ᠦᠨᠦᠬᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ | ᠬᠠᠮᠲᠤᠷᠠᠨ ︽ᠮᠠᠯᠴᠢᠨ ᠲᠠᠷᠢᠶᠠᠴᠢᠳ ᠤᠨ ᠬᠤᠳᠠ ᠳᠤ ᠣᠷᠣᠵᠤ ᠭᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠬᠦ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠠᠷᠬᠠᠭᠠᠪᠠ᠃ ᠮᠠᠯᠴᠢᠨ ᠲᠠᠷᠢᠶᠠᠴᠢᠳ ᠤᠨ ᠬᠤᠳᠠ ᠳᠤ ᠣᠷᠣᠵᠤ | ᠭᠡᠷ ᠪᠠᠶᠢᠰᠢᠩ ᠬᠤᠳᠠᠯᠳᠤᠨ ᠠᠪᠬᠤ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠨᠢ ᠤᠷᠢᠳ ᠭᠠᠷᠤᠭ᠎ᠠ | ᠦᠭᠡᠶ ᠡᠷᠴᠢᠮᠲᠠᠢ ᠶᠤᠮ — | ᠨᠢᠭᠡ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠬᠦᠯᠵᠤ᠂ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠮᠠᠯᠴᠢᠨ ᠲᠠᠷᠢᠶᠠᠴᠢᠳ ᠤᠨ ᠤᠤᠯ ᠤᠨ | ᠡᠷᠦᠬᠡ ᠠᠮᠠ ᠨᠢ ᠪᠠᠶᠢᠭᠰᠠᠨ ᠭᠠᠵᠠᠷ ᠲᠠᠬᠢ ᠪᠦᠬᠦ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠮᠠᠯᠴᠢᠨ | ᠲᠠᠷᠢᠶᠠᠴᠢᠨ ᠡᠯ᠎ᠡ ᠲᠦᠷᠦᠯ ᠤᠨ ᠲᠠᠷᠢᠶᠠᠴᠢᠨ ︵ᠮᠠᠯᠴᠢᠨ︶ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠴᠢᠨᠠᠷᠲᠠᠶ ᠨᠥᠬᠦᠪᠥᠷᠢ᠂ ᠮᠠᠯᠴᠢᠨ ᠲᠠᠷᠢᠶᠠᠴᠢᠳ ᠤᠨ ᠭᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠬᠡᠷᠡᠭᠯᠡᠬᠦ | ᠡᠷᠬᠡ ᠵᠡᠷᠭᠡ ᠪᠠᠷ ᠢᠶᠠᠨ ᠪᠠᠷᠢᠴᠠᠭ᠎ᠠ ᠪᠤᠯᠭᠠᠵᠤ ᠬᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠠᠪᠬᠤ ᠶᠢ ᠨᠢ | ᠵᠦᠪᠰᠢᠶᠡᠷᠡᠨ᠎ᠡ᠂ ᠡᠰᠡᠬᠦᠯ᠎ᠡ ᠪᠤᠰᠤᠳ ᠬᠥᠮᠦᠨ ︵ᠪᠠᠶᠢᠭᠠᠯᠢ ᠬᠥᠮᠦᠨ᠂ ᠬᠠᠤᠯᠢ ᠶᠣᠰᠣᠨ ᠤ ᠵᠣᠬᠢᠶᠠᠨ | ᠪᠠᠶᠢᠭᠤᠯᠤᠯᠲᠠ︶ ᠠᠴᠠ ᠪᠠᠷᠢᠴᠠᠭᠠᠯᠠᠨ ᠳᠠᠭᠠᠭᠠᠴᠢᠯᠠᠵᠤ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢ ᠬᠠᠨᠭ᠍ᠭᠠᠵᠤ | ᠪᠤᠯᠤᠨ᠎ᠠ᠃ | ᠬᠤᠶᠠᠷ᠂ ᠬᠤᠲᠠ ᠳᠤ ᠣᠷᠣᠵᠤ ᠠᠩᠬ᠎ᠠ ᠤᠳᠠᠭ᠎ᠠ 144 ᠲᠡᠭᠰᠢ ᠳᠦᠷᠪᠡᠯᠵᠢᠨ ᠮᠧᠲᠷ ︵ᠲᠤᠰ ᠮᠧᠲᠷ | ᠪᠠᠭᠲᠠᠨ᠎ᠠ︶ ᠠᠴᠠ ᠳᠤᠷᠤᠭᠰᠢᠬᠢ ᠲᠠᠸᠠᠷ ᠤᠨ ᠣᠷᠣᠨ ᠰᠠᠭᠤᠴᠠ ︵ᠭᠠᠷ ᠳᠠᠮᠵᠢᠭᠰᠠᠨ ᠭᠡᠷ ᠪᠠᠶᠢᠰᠢᠩ ᠪᠠᠭᠲᠠᠨ᠎ᠠ︶ | ᠶᠢ ᠬᠤᠳᠠᠯᠳᠤᠨ ᠠᠪᠬᠤ ᠮᠠᠯᠴᠢᠨ ᠲᠠᠷᠢᠶᠠᠴᠢᠨ ︵ᠡᠭᠦᠨ ᠳᠤ ᠪᠤᠰᠤᠳ ᠬᠡᠷ ᠪᠠᠶᠢᠰᠢᠩ ᠬᠤᠳᠠᠯᠳᠤᠨ ᠠᠪᠬᠤ ᠬᠥᠮᠦᠨ | ᠪᠠᠭᠲᠠᠨ᠎ᠠ︶ ᠪᠦᠬᠦᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ 50% ᠶᠢᠨ ᠭᠡᠷ᠎ᠡ ᠶᠢᠨ ᠭᠠᠶᠢᠯᠢ ᠶᠢᠨ | ᠨᠥᠬᠦᠪᠥᠷᠢ ᠶᠢ ᠬᠦᠷᠲᠡᠨ᠎ᠡ᠃ | ᠭᠤᠷᠪᠠ᠂ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠠᠶ ᠲᠠᠢ ᠤᠶᠠᠯᠳᠤᠭᠤᠯᠤᠨ᠂ | ᠮᠠᠯᠴᠢᠨ ᠲᠠᠷᠢᠶᠠᠴᠢᠳ ᠬᠢᠭᠡᠳ ᠪᠤᠰᠤᠳ ᠬᠡᠷ ᠪᠠᠶᠢᠰᠢᠩ ᠬᠤᠳᠠᠯᠳᠤᠨ ᠠᠪᠬᠤ ᠬᠦᠮᠦᠰ ᠤᠨ ᠠᠩᠬ᠎ᠠ ᠤᠳᠠᠭ᠎ᠠ ᠭᠡᠷ | ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠬᠦᠦ ᠮᠥᠩᠭᠦ ᠶᠢᠨ ᠬᠠᠷᠠᠭᠠᠯᠵᠠᠯ ᠦᠵᠡᠭᠦᠯᠬᠦ ᠨᠥᠬᠦᠪᠥᠷᠢ ᠶᠢᠨ | ᠲᠥᠷᠥ ᠶᠢᠨ ᠪᠤᠳᠤᠯᠭ᠎ᠠ ᠶᠢ ᠲᠣᠭᠲᠠᠭᠠᠵᠤ ᠪᠤᠯᠬᠤ ᠪᠦᠭᠡᠳ ᠠᠩᠬ᠎ᠠ ᠤᠳᠠᠭ᠎ᠠ ᠲᠠᠸᠠᠷ ᠤᠨ ᠣᠷᠣᠨ ᠰᠠᠭᠤᠴᠠ ︵ᠭᠠᠷ | ᠳᠠᠮᠵᠢᠭᠰᠠᠨ ᠭᠡᠷ ᠪᠠᠶᠢᠰᠢᠩ ᠪᠠᠭᠲᠠᠨ᠎ᠠ︶ ᠬᠤᠳᠠᠯᠳᠤᠨ ᠠᠪᠬᠤ ᠳᠤ ᠭᠠᠶᠢᠯᠢ ᠲᠠᠲᠠᠪᠤᠷᠢ ᠠᠴᠠ ᠭᠠᠳᠠᠨ᠎ᠠ ᠨᠢᠭᠡ ᠯᠡ | ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠲᠤᠭᠲᠠᠭᠠᠭᠰᠠᠨ ᠴᠤ ᠪᠤᠯᠤᠨ᠎ᠠ᠃ | ᠲᠠᠷᠢᠶᠠᠯᠠᠩ ᠤᠨ ᠪᠠᠩᠬᠢ ᠠᠴᠠ ᠪᠦᠬᠦ ᠣᠷᠣᠨ ᠤ ᠬᠤᠲᠠ ᠳᠤ ᠣᠷᠣᠵᠤ ᠭᠡᠷ ᠪᠠᠶᠢᠰᠢᠩ ᠬᠤᠳᠠᠯᠳᠤᠨ ᠠᠪᠬᠤ | ᠮᠠᠯᠴᠢᠨ ᠲᠠᠷᠢᠶᠠᠴᠢᠳ ᠲᠤ ︽ᠮᠠᠯᠴᠢᠨ ᠲᠠᠷᠢᠶᠠᠴᠢᠨ ᠤ ᠤᠷᠤᠨ ᠰᠠᠭᠤᠴᠠ ᠠᠪᠬᠤ ᠵᠢᠭᠡᠯᠡᠯᠭᠡ︾ ᠶᠢᠨ ᠦᠢᠯᠡᠳᠬᠦᠨ ᠢ | ᠬᠠᠨᠭ᠍ᠭᠠᠵᠤ᠂ ᠣᠯᠠᠨ ᠵᠦᠢᠯ ᠤᠨ ᠠᠪᠴᠢᠯᠳᠤᠭᠰᠠᠨ ᠲᠥᠷᠥ ᠶᠢᠨ ᠪᠣᠳᠣᠯᠭ᠎ᠠ ᠪᠠᠷ ᠠᠰᠢᠭ ᠬᠦᠷᠲᠡᠨ᠎ᠡ — | ᠵᠢᠭᠡᠯᠡᠯᠭᠡ ᠠᠪᠤᠭᠴᠢᠳ ᠢ ᠦᠷᠭᠡᠳᠭᠡᠨ᠎ᠡ᠃ ᠵᠣᠭᠤᠰ ᠵᠢᠭᠡᠯᠡᠭᠴᠢ ᠨᠢ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠬᠢᠷᠢ ᠬᠡᠮ ᠲᠠᠢ ᠪᠠᠶᠢᠵᠤ᠂ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠬᠦᠷᠲᠡᠵᠤ ᠪᠠᠶᠢᠬᠤ ᠭᠦᠮᠦᠰ︔ ᠬᠤᠲᠠ ᠪᠠᠯᠭᠠᠰᠤᠨ ᠤ | ᠡᠷᠦᠬᠡ ᠠᠮᠠ ᠶᠢᠨ ᠳᠠᠩᠰᠠᠨ ᠳᠤ ᠰᠢᠨ᠎ᠡ ᠪᠠᠷ ᠤᠷᠤᠭᠠᠳ ᠪᠦᠬᠦᠯᠢ 1 ᠵᠢᠯ ︵1 ᠵᠢᠯ ᠢ ᠪᠠᠭᠲᠠᠭᠠᠨ᠎ᠠ︶ ᠪᠤᠯᠤᠭᠠᠳᠤᠢ | ᠲᠠᠷᠢᠶᠠᠴᠢᠨ︔ ᠪᠦᠬᠦᠯᠢ 18 ᠨᠠᠰᠤ ︵ᠲᠤᠰ ᠨᠠᠰᠤ ᠪᠠᠭᠲᠠᠨ᠎ᠠ︶ ᠠᠴᠠ ᠳᠡᠭᠡᠭᠰᠢ᠂ ᠪᠦᠬᠦᠯᠢ 55 ᠨᠠᠰᠤ ︵ᠲᠤᠰ | ᠨᠠᠰᠤ ᠪᠠᠭᠲᠠᠨ᠎ᠠ︶ ᠠᠴᠠ ᠳᠣᠷᠣᠭᠰᠢ ᠨᠠᠰᠤᠨ ᠤ ᠬᠦᠮᠦᠰ︔ ᠪᠡᠶ᠎ᠡ ᠮᠠᠬᠠᠪᠣᠳ ᠨᠢ ᠡᠷᠡᠭᠦᠯ ᠴᠢᠭᠢᠷᠠᠭ᠂ ᠢᠷᠭᠡᠨ ᠤ | ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠ ᠬᠥᠳᠡᠯᠮᠦᠷᠢᠯᠡᠬᠦ ᠴᠢᠳᠠᠪᠤᠷᠢ ᠲᠠᠢ ᠬᠦᠮᠦᠰ︔ ᠡᠵᠡᠨ | ᠮᠡᠳᠡᠵᠤ ᠰᠠᠶᠢᠨ ᠳᠤᠷ᠎ᠠ ᠠᠴᠠ ᠪᠠᠨ ᠬᠤᠲᠠ ᠪᠠᠯᠭᠠᠰᠤᠨ ᠳᠤ ᠲᠠᠸᠠᠷ ᠤᠨ ᠣᠷᠣᠨ ᠰᠠᠭᠤᠴᠠ ︵ᠭᠠᠷ ᠳᠠᠮᠵᠢᠭᠰᠠᠨ ᠭᠡᠷ | ᠪᠠᠶᠢᠰᠢᠩ︶ ᠬᠤᠳᠠᠯᠳᠤᠨ ᠠᠪᠴᠤ ᠪᠤᠯᠤᠨ᠎ᠠ᠃ | ᠬᠦᠦ ᠨᠣᠷᠮ᠎ᠠ ᠶᠢᠨ ᠬᠠᠷᠠᠭᠠᠯᠵᠠᠯ ᠦᠵᠡᠭᠦᠯᠦᠨ᠎ᠡ᠃ ︽ᠮᠠᠯᠴᠢᠨ ᠲᠠᠷᠢᠶᠠᠴᠢᠨ ᠤ ᠤᠷᠤᠨ ᠰᠠᠭᠤᠴᠠ ᠠᠪᠬᠤ | ᠵᠢᠭᠡᠯᠡᠯᠭᠡ︾ ᠶᠢᠨ ᠠᠩᠬ᠎ᠠ ᠲᠤᠰᠢᠶᠠᠬᠤ ᠮᠥᠩᠭᠦᠨ ᠤ ᠬᠠᠷᠢᠴᠠᠯ ᠵᠢᠴᠢ ᠬᠦᠦ ᠨᠤᠷᠮ᠎ᠠ ᠶᠢ ᠣᠳᠣ ᠶᠢᠨ ᠬᠡᠷᠡᠭᠵᠢᠭᠦᠯᠵᠦ | ᠪᠠᠶᠢᠭ᠎ᠠ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠣᠰᠣᠭᠠᠷ | ᠬᠡᠷᠡᠭᠵᠢᠭᠦᠯᠵᠦ᠂ ᠠᠩᠬ᠎ᠠ ᠤᠳᠠᠭ᠎ᠠ ᠲᠤᠰᠢᠶᠠᠬᠤ ᠮᠦᠡᠭᠭᠦᠨ ᠤ ᠬᠠᠷᠢᠴᠠᠯ ᠢ 20% ᠪᠠᠷ ᠬᠡᠷᠡᠭᠵᠢᠬᠦᠯᠵᠤ᠂ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠤᠯᠭᠤᠬᠤ ᠭᠡᠷ ᠪᠠᠶᠢᠰᠢᠩ | ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠬᠦᠯᠬᠦ ᠪᠠ ᠨᠦᠬᠦᠪᠦᠷᠢ᠂ ᠭᠡᠷ ᠭᠠᠵᠠᠷ ᠬᠦᠷᠦᠩᠭᠡ ᠶᠢ ᠨᠡᠭᠡᠭᠡᠨ | ᠬᠦᠭᠵᠢᠬᠦᠯᠬᠦ ᠠᠵᠤ ᠠᠬᠤᠶᠢᠯᠠᠯ ᠠᠴᠠ ᠤᠯᠭᠤᠬᠤ ᠦᠨ᠎ᠡ ᠪᠠᠭᠤᠯᠭᠠᠬᠤ ᠲᠤᠭ᠎ᠠ ᠶᠢ ᠴᠥᠮ ᠠᠩᠬ᠎ᠠ ᠤᠳᠠᠭ᠎ᠠ | ᠲᠤᠰᠢᠶᠠᠬᠤ ᠵᠣᠭᠤᠰ ᠲᠤ ᠪᠤᠳᠤᠵᠤ ᠤᠷᠤᠭᠤᠯᠤᠨ᠎ᠠ︔ ᠠᠩᠬ᠎ᠠ ᠲᠤᠰᠢᠶᠠᠬᠤ ᠮᠥᠩᠭᠦᠨ ᠤ ᠬᠠᠷᠢᠴᠠᠯ ᠨᠢ 30% | ᠵᠢᠴᠢ ᠲᠡᠭᠦᠨ ᠠᠴᠠ ᠳᠡᠭᠡᠭᠰᠢ ᠳᠤ ᠬᠦᠷᠦᠭᠰᠡᠨ ᠡᠷᠦᠭᠡ ᠳᠤ ᠰᠠᠭᠤᠷᠢ ᠪᠠᠷᠢᠮᠵᠢᠶ᠎ᠠ ᠶᠢᠨ ᠬᠦᠦ ᠨᠤᠷᠮ᠎ᠠ ᠶᠢᠨ 0.9 | ᠳᠠᠬᠢᠨ ᠤ ᠬᠠᠷᠠᠭᠠᠯᠵᠠᠯ ᠦᠵᠡᠬᠦᠯᠦᠨ᠎ᠡ᠃ | ᠣᠷᠣᠯᠭ᠎ᠠ ᠶᠢᠨ ᠭᠡᠷᠡᠴᠢ ᠶᠢ ᠲᠣᠳᠣᠷᠬᠠᠶ ᠪᠤᠯᠭᠠᠨ᠎ᠠ᠃ ᠬᠦᠯᠦᠰᠤᠯᠠᠭᠦᠯᠦᠭᠴᠢ ᠲᠠᠢ ᠪᠤᠯ | ᠬᠦᠯᠦᠰᠦᠯᠡᠭᠦᠯᠦᠭᠴᠢ ᠶᠢᠨ ᠬᠢᠵᠤ ᠦᠭᠭᠦᠭᠰᠡᠨ ᠣᠷᠣᠯᠭ᠎ᠠ ᠶᠢᠨ ᠭᠡᠷᠡᠴᠢ ᠪᠢᠴᠢᠭ ᠢ ᠬᠠᠨᠭ᠍ᠭᠠᠨ᠎ᠠ︔ | ᠬᠦᠯᠦᠰᠦᠯᠡᠭᠦᠯᠦᠭᠴᠢ ᠦᠭᠡᠢ ᠪᠤᠶᠤ ᠣᠷᠣᠯᠭ᠎ᠠ ᠶᠢᠨ ᠭᠡᠷᠡᠴᠢ ᠪᠢᠴᠢᠭ ᠢ ᠬᠢᠵᠦ ᠥᠭᠬᠦ ᠶᠢᠨ ᠠᠷᠭ᠎ᠠ ᠦᠭᠡᠢ ᠪᠤᠯ᠂ | ᠣᠷᠣᠯᠭ᠎ᠠ ᠶᠢᠨ ᠬᠡᠷᠡᠴᠢ ᠶᠢ ᠬᠠᠨᠭ᠍ᠭᠠᠬᠤ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ᠪᠠᠩᠬᠢ ᠶᠢᠨ ᠣᠷᠣᠯᠭ᠎ᠠ ᠶᠢᠨ | ᠨᠠᠷᠢᠨ ᠳᠠᠩᠰᠠ ᠶᠢ ᠲᠤᠰᠢᠶᠠᠨ ᠬᠡᠷᠡᠴᠢᠯᠡᠨ᠎ᠡ︔ ᠣᠷᠣᠯᠭ᠎ᠠ ᠶᠢᠨ ᠭᠡᠷᠡᠴᠢ ᠪᠢᠴᠢᠭ ᠬᠠᠨᠭ᠍ᠭᠠᠬᠤ ᠶᠢᠨ ᠠᠷᠭ᠎ᠠ ᠦᠭᠡᠢ | ᠪᠥᠭᠡᠳ ᠪᠠᠩᠬᠢ ᠶᠢᠨ ᠣᠷᠣᠯᠭ᠎ᠠ ᠶᠢᠨ ᠨᠠᠷᠢᠨ ᠳᠠᠩᠰᠠ ᠨᠢ ᠴᠤ ᠬᠦᠢᠴᠡᠳ ᠪᠤᠰᠤ ᠪᠠᠶᠢᠪᠠᠯ᠂ ᠣᠷᠣᠨ ᠨᠤᠲᠤᠭ ᠤᠨ | ᠵᠠᠰᠠᠭ ᠤᠨ ᠣᠷᠳᠣᠨ ᠤ ᠪᠡᠯᠡ ᠭᠠᠷᠭᠠᠬᠤ ᠪᠠᠷ ᠭᠤᠣᠯ ᠪᠣᠯᠭᠠᠭᠰᠠᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠᠲᠤ | ᠪᠠᠶᠢᠭᠤᠯᠤᠮᠵᠢ ᠠᠴᠠ ᠪᠦᠬᠦ ᠶᠠᠪᠤᠴᠠ ᠶᠢᠨ ᠬᠤᠯᠪᠣᠯᠳᠤᠭᠰᠠᠨ ᠬᠠᠷᠢᠭᠤᠴᠠᠯᠭᠠᠲᠤ ᠪᠠᠲᠤᠯᠠᠭ᠎ᠠ ᠬᠢᠵᠤ ᠦᠭᠭᠦ ᠪᠠᠷ | ᠵᠥᠪᠰᠢᠶᠡᠷᠡᠭᠰᠡᠨ ᠢᠲᠡᠭᠡᠮᠵᠢ ᠨᠡᠮᠡᠭᠳᠡᠭᠦᠯᠬᠦ ᠭᠡᠷᠡᠴᠢ ᠭᠠᠷᠭᠠᠨ ᠦᠨᠳᠦᠰᠦ ᠪᠠᠷᠢᠮᠲᠠ ᠪᠤᠯᠭᠠᠨ᠎ᠠ᠃ | ᠬᠤᠪᠢ ᠦᠭᠭᠦ ᠵᠥᠪᠰᠢᠶᠡᠷᠡᠯ ᠤᠨ ᠪᠠᠷᠢᠮᠵᠢᠶ᠎ᠠ ᠶᠢ ᠳᠤᠷᠤᠭᠰᠢᠯᠠᠭᠤᠯᠤᠨ᠎ᠠ᠃ ︽ᠮᠠᠯᠴᠢᠨ ᠲᠠᠷᠢᠶᠠᠴᠢᠨ ᠤ | ᠤᠷᠤᠨ ᠰᠠᠭᠤᠴᠠ ᠠᠪᠬᠤ ᠵᠢᠭᠡᠯᠡᠯᠭᠡ︾ ᠶᠢᠨ ᠬᠤᠪᠢ ᠦᠭᠭᠦ ᠵᠥᠪᠰᠢᠶᠡᠷᠡᠯ ᠤᠨ ᠪᠠᠷᠢᠮᠵᠢᠶ᠎ᠠ ᠶᠢ ᠲᠠᠷᠢᠶᠠᠯᠠᠩ ᠤᠨ | ᠪᠠᠩᠬᠢ ᠶᠢᠨ ᠣᠳᠣᠬᠠᠨ ᠤ ᠬᠡᠷᠡᠭᠵᠢᠭᠦᠯᠵᠦ ᠪᠠᠶᠢᠭ᠎ᠠ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠲᠠᠯᠪᠢᠬᠤ | ᠪᠠᠷᠢᠮᠵᠢᠶ᠎ᠠ ᠠᠴᠠ 100 ᠬᠤᠪᠢ ᠪᠠᠭᠤᠷᠠᠭᠤᠯᠤᠨ ᠬᠡᠷᠡᠭᠵᠢᠬᠦᠯᠦᠨ᠎ᠡ᠂ ᠲᠤᠬᠠᠶᠢᠯᠠᠪᠠᠯ ᠰᠢᠨ᠎ᠡ ᠭᠡᠷ ᠪᠠᠶᠢᠰᠢᠩ᠂ ᠭᠠᠷ | ᠳᠠᠮᠵᠢᠭᠰᠠᠨ ᠭᠡᠷ ᠪᠠᠶᠢᠰᠢᠩ ᠤᠨ ︽ᠮᠠᠯᠴᠢᠨ ᠲᠠᠷᠢᠶᠠᠴᠢᠨ ᠤ ᠤᠷᠤᠨ ᠰᠠᠭᠤᠴᠠ ᠠᠪᠬᠤ ᠵᠢᠭᠡᠯᠡᠯᠭᠡ︾ ᠶᠢᠨ ᠬᠤᠪᠢ | ᠦᠭᠭᠦ ᠵᠦᠪᠰᠢᠶᠡᠷᠡᠯ ᠤᠨ ᠪᠠᠷᠢᠮᠵᠢᠶ᠎ᠠ ᠨᠢ ᠲᠤᠰ ᠲᠤᠰ 415 ᠬᠤᠪᠢ ᠪᠠ 385 ᠬᠤᠪᠢ ᠪᠤᠯᠤᠨ᠎ᠠ᠃ | ᠵᠢᠭᠡᠯᠡᠯᠭᠡ ᠪᠤᠴᠠᠭᠠᠬᠤ ᠠᠷᠭ᠎ᠠ ᠶᠢ ᠠᠮᠢᠳᠤᠯᠢᠭ ᠪᠠᠶᠢᠯᠭᠠᠨ᠎ᠠ᠃ ᠵᠣᠭᠤᠰ ᠵᠢᠭᠡᠯᠡᠭᠴᠢ ᠨᠢ ᠲᠡᠩᠴᠡᠭᠦᠦ | ᠲᠣᠭᠠᠨ ᠤ ᠡᠭᠡ ᠬᠦᠦ ᠮᠥᠩᠭᠦ᠂ ᠲᠡᠩᠴᠡᠭᠦᠦ ᠲᠣᠭᠠᠨ ᠤ ᠡᠭᠡ ᠮᠥᠩᠭᠦ ᠵᠡᠷᠭᠡ ᠵᠢᠭᠡᠯᠡᠯᠭᠡ ᠪᠤᠴᠠᠭᠠᠬᠤ ᠠᠷᠭ᠎ᠠ | ᠮᠠᠶ᠋ᠢᠭ ᠢ ᠥᠪᠡᠰᠦᠪᠡᠨ ᠡᠵᠡᠨ ᠮᠡᠳᠡᠵᠤ ᠰᠣᠩᠭᠤᠬᠤ ᠪᠣᠯᠤᠨ᠎ᠠ᠃ ᠮᠠᠯᠴᠢᠨ ᠲᠠᠷᠢᠶᠠᠴᠢᠳ ᠤᠨ ᠣᠷᠣᠯᠭ᠎ᠠ ᠶᠢᠨ | ᠤᠯᠠᠷᠢᠯ ᠤᠨ ᠴᠢᠨᠠᠷᠲᠠᠶ ᠣᠨᠴᠠᠯᠢᠭ ᠲᠤ ᠴᠢᠭᠯᠡᠭᠦᠯᠦᠨ᠂ ᠵᠣᠭᠤᠰ ᠵᠢᠭᠡᠯᠡᠭᠴᠢ ᠨᠢ ᠰᠠᠷ᠎ᠠ᠂ ᠤᠯᠠᠷᠢᠯ᠂ ᠬᠠᠭᠠᠰ ᠵᠢᠯ | ᠪᠤᠶᠤ ᠣᠨ ᠢᠶᠠᠷ ᠵᠢᠭᠡᠯᠡᠯᠭᠡ ᠪᠤᠴᠠᠭᠠᠬᠤ ᠳᠠᠪᠲᠠᠮᠵᠢ ︵ᠵᠠᠷᠴᠢᠮ ᠳᠡᠭᠡᠷ᠎ᠡ ᠪᠠᠨ ᠨᠢᠭᠡ ᠤᠯᠠᠷᠢᠯ ᠠᠴᠠ ᠬᠡᠲᠦᠷᠡᠭᠦᠯᠵᠦ | ᠪᠣᠯᠬᠤ ᠤᠢᠭᠡᠢ︶ ᠪᠠᠷ ᠵᠢᠭᠡᠯᠡᠯᠭᠡ ᠪᠤᠴᠠᠭᠠᠬᠤ ᠪᠣᠳᠠᠲᠠᠶ ᠴᠠᠭ ᠬᠤᠭᠤᠴᠠᠭ᠎ᠠ ᠶᠢ ᠬᠤᠶᠠᠷ ᠲᠠᠯ᠎ᠠ ᠪᠠᠷ ᠢᠶᠠᠨ ᠭᠡᠷ᠎ᠡ ︵ | ᠵᠥᠪᠯᠡᠯᠴᠡᠭᠡᠷ︶ ᠳᠤ ᠲᠤᠲᠤᠷᠬᠠᠶᠢᠯᠠᠬᠤ ᠬᠡᠷᠡᠭᠲᠠᠢ᠃ ᠵᠣᠭᠤᠰ ᠵᠢᠭᠡᠯᠡᠭᠴᠢ ᠨᠢ ᠵᠢᠭᠡᠯᠡᠯᠭᠡ ᠪᠠᠨ ᠤᠷᠢᠳᠴᠢᠯᠠᠨ | ᠪᠤᠴᠠᠭᠠᠬᠤ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠨᠡᠭᠡᠭᠡᠵᠦ᠂ ᠵᠢᠭᠡᠯᠡᠯᠭᠡ ᠪᠠᠨ ᠠᠮᠢᠳᠤᠯᠢᠭ ᠢᠶᠠᠷ ᠪᠤᠴᠠᠭᠠᠵᠤ | ᠪᠤᠯᠤᠨ᠎ᠠ᠃ ᠭᠦᠢᠴᠡᠳᠬᠡᠬᠦ ᠶᠠᠪᠤᠴᠠ ᠳᠤᠮᠳᠠ᠂ ᠵᠣᠭᠤᠰ ᠵᠢᠭᠡᠯᠡᠭᠴᠢ ᠠᠴᠠ ᠪᠤᠰᠤᠳ ᠶᠠᠮᠠᠷᠪᠠ ᠵᠠᠷᠤᠳᠠᠯ ᠬᠤᠷᠢᠶᠠᠬᠤ | ᠦᠭᠡᠢ᠂ ᠪᠠᠷᠢᠴᠠᠭᠠᠳᠦ ᠵᠢᠭᠡᠯᠡᠯᠭᠡ ᠶᠢ ᠤᠷᠢᠳᠴᠢᠯᠠᠨ ᠪᠤᠴᠠᠭᠠᠪᠠᠯ᠂ ᠬᠡᠷ᠎ᠡ ᠵᠥᠷᠢᠴᠡᠭᠰᠡᠨ ᠮᠥᠩᠭᠦ ᠬᠤᠷᠢᠶᠠᠬᠤ ᠦᠭᠡᠶ᠃ | |