︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠲᠦᠷᠭᠡᠨ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠬᠦ ᠲᠤᠬᠠᠢ ᠲᠤᠭᠳᠠᠭᠠᠯ ᠤᠳ︾᠎ ᠨᠢ ᠲᠦᠷᠪᠡᠨ ᠲᠠᠯ᠎ᠠ ᠪᠠᠷ ᠤᠨᠴᠠᠯᠠᠬᠳᠠᠪᠠ
ᠨᠡᠶᠢᠲᠡᠯᠡᠭᠰᠡᠨ ᠴᠠᠭ᠄
2016/7/27
      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠲᠦᠷᠭᠡᠨ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠬᠦ ᠲᠤᠬᠠᠢ ᠲᠤᠭᠳᠠᠭᠠᠯ ᠤᠳ︾᠎ ᠢ ᠲᠦᠷᠦᠬᠦᠬᠡᠨ ᠨᠡᠶᠢᠳᠡᠯᠡᠪᠡ᠃ ᠲᠤᠰ ᠲᠤᠬᠳᠠᠭᠠᠯ ᠨᠢ ᠲᠦᠷᠦ ᠶᠢᠨ ᠪᠤᠳᠤᠯᠭ᠎ᠠ ᠶᠢᠨ ᠲᠦᠪ ᠭᠤᠤᠯᠴᠢ ᠴᠢᠨᠠᠷ ᠢ ᠪᠠᠲᠤᠯᠠᠬᠤ᠂ ᠬᠦᠴᠢᠷᠳᠡᠯ ᠠᠰᠠᠭᠤᠳᠠᠯ ᠢ ᠰᠢᠢᠳᠪᠦᠷᠢᠯᠡᠬᠦ ᠴᠢᠭᠯᠡᠬᠦᠯᠦᠯᠳᠤ ᠴᠢᠨᠠᠷ ᠢ ᠢᠯᠡᠷᠡᠬᠦᠯᠬᠦ᠂ ᠰᠢᠨ᠎ᠠ ᠶᠢ ᠡᠬᠦᠳᠬᠦ ᠬᠦᠭᠵᠢᠯᠳᠡ ᠶᠢᠨ ᠤᠳᠤᠷᠢᠳᠤᠮᠵᠢ ᠶᠢᠨ ᠴᠢᠨᠠᠷ ᠢ ᠲᠤᠳᠤᠷᠬᠠᠢᠢᠯᠠᠬᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠪᠤᠳᠠᠳᠤ ᠪᠦᠲᠦᠮᠵᠢᠳᠤ ᠴᠢᠨᠠᠷ ᠢ ᠲᠡᠭᠡᠭᠰᠢᠯᠡᠬᠦᠯᠬᠦ ᠵᠡᠷᠭᠡ ᠲᠦᠷᠪᠡᠨ ᠲᠠᠯ᠎ᠠ ᠪᠠᠷ ᠤᠤᠯ ᠤᠨ ᠲᠤᠭᠳᠠᠭᠠᠯ ᠠᠴᠠ ᠤᠨᠴᠠᠯᠠᠬᠳᠠᠵᠠᠢ᠃      7 ᠳ᠋ᠤᠭᠠᠷ ᠰᠠᠷ᠎ᠠ ᠶᠢᠨ 25᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠬᠦᠬᠡᠬᠤᠳᠠ ᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠲᠦᠷᠦᠬᠦᠬᠡᠨ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ ᠎ ᠤᠨ ᠪᠤᠰᠤ ᠠᠵᠦ ᠠᠬᠤᠢ ᠶᠢ ᠲᠦᠷᠭᠡᠳᠭᠡᠨ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠬᠦ ᠲᠤᠬᠠᠢ ᠲᠤᠭᠳᠠᠭᠠᠯ ᠤᠳ︾᠎ ᠤᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠨᠡᠶᠢᠳᠡᠯᠡᠯ ᠬᠢᠬᠦ ᠶᠢᠨ ᠬᠠᠮᠳᠤ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠦᠬᠦᠯᠡᠭᠴᠢ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠰᠤᠷᠪᠤᠯᠵᠢᠯᠠᠬᠴᠢ ᠶᠢᠨ ᠲᠤᠷᠠᠳᠤᠬᠰᠠᠨ ᠠᠰᠠᠭᠤᠯᠳᠠ ᠶᠢ ᠬᠠᠷᠢᠭᠤᠯᠪᠠ᠃      2013 ᠣᠨ ᠤ 6 ᠳ᠋ᠤᠭᠠᠷ ᠰᠠᠷ᠎ᠠ ᠳᠤ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠲᠦᠷᠭᠡᠨ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠬᠦ ᠲᠤᠬᠠᠢ ᠲᠤᠭᠳᠠᠭᠠᠯ ᠤᠳ︾ ︵ᠲᠤᠷᠰᠢᠨ ᠬᠡᠷᠡᠭᠵᠢᠬᠦᠯᠬᠦ︶᠎ ᠢ ᠠᠩᠬ᠎ᠠ ᠲᠤᠬᠲᠠᠭᠠᠨ ᠬᠡᠷᠡᠭᠵᠢᠬᠦᠯᠦᠭᠰᠡᠨ ᠠᠴᠠ ᠨᠠᠰᠢ᠂ ᠮᠠᠨ ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠵᠠᠬ᠎ᠠ ᠲᠡᠯᠬᠡᠬᠦᠷ ᠤᠨ ᠪᠤᠳᠠᠳᠤ ᠴᠤᠬᠴᠠ 109 ᠲᠦᠮᠨ ᠳᠤ ᠬᠦᠷᠴᠦ᠂ ᠨᠡᠶᠢᠳᠡ ᠶᠢᠨ ᠦᠮᠴᠢᠯᠡᠯ ᠎ ᠤᠨ ᠪᠤᠰᠤ ᠠᠵᠦ ᠠᠬᠤᠢ ᠨᠢ ᠪᠦᠬᠦ ᠤᠷᠤᠨ ᠤ 64%᠎ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ᠂ 75%᠎ ᠠᠴᠠ ᠲᠡᠭᠡᠭᠰᠢᠬᠢ ᠠᠵᠢᠯ ᠤᠯᠭᠤᠯᠳᠠ᠂ 68%᠎ ᠠᠴᠠ ᠳᠡᠭᠡᠭᠰᠢᠬᠢ ᠡᠳ᠋ ᠤᠨ ᠵᠠᠰᠠᠬ ᠤᠨ ᠭᠠᠶᠢᠯᠢ ᠶᠢᠨ ᠤᠷᠤᠯᠭ᠎ᠠ ᠶᠢ ᠡᠬᠦᠳᠴᠤ᠂ ᠠᠵᠦ ᠠᠬᠤᠢ ᠨᠡᠶᠢᠬᠡᠮ ᠤᠨ ᠬᠦᠭᠵᠢᠯᠳᠡ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠤᠬᠰᠠᠨ ᠶᠤᠮ᠃ ᠬᠡᠪᠡᠴᠤ ᠠᠵᠦ ᠠᠬᠤᠢ ᠶᠢᠨ ᠪᠠᠶᠢᠳᠠᠯ ᠤᠨ ᠬᠦᠭᠵᠢᠯᠳᠡ ᠶᠢ ᠲᠠᠭᠠᠯᠳᠤᠵᠦ᠂ ᠲᠤᠭᠳᠠᠭᠠᠯ ᠳᠠᠬᠢ ᠤᠤᠯ ᠤᠨ ︽70 ᠵᠤᠷᠪᠤᠰ ᠲᠦᠷᠢᠮ︾᠎ ᠨᠢ ᠨᠢᠬᠡᠨᠳᠡ ᠪᠠᠶᠢᠳᠠᠯ ᠤᠨ ᠬᠦᠭᠵᠢᠯᠳᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠯᠳᠤᠬᠤ ᠪᠠᠨ ᠪᠤᠯᠢᠬᠰᠠᠨ ᠪᠠᠶᠢᠳᠠᠯ ᠲᠤᠤᠷ᠎ᠠ᠂ ᠦᠪᠡᠷᠲᠡᠭᠡᠨ ᠵᠠᠰᠠᠬᠤ ᠤᠷᠤᠨ ᠠᠴᠠ ᠲᠤᠰ ᠲᠤᠬᠳᠠᠭᠠᠯ ᠳᠤ ᠵᠠᠰᠠᠪᠤᠷᠢ ᠤᠷᠤᠭᠤᠯᠤᠬᠰᠠᠨ ᠪᠠᠶᠢᠨ᠎ᠠ᠃ ᠵᠠᠰᠠᠪᠤᠷᠢ ᠤᠷᠤᠭᠤᠯᠤᠬᠰᠠᠨ ᠤ ᠲᠠᠷᠠᠭᠠᠬᠢ ᠲᠤᠬᠳᠠᠭᠠᠯ ᠨᠢ ᠶᠠᠭᠤᠨ ᠤ ᠡᠮᠦᠨ᠎ᠠ ︽ᠵᠦᠪᠰᠢᠶᠡᠷᠡᠯ ᠤᠨ ᠨᠦᠬᠦᠴᠡᠯ ᠢ ᠠᠭᠤᠵᠢᠭᠤ ᠲᠠᠯᠪᠢᠬᠤ︾᠎ ᠠᠴᠠ ᠭᠠᠷᠳᠠᠨ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠪᠠᠷ ᠨᠢᠬᠡᠨᠳᠡ ᠲᠤᠭᠳᠠᠪᠤᠷᠢᠵᠢᠬᠰᠠᠨ 10 ᠵᠤᠷᠪᠤᠰ ᠲᠦᠷᠢᠮ ᠢ ᠬᠠᠰᠤᠵᠦ᠂ 4 ᠵᠤᠷᠪᠤᠰ ᠲᠦᠷᠢᠮ ᠢ ᠨᠡᠮᠡᠨ ᠤᠷᠤᠭᠤᠯᠵᠦ᠂ ᠨᠢᠬᠡᠳᠤᠯᠳᠡᠢ ᠵᠠᠬ᠎ᠠ ᠲᠡᠯᠬᠡᠬᠦᠷ ᠤᠨ ᠵᠦᠪᠰᠢᠶᠡᠷᠡᠯ ᠤᠨ ᠲᠦᠷᠢᠮ ᠪᠠ ᠪᠠᠷᠢᠮᠵᠢᠶ᠎ᠠ ᠶᠢ ᠲᠤᠳᠤᠷᠬᠠᠢᠢᠯᠠᠵᠦ᠂ ᠨᠠᠵᠠᠭᠠᠢ ᠨᠠᠷᠢᠨ ᠲᠠᠩᠰᠠ ᠵᠤᠬᠢᠶᠠᠬᠰᠠᠨ ᠰᠠᠭᠤᠷᠢᠨ ᠲᠡᠭᠡᠷ᠎ᠠ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ ᠶᠢ ᠨᠠᠷᠢᠨ ᠲᠠᠩᠰᠠ ᠠᠴᠠ ᠭᠠᠳᠠᠨᠠᠬᠢ ᠬᠦᠷᠢᠶ᠎ᠠ ᠴᠠᠷᠠᠭ᠎ᠠ ᠳᠤ ᠬᠠᠤᠯᠢ ᠶᠤᠰᠤᠭᠠᠷ ᠤᠷᠤᠵᠦ ᠪᠤᠯᠬᠤ ᠶᠢ ᠵᠦᠪᠰᠢᠶᠡᠷᠡᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠪᠠ ᠠᠷᠠᠳ ᠤᠨ ᠲᠤᠮᠳᠠᠬᠢ ᠪᠡᠯᠡ ᠤᠷᠤᠭᠤᠯᠤᠯᠳᠠ ᠳᠤ ᠴᠢᠭᠯᠡᠬᠦᠯᠦᠨ ᠲᠤᠰᠠᠭᠠᠷ ᠲᠤᠬᠢᠷᠠᠭᠤᠯᠤᠬᠰᠠᠨ ᠲᠠᠭᠠᠯᠳᠠ ᠨᠦᠬᠦᠴᠡᠯ ᠪᠠ ᠲᠤᠤᠷᠠᠰᠢᠶᠠᠯ ᠤᠨ ᠴᠢᠨᠠᠷᠳᠠᠢ ᠵᠤᠷᠪᠤᠰ ᠢ ᠬᠠᠰᠤᠬᠤ ᠶᠢᠨ ᠬᠠᠮᠳᠤ ᠨᠡᠶᠢᠳᠡᠮ ᠤᠨ ᠴᠢᠨᠠᠷᠳᠠᠢ ᠬᠠᠷᠠᠭᠠᠯᠵᠠᠯ ᠦᠵᠡᠬᠦᠯᠬᠦ ᠮᠦᠩᠬᠦᠨ ᠬᠦᠢᠯᠬᠡᠬᠡ᠂ ᠦᠨ᠎ᠠ ᠬᠠᠩᠰᠢ᠂ ᠰᠦᠢᠳᠬᠡᠯ᠂ ᠭᠠᠵᠠᠷ ᠰᠢᠷᠤᠢ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠵᠠᠬ᠎ᠠ ᠲᠡᠯᠬᠡᠬᠦᠷ ᠤᠨ ᠵᠦᠪᠰᠢᠶᠡᠷᠡᠯ ᠤᠨ ᠨᠦᠬᠦᠴᠡᠯ ᠵᠡᠷᠭᠡ ᠲᠠᠯ᠎ᠠ ᠪᠠᠷ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠤᠯᠤᠰ ᠤᠨ ᠦᠮᠴᠢᠯᠡᠯ ᠤᠨ ᠠᠵᠦ ᠠᠬᠤᠢᠢᠯᠠᠯ ᠲᠠᠢ ᠠᠳᠠᠯᠢᠬᠠᠨ ᠬᠠᠷᠠᠭᠠᠯᠵᠠᠯ ᠬᠦᠷᠳᠡᠬᠦ ᠶᠢ ᠪᠠᠲᠤᠯᠠᠪᠠ︔ ᠲᠠᠬᠢᠪᠠᠯ᠂ ᠲᠤᠰ ᠲᠤᠭᠳᠠᠭᠠᠯ ᠨᠢ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ︽ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠳᠡᠢ︾ ᠠᠰᠠᠭᠤᠳᠠᠯ ᠳᠤ ᠭᠤᠤᠯᠳᠠᠯᠭ᠎ᠠ ᠲᠠᠢ ᠴᠢᠭᠯᠡᠬᠦᠯᠦᠨ᠂ ᠢᠲᠡᠭᠡᠮᠵᠢᠳᠤ ᠵᠢᠬᠡᠯᠡᠯᠬᠡ᠂ ᠪᠠᠲᠤᠯᠨᠨ ᠲᠠᠭᠠᠭᠠᠬᠤ ᠵᠡᠷᠭᠡ ᠲᠦᠷᠦ ᠶᠢᠨ ᠪᠤᠳᠤᠯᠭ᠎ᠠ ᠲᠤᠬᠳᠠᠭᠠᠬᠰᠠᠨ ᠪᠠ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠪᠡᠯᠡ ᠤᠷᠤᠭᠤᠯᠤᠯᠳᠠ ᠶᠢᠨ ᠬᠦᠳᠡᠯᠬᠡᠬᠦ ᠬᠦᠴᠦᠨ ᠬᠦᠷᠦᠯᠴᠡᠬᠦ ᠦᠬᠡᠢ᠂ ᠪᠡᠯᠡ ᠤᠷᠤᠭᠤᠯᠤᠯᠳᠠ ᠶᠢᠨ ᠴᠢᠳᠠᠪᠤᠷᠢ ᠪᠠᠭᠤᠷᠠᠬᠰᠠᠨ ᠵᠡᠷᠭᠡ ᠠᠰᠠᠭᠤᠳᠠᠯ ᠳᠤ ᠴᠢᠭᠯᠡᠬᠦᠯᠦᠨ᠂ ᠪᠡᠯᠡ ᠤᠷᠤᠭᠤᠯᠤᠯᠳᠠ ᠶᠢ ᠠᠬᠢᠭᠤᠯᠬᠤ᠂ ᠡᠳ᠋ ᠤᠨ ᠵᠠᠰᠠᠬ ᠤᠨ ᠱᠠᠩᠨᠠᠯ ᠨᠦᠬᠦᠪᠦᠷᠢ ᠦᠭᠬᠦ᠂ ᠭᠠᠶᠢᠯᠢ ᠶᠢᠨ ᠬᠠᠷᠠᠭᠠᠯᠵᠠᠯ ᠬᠦᠷᠳᠡᠬᠡᠬᠦ ᠵᠡᠷᠭᠡ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠲᠤᠬᠳᠠᠭᠠᠪᠠ︔ ᠲᠠᠷᠠᠭ᠎ᠠ ᠳᠤᠨᠢ᠂ ᠲᠤᠰ ᠲᠤᠭᠳᠠᠭᠠᠯ ᠨᠢ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠶᠢᠨ ᠴᠢᠭᠯᠡᠯ ᠢ ᠴᠢᠨᠠᠬᠰᠢᠳᠠ ᠲᠤᠳᠤᠷᠬᠠᠢᠢᠯᠠᠵᠦ᠂ 17 ᠵᠤᠷᠪᠤᠰ ᠲᠦᠷᠢᠮ ᠢ ᠨᠡᠮᠡᠨ ᠤᠷᠤᠭᠤᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠰᠢᠨ᠎ᠠ ᠶᠢ ᠡᠬᠦᠳᠬᠦ ᠬᠦᠭᠵᠢᠯᠳᠡ ᠶᠢᠨ ᠬᠠᠷᠠᠯᠳᠠ ᠶᠢ ᠲᠤᠷᠠᠳᠤᠬᠰᠠᠨ ᠪᠠᠶᠢᠨ᠎ᠠ︔ ᠲᠤᠰ ᠲᠤᠬᠳᠠᠭᠠᠯ ᠳᠤ ᠵᠠᠰᠠᠪᠤᠷᠢ ᠤᠷᠤᠭᠤᠯᠬᠤ ᠎ ᠳᠠᠭᠠᠨ ᠵᠠᠰᠠᠬ ᠤᠨ ᠤᠷᠳᠤᠨ ᠢᠯᠡᠬᠦᠦ ᠦᠭᠬᠦ᠂ ᠭᠠᠶᠢᠯᠢ ᠰᠦᠢᠳᠬᠡᠯ ᠪᠠᠭ᠎ᠠ ᠠᠪᠬᠤ᠂ ᠤᠷᠴᠢᠨ ᠲᠤᠭᠤᠷᠢᠨ ᠢ ᠰᠢᠯᠢᠳᠡᠭᠵᠢᠬᠦᠯᠬᠦ ᠵᠡᠷᠭᠡ ᠲᠦᠷᠦ ᠶᠢᠨ ᠪᠤᠳᠤᠯᠭ᠎ᠠ ᠠᠷᠭ᠎ᠠ ᠠᠪᠴᠠᠯ ᠨᠤᠭᠤᠳ ᠢᠶᠠᠷ ᠲᠠᠮᠵᠢᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠪᠡᠷ ᠤᠨ ᠦᠷᠲᠡᠭ ᠢ ᠪᠠᠭᠤᠷᠠᠭᠤᠯᠬᠤ᠂ ᠤᠨᠴᠠᠭᠠᠢᠢᠯᠠᠨ ᠪᠦᠲᠦᠴᠡ ᠶᠢᠨ ᠴᠢᠨᠠᠷᠳᠠᠢ ᠭᠠᠶᠢᠯᠢ ᠰᠦᠢᠳᠬᠡᠯ ᠢ ᠬᠠᠰᠤᠨ ᠬᠡᠯᠳᠦᠷᠢᠬᠦᠯᠬᠦ᠂ ᠭᠠᠵᠠᠷ ᠰᠢᠷᠤᠢ ᠬᠡᠷᠡᠭᠯᠡᠬᠦ ᠦᠪᠡᠷ ᠤᠨ ᠦᠷᠲᠡᠭ ᠢ ᠪᠠᠭᠤᠷᠠᠭᠤᠯᠬᠤ᠂ ᠪᠠᠶᠢᠴᠠᠭᠠᠵᠦ ᠦᠨᠡᠯᠡᠨ ᠰᠢᠯᠭᠠᠷᠠᠭᠤᠯᠬᠤ ᠠᠵᠢᠯᠯᠠᠭ᠎ᠠ ᠶᠢ ᠴᠦᠬᠡᠳᠬᠡᠬᠦ ᠵᠡᠷᠭᠡ ᠲᠠᠯ᠎ᠠ ᠪᠠᠷ ᠨᠠᠷᠢᠨ ᠲᠦᠷᠢᠮ ᠲᠤᠭᠳᠠᠭᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号