᠰᠬᠤᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠲᠤᠰᠬᠠᠢ | ᠮᠡᠷᠭᠡᠵᠢᠯ ᠤᠨ ᠬᠥᠭᠵᠢᠯᠲᠡ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠦᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠷᠭᠠᠭᠤᠯᠢ ᠳᠦᠷᠪᠡᠨ ᠱᠠᠲᠤ | ᠬᠠᠮᠲᠤᠷᠠᠨ ᠬᠦᠳᠡᠯᠦᠯᠴᠡᠬᠦ ᠬᠦᠳᠡᠭᠡ ᠲᠤᠰᠬᠤᠨ ᠤ ᠪᠠᠭᠰᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠵᠤ᠂ | ᠬᠦᠳᠡᠭᠡ ᠲᠤᠰᠬᠤᠨ ᠤ ᠪᠠᠭᠰᠢ ᠶᠢᠨ ᠰᠢᠰᠲ᠋ᠧᠮ ᠲᠠᠢ ᠪᠣᠯᠪᠠᠰᠤᠷᠠᠭᠤᠯᠤᠯ ᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠨ᠎ᠠ᠃ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠨᠢ ᠨᠢᠭᠡᠲᠦᠯᠲᠡᠢ ᠲᠦᠯᠦᠪᠯᠡᠨ | ᠲᠦᠯᠦᠪᠵᠢᠭᠦᠯᠬᠦ ᠪᠠ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ | 2᠂ ᠬᠦᠳᠡᠭᠡ ᠲᠤᠰᠬᠤᠨ ᠤ ᠪᠠᠭᠰᠢ ᠶᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠠᠴᠠ 2016 ᠣᠨ ᠠᠴᠠ 2020 ᠣᠨ | ᠪᠣᠯᠲᠠᠯᠠᠬᠢ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ | ᠲᠦᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠬᠦᠳᠡᠭᠡ ᠲᠤᠰᠬᠤᠨ ᠤ ᠰᠤᠷᠭᠠᠭᠤᠯᠢ ᠶᠢᠨ ᠵᠠᠬᠢᠷᠤᠯ ᠪᠠ | ᠪᠠᠭᠰᠢ ᠶᠢᠨ ᠪᠣᠯᠪᠠᠰᠤᠷᠠᠭᠤᠯᠤᠯ ᠳᠤ ᠲᠦᠷᠥ ᠶᠢᠨ ᠪᠣᠳᠣᠯᠭ᠎ᠠ ᠶᠢᠨ ᠬᠠᠷᠠᠭᠠᠯᠵᠠᠬᠤ ᠡᠷᠴᠢᠮ ᠢ ᠴᠢᠩᠭᠠᠷᠠᠭᠤᠯᠤᠨ᠂ | 2020 ᠣᠨ ᠪᠣᠯᠬᠤ ᠳᠤ ᠪᠦᠬᠦ ᠣᠷᠣᠨ ᠤ ᠬᠦᠳᠡᠭᠡ ᠲᠤᠰᠬᠤᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠳᠤ | 360 ᠰᠤᠷᠬᠤ ᠴᠠᠭ ᠠᠴᠠ ᠳᠤᠲᠠᠭᠤ ᠦᠭᠡᠢ ᠪᠣᠯᠪᠠᠰᠤᠷᠠᠭᠤᠯᠤᠯ ᠬᠦᠷᠲᠡᠭᠡᠬᠦ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ | ︔ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠠᠵᠢᠯᠲᠠᠨ ᠤ ᠪᠣᠯᠪᠠᠰᠤᠷᠠᠭᠤᠯᠤᠯ ᠢ | ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ | ︶ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠨ ᠬᠡᠷᠡᠭᠵᠢᠭᠦᠯᠦᠨ᠎ᠡ᠃ ︽ᠤᠯᠤᠰ ᠤᠨ | ᠳᠡᠰ ᠤᠨ ᠪᠣᠯᠪᠠᠰᠤᠷᠠᠭᠤᠯᠤᠯ ᠤᠨ ᠲᠦᠯᠦᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ︽ᠬᠦᠳᠡᠭᠡ ᠲᠤᠰᠬᠤᠨ ᠤ | ᠪᠠᠭᠰᠢ ᠶᠢᠨ ᠭᠠᠷᠴᠤ ᠢᠷᠡᠬᠦ᠂ ᠨᠡᠷᠡᠲᠦ ᠰᠢᠯᠢᠳᠡᠭ ᠪᠠᠭᠰᠢ ︵ᠵᠠᠬᠢᠷᠣᠯ︶ ᠶᠢ ᠳᠣᠷᠤᠭᠰᠢ ᠪᠠᠭᠤᠯᠭᠠᠬᠤ᠂ ᠲᠣᠣᠷ | ᠰᠦᠯᠵᠢᠶ᠎ᠡ ᠶᠢᠨ ᠣᠷᠣᠨ ᠵᠠᠢ ᠶᠢ ᠬᠤᠯᠪᠣᠭᠰᠠᠨ︾ ᠪᠣᠯᠪᠠᠰᠤᠷᠠᠭᠤᠯᠵᠤ ᠰᠤᠳᠤᠯᠤᠨ ᠰᠤᠷᠤᠯᠴᠠᠬᠤ ᠠᠷᠭ᠎ᠠ ᠮᠠᠶ᠋ᠢᠭ ᠢᠶᠠᠷ | ᠳᠠᠮᠵᠢᠨ᠂ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ ᠪᠣᠯᠣᠨ ᠪᠤᠲᠠᠳᠤ ᠦᠷ᠎ᠡ ᠪᠦᠲᠦᠮᠵᠢᠲᠦ ᠴᠢᠨᠠᠷ ᠢ | ᠨᠡᠮᠡᠭᠳᠡᠭᠦᠯᠦᠨ᠎ᠡ᠃ ᠬᠦᠳᠡᠭᠡ ᠲᠤᠰᠬᠤᠨ ᠤ ᠰᠤᠷᠭᠠᠭᠤᠯᠢ ᠶᠢᠨ 10000 ᠨᠡᠷᠡᠰ ᠭᠤᠤᠯᠯᠠᠬᠤ ᠵᠠᠬᠢᠷᠤᠯ ᠪᠠ | ᠪᠠᠭᠰᠢ ᠶᠢ ᠭᠤᠣᠯᠳᠠᠯᠭ᠎ᠠ ᠲᠠᠢ ᠰᠤᠩᠭᠤᠨ ᠪᠣᠯᠪᠠᠰᠤᠷᠠᠭᠤᠯᠵᠤ᠂ ᠬᠦᠳᠡᠭᠡ ᠲᠤᠰᠬᠤᠨ ᠳᠤ ᠪᠠᠴᠢᠮ ᠳᠤᠳᠠᠭᠳᠠᠵᠤ | ᠪᠠᠶᠢᠭ᠎ᠠ ᠰᠢᠨᠵᠢᠯᠡᠭᠡᠨ ᠤ ᠪᠠᠭᠰᠢ ᠶᠢᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠦᠳᠡᠭᠡ | ᠲᠤᠰᠬᠤᠨ ᠤ ᠪᠠᠭᠰᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠴᠠᠨ ᠰᠤᠳᠤᠯᠬᠤ ᠶᠢ ᠢᠳᠡᠪᠬᠢᠲᠡᠢ | ᠵᠣᠷᠢᠬᠵᠢᠭᠤᠯᠵᠤ᠂ ᠰᠤᠷᠤᠯᠴᠠᠭᠰᠠᠨ ᠨᠠᠮᠲᠠᠷ ᠤᠨ ᠳᠡᠰ ᠳᠠᠪᠬᠤᠷᠭ᠎ᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | 3᠂ ᠬᠦᠳᠡᠭᠡ ᠲᠤᠰᠬᠤᠨ ᠤ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠦᠳᠡᠭᠡ ᠲᠤᠰᠬᠤᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠮᠡᠳᠡᠭᠡ | ᠵᠠᠩᠬᠢᠵᠢᠯᠲᠠ ᠶᠢᠨ ︽ᠭᠤᠷᠪᠠ ᠶᠢ ᠨᠡᠪᠲᠡᠷᠡᠭᠦᠯᠬᠦ ᠢᠨᠵᠧᠨᠧᠷᠢᠩ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠮᠡᠳᠡᠭᠡ ᠵᠠᠩᠭᠢ ᠶᠢᠨ ᠮᠡᠷᠭᠡᠵᠢᠯ ᠬᠢᠬᠡᠳ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠯᠤᠭ᠎ᠠ | ᠠᠭᠤᠰᠤᠯᠴᠠᠬᠤ ᠶᠢ ᠠᠬᠢᠭᠤᠯᠤᠨ᠂ ᠬᠦᠳᠡᠭᠡ ᠲᠤᠰᠬᠤᠨ ᠤ ᠴᠢᠨᠠᠷᠯᠢᠭ ᠰᠠᠶᠢᠨ ᠵᠢᠭᠠᠨ ᠰᠤᠷᠭᠠᠯᠲᠠ ᠶᠢᠨ ᠡᠬᠢ | ᠪᠠᠶᠠᠯᠢᠭ ᠬᠦᠷᠦᠯᠴᠡᠬᠦ ᠦᠭᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠪᠠ ᠦᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ 2017 ᠣᠨ ᠤ ᠰᠡᠭᠦᠯᠴᠢ ᠠᠴᠠ ᠡᠮᠦᠨ᠎ᠡ᠂ ᠬᠦᠳᠡᠭᠡ | ᠲᠤᠰᠬᠤᠨ ᠤ ᠪᠠᠭᠰᠢ ᠨᠢᠭᠡᠪᠦᠷᠢ ᠳᠤ 50 ᠰᠤᠷᠬᠤ ᠴᠠᠭ ᠠᠴᠠ ᠳᠣᠲᠠᠭᠤ ᠦᠭᠡᠢ ᠪᠠᠷ ᠪᠠᠭᠰᠢ ᠶᠢᠨ ᠮᠡᠳᠡᠭᠡ | ᠵᠠᠩᠭᠢ ᠶᠢᠨ ᠮᠡᠷᠭᠡᠵᠢᠯ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠪᠣᠯᠪᠠᠰᠤᠷᠠᠭᠤᠯᠤᠯ ᠬᠦᠷᠲᠡᠭᠡᠬᠦ ᠶᠢ | ᠪᠡᠶᠡᠯᠡᠭᠦᠯᠵᠦ᠂ ᠬᠦᠳᠡᠭᠡ ᠲᠤᠰᠬᠤᠨ ᠤ ᠪᠠᠭᠰᠢ ᠨᠢᠭᠡᠪᠦᠷᠢ ᠶᠢᠨ ᠬᠢᠴᠢᠶᠡᠯ ᠣᠷᠤᠬᠤ ᠪᠠ ᠡᠳᠦᠷ ᠲᠤᠳᠤᠮ ᠤᠨ | ᠠᠵᠢᠯ ᠤᠨ ᠳᠤᠮᠳᠠ ᠪᠠᠨ ᠮᠡᠳᠡᠭᠡ ᠵᠠᠩᠭᠢ ᠶᠢᠨ ᠮᠡᠷᠭᠡᠵᠢᠯ ᠢ ᠪᠦᠲᠦᠮᠵᠢᠲᠡᠢ ᠬᠡᠷᠡᠭᠯᠡᠬᠦ ᠶᠢ ᠠᠬᠢᠭᠤᠯᠤᠨ᠎ᠠ᠃ | 4᠂ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠠᠵᠢᠯ ᠳᠤ ᠣᠷᠤᠬᠤ ᠠᠴᠠ ᠡᠮᠦᠨᠡᠬᠢ ᠬᠦᠮᠦᠵᠢᠭᠦᠯᠦᠯ | ᠪᠣᠯᠣᠨ ᠰᠢᠨ᠎ᠡ ᠪᠠᠭᠰᠢ ᠶᠢᠨ ᠠᠵᠢᠯ ᠳᠤ ᠣᠷᠤᠬᠤ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠎ᠠ᠃ ᠳᠡᠭᠡᠳᠦ | ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠲᠦᠷᠦᠯ ᠤᠨ ᠳᠡᠭᠡᠳᠦ ᠰᠤᠷᠭᠠᠭᠤᠯᠢ ᠨᠤᠭᠤᠳ ᠪᠠᠭᠰᠢ ᠶᠢᠨ | ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠦᠷᠦᠯ ᠤᠨ ᠲᠤᠰᠬᠠᠢ ᠮᠡᠷᠭᠡᠵᠢᠯ ᠤᠨ ᠰᠤᠷᠤᠭᠴᠢᠳ ᠤᠨ | ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠳᠠᠳᠤᠯᠭ᠎ᠠ ᠶᠢ ᠴᠢᠩᠭᠠᠳᠬᠠᠵᠤ᠂ ᠪᠠᠭᠰᠢ ᠶᠢᠨ ᠰᠤᠷᠭᠠᠭᠤᠯᠢ ᠶᠢᠨ | ᠰᠤᠷᠭᠠᠨ ᠬᠦᠮᠦᠵᠢᠯ ᠤᠨ ᠲᠦᠷᠦᠯ ᠤᠨ ᠲᠤᠰᠬᠠᠢ ᠮᠡᠷᠭᠡᠵᠢᠯ ᠲᠡᠭᠦᠰᠦᠭᠰᠡᠳ ᠢ ᠨᠢᠭᠡ ᠰᠤᠷᠤᠯᠭ᠎ᠠ ᠶᠢᠨ | ᠬᠤᠭᠤᠴᠠᠭ᠎ᠠ ᠠᠴᠠ ᠳᠤᠲᠠᠭᠤ ᠦᠭᠡᠢ ᠪᠠᠷ ᠲᠦᠪᠯᠡᠷᠡᠭᠦᠯᠦᠨ ᠳᠠᠳᠤᠯᠭ᠎ᠠ ᠬᠢᠯᠭᠡᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠳᠠᠳᠤᠯᠭ᠎ᠠ ᠬᠢᠬᠦ ᠭᠤᠭᠴᠤᠭ᠎ᠠ ᠪᠣᠯᠣᠨ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ᠂ | ᠳᠠᠳᠤᠯᠭ᠎ᠠ ᠬᠢᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠠᠳᠤᠯᠭ᠎ᠠ ᠬᠢᠬᠦ ᠶᠢᠨ ᠪᠦᠲᠦᠮᠵᠢᠲᠦ | ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠨᠤᠭᠤᠳ ᠰᠢᠨ᠎ᠡ ᠪᠠᠷ ᠤᠷᠢᠭᠰᠠᠨ ᠬᠦᠳᠡᠭᠡ | ᠲᠤᠰᠬᠤᠨ ᠤ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠳᠦᠷᠢᠮ ᠢ | ᠪᠠᠶᠢᠭᠤᠯᠵᠤ᠂ ᠪᠣᠯᠪᠠᠰᠤᠷᠠᠭᠤᠯᠤᠯ ᠤᠨ ᠲᠦᠰᠦᠯ᠂ ᠠᠷᠭ᠎ᠠ ᠮᠠᠶ᠋ᠢᠭ ᠪᠣᠯᠣᠨ ᠠᠭᠤᠯᠭ᠎ᠠ ᠶᠢ ᠵᠣᠬᠢᠰᠲᠠᠢ ᠲᠦᠯᠦᠪᠯᠡᠨ᠂ | ᠠᠶᠢᠮᠠᠭ ᠬᠤᠲᠠ ᠶᠢᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠨᠢᠭᠡᠲᠦᠯᠲᠡᠢ ᠵᠣᠬᠢᠶᠠᠨ ᠪᠠᠶᠢᠭᠤᠯᠵᠤ᠂ | ᠠᠵᠢᠯ ᠳᠤ ᠣᠷᠤᠬᠤ ᠠᠴᠠ ᠡᠮᠦᠨᠡᠬᠢ ᠨᠢᠭᠡ ᠰᠠᠷ᠎ᠠ ᠶᠢᠨ ᠬᠤᠭᠤᠴᠠᠭᠠᠨ ᠤ ᠦᠢᠯᠡᠳᠦᠯᠭᠡᠲᠦ ᠪᠣᠯᠪᠠᠰᠤᠷᠠᠭᠤᠯᠤᠯ ᠬᠢᠵᠦ᠂ | ᠵᠢᠭᠠᠨ ᠰᠤᠷᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠤ ᠵᠣᠬᠢᠴᠠᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ︵ᠲᠠᠪᠤ︶ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | 1᠂ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠭᠤᠣᠯ ᠪᠣᠯᠭᠠᠭᠰᠠᠨ ᠬᠦᠳᠡᠭᠡ ᠲᠤᠰᠬᠤᠨ ᠤ | ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠬᠦᠳᠡᠭᠡ ᠲᠤᠰᠬᠤᠨ ᠤ | ᠪᠠᠭᠰᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠨᠤᠭᠤᠳ ᠠᠵᠢᠯ ᠡᠷᠬᠡ ᠶᠢ ᠨᠢᠭᠡᠲᠦᠯᠲᠡᠢ ᠪᠠᠶᠢᠯᠭᠠᠬᠤ ᠵᠠᠷᠴᠢᠮ ᠶᠤᠰᠤᠭᠠᠷ᠂ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠵᠢᠯᠤᠭᠤᠳᠤᠯᠭ᠎ᠠ ᠳᠣᠣᠷ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠦᠮᠦᠵᠢᠯ ᠤᠨ ᠰᠠᠯᠠᠭ᠎ᠠ | ᠮᠦᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠰᠤᠮᠤ ᠰᠢᠶᠠᠩ ᠤᠨ ᠲᠥᠪ ᠲᠤᠭᠤᠷᠢᠭ ᠪᠣᠯᠣᠨ | ᠭᠠᠴᠠᠭ᠎ᠠ ᠲᠤᠰᠬᠤᠨ ᠤ ᠰᠤᠷᠭᠠᠭᠤᠯᠢ ᠶᠢᠨ ᠪᠠᠭᠰᠢ ᠶᠢ ᠲᠣᠬᠢᠷᠠᠭᠤᠯᠤᠨ ᠲᠣᠮᠢᠯᠠᠬᠤ᠂ ᠮᠡᠷᠭᠡᠵᠢᠯ ᠤᠨ ᠴᠣᠯᠠ | ᠰᠢᠯᠭᠠᠷᠠᠭᠤᠯᠤᠨ ᠲᠣᠭᠲᠠᠭᠠᠬᠤ᠂ ᠠᠵᠢᠯ ᠤᠨ ᠪᠠᠶᠢᠷᠢ ᠳᠤ ᠣᠷᠢᠨ ᠲᠣᠮᠢᠯᠠᠬᠤ᠂ ᠰᠢᠯᠭᠠᠨ ᠬᠢᠨᠠᠵᠤ ᠱᠠᠩᠨᠠᠨ ᠲᠣᠷᠭᠠᠬᠤ | ᠵᠢᠴᠢ ᠰᠤᠷᠭᠠᠭᠤᠯᠢ ᠶᠢᠨ ᠵᠠᠬᠢᠷᠤᠯ ᠬᠦᠮᠦᠵᠢᠭᠦᠯᠬᠦ᠂ ᠰᠢᠯᠢᠨ ᠰᠤᠩᠭᠤᠬᠤ᠂ ᠲᠣᠮᠢᠯᠠᠵᠤ ᠪᠠᠭᠤᠯᠭᠠᠬᠤ ᠶᠢᠨ ᠤᠷᠲᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠶᠢ ︽ | ᠰᠤᠷᠭᠠᠭᠤᠯᠢ ᠶᠢᠨ ᠠᠵᠢᠯᠲᠠᠨ︾ ᠠᠴᠠ ︽ᠰᠢᠰᠲ᠋ᠧᠮ ᠤᠨ ᠬᠦᠮᠦᠨ︾ ᠪᠣᠯᠭᠠᠨ᠂ ᠤᠯᠤᠰ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠠᠵᠢᠯ ᠤᠨ ᠪᠠᠶᠢᠷᠢ ᠳᠤ | ᠡᠭᠡᠯᠵᠢᠯᠡᠨ ᠰᠤᠯᠢᠯᠴᠠᠬᠤ ᠶᠢ ᠠᠬᠢᠭᠤᠯᠬᠤ ᠲᠣᠬᠠᠢ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠳᠤ | ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠶᠢ ᠬᠠᠩᠭᠠᠨ᠎ᠠ᠃ | 2᠂ ᠬᠦᠳᠡᠭᠡ ᠲᠤᠰᠬᠤᠨ ᠤ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠪᠠᠭᠰᠢ ᠠᠵᠢᠯᠲᠠᠨ ᠠᠵᠢᠯᠴᠢᠨ ᠤ | ᠣᠷᠣᠨ ᠲᠤᠭ᠎ᠠ ᠶᠢᠨ ᠬᠤᠲᠠ ᠬᠦᠳᠡᠭᠡ ᠶᠢᠨ ᠨᠢᠭᠡᠲᠦᠯᠲᠡᠢ ᠪᠠᠷᠢᠮᠵᠢᠶ᠎ᠠ ᠶᠢ ᠬᠡᠷᠡᠭᠵᠢᠭᠦᠯᠵᠦ᠂ ᠬᠦᠳᠡᠭᠡ ᠲᠤᠰᠬᠤᠨ ᠤ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠨᠡᠮᠡᠯᠲᠡ ᠣᠷᠣᠨ ᠲᠤᠭ᠎ᠠ ᠶᠢ | ᠵᠣᠬᠢᠰᠲᠠᠢ ᠪᠠᠷ ᠨᠡᠮᠡᠭᠳᠡᠭᠦᠯᠦᠨ᠎ᠡ᠃ ︽ᠶᠡᠷᠦᠩᠬᠡᠢ ᠬᠡᠮᠵᠢᠶ᠎ᠡ ᠶᠢ ᠡᠵᠡᠮᠳᠡᠬᠦ᠂ ᠬᠤᠲᠠ ᠬᠦᠳᠡᠭᠡ ᠶᠢ ᠨᠢᠭᠡᠲᠦᠯᠲᠡᠢ | ᠲᠦᠯᠦᠪᠯᠡᠬᠦ᠂ ᠬᠡᠷᠡᠭᠴᠡᠭᠡ ᠶᠤᠰᠤᠭᠠᠷ ᠲᠣᠬᠢᠷᠠᠭᠤᠯᠬᠤ᠂ ᠪᠦᠲᠦᠴᠡ ᠶᠢ ᠰᠢᠯᠢᠳᠡᠭᠵᠢᠭᠦᠯᠬᠦ᠂ ᠬᠦᠳᠡᠯᠦᠩᠭᠦᠢ ᠪᠠᠷ | ᠬᠠᠮᠢᠶᠠᠷᠬᠤ︾ ᠵᠠᠷᠴᠢᠮ ᠶᠤᠰᠤᠭᠠᠷ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠦᠮᠦᠵᠢᠯ ᠤᠨ | ᠰᠠᠯᠠᠭ᠎ᠠ ᠮᠦᠴᠢᠷ ᠤᠳ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠶᠡᠷᠦᠩᠬᠡᠢ ᠲᠤᠭ᠎ᠠ ᠳᠣᠲᠤᠷ᠎ᠠ᠂ ᠠᠩᠭᠢ ᠶᠢᠨ | ᠲᠤᠭ᠎ᠠ᠂ ᠰᠤᠷᠤᠭᠴᠢ ᠶᠢᠨ ᠢᠷᠡᠯᠲᠡ ᠵᠡᠷᠭᠡ ᠪᠠᠶᠢᠳᠠᠯ ᠶᠤᠰᠤᠭᠠᠷ᠂ ᠢᠯᠡᠭᠦᠦ ᠳᠤᠲᠠᠭᠤ ᠶᠢ ᠬᠠᠷᠢᠯᠴᠠᠨ ᠨᠦᠬᠦᠪᠦᠷᠢᠯᠡᠬᠦ | ᠂ ᠨᠡᠮᠡᠯᠲᠡ ᠬᠠᠰᠤᠯᠲᠠ ᠲᠠᠢ ᠪᠠᠶᠢᠯᠭᠠᠬᠤ ᠠᠷᠭ᠎ᠠ ᠶᠢ ᠠᠪᠴᠤ ᠪᠠᠶᠢᠭᠠᠳ ᠡᠯ᠎ᠡ ᠰᠤᠷᠭᠠᠭᠤᠯᠢ ᠶᠢᠨ ᠪᠠᠭᠰᠢ ᠠᠵᠢᠯᠲᠠᠨ | ᠠᠵᠢᠯᠴᠢᠨ ᠤ ᠣᠷᠣᠨ ᠲᠤᠭ᠎ᠠ ᠶᠢ ᠬᠤᠪᠢᠶᠠᠷᠢᠯᠠᠨ ᠲᠣᠬᠢᠷᠠᠭᠤᠯᠬᠤ ᠰᠠᠨᠠᠯ ᠢ ᠨᠢᠭᠡᠲᠦᠯᠲᠡᠢ ᠲᠦᠯᠦᠪᠯᠡᠨ ᠳᠤᠷᠠᠳᠴᠤ᠂ | ᠠᠳᠠᠯᠢ ᠱᠠᠲᠤᠨ ᠤ ᠣᠷᠣᠨ ᠲᠤᠭ᠎ᠠ ᠶᠢᠨ ᠰᠠᠯᠠᠭ᠎ᠠ ᠮᠦᠴᠢᠷ ᠪᠣᠯᠣᠨ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠮᠡᠳᠡᠭᠦᠯᠵᠦ ᠪᠦᠷᠢᠳᠭᠡᠨ ᠳᠠᠩᠰᠠᠯᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠣᠷᠣᠨ ᠲᠤᠭ᠎ᠠ ᠶᠢ ᠲᠣᠬᠢᠷᠠᠭᠤᠯᠬᠤ᠂ ᠪᠠᠭᠰᠢ ᠶᠢᠨ ᠲᠣᠬᠢᠷᠠᠭᠤᠯᠤᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ᠂ ᠬᠦᠮᠦᠨ ᠠᠮᠠ ᠴᠦᠬᠡᠨ ᠪᠠᠶᠢᠭ᠎ᠠ ᠵᠢᠭᠠᠨ ᠰᠤᠷᠭᠠᠯᠲᠠ ᠶᠢᠨ ᠴᠢᠬ ᠪᠣᠯᠣᠨ ᠲᠤᠰᠬᠤᠨ ᠤ ᠪᠠᠭ᠎ᠠ | ᠰᠤᠷᠭᠠᠭᠤᠯᠢ ᠲᠡᠰᠢ ᠤᠯᠠᠮ ᠨᠢᠭᠡ ᠠᠯᠬᠤᠮ ᠬᠡᠯᠪᠠᠶᠢᠯᠭᠡᠵᠦ᠂ ᠬᠦᠳᠡᠭᠡ ᠲᠤᠰᠬᠤᠨ ᠤ ᠪᠠᠭᠰᠢ ᠶᠢ ᠨᠡᠶᠢᠳᠡᠮ ᠬᠠᠮᠤᠷᠬᠤ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠂ ᠬᠦᠳᠡᠭᠡ ᠲᠤᠰᠬᠤᠨ ᠤ ᠰᠤᠷᠭᠠᠭᠤᠯᠢ ᠶᠢᠨ ᠬᠢᠴᠢᠶᠡᠯ ᠢ ᠪᠦᠷᠢᠨ | ᠭᠦᠢᠴᠡᠳ ᠨᠡᠭᠡᠭᠡᠬᠦ ᠶᠢ ᠦᠨᠡᠨᠬᠦ ᠪᠠᠲᠤᠯᠠᠨ᠎ᠠ᠃ ᠡᠯ᠎ᠡ ᠭᠠᠵᠠᠷ ᠣᠷᠣᠨ ᠨᠤᠭᠤᠳ ᠪᠤᠰᠤᠳ ᠠᠵᠢᠯ ᠦᠢᠯᠡᠰ ᠤᠨ | ᠨᠢᠭᠡᠴᠡ ᠶᠢᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ | ᠡᠵᠡᠯᠡᠨ ᠬᠡᠷᠡᠭᠯᠡᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠶᠠᠮᠠᠷᠪᠠ ᠰᠠᠯᠠᠭ᠎ᠠ | ᠮᠦᠴᠢᠷ ᠪᠣᠯᠣᠨ ᠨᠢᠬᠡᠴᠡ ᠨᠦᠭᠦᠳ ᠬᠡᠳ ᠶᠠᠮᠠᠷ ᠰᠢᠯᠲᠠᠭᠠᠨ᠂ ᠶᠠᠮᠠᠷ ᠬᠡᠯᠪᠡᠷᠢ ᠪᠠᠷ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠡᠵᠡᠯᠡᠨ ᠬᠡᠷᠡᠭᠯᠡᠬᠦ ᠪᠣᠶᠣ ᠬᠡᠯᠪᠡᠷᠢ ᠶᠢ ᠨᠢ | ᠬᠤᠪᠢᠷᠠᠭᠤᠯᠵᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠯ᠎ᠡ ᠭᠠᠵᠠᠷ ᠣᠷᠣᠨ ᠨᠢ ᠬᠢᠷᠢ ᠲᠡᠩᠴᠡᠬᠦ | ᠪᠠᠭᠰᠢ ᠶᠢᠨ ᠢᠷᠡᠯᠲᠡ ᠪᠠᠶᠢᠬᠤ ᠪᠠᠶᠢᠳᠠᠯ ᠳᠣᠣᠷ᠎ᠠ ︽ᠣᠷᠣᠨ ᠲᠤᠭ᠎ᠠ ᠲᠠᠢ ᠪᠠᠶᠢᠲᠠᠯ᠎ᠠ ᠪᠠᠨ ᠨᠦᠬᠦᠪᠦᠷᠢᠯᠡᠬᠦ ᠦᠭᠡᠢ︾ | ᠂ ᠲᠦᠷ ᠴᠠᠭ ᠤᠷᠢᠨ ᠬᠡᠷᠡᠭᠯᠡᠵᠦ ᠪᠠᠶᠢᠭ᠎ᠠ ᠬᠦᠮᠦᠰ ᠢ ᠤᠷᠲᠤ ᠬᠤᠭᠤᠴᠠᠭ᠎ᠠ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ | ︔ ᠶᠠᠮᠠᠷᠪᠠ ᠰᠠᠯᠠᠭ᠎ᠠ ᠮᠦᠴᠢᠷ ᠪᠣᠯᠣᠨ ᠨᠢᠬᠡᠴᠡ ᠶᠢᠨ ᠬᠢᠨ ᠰᠤᠷᠭᠠᠭᠤᠯᠢ ᠶᠢᠨ ᠪᠠᠭᠰᠢ ᠪᠣᠯᠣᠨ ᠬᠠᠮᠢᠶᠠᠷᠤᠯᠲᠠ ᠶᠢᠨ | ᠠᠵᠢᠯᠲᠠᠨ ᠢ ᠤᠷᠲᠤ ᠬᠤᠭᠤᠴᠠᠭ᠎ᠠ ᠵᠢᠭᠡᠯᠡᠨ ᠠᠵᠢᠯᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠭᠠᠵᠠᠷ | ᠣᠷᠣᠨ ᠨᠤᠭᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠠᠵᠢᠯ ᠤᠨ ᠪᠠᠶᠢᠷᠢᠨ ᠳᠠᠭᠠᠨ ᠪᠠᠶᠢᠭ᠎ᠠ ᠤᠷᠲᠤ ᠬᠤᠭᠤᠴᠠᠭ᠎ᠠ ᠪᠠᠷ ᠬᠡᠷᠡᠭᠯᠡᠭᠰᠡᠨ ᠲᠦᠷ ᠴᠠᠭ ᠤᠷᠢᠨ | ᠬᠡᠷᠡᠭᠯᠡᠵᠦ ᠪᠠᠶᠢᠭ᠎ᠠ ᠪᠠᠭᠰᠢ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ ᠡᠯ᠎ᠡ ᠭᠠᠵᠠᠷ ᠣᠷᠣᠨ᠂ ᠡᠯ᠎ᠡ | ᠰᠤᠷᠭᠠᠭᠤᠯᠢ ᠨᠤᠭᠤᠳ ᠳᠠᠬᠢᠵᠤ ᠶᠠᠮᠠᠷᠪᠠ ᠰᠢᠯᠲᠠᠭᠠᠨ ᠢᠶᠠᠷ ᠲᠦᠷ ᠴᠠᠭ ᠤᠨ ᠤᠷᠢᠨ ᠬᠡᠷᠡᠭᠯᠡᠵᠦ ᠪᠠᠶᠢᠭ᠎ᠠ ᠪᠠᠭᠰᠢ ᠶᠢ | ᠤᠷᠲᠤ ᠬᠤᠭᠤᠴᠠᠭ᠎ᠠ ︵ᠨᠢᠭᠡ ᠰᠤᠷᠤᠯᠭ᠎ᠠ ᠶᠢᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ︶ ᠪᠠᠷ ᠬᠡᠷᠡᠭᠯᠡᠵᠦ | ᠪᠣᠯᠬᠤ ᠦᠭᠡᠢ᠃ | 3᠂ ᠬᠦᠳᠡᠭᠡ ᠲᠤᠰᠬᠤᠨ ᠤ ᠪᠠᠭᠰᠢ ᠶᠢᠨ ᠬᠠᠮᠢᠶᠠᠷᠤᠯᠲᠠ ᠶᠢᠨ ᠳᠦᠷᠢᠮ ᠢ ᠦᠭᠡᠷᠡᠴᠢᠯᠡᠨ | ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠤᠷᠢᠨ ᠬᠡᠷᠡᠭᠯᠡᠬᠦ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠤᠷᠢᠨ ᠬᠡᠷᠡᠭᠯᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠪᠠ | ᠲᠡᠭᠦᠯᠳᠡᠷᠵᠢᠭᠦᠯᠦᠨ᠂ ᠤᠷᠢᠨ ᠬᠡᠷᠡᠭᠯᠡᠬᠦ ᠭᠡᠷ᠎ᠡ ᠶᠢ ᠬᠦᠳᠡᠭᠡ ᠲᠤᠰᠬᠤᠨ ᠤ ᠪᠠᠭᠰᠢ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠦᠨᠳᠦᠰᠦᠨ ᠪᠠᠷᠢᠮᠲᠠᠯᠠᠯ ᠪᠣᠯᠭᠠᠵᠤ᠂ ᠤᠷᠢᠨ ᠬᠡᠷᠡᠭᠯᠡᠬᠦ ᠭᠡᠷ᠎ᠡ ᠪᠠᠷ ᠳᠠᠮᠵᠢᠨ ᠰᠤᠷᠭᠠᠭᠤᠯᠢ ᠬᠢᠭᠡᠳ | ᠪᠠᠭᠰᠢ ᠶᠢᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠵᠢᠷᠤᠮᠵᠢᠭᠤᠯᠤᠨ᠂ ᠭᠡᠷ᠎ᠡ ᠶᠢᠨ ᠬᠠᠮᠢᠶᠠᠷᠤᠯᠲᠠ ᠬᠢᠬᠦ ᠪᠠᠷ | ᠰᠠᠭᠤᠷᠢ ᠪᠣᠯᠭᠠᠭᠰᠠᠨ ᠬᠦᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠭᠰᠢ ᠶᠢᠨ ᠬᠢᠷᠢ | ᠭᠡᠮ ᠤᠨ ᠰᠢᠯᠭᠠᠯᠲᠠ ᠪᠣᠯᠣᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠦᠭᠡᠷᠡᠴᠢᠯᠡᠯᠲᠡ ᠶᠢᠨ | ᠠᠵᠢᠯ ᠤᠨ ᠲᠠᠯ᠎ᠠ ᠪᠠᠷ ᠬᠢ ᠤᠯᠤᠰ ᠤᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ | ᠦᠭᠡᠷᠡᠴᠢᠯᠡᠯᠲᠡ ᠶᠢᠨ ᠲᠣᠷᠰᠢᠯᠲᠠ ᠶᠢᠨ ᠠᠵᠢᠯ ᠢ ᠠᠬᠢᠭᠤᠯᠵᠤ᠂ ᠰᠢᠰᠲ᠋ᠧᠮᠵᠢ ᠨᠢ ᠲᠡᠭᠦᠯᠳᠡᠷ᠂ ᠪᠠᠷᠢᠮᠵᠢᠶ᠎ᠠ ᠨᠢ | ᠨᠢᠭᠡᠲᠦᠯᠲᠡᠢ᠂ ᠮᠠᠭᠠᠳᠯᠠᠨ ᠲᠣᠭᠲᠠᠭᠠᠬᠤ ᠨᠢ ᠵᠢᠷᠤᠮᠵᠢᠯ ᠲᠠᠢ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠪᠠᠶᠢᠬᠤ | ᠪᠠᠭᠰᠢ ᠶᠢᠨ ᠠᠵᠢᠯ ᠮᠡᠷᠭᠡᠵᠢᠯ ᠤᠨ ᠵᠥᠪᠰᠢᠶᠡᠷᠡᠨ ᠣᠷᠣᠭᠤᠯᠬᠤ ᠳᠦᠷᠢᠮ ᠢ ᠪᠠᠶᠢᠭᠤᠯᠵᠤ᠂ ᠮᠠᠭᠠᠳᠯᠠᠨ | ᠲᠣᠭᠲᠠᠭᠠᠯᠭᠠᠬᠤ ᠪᠠᠷ ᠭᠤᠶᠤᠴᠢᠯᠠᠬᠰᠠᠨ ᠬᠦᠮᠦᠰ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ | ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠩᠭᠠᠳᠬᠠᠨ᠂ ᠪᠠᠭᠰᠢ ᠶᠢᠨ ᠠᠵᠢᠯ ᠮᠡᠷᠭᠡᠵᠢᠯ ᠤᠨ ᠵᠥᠪᠰᠢᠶᠡᠷᠡᠨ | ᠣᠷᠤᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠥᠭᠵᠢᠯᠲᠡ ᠳᠤ | ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠲᠣᠭᠲᠠᠮᠠᠯ | ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠪᠠᠭᠰᠢ ᠶᠢᠨ | ᠠᠵᠢᠯ ᠳᠤ ᠭᠠᠷᠤᠭᠰᠠᠨ ᠤ ᠳᠠᠷᠠᠭᠠᠬᠢ ᠠᠵᠢᠯ ᠢ ᠰᠢᠯᠭᠠᠨ ᠬᠢᠨᠠᠬᠤ ᠪᠠ ᠵᠢᠭᠠᠨ ᠰᠤᠷᠭᠠᠬᠤ ᠠᠵᠢᠯ ᠬᠢᠬᠦ ᠬᠢᠷᠢ ᠭᠡᠮ ᠢ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠦᠳᠡᠭᠡ ᠲᠤᠰᠬᠤᠨ ᠤ ᠪᠠᠭᠰᠢ ᠶᠢᠨ | ᠪᠦᠬᠦᠯᠢ ᠴᠣᠭᠴᠠ ᠶᠢᠨ ᠬᠡᠪ ᠴᠢᠨᠠᠷ ᠪᠣᠯᠣᠨ ᠬᠢᠷᠢ ᠬᠡᠮᠵᠢᠶ᠎ᠡ ᠶᠢᠨ ᠳᠡᠭᠡᠭᠰᠢᠯᠡᠬᠦ ᠶᠢ ᠠᠬᠢᠭᠤᠯᠤᠨ᠎ᠠ᠃ | 4᠂ ᠪᠦᠬᠦ ᠣᠷᠣᠨ ᠤ ᠪᠠᠭᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠎ᠠ᠃ | ᠰᠤᠷᠭᠠᠨ ᠬᠦᠮᠦᠵᠢᠯ ᠤᠨ ᠬᠠᠮᠢᠶᠠᠷᠤᠯᠲᠠ ᠶᠢ ᠮᠡᠳᠡᠭᠡ ᠵᠠᠩᠬᠢᠵᠢᠭᠤᠯᠬᠤ ᠶᠢᠨ ᠱᠠᠭᠠᠷᠳᠠᠯᠭ᠎ᠠ ᠶᠤᠰᠤᠭᠠᠷ᠂ ᠪᠦᠬᠦ | ᠣᠷᠣᠨ ᠤ ᠪᠠᠭᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠬᠦᠳᠡᠭᠡ ᠲᠤᠰᠬᠤᠨ ᠤ | ᠪᠠᠭᠰᠢ ᠶᠢᠨ ᠴᠤᠷᠢ ᠶᠢᠨ ᠭᠠᠭᠴᠠ ᠡᠯᠧᠺᠲᠷᠣᠨ ᠳᠠᠩᠰᠠ ᠡᠪᠬᠡᠮᠡᠯ ᠤᠨ ᠳ᠋ᠡᠶᠢᠲ᠋ᠠ ᠬᠦᠮᠦᠷᠭᠡ ᠶᠢ ᠪᠠᠶᠢᠭᠤᠯᠤᠨ᠂ | ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠬᠠᠮᠢᠶ᠎ᠠ ᠪᠦᠬᠦᠢ ᠪᠠᠶᠢᠳᠠᠯ ᠢ ᠴᠠᠭ ᠲᠣᠬᠠᠢ ᠳᠤᠨᠢ ᠣᠶᠢᠯᠠᠭᠠᠨ | ᠡᠵᠡᠮᠰᠢᠵᠦ᠂ ᠬᠠᠮᠢᠶ᠎ᠠ ᠪᠦᠬᠦᠢ ᠠᠵᠢᠯ ᠢ ᠬᠠᠨᠳᠤᠯᠭᠠᠲᠤ ᠴᠢᠨᠠᠷ ᠲᠠᠢ ᠪᠠᠷ ᠦᠷᠨᠢᠭᠦᠯᠦᠨ᠂ ᠬᠦᠳᠡᠭᠡ ᠲᠤᠰᠬᠤᠨ ᠤ | ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠬᠦᠳᠡᠭᠡ ᠲᠤᠰᠬᠤᠨ ᠤ ᠪᠠᠭᠰᠢ ᠶᠢ ᠳᠡᠮᠵᠢᠬᠦ | ᠲᠦᠯᠦᠪᠯᠡᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠲᠠᠢ ᠭᠤᠣᠯ ᠴᠣᠭᠴᠠ ᠪᠣᠯᠣᠨ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠬᠦᠳᠡᠭᠡ | ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠬᠦ ᠠᠵᠢᠯ ᠢᠶᠠᠨ ᠵᠠᠰᠠᠭ ᠤᠨ ᠣᠷᠳᠣᠨ ᠤ ᠡᠳᠦᠷ | ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠂ ᠨᠢᠭᠡᠳᠦᠭᠡᠷ ᠭᠠᠷ ᠠᠴᠠ ᠬᠠᠷᠢᠭᠤᠴᠠᠬᠤ ᠳᠦᠷᠢᠮ ᠢ | ᠬᠡᠷᠡᠭᠵᠢᠭᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠢᠯᠭᠠᠨ ᠬᠤᠪᠢᠶᠠᠷᠢᠯᠠᠵᠤ᠂ ᠡᠯ᠎ᠡ ᠰᠠᠯᠠᠭ᠎ᠠ ᠮᠦᠴᠢᠷ ᠤᠨ ᠨᠢᠭᠲᠠ ᠬᠠᠮᠵᠢᠯᠴᠠᠬᠤ ᠶᠢ ᠠᠬᠢᠭᠤᠯᠤᠨ | ᠂ ᠨᠡᠶᠢᠯᠡᠮᠡᠯ ᠬᠦᠴᠦᠨ ᠢ ᠪᠣᠢ ᠪᠣᠯᠭᠠᠵᠤ᠂ ᠲᠦᠯᠦᠪᠯᠡᠭᠡ ᠶᠢ ᠦᠨᠡᠨᠬᠦ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠤᠨ᠎ᠠ᠃ | ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠬᠠᠮᠢᠶᠠᠷᠬᠤ᠂ ᠲᠦᠯᠦᠪᠵᠢᠭᠦᠯᠬᠦ ᠪᠠ ᠵᠢᠯᠤᠭᠤᠳᠬᠤ ᠶᠢ ᠴᠢᠩᠭᠠᠳᠬᠠᠨ᠎ᠠ | ︔ ᠣᠷᠣᠨ ᠲᠤᠭ᠎ᠠ ᠶᠢᠨ ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠭᠰᠡᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠳᠦᠷᠢᠮ ᠢ ᠢᠳᠡᠪᠬᠢᠲᠡᠢ ᠰᠦᠪᠡᠭᠴᠢᠯᠡᠨ᠎ᠡ︔ | ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ︔ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠶᠢ | ᠦᠨᠳᠦᠰᠦᠯᠡᠨ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ ᠵᠡᠷᠭᠡ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠪᠠᠲᠤᠯᠠᠭ᠎ᠠ ᠬᠠᠩᠭᠠᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠨᠡᠪᠳᠡᠷᠡᠯᠴᠡᠭᠡ ᠪᠠᠨ ᠴᠢᠩᠭᠠᠳᠬᠠᠵᠤ᠂ ᠬᠠᠷᠢᠭᠤᠴᠠᠯᠭ᠎ᠠ ᠪᠠ ᠡᠷᠬᠡ ᠨᠢ ᠲᠤᠳᠤᠷᠬᠠᠢ᠂ | ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠴᠤᠭᠭᠠᠷ ᠠᠳᠬᠤᠵᠤ ᠬᠠᠮᠲᠤ ᠳᠤᠨᠢ ᠬᠠᠮᠢᠶᠠᠷᠬᠤ ᠠᠵᠢᠯ ᠤᠨ | ᠪᠠᠶᠢᠷᠢᠰᠢᠯ ᠢ ᠪᠣᠢ ᠪᠣᠯᠭᠠᠨ᠎ᠠ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠳᠡᠭᠡ | ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠳᠡᠮᠵᠢᠨ᠎ᠡ᠃ ᠪᠡᠯᠡ ᠮᠦᠩᠭᠦ ᠪᠣᠯᠣᠨ | ᠣᠷᠤᠭᠤᠯᠤᠯᠲᠠ ᠶᠢ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠠᠷ ᠬᠠᠮᠤᠭ ᠤᠨ ᠪᠠᠭᠤᠷᠠᠢ᠂ | ᠬᠠᠮᠤᠭ ᠤᠨ ᠪᠠᠴᠢᠮ ᠲᠤᠯᠭᠠᠮ᠎ᠠ ᠬᠡᠷᠡᠭᠰᠡᠬᠦ ᠬᠦᠷᠢᠶ᠎ᠡ ᠴᠠᠷᠠᠭ᠎ᠠ ᠳᠤ ᠬᠡᠷᠡᠭᠯᠡᠵᠦ᠂ ᠵᠠᠷᠤᠳᠠᠯ ᠨᠢᠭᠡᠪᠦᠷᠢ ᠶᠢ ᠦᠨᠡᠨᠬᠦ | ᠰᠠᠶᠢᠲᠤᠷ ᠬᠡᠷᠡᠭᠯᠡᠨ᠂ ᠪᠡᠯᠡ ᠮᠦᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠰᠤᠷᠭᠠᠨ ᠬᠦᠮᠦᠵᠢᠯ ᠤᠨ | ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ᠃ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢᠨ | ᠴᠢᠩᠭ᠎ᠠ ᠳᠦᠷᠢᠮ ᠢ ᠲᠣᠭᠲᠠᠭᠠᠵᠤ᠂ ᠵᠠᠷᠤᠳᠠᠯ ᠤᠨ ᠬᠡᠷᠡᠭᠯᠡᠯᠲᠡ ᠶᠢ ᠵᠢᠷᠤᠮᠵᠢᠭᠤᠯᠤᠨ᠂ ᠵᠠᠷᠤᠳᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠲᠠᠰᠤᠳᠠᠨ ᠦᠯᠡᠳᠡᠭᠡᠬᠦ | ᠂ ᠦᠯᠡᠳᠡᠭᠡᠵᠦ ᠠᠪᠬᠤ᠂ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠬᠠᠤᠯᠢ ᠲᠣᠭᠲᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠲᠡᠪᠴᠢᠨ᠎ᠡ᠃ | ︵ᠭᠤᠷᠪᠠ︶ ᠰᠢᠮᠳᠠᠭᠤᠯᠤᠨ ᠵᠢᠯᠤᠭᠤᠳᠴᠤ ᠪᠠᠶᠢᠴᠠᠭᠠᠯᠲᠠ ᠬᠢᠬᠦ ᠶᠢ ᠦᠷᠨᠢᠭᠦᠯᠦᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠦᠳᠡᠭᠡ ᠲᠤᠰᠬᠤᠨ ᠤ ᠪᠠᠭᠰᠢ ᠶᠢ ᠳᠡᠮᠵᠢᠬᠦ | ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠣᠷᠣᠨ ᠨᠣᠲᠤᠭ ᠤᠨ ᠵᠠᠰᠠᠭ ᠤᠨ ᠣᠷᠳᠣᠨ ᠤ ᠠᠵᠢᠯ ᠢ ᠰᠢᠯᠭᠠᠨ | ᠬᠢᠨᠠᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠤᠭᠤᠯᠵᠤ᠂ ᠰᠢᠯᠭᠠᠨ ᠬᠢᠨᠠᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠢᠮᠳᠠᠭᠤᠯᠤᠨ ᠵᠢᠯᠤᠭᠤᠳᠬᠤ ᠪᠠᠶᠢᠭᠤᠯᠤᠮᠵᠢ ᠠᠴᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠢᠯ ᠪᠦᠷᠢ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠢ ᠲᠤᠰᠬᠠᠶᠢᠯᠠᠨ ᠰᠢᠮᠳᠠᠭᠤᠯᠤᠨ ᠵᠢᠯᠤᠭᠤᠳᠴᠤ᠂ ᠰᠢᠮᠳᠠᠭᠤᠯᠤᠨ ᠵᠢᠯᠤᠭᠤᠳᠤᠭᠰᠠᠨ | ᠪᠠᠶᠢᠳᠠᠯ ᠢᠶᠠᠨ ᠴᠠᠭ ᠲᠣᠬᠠᠢ ᠳᠤᠨᠢ ᠮᠡᠳᠡᠭᠡᠯᠡᠬᠦ ᠶᠢᠨ ᠬᠠᠮᠲᠤ᠂ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠦᠪᠡᠷᠲᠡᠭᠡᠨ | ᠵᠠᠰᠠᠬᠤ ᠣᠷᠣᠨ ᠠᠴᠠ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ | ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠠᠵᠢᠯ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ | ᠦᠷᠨᠢᠭᠦᠯᠦᠨ᠎ᠡ᠃ ᠬᠡᠷᠡᠭᠵᠢᠭᠦᠯᠦᠭᠰᠡᠨ ᠨᠢ ᠪᠣᠲᠠᠲᠠᠢ ᠪᠢᠰᠢ᠂ ᠠᠮᠵᠢᠯᠲᠠ ᠪᠦᠲᠦᠮᠵᠢ ᠢᠯᠡᠳᠲᠡ ᠦᠭᠡᠢ ᠪᠠᠶᠢᠪᠠᠯ᠂ | ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠳᠤᠷᠢᠳᠬᠤ ᠬᠠᠷᠢᠭᠤᠴᠠᠯᠭ᠎ᠠ ᠨᠡᠬᠡᠮᠵᠢᠯᠡᠨ᠎ᠡ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠤᠲᠠᠲᠠᠢ ᠬᠡᠷᠡᠭᠵᠢᠭᠦᠯᠬᠦ | ᠠᠷᠭ᠎ᠠ ᠶᠢ ᠲᠣᠭᠲᠠᠭᠠᠵᠤ᠂ ᠳᠡᠮᠵᠢᠬᠦ ᠭᠤᠣᠯᠳᠠᠯᠭ᠎ᠠ ᠶᠢ ᠣᠨᠣᠪᠴᠢᠲᠠᠢ ᠡᠵᠡᠮᠰᠢᠨ᠂ ᠲᠥᠷᠥ ᠶᠢᠨ ᠪᠣᠳᠣᠯᠭ᠎ᠠ ᠶᠢ | ᠬᠠᠨᠳᠤᠯᠭ᠎ᠠ ᠲᠠᠢ ᠪᠠᠷ ᠬᠡᠷᠡᠭᠵᠢᠭᠦᠯᠵᠦ᠂ ᠲᠦᠢᠯ ᠤᠨ ᠣᠨᠣᠪᠴᠢᠲᠠᠢ ᠪᠠᠷ ᠬᠦᠴᠦᠯᠡᠨ᠂ ᠲᠣᠰ ᠭᠠᠵᠠᠷ ᠣᠷᠣᠨ ᠤ | ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ ᠪᠣᠲᠠᠲᠠᠢ ᠳᠤ ᠨᠡᠶᠢᠴᠡᠭᠰᠡᠨ ᠳᠡᠮᠵᠢᠬᠦ ᠲᠥᠷᠥ ᠶᠢᠨ ᠪᠣᠳᠣᠯᠭ᠎ᠠ | ᠪᠣᠯᠣᠨ ᠪᠦᠲᠦᠮᠵᠢᠲᠡᠢ ᠠᠷᠭ᠎ᠠ ᠬᠡᠮᠵᠢᠶ᠎ᠡ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠤᠷᠠᠳᠴᠤ᠂ ᠲᠤᠰ | ᠠᠷᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠪᠣᠲᠠᠲᠠᠶᠢᠵᠢᠭᠤᠯᠤᠨ᠎ᠠ᠃ ᠡᠯ᠎ᠡ ᠠᠶᠢᠮᠠᠭ ᠬᠤᠲᠠ ᠨᠤᠭᠤᠳ | 2016 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠤᠰ ᠭᠠᠵᠠᠷ ᠣᠷᠣᠨ ᠤ ᠪᠣᠲᠠᠲᠠᠢ | ᠬᠡᠷᠡᠭᠵᠢᠭᠦᠯᠬᠦ ᠠᠷᠭ᠎ᠠ ᠪᠠᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠳᠤ ᠮᠡᠳᠡᠭᠦᠯᠦᠨ | ᠪᠦᠷᠢᠳᠭᠡᠨ ᠳᠠᠩᠰᠠᠯᠠᠭᠤᠯᠬᠤ ᠶᠢᠨ ᠬᠠᠮᠲᠤ᠂ ᠨᠡᠶᠢᠭᠡᠮ ᠨᠡᠶᠢᠲᠡ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ | ᠲᠠᠯᠪᠢᠯᠲᠠ ᠶᠢ ᠬᠦᠯᠢᠶᠡᠨ᠎ᠡ᠃ | | | |