ᠥᠪᠥᠷ ᠮᠣᠩᠭᠤᠯ ᠤᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠠᠵᠢᠯ ᠪᠦᠬᠦᠨ ᠢᠶᠠᠷ ᠢᠶᠠᠨ ᠳᠠᠭᠤᠰᠴᠠᠶ
ᠨᠡᠶᠢᠲᠡᠯᠡᠭᠰᠡᠨ ᠴᠠᠭ᠄
2016/7/27
    7 ᠳ᠋ᠤᠭᠠᠷ ᠰᠠᠷ᠎ᠠ ᠶᠢᠨ 26᠎ ᠤ ᠡᠳᠦᠷ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠠᠵᠢᠯ ᠪᠦᠬᠦᠨ ᠢᠶᠠᠷ ᠢᠶᠠᠨ ᠳᠠᠭᠤᠰᠴᠤ᠂ ᠨᠡᠶᠢᠲᠡ 97978 ᠰᠢᠨ᠎ᠡ ᠰᠤᠷᠤᠭᠴᠢ ᠡᠯᠰᠡᠵᠦ᠂ ᠡᠭᠦᠨ ᠳᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ 26887 ᠰᠤᠷᠤᠭᠴᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠲᠤ 52726 ᠰᠤᠷᠤᠭᠴᠢ᠂ ᠪᠤᠰᠤᠳ ᠪᠦᠯᠦᠭ ᠲᠤ 18365 ᠰᠤᠷᠤᠭᠴᠢ ᠡᠯᠰᠡᠪᠡ᠃ ᠵᠢᠩᠬᠢᠨᠢ ᠠᠩᠭᠢ ᠶᠢᠨ ᠰᠤᠷᠤᠭᠴᠢ ᠡᠯᠰᠡᠬᠦ ᠠᠵᠢᠯ ᠨᠢ 7 ᠳ᠋ᠤᠭᠠᠷ ᠰᠠᠷ᠎ᠠ ᠶᠢᠨ 2 — 26᠎ ᠤ ᠡᠳᠦᠷ ᠪᠣᠯᠲᠠᠯ᠎ᠠ ᠶᠠᠪᠤᠭᠳᠠᠵᠤ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B ᠪᠦᠯᠦᠭ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B ᠪᠦᠯᠦᠭ ᠵᠡᠷᠭᠡ ᠨᠡᠶᠢᠲᠡ 6 ᠪᠦᠯᠦᠭ ᠬᠤᠪᠢᠶᠠᠨ ᠡᠯᠰᠡᠪᠡ᠃ ᠪᠦᠷᠢᠳᠬᠡᠯ ᠢ ᠦᠨᠳᠦᠰᠦᠯᠡᠪᠡᠯ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠢᠶᠠᠷ ᠡᠯᠰᠡᠭᠳᠡᠭᠰᠡᠨ ᠨᠣᠷᠮ᠎ᠠ ᠨᠢ 98.75% ᠬᠦᠷᠴᠦ᠂ ᠲᠦᠷᠦᠭᠦᠦ ᠵᠢᠯ ᠤᠨ ᠬᠢ ᠲᠠᠢ ᠦᠨᠳᠦᠰᠦᠨ ᠳᠡᠭᠡᠨ ᠠᠳᠠᠯᠢ ᠪᠠᠶᠢᠨ᠎ᠠ︔ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠢᠶᠠᠷ ᠡᠯᠰᠡᠭᠳᠡᠭᠰᠡᠨ ᠨᠣᠷᠮ᠎ᠠ ᠨᠢ 88.34% ᠬᠦᠷᠴᠦ᠂ ᠲᠦᠷᠦᠭᠦᠦ ᠵᠢᠯ ᠤᠨ ᠬᠢ ᠠᠴᠠ 0.67 ᠵᠠᠭᠤᠨ ᠤ ᠴᠡᠭ ᠳᠡᠭᠡᠭᠰᠢᠯᠡᠪᠡ᠃ ᠲᠤᠰ ᠱᠠᠲᠤᠨ ᠤ ᠰᠤᠷᠤᠭᠴᠢ ᠡᠯᠰᠡᠬᠦ ᠠᠵᠢᠯ ᠢ ᠪᠡᠶᠡᠯᠡᠭᠦᠯᠬᠦ ᠶᠢᠨ ᠲᠤᠰᠠᠳᠠ᠂ ᠡᠷᠡᠮᠡᠯᠵᠡᠯ ︵ᠬᠦᠰᠡᠯ ᠪᠠᠭᠲᠠᠨ᠎ᠠ︶᠎ ᠢᠶᠠᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠶᠢ ᠨᠡᠶᠢᠳᠡ 23 ᠤᠳᠠᠭ᠎ᠠ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠳᠤ 16.7 ᠲᠦᠮᠡᠨ ᠬᠥᠮᠦᠨ ᠣᠷᠤᠯᠴᠠᠨ᠂ ᠬᠥᠮᠦᠨ ᠪᠦᠷᠢ ᠳᠤᠮᠳᠠᠴᠢ ᠪᠠᠷ ᠡᠷᠡᠮᠡᠯᠵᠡᠯ ᠢᠶᠠᠨ 107 ᠤᠳᠠᠭ᠎ᠠ ᠦᠭᠡᠷᠡᠴᠢᠯᠡᠪᠡ᠃      ᠰᠤᠷᠤᠭᠴᠢ ᠡᠯᠰᠡᠬᠦ ᠠᠵᠢᠯ ᠨᠢ ᠥᠪᠥᠷ ᠮᠣᠩᠭᠤᠯ ᠤᠨ ᠥᠪᠡᠷᠮᠢᠴᠡ ᠣᠨᠴᠠᠯᠢᠭᠲᠤ ︽ᠬᠥᠳᠡᠯᠦᠩᠭᠦᠶ ᠨᠡᠷᠡᠰ ᠤᠨ ᠵᠢᠭᠰᠠᠭᠠᠯᠲᠠ᠂ ᠨᠠᠷᠢᠨ ᠣᠨᠤᠪᠴᠢᠲᠠᠢ ᠣᠷᠣᠨ ᠪᠠᠶᠢᠷᠢ ᠶᠢᠨ ᠲᠣᠭᠲᠠᠭᠠᠯᠲᠠ︾᠎ ᠶᠢᠨ ᠬᠡᠪ ᠵᠠᠭᠪᠤᠷ ᠢ ᠦᠷᠭᠦᠯᠵᠢᠯᠡᠨ ᠬᠡᠷᠡᠭᠯᠡᠵᠦ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠡᠷᠡᠮᠡᠯᠵᠡᠯ ᠢ ᠨᠢ ᠲᠠᠭᠯᠠᠭᠤᠯᠵᠤ᠂ ᠰᠤᠷᠤᠭᠴᠢ ᠬᠢᠭᠡᠳ ᠰᠤᠷᠤᠭᠴᠢ ᠶᠢᠨ ᠬᠤᠭᠤᠷᠣᠨᠳᠣᠬᠢ᠂ ᠰᠤᠷᠤᠭᠴᠢ ᠬᠢᠭᠡᠳ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ᠂ ᠶᠡᠭᠡ ᠳᠡᠭᠡᠳᠦ ᠰᠤᠷᠭᠠᠭᠤᠯᠢ ᠬᠢᠭᠡᠳ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠮᠡᠳᠡᠭᠡ ᠵᠠᠩᠭᠢ ᠶᠢ ᠲᠡᠭᠰᠢ ᠬᠡᠮ ᠲᠠᠢ ᠪᠠᠶᠢᠯᠭᠠᠬᠤ ᠶᠢ ᠭᠦᠢᠴᠡᠳ ᠪᠡᠶᠡᠯᠡᠭᠦᠯᠦᠨ᠂ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠠᠴᠠ ᠠᠪᠤᠭᠠᠳ ᠰᠤᠷᠤᠭᠴᠢ ᠡᠯᠰᠡᠬᠦ ᠬᠦᠷᠲᠡᠯᠡᠬᠢ ᠶᠠᠪᠤᠴᠠ ᠶᠢ ᠪᠦᠬᠦ ᠲᠠᠯ᠎ᠠ ᠪᠠᠷ ᠢᠯᠡ ᠲᠣᠳᠣ ᠪᠠᠶᠢᠯᠭᠠᠵᠤ᠂ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠶᠢᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号