ᠪᠦᠬᠦ ᠤᠷᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠵᠢᠴᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠤᠯᠠᠭᠠᠨᠴᠠᠪ ᠲᠤ ᠬᠤᠷᠠᠯᠳᠤᠵᠠᠢ    ᠯᠢᠦ ᠰᠢᠨ ᠯᠧ ᠤᠷᠤᠯᠴᠠᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/7/27
     7 ᠳ᠋ᠤᠭᠠᠷ ᠰᠠᠷ᠎ᠠ ᠶᠢᠨ 25᠎ ᠠᠴᠠ 26᠎ ᠤ ᠡᠳᠦᠷ ᠪᠤᠯᠲᠠᠯ᠎ᠠ᠂ ᠪᠦᠬᠦ ᠤᠷᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠵᠢᠴᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠤᠯᠠᠭᠠᠨᠴᠠᠪ ᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠯᠢᠦ ᠰᠢᠨ ᠯᠧ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠤᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠤᠢᠢᠯᠠᠭᠠᠵᠤ᠂ ᠡᠷᠡᠰ ᠪᠠᠲᠦ ᠰᠠᠶᠢᠲᠤᠷ ᠲᠤᠤᠱᠯᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠯᠢᠦ ᠰᠢᠨ ᠯᠧ᠂ ᠡᠨᠡ ᠵᠢᠯ ᠠᠴᠠ ᠨᠠᠰᠢ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠎ ᠤᠨ ᠬᠢᠨ ᠦᠭᠡᠷᠡᠴᠢᠯᠡᠯᠲᠡ ᠬᠦᠭᠵᠢᠯᠲᠠ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠡᠢ᠂ ᠤᠨᠴᠠᠭᠠᠢᠢᠯᠠᠨ ᠡᠨᠡ ᠵᠢᠯ ᠤᠨ 5 ᠳ᠋ᠤᠭᠠᠷ ᠰᠠᠷ᠎ᠠ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠤᠭ᠎ᠠ ᠵᠠᠩ ᠳ᠋ᠧ ᠵᠢᠶᠠᠩ ᠲᠤᠰᠬᠠᠢᠢᠯᠠᠨ ᠮᠠᠨ ᠤ ᠤᠷᠤᠨ ᠳᠤ ᠢᠷᠡᠵᠤ ︽ᠢᠳᠡᠭᠡᠨ ᠎ ᠤ ᠠᠮᠤᠷ ᠲᠦᠪᠰᠢᠨ ᠤ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠯᠲᠠ ᠦᠷᠨᠢᠭᠦᠯᠦᠭᠰᠡᠨ ᠨᠢ ᠮᠠᠨ ᠤ ᠤᠷᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠢ ᠬᠦᠴᠦᠲᠠᠢ ᠠᠬᠢᠭᠤᠯᠵᠤ᠂ ᠪᠦᠬᠦ᠋ᠢᠯᠡ ᠠᠵᠢᠯ ᠰᠢᠨ᠎ᠠ ᠨᠢᠭᠡᠨ ᠳᠡᠭᠲᠡᠷ ᠲᠤ ᠳᠡᠪᠰᠢᠪᠡ᠃      ᠯᠢᠦ ᠰᠢᠨ ᠯᠧ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠢᠳᠡᠭᠡᠨ ᠪᠠ ᠡᠮ ᠤᠨ ᠵᠦᠢᠯ ᠎ ᠤᠨ ᠠᠮᠤᠷ ᠲᠦᠪᠰᠢᠨ ᠤ ᠠᠵᠢᠯ ᠤᠨ ᠲᠠᠯ᠎ᠠ ᠪᠠᠷ ᠬᠢ ᠴᠢᠳᠠᠪᠤᠷᠢ ᠪᠠ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠦᠪᠦᠷ ᠮᠤᠩᠭᠤᠯ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠢᠰᠲ᠋ᠧᠮᠲᠦ ᠴᠢᠨᠠᠷᠲᠠᠢ᠂ ᠤᠷᠤᠨ ᠪᠦᠰᠡᠲᠦ ᠴᠢᠨᠠᠷᠲᠠᠢ ᠠᠮᠤᠷ ᠲᠦᠪᠰᠢᠨ ᠤ ᠠᠳᠡᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠤᠯᠠᠨ ᠲᠦᠮᠡᠨ ᠤ ᠡᠷᠡᠭᠦᠯ ᠴᠢᠬᠢᠷᠠᠭ ᠠᠮᠤᠷ ᠲᠦᠪᠰᠢᠨ ᠢ ᠪᠠᠲᠤᠯᠠᠬᠤ ᠪᠠ ᠡᠬᠡ ᠤᠯᠤᠰ ᠤᠨ ᠤᠮᠠᠷᠠᠲᠦ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠦᠪᠡᠷᠲᠡᠭᠡᠨ ᠵᠠᠰᠠᠬᠤ ᠤᠷᠤᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠤᠨ ᠬᠡᠰᠡᠭ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠷᠢᠭᠤᠴᠠᠯᠭᠠᠲᠠᠨ᠂ ᠡᠯ᠎ᠠ ᠠᠶᠢᠮᠠᠭ ᠬᠤᠲᠠ ᠶᠢᠨ ᠢᠳᠡᠭᠡᠨ ᠪᠠ ᠡᠮ ᠤᠨ ᠵᠦᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠤᠯᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠨᠠᠷ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号