7 ᠳ᠋ᠤᠭᠠᠷ ᠰᠠᠷ᠎ᠠ ᠶᠢᠨ 20 ᠤ ᠡᠳᠦᠷ ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ | ᠮᠡᠳᠡᠬᠡᠨ ᠤ ᠠᠯᠪᠠᠨ ᠬᠡᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠰᠡᠳᠬᠢᠯ ᠬᠦᠭᠰᠡᠭᠡᠮᠡ ᠪᠠᠶᠠᠷᠳᠤ ᠴᠢᠮᠡᠭᠡ | ᠲᠤᠭᠤᠯᠳᠠᠨ᠎ᠠ᠃ ᠠᠩᠬ᠎ᠠ ᠠᠯᠬᠤᠮ ᠤᠨ ᠬᠠᠷᠭᠤᠭᠤᠯᠤᠨ ᠪᠤᠳᠤᠬᠰᠠᠨ ᠢᠶᠠᠷ ᠲᠡᠭᠡᠷ᠎ᠠ ᠬᠠᠭᠠᠰ ᠵᠢᠯ ᠳᠤ᠂ ᠪᠦᠬᠦ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7580 ᠳ᠋ᠦᠩᠰᠢᠭᠤᠷ ᠲᠦᠬᠦᠷᠢᠭ ᠲᠤ ᠬᠦᠷᠴᠦ᠂ | ᠬᠠᠷᠢᠴᠠᠭᠤᠯᠵᠦ ᠪᠤᠯᠬᠤ ᠦᠨ᠎ᠠ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.1% ᠢᠶᠠᠷ | ᠨᠡᠮᠡᠭᠳᠡᠵᠦ᠂ ᠪᠦᠬᠦ ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.4 | ᠬᠤᠪᠢ ᠲᠠᠪᠠᠵᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ | ᠬᠠᠷᠢᠴᠠᠯ ᠢᠶᠠᠷ 0.2 ᠬᠤᠪᠢ ᠲᠠᠪᠠᠪᠠ᠃ | | — ᠲᠠᠷᠢᠶᠠᠯᠠᠩ ᠤᠨ ᠦᠢᠯᠡᠳᠪᠦᠷᠢᠯᠡᠯ ᠲᠤᠭᠳᠠᠭᠤᠨ ᠢᠶᠠᠷ ᠠᠬᠢᠵᠦ᠂ ᠮᠠᠯ ᠠᠵᠦ ᠠᠬᠤᠢ | ᠲᠤᠬᠳᠠᠭᠤᠨ ᠢᠶᠠᠷ ᠬᠦᠭᠵᠢᠪᠡ᠃ ᠦᠪᠡᠷᠲᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ | ᠲᠢᠩᠬᠢᠮ ᠤᠨ ᠲᠤᠭ᠎ᠠ ᠪᠦᠷᠢᠳᠬᠡᠯ ᠢᠶᠠᠷ᠂ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠲᠠᠷᠢᠮᠠᠯ ᠪᠠ ᠠᠮᠤ | ᠪᠤᠳᠠᠭᠠᠨ ᠤ ᠲᠠᠷᠢᠮᠠᠯ ᠲᠠᠷᠢᠬᠰᠠᠨ ᠲᠠᠯᠠᠪᠠᠢ ᠲᠤᠰᠪᠤᠷᠢ 1.29 ᠳ᠋ᠦᠩᠰᠢᠭᠤᠷ ᠮᠦ ᠪᠠ 1.04 ᠳ᠋ᠦᠩᠰᠢᠭᠤᠷ ᠮᠦ ᠳᠤ | ᠬᠦᠷᠴᠦ᠂ ᠪᠦᠷ ᠤᠤᠯ ᠤᠨ ᠬᠠᠷᠠᠯᠳᠠ ᠠᠴᠠ ᠪᠠᠨ ᠲᠠᠪᠠᠵᠠᠢ᠃ 6 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ | ᠤᠷᠤᠨ ᠤ ᠪᠤᠳᠠ ᠪᠤᠬ ᠮᠠᠯ ᠠᠴᠠ 6330 ᠲᠦᠮᠡᠨ ᠲᠦᠯ ᠲᠤᠰᠤᠭᠠᠳ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 5.4% ᠢᠶᠠᠷ ᠨᠡᠮᠡᠭᠳᠡᠵᠦ᠂ ᠲᠦᠯ ᠤᠨ ᠪᠤᠶᠢᠵᠢᠯᠳᠠ ᠶᠢᠨ ᠨᠤᠷᠮ᠎ᠠ 98% ᠲᠤ | ᠬᠦᠷᠴᠡᠢ᠃ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠯᠳᠡ ᠶᠢᠨ ᠠᠬᠢᠴᠠ ᠲᠦᠷᠬᠡᠳᠴᠤ᠂ | ᠤᠳᠤᠬᠠᠨ ᠳᠤ ᠪᠦᠬᠦ ᠤᠷᠤᠨ ᠳᠤ ᠲᠠᠭᠠᠭᠤᠯᠤᠬᠴᠢ ᠠᠵᠦ ᠠᠬᠤᠢᠢᠯᠠᠯ ᠬᠢᠬᠡᠳ ᠮᠠᠯᠴᠢᠨ ᠲᠠᠷᠢᠶᠠᠴᠢᠨ ᠤ ᠠᠰᠢᠬ | ᠲᠤᠰᠠ ᠶᠢᠨ ᠬᠤᠯᠪᠤᠭᠠᠨ ᠤ ᠪᠦᠲᠦᠮᠵᠢᠳᠤ ᠲᠤᠬᠳᠠᠴᠠ ᠶᠢ ᠨᠢᠬᠡᠨᠳᠡ ᠪᠠᠶᠢᠭᠤᠯᠵᠦ᠂ ᠬᠡᠪᠴᠢᠶᠡᠵᠢᠯ ᠠᠴᠠ ᠲᠡᠭᠡᠭᠰᠢᠬᠢ | ᠮᠠᠯ ᠠᠵᠦ ᠠᠬᠤᠢ ᠲᠠᠷᠢᠶᠠᠯᠠᠩ ᠤᠨ 1158 ᠲᠠᠭᠠᠭᠤᠯᠤᠬᠴᠢ ᠠᠵᠦ ᠠᠬᠤᠢᠢᠯᠠᠯ ᠨᠢ 213.4 ᠲᠦᠮᠡᠨ ᠮᠠᠯᠵᠢᠬᠤ | ᠲᠠᠷᠢᠶᠠᠯᠠᠬᠤ ᠡᠷᠦᠬᠡ ᠶᠢ ᠲᠠᠶᠢᠴᠢᠯᠠᠵᠦ ᠪᠠᠶᠢᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠷᠤᠬᠰᠢᠳᠠᠢ | ᠶᠠᠪᠤᠬᠳᠠᠵᠦ᠂ ᠨᠡᠶᠢᠳᠡ 471 ᠳ᠋ᠦᠩᠰᠢᠭᠤᠷ ᠲᠦᠬᠦᠷᠢᠭ ᠪᠡᠯᠡ ᠤᠷᠤᠭᠤᠯᠵᠠᠢ᠃ | | — ᠠᠵᠦ ᠦᠢᠯᠡᠳᠪᠦᠷᠢ ᠶᠢᠨ ᠦᠢᠯᠡᠳᠪᠦᠷᠢᠯᠡᠯ ᠲᠤᠭᠳᠠᠭᠤᠨ ᠤ ᠲᠤᠮᠳᠠ ᠠᠬᠢᠯᠳᠠ ᠲᠠᠢ ᠪᠤᠯᠵᠦ᠂ ᠠᠵᠦ | ᠠᠬᠤᠢ ᠶᠢᠨ ᠦᠷ᠎ᠠ ᠠᠰᠢᠬ ᠰᠠᠶᠢᠵᠢᠷᠠᠯᠳᠠ ᠲᠠᠢ ᠪᠤᠯᠪᠠ᠃ ᠲᠡᠭᠡᠷ᠎ᠠ ᠬᠠᠭᠠᠰ ᠵᠢᠯ ᠳᠤ᠂ ᠪᠦᠬᠦ ᠤᠷᠤᠨ ᠤ | ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ 8.1% ᠢᠶᠠᠷ ᠨᠡᠡᠮᠭᠳᠡᠵᠦ᠂ ᠪᠦᠬᠦ | ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 2.1 ᠬᠤᠪᠢ ᠲᠠᠪᠠᠵᠤ᠂ | ᠲᠦᠷᠦᠬᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠲᠠᠪᠠᠵᠠᠢ᠃ ᠬᠦᠩᠬᠡᠨ ᠠᠵᠦ | ᠦᠢᠯᠡᠳᠪᠦᠷᠢ ᠪᠠ ᠬᠦᠨᠳᠦ ᠠᠵᠦ ᠦᠢᠯᠡᠳᠪᠦᠷᠢ ᠲᠤᠰᠪᠤᠷᠢ 9.8% ᠪᠠ 7.8% ᠢᠶᠠᠷ ᠨᠡᠮᠡᠭᠳᠡᠵᠦ᠂ ᠨᠡᠶᠢᠳᠡ ᠶᠢᠨ | ᠦᠮᠴᠢᠯᠡᠯ ᠤᠨ ᠪᠤᠰᠤ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠨᠡᠮᠡᠭᠳᠡᠯ ᠦᠷᠲᠡᠭ ᠨᠢ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 12.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ | ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4.1 | ᠬᠤᠪᠢ ᠲᠠᠪᠠᠵᠤ᠂ 41 ᠠᠵᠦ ᠦᠢᠯᠡᠳᠪᠦᠷᠢ ᠶᠢᠨ ᠠᠵᠢᠯ ᠲᠦᠷᠦᠯ ᠤᠨ ᠲᠤᠲᠤᠷ᠎ᠠ 37 ᠠᠵᠢᠯ ᠲᠦᠷᠦᠯ ᠨᠢ ᠪᠦᠷ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠨᠡᠮᠡᠭᠳᠡᠪᠡ᠃ ᠠᠵᠦ ᠦᠢᠯᠡᠳᠪᠦᠷᠢ ᠶᠢᠨ ᠪᠦᠲᠦᠴᠡ | ᠦᠷᠬᠦᠯᠵᠢᠯᠡᠨ ᠰᠢᠯᠢᠳᠡᠭᠵᠢᠵᠦ᠂ ᠲᠡᠭᠡᠳᠦ ᠰᠢᠨ᠎ᠠ ᠮᠡᠷᠭᠡᠵᠢᠯ ᠤᠨ ᠠᠵᠦ ᠦᠢᠯᠡᠳᠪᠦᠷᠢ ᠪᠠ ᠮᠠᠰᠢᠨ ᠲᠤᠨᠤᠬᠯᠠᠯ | ᠦᠢᠯᠡᠳᠬᠦ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ | ᠲᠤᠰᠪᠤᠷᠢ 20% ᠪᠠ 12.2% ᠢᠶᠠᠷ ᠨᠡᠮᠡᠭᠳᠡᠵᠡᠢ᠃ ᠨᠡᠬᠦᠷᠡᠰᠦ᠂ ᠬᠡᠤᠷᠡᠰᠦ ᠪᠠ ᠪᠦᠳᠦᠬᠦᠯᠢᠭ ᠪᠤᠯᠤᠳ ᠤᠨ | ᠦᠢᠯᠡᠳᠪᠦᠷᠢᠯᠡᠯ ᠤᠨ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠲᠤᠰᠪᠤᠷᠢ 10.4%᠂ | 16% ᠪᠠ 1.5% ᠢᠶᠠᠷ ᠪᠠᠭᠤᠷᠠᠵᠠᠢ᠃ ᠲᠦᠷᠦᠬᠦᠦ ᠲᠠᠪᠤᠨ ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ | ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠭᠤᠤᠯ ᠡᠵᠡᠩᠨᠡᠯᠳᠡ ᠶᠢᠨ ᠤᠷᠤᠯᠭ᠎ᠠ ᠨᠢᠳᠤᠨᠤᠨ ᠤ | ᠠᠳᠠᠯᠢ ᠬᠤᠭᠤᠴᠠᠭ᠎ᠠ ᠶᠢᠨ ᠬᠢ ᠠᠴᠠ 1. 9% ᠢᠶᠠᠷ ᠨᠡᠮᠡᠭᠳᠡᠵᠦ᠂ ᠠᠰᠢᠬ ᠤᠷᠤᠯᠭ᠎ᠠ ᠨᠢ 342 ᠳ᠋ᠦᠩᠰᠢᠭᠤᠷ | ᠲᠦᠬᠦᠷᠢᠭ ᠲᠤ ᠬᠦᠷᠦᠬᠡᠳ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1.1% ᠢᠶᠠᠷ ᠨᠡᠮᠡᠭᠳᠡᠵᠡᠢ᠃ | | — ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠲᠤᠭᠳᠠᠭᠤᠨ ᠢᠶᠠᠷ ᠨᠡᠮᠡᠭᠳᠡᠵᠦ᠂ | ᠬᠤᠳᠠᠯᠳᠤᠭᠠᠨ ᠤ ᠠᠰᠠᠷ ᠪᠠᠶᠢᠰᠢᠩ ᠤᠨ ᠪᠤᠷᠤᠯᠠᠭᠤᠯᠤᠯᠳᠠ ᠶᠢᠨ ᠪᠠᠶᠢᠳᠠᠯ ᠰᠠᠶᠢᠵᠢᠷᠠᠯᠳᠠ ᠲᠠᠢ ᠪᠤᠯᠪᠠ᠃ ᠲᠡᠭᠡᠷ᠎ᠠ | ᠬᠠᠭᠠᠰ ᠵᠢᠯ ᠳᠤ᠂ ᠪᠦᠬᠦ ᠤᠷᠤᠨ ᠤ 500 ᠲᠦᠮᠡᠨ ᠲᠦᠬᠦᠷᠢᠭ ᠠᠴᠠ ᠲᠡᠭᠡᠭᠰᠢᠬᠢ ᠲᠦᠷᠦᠯ ᠵᠦᠯ ᠤᠨ ᠲᠤᠬᠳᠠᠮᠠᠯ | ᠬᠦᠷᠦᠩᠬᠡ ᠶᠢᠨ ᠪᠡᠯᠡ ᠤᠷᠤᠭᠤᠯᠤᠯᠳᠠ 6174.9 ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 13.1% ᠢᠶᠠᠷ ᠨᠡᠮᠡᠭᠳᠡᠬᠡᠳ ᠪᠦᠬᠦ ᠤᠷᠤᠨ ᠤ ᠲᠤᠮᠳᠠᠴᠢ ᠨᠡᠮᠡᠭᠳᠡᠯ ᠤᠨ | ᠬᠤᠷᠳᠤᠴᠠ ᠠᠴᠠ ᠵᠠᠭᠤᠨ ᠤ ᠬᠠᠷᠢᠴᠠᠯ ᠢᠶᠠᠷ 4.1 ᠬᠤᠪᠢ ᠲᠠᠪᠠᠪᠠ᠃ ᠭᠤᠷᠪᠠᠳᠤᠭᠠᠷ ᠠᠵᠦ ᠦᠢᠯᠡᠰ ᠤᠨ ᠪᠡᠯᠡ | ᠤᠷᠤᠭᠤᠯᠤᠯᠳᠠ 3025.8 ᠳ᠋ᠦᠩᠰᠢᠭᠤᠷ ᠲᠦᠬᠦᠷᠢᠭ ᠲᠤ ᠬᠦᠷᠴᠦ᠂ ᠲᠤᠬᠳᠠᠮᠠᠯ ᠬᠦᠷᠦᠩᠬᠡ ᠶᠢᠨ ᠪᠡᠯᠡ | ᠤᠷᠤᠭᠤᠯᠤᠯᠳᠠ ᠶᠢᠨ ᠶᠡᠷᠦᠩᠬᠡᠢ ᠬᠡᠮᠵᠢᠶ᠎ᠠ ᠶᠢᠨ 49% ᠢ ᠡᠵᠡᠯᠡᠬᠡᠳ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 27.6% ᠢᠶᠠᠷ ᠨᠡᠮᠡᠭᠳᠡᠵᠦ᠂ ᠨᠢᠬᠡᠳᠦᠬᠡᠷ ᠠᠵᠦ ᠦᠢᠯᠡᠰ ᠪᠠ ᠬᠤᠶᠠᠳᠤᠭᠠᠷ ᠠᠵᠦ | ᠦᠢᠯᠡᠰ ᠤᠨ ᠨᠡᠮᠡᠭᠳᠡᠯ ᠤᠨ ᠬᠤᠷᠳᠤᠴᠠ ᠠᠴᠠ ᠲᠤᠰᠪᠤᠷᠢ ᠵᠠᠭᠤᠨ ᠤ ᠬᠠᠷᠢᠴᠠᠯ ᠢᠶᠠᠷ 24.1% ᠪᠠ 25.7% | ᠲᠠᠪᠠᠵᠠᠢ᠃ ᠪᠦᠬᠦ ᠤᠷᠤᠨ ᠤ ᠰᠠᠭᠤᠷᠢ ᠲᠦᠬᠦᠬᠡᠷᠦᠮᠵᠢ ᠶᠢᠨ ᠪᠡᠯᠡ ᠤᠷᠤᠭᠤᠯᠤᠯᠳᠠ 1569.5 ᠳ᠋ᠦᠩᠰᠢᠭᠤᠷ | ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 45.6% ᠢᠶᠠᠷ ᠨᠡᠮᠡᠭᠳᠡᠬᠡᠳ ᠪᠦᠬᠦ | ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠠᠴᠠ ᠬᠤᠶᠠᠷ ᠲᠠᠬᠢᠨ ᠦᠨᠳᠦᠷ ᠪᠤᠯᠤᠭᠰᠠᠨ ᠪᠠᠶᠢᠨ᠎ᠠ᠃ ᠪᠦᠬᠦ | ᠤᠷᠤᠨ ᠤ ᠪᠠᠷᠢᠯᠭ᠎ᠠ ᠪᠠᠨ ᠶᠠᠪᠤᠬᠳᠠᠭᠤᠯᠵᠦ ᠪᠠᠶᠢᠭ᠎ᠠ ᠲᠦᠷᠦᠯ ᠵᠦᠢᠯ ᠤᠨ ᠲᠤᠭ᠎ᠠ 1.19 ᠲᠦᠮᠡ ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 15.3% ᠢᠶᠠᠷ ᠨᠡᠮᠡᠭᠳᠡᠵᠡᠢ᠃ ᠪᠦᠬᠦ ᠤᠷᠤᠨ ᠤ ᠬᠡᠷ | ᠭᠠᠵᠠᠷ ᠤᠨ ᠬᠦᠷᠦᠩᠬᠡ ᠶᠢᠨ ᠪᠡᠯᠡ ᠤᠷᠤᠭᠤᠯᠤᠯᠳᠠ 406.8 ᠳ᠋ᠦᠩᠰᠢᠭᠤᠷ ᠲᠦᠬᠦᠷᠢᠭ ᠲᠤ ᠬᠦᠷᠦᠬᠡᠳ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1. 3% ᠢᠶᠠᠷ ᠨᠡᠮᠡᠭᠳᠡᠵᠦ᠂ ᠪᠦᠬᠦ ᠤᠷᠤᠨ ᠤ ᠬᠤᠳᠠᠯᠳᠤᠭᠠᠨ ᠤ | ᠠᠰᠠᠷ ᠪᠠᠶᠢᠰᠢᠩ ᠢ ᠪᠤᠷᠤᠯᠠᠭᠤᠯᠤᠬᠰᠠᠨ ᠲᠠᠯᠠᠪᠠᠢ 668.4 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠦᠬᠡᠳ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 17% ᠢᠶᠠᠷ ᠨᠡᠮᠡᠭᠳᠡᠵᠤ᠂ ᠬᠤᠳᠠᠯᠳᠤᠭᠠᠨ ᠤ ᠠᠰᠠᠷ | ᠪᠠᠶᠢᠰᠢᠩ ᠢ ᠪᠤᠷᠤᠯᠠᠭᠤᠯᠤᠬᠰᠠᠨ ᠬᠡᠮᠵᠢᠶ᠎ᠠ ᠨᠢ 288.7 ᠳ᠋ᠦᠩᠰᠢᠭᠤᠷ ᠲᠦᠬᠦᠷᠢᠭ ᠲᠤ ᠬᠦᠷᠦᠬᠡᠳ ᠨᠢᠳᠤᠨᠤᠨ ᠤ | ᠠᠳᠠᠯᠢ ᠬᠤᠭᠤᠴᠠᠭ᠎ᠠ ᠶᠢᠨ ᠬᠢ ᠠᠴᠠ 11.8% ᠢᠶᠠᠷ ᠨᠡᠮᠡᠭᠳᠡᠭᠰᠡᠨ ᠪᠠᠶᠢᠨ᠎ᠠ᠃ | | — ᠬᠡᠷᠡᠭᠯᠡᠭᠡ ᠶᠢᠨ ᠵᠠᠬ᠎ᠠ ᠲᠡᠯᠬᠡᠬᠦᠷ ᠲᠤᠬᠳᠠᠭᠤᠨ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠤ | ᠬᠡᠷᠡᠭᠯᠡᠭᠡ ᠶᠢᠨ ᠨᠡᠮᠡᠭᠳᠡᠯ ᠨᠡᠯᠢᠶᠡᠳ ᠲᠦᠷᠬᠡᠨ ᠪᠤᠯᠪᠠ᠃ ᠲᠡᠭᠡᠷ᠎ᠠ ᠬᠠᠭᠠᠰ ᠵᠢᠯ ᠳᠤ᠂ ᠪᠦᠬᠦ ᠤᠷᠤᠨ ᠤ ᠨᠡᠶᠢᠬᠡᠮ ᠤᠨ | ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠠ 3031.3 ᠳ᠋ᠦᠩᠰᠢᠭᠤᠷ ᠲᠦᠬᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 9.5% ᠢᠶᠠᠷ ᠨᠡᠮᠡᠭᠳᠡᠵᠡᠢ᠃ ᠬᠤᠳᠠ ᠪᠠᠯᠭᠠᠰᠤᠨ ᠤ | ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠠ 2740.2 ᠳ᠋ᠦᠩᠰᠢᠭᠤᠷ ᠲᠦᠬᠦᠷᠢᠭ ᠲᠤ | ᠬᠦᠷᠦᠬᠡᠳ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 9.2% ᠢᠶᠠᠷ ᠨᠡᠮᠡᠭᠳᠡᠵᠦ᠂ ᠮᠠᠯᠵᠢᠬᠤ ᠲᠠᠷᠢᠶᠠᠯᠠᠬᠤ | ᠤᠷᠤᠨ ᠤ ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠠ 291.1 ᠳ᠋ᠦᠩᠰᠢᠭᠤᠷ | ᠲᠦᠬᠦᠷᠢᠭ ᠲᠤ ᠬᠦᠷᠴᠦ᠂ 11.5% ᠢᠶᠠᠷ ᠨᠡᠮᠡᠭᠳᠡᠵᠡᠢ᠃ ᠢᠳᠡᠬᠡᠨ ᠤᠮᠳᠠᠭᠠᠨ ᠤ ᠠᠵᠢᠯ ᠲᠦᠷᠦᠯ ᠤᠨ ᠤᠷᠤᠯᠭ᠎ᠠ | 465 ᠳ᠋ᠦ᠋ᠩᠰᠢᠭᠤᠷ ᠲᠦᠬᠦᠷᠢᠭ ᠲᠤ ᠬᠦᠷᠴᠦ᠂ 10.4% ᠢᠶᠠᠷ ᠨᠡᠮᠡᠭᠳᠡᠵᠡᠢ᠃ | | — ᠬᠢᠯᠢ ᠶᠢᠨ ᠪᠠᠭ᠎ᠠ ᠲᠤᠭᠠᠨ ᠤ ᠠᠷᠠᠯᠵᠢᠶ᠎ᠠ ᠪᠠ ᠡᠳ᠋ᠰᠢᠬᠦᠯᠦᠨ ᠪᠤᠯᠪᠠᠰᠤᠷᠠᠭᠤᠯᠬᠤ ᠠᠷᠠᠯᠵᠢᠶ᠎ᠠ ᠶᠢᠨ | ᠭᠠᠳᠠᠭᠠᠳᠤ ᠭᠠᠷᠭᠠᠯᠳᠠ ᠶᠢᠨ ᠨᠡᠮᠡᠭᠳᠡᠬᠦ ᠬᠠᠨᠳᠤᠰᠢ ᠢᠯᠡᠷᠬᠡᠶᠢᠰᠢᠪᠡ᠃ ᠲᠡᠭᠡᠷ᠎ᠠ ᠬᠠᠭᠠᠰ ᠵᠢᠯ ᠳᠤ᠂ ᠪᠦᠬᠦ ᠤᠷᠤᠨ ᠤ | ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠠ 350.7 ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭ᠎ᠠ ᠶᠢᠨ ᠬᠢ ᠠᠴᠠ 8% ᠢᠶᠠᠷ ᠪᠠᠭᠤᠷᠠᠪᠠ᠃ ᠬᠡᠬᠦ ᠳᠡᠭᠡᠨ ᠬᠢᠯᠢ ᠶᠢᠨ ᠪᠠᠭ᠎ᠠ ᠲᠤᠭᠠᠨ ᠤ | ᠠᠷᠠᠯᠵᠢᠶ᠎ᠠ ᠪᠠ ᠡᠳ᠋ᠰᠢᠬᠦᠯᠦᠨ ᠪᠤᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠭᠠᠷᠭᠠᠯᠳᠠ ᠶᠢᠨ ᠬᠡᠮᠵᠢᠶ᠎ᠠ ᠲᠤᠰᠪᠤᠷᠢ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 19.4% ᠪᠠ 3.8 ᠲᠠᠬᠢᠨ ᠢᠶᠠᠷ ᠨᠡᠮᠡᠭᠳᠡᠵᠡᠢ᠃ | ᠭᠠᠳᠠᠭᠠᠳᠤ ᠶᠢᠨ ᠪᠡᠯᠡ ᠶᠢ 11.3 ᠳ᠋ᠦᠩᠰᠢᠭᠤᠷ ᠳ᠋ᠤᠯᠯᠠᠷ ᠪᠤᠳᠠᠳᠠᠢ ᠠᠰᠢᠬᠯᠠᠵᠦ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 5.1% ᠢᠶᠠᠷ ᠨᠡᠮᠡᠭᠳᠡᠵᠦ᠂ ᠪᠤᠭᠤᠮᠳᠠ ᠪᠠᠷ ᠤᠷᠤᠭᠤᠯᠵᠦ ᠭᠠᠷᠭᠠᠬᠰᠠᠨ ᠪᠠᠷᠠᠭᠠᠨ ᠤ | ᠬᠡᠮᠵᠢᠶ᠎ᠠ 3256.8 ᠳ᠋ᠦᠩᠰᠢᠭᠤᠷ ᠲᠦᠬᠦᠷᠢᠭ ᠲᠤ ᠬᠦᠷᠦᠬᠡᠳ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ | 12.2% ᠢᠶᠠᠷ ᠨᠡᠮᠡᠭᠳᠡᠵᠡᠢ᠃ | | — ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ ᠪᠠᠭ᠎ᠠ ᠦᠰᠴᠤ᠂ ᠠᠵᠦ ᠦᠢᠯᠡᠳᠪᠦᠷᠢ ᠶᠢᠨ | ᠦᠢᠯᠡᠳᠬᠦᠨ ᠤ ᠦᠢᠯᠡᠳᠪᠦᠷᠢᠯᠡᠯ ᠤᠨ ᠦᠨ᠎ᠠ ᠶᠢᠨ ᠪᠠᠭᠤᠷᠠᠯᠳᠠ ᠪᠠᠭᠠᠰᠪᠠ᠃ ᠲᠡᠭᠡᠷ᠎ᠠ ᠬᠠᠭᠠᠰ ᠵᠢᠯ ᠳᠤ᠂ ᠪᠦᠬᠦ | ᠤᠷᠤᠨ ᠤ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1. | 3% ᠢᠶᠠᠷ ᠦᠰᠴᠤ᠂ ᠪᠦᠬᠦ ᠤᠯᠤᠰ ᠤᠨ ᠲᠤᠮᠳᠠᠴᠢ ᠦᠰᠦᠯᠳᠡ ᠶᠢᠨ ᠲᠦᠪᠰᠢᠨ ᠠᠴᠠ ᠵᠠᠭᠤᠨ ᠤ ᠬᠠᠷᠢᠴᠠᠯ ᠢᠶᠠᠷ | 0.8 ᠬᠤᠪᠢ ᠲᠤᠤᠷ᠎ᠠ ᠪᠠᠶᠢᠵᠦ᠂ ᠲᠦᠷᠦᠬᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ | ᠦᠨᠳᠦᠷ ᠪᠤᠯᠪᠠ᠃ 8 ᠶᠡᠭᠡ ᠲᠦᠷᠦᠯ ᠤᠨ ᠬᠡᠷᠡᠭᠯᠡᠬᠡᠨ ᠤ ᠦᠨ᠎ᠠ ᠠᠴᠠ ᠦᠵᠡᠪᠡᠯ᠂ ᠢᠳᠡᠬᠡᠨ ᠪᠠ ᠠᠷᠢᠬᠢ | ᠲᠠᠮᠠᠬᠢᠨ ᠤ ᠦᠨ᠎ᠠ 3.5% ᠢᠶᠠᠷ ᠦᠰᠴᠤ᠂ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠢᠴᠢ | ᠦᠢᠯᠡᠴᠢᠯᠡᠭᠡ ᠵᠡᠷᠭᠡ ᠶᠢᠨ ᠦᠨ᠎ᠠ ᠪᠠᠭ᠎ᠠ ᠦᠰᠴᠡᠢ᠃ ᠲᠡᠭᠡᠷ᠎ᠠ ᠬᠠᠭᠠᠰ ᠵᠢᠯ ᠳᠤ᠂ ᠪᠦᠬᠦ ᠤᠷᠤᠨ ᠤ ᠠᠵᠦ | ᠦᠢᠯᠡᠳᠪᠦᠷᠢ ᠶᠢᠨ ᠦᠢᠯᠡᠳᠪᠦᠷᠢ ᠠᠴᠠ ᠭᠠᠷᠬᠤ ᠦᠶ᠎ᠠ ᠶᠢᠨ ᠦᠨ᠎ᠠ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 5.5% ᠢᠶᠠᠷ ᠪᠠᠭᠤᠷᠠᠵᠦ᠂ ᠲᠦᠷᠦᠬᠦᠦ ᠤᠯᠠᠷᠢᠯ ᠤᠨ ᠬᠢ ᠠᠴᠠ ᠵᠠᠭᠤᠨ ᠤ | ᠬᠠᠷᠢᠴᠠᠯ ᠢᠶᠠᠷ 1. 4 ᠬᠤᠪᠢ ᠪᠠᠭᠤᠷᠠᠵᠠᠢ᠃ | — ᠰᠠᠭᠤᠭᠠᠯᠢ ᠠᠷᠠᠳ ᠤᠨ ᠤᠷᠤᠯᠭ᠎ᠠ ᠯᠠᠪᠳᠠᠭᠤᠨ ᠢᠶᠠᠷ ᠨᠡᠮᠡᠭᠳᠡᠪᠡ᠃ ᠲᠡᠭᠡᠷ᠎ᠠ ᠬᠠᠭᠠᠰ ᠵᠢᠯ ᠳᠤ᠂ ᠪᠦᠬᠦ | ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 11472 | ᠲᠦᠬᠦᠷᠢᠭ ᠲᠤ ᠬᠦᠷᠦᠬᠡᠳ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 8.7% ᠢᠶᠠᠷ ᠨᠡᠮᠡᠭᠳᠡᠵᠦ᠂ ᠪᠦᠬᠦ | ᠤᠯᠤᠰ ᠤᠨ ᠲᠤᠮᠳᠠᠴᠢ ᠨᠡᠮᠡᠭᠳᠡᠯ ᠤᠨ ᠬᠤᠷᠳᠤᠴᠠ ᠲᠠᠢ ᠠᠳᠠᠯᠢ ᠪᠤᠯᠵᠦ᠂ ᠨᠡᠮᠡᠭᠳᠡᠯ ᠤᠨ ᠬᠤᠷᠳᠤᠴᠠ ᠨᠢ ᠲᠦᠷᠦᠬᠦᠦ | ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.2 ᠬᠤᠪᠢ ᠲᠠᠪᠠᠵᠠᠢ᠃ ᠡᠬᠦᠨ ᠳᠤ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 16339 ᠲᠦᠬᠦᠷᠢᠭ ᠲᠤ | ᠬᠦᠷᠦᠬᠡᠳ 8% ᠢᠶᠠᠷ ᠨᠡᠮᠡᠭᠳᠡᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 4695 ᠲᠦᠬᠦᠷᠢᠭ ᠲᠤ ᠬᠦᠷᠦᠬᠡᠳ 8% ᠢᠶᠠᠷ ᠨᠡᠮᠡᠭᠳᠡᠭᠰᠡᠨ | ᠪᠠᠶᠢᠨ᠎ᠠ᠃ |