ᠥᠪᠥᠷ ᠮᠣᠩᠭᠤᠯ ᠤᠨ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠠᠩᠬ᠎ᠠ ᠤᠳᠠᠭ᠎ᠠ ᠢᠯᠡᠷᠬᠡᠶᠢᠯᠡᠯ ᠡᠯᠭᠦᠨ ᠠᠷᠠᠯᠵᠢᠶᠠᠯᠠᠵᠤ ᠡᠷᠦᠬᠡ ᠳᠤ ᠬᠦᠷᠬᠦ ᠬᠠᠮᠤᠭ ᠳᠣᠣᠷ᠎ᠠ ᠴᠠᠬᠢᠯᠭᠠᠨ ᠤ ᠦᠨ᠎ᠡ ᠶᠢ 0.26 ᠲᠥᠭᠦᠷᠢᠭ / ᠺᠢᠯᠣᠸᠠᠲ ᠴᠠᠭ ᠪᠦᠷᠢ ᠬᠦᠷᠬᠦ ᠦᠭᠡᠢ ᠪᠣᠯᠭᠠᠪᠠ
ᠨᠡᠶᠢᠲᠡᠯᠡᠭᠰᠡᠨ ᠴᠠᠭ᠄
2016/7/27
      ᠣᠶᠢᠷ᠎ᠠ ᠳᠤ᠂ ᠮᠠᠨ ᠤ ᠤᠷᠤᠨ ᠮᠧᠩ ᠰᠢ ᠴᠠᠬᠢᠯᠭᠠᠨ ᠬᠠᠩᠭᠠᠬᠤ ᠲᠣᠣᠷ ᠨᠢ ᠠᠩᠬ᠎ᠠ ᠤᠳᠠᠭ᠎ᠠ ᠴᠠᠬᠢᠯᠭᠠᠨ ᠬᠦᠴᠦᠨ ᠤ ᠦᠨ᠎ᠡ ᠶᠢᠨ ᠬᠢᠵᠠᠭᠠᠷᠯᠠᠯ ᠦᠭᠡᠢ ᠢᠯᠡᠷᠬᠡᠶᠢᠯᠡᠯ ᠡᠯᠭᠦᠨ ᠠᠷᠠᠯᠵᠢᠶᠠᠯᠠᠵᠤ᠂ ᠣᠯᠠᠨ ︵ᠭᠠᠭᠴᠠ︶ ᠲᠠᠯᠠᠰᠲᠤ ᠴᠠᠬᠢᠭᠤᠷ᠂ ᠡᠭᠦᠯᠡᠨ ᠪᠣᠳᠣᠯᠳᠠ᠂ ᠲᠣᠮᠣ ᠳ᠋ᠠᠶᠢᠲ᠋ᠠ᠂ ᠪᠢᠨᠳᠤᠷᠢᠶ᠎ᠠ᠂ ᠪᠠᠯ ᠴᠢᠯᠠᠭᠤᠨ ᠴᠠᠬᠢᠯᠭᠠᠨ ᠲᠦᠢᠯ ᠵᠡᠷᠭᠡ ᠠᠵᠢᠯ ᠲᠦᠷᠦᠯ ᠤᠨ 16 ᠡᠷᠦᠬᠡ ᠬᠡᠷᠡᠭᠯᠡᠭᠴᠢ ᠠᠵᠤ ᠠᠬᠤᠶᠢᠯᠠᠯ ᠳᠤ ᠬᠤᠯᠪᠤᠭᠳᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠢᠯᠴᠢ ᠶᠢᠨ ᠴᠠᠬᠢᠯᠭᠠᠨ ᠤ 40 ᠠᠵᠤ ᠠᠬᠤᠶᠢᠯᠠᠯ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ 16 ᠠᠵᠤ ᠠᠬᠤᠶᠢᠯᠠᠯ ᠤᠷᠤᠯᠴᠠᠪᠠ᠃ ᠲᠤᠰ ᠤᠳᠠᠭᠠᠨ ᠤ ᠢᠯᠡᠷᠬᠡᠶᠢᠯᠡᠯ ᠡᠯᠭᠦᠨ ᠠᠷᠠᠯᠵᠢᠶᠠᠯᠠᠭᠰᠠᠨ ᠶᠡᠷᠦᠩᠬᠡᠶ ᠴᠠᠬᠢᠯᠭᠠᠨ ᠤ ᠬᠡᠮᠵᠢᠶ᠎ᠡ ᠨᠢ 8.42 ᠳ᠋ᠦᠩᠰᠢᠭᠤᠷ ᠺᠢᠯᠣᠸᠠᠲ ᠴᠠᠭ ᠪᠣᠯᠵᠤ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠢᠯᠡᠷᠬᠡᠶᠢᠯᠡᠯ ᠡᠯᠭᠦᠭᠰᠡᠨ ᠵᠦᠷᠢᠶ᠎ᠡ ᠦᠨ᠎ᠡ᠄ 0.1188 ᠲᠥᠭᠦᠷᠢᠭ / ᠺᠢᠯᠣᠸᠠᠲ ᠴᠠᠭ ᠪᠣᠯᠵᠤ᠂ ᠨᠤᠭᠤᠯᠤᠨ ᠪᠣᠳᠣᠵᠣ ᠲᠣᠣᠷ ᠲᠤ ᠤᠷᠤᠭᠤᠯᠬᠤ ᠴᠠᠬᠢᠯᠭᠠᠨ ᠤ ᠦᠨ᠎ᠡ ᠨᠢ 0.1584 ᠲᠥᠭᠦᠷᠢᠭ / ᠺᠢᠯᠣᠸᠠᠲ ᠴᠠᠭ ᠪᠣᠯᠪᠠ︔ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠠᠷᠠᠯᠵᠢᠶᠠᠯᠠᠬᠤ ᠵᠦᠷᠢᠶ᠎ᠡ ᠦᠨ᠎ᠡ᠄ 0.2272 ᠲᠥᠭᠦᠷᠢᠭ / ᠺᠢᠯᠣᠸᠠᠲ ᠴᠠᠭ᠂ ᠨᠤᠭᠤᠯᠤᠨ ᠪᠣᠳᠤᠵᠤ ᠲᠣᠣᠷ ᠲᠤ ᠤᠷᠤᠭᠤᠯᠬᠤ ᠴᠠᠬᠢᠯᠭᠠᠨ ᠤ ᠦᠨ᠎ᠡ ᠨᠢ 0.05 ᠲᠥᠭᠦᠷᠢᠭ / ᠺᠢᠯᠣᠸᠠᠲ ᠴᠠᠭ ᠪᠣᠯᠪᠠ᠃ ᠴᠠᠬᠢᠯᠭᠠᠨ ᠬᠦᠴᠦᠳᠡᠯ ᠤᠨ ᠵᠡᠷᠭᠡ ᠳᠡᠰ ᠤᠨ ᠠᠳᠠᠯᠢ ᠪᠤᠰᠤ ᠠᠴᠠ ᠪᠣᠯᠵᠤ᠂ ᠳᠡᠭᠡᠷ᠎ᠡ ᠳᠤᠷᠠᠳᠤᠭᠰᠠᠨ ᠬᠡᠷᠡᠭᠯᠡᠭᠴᠢ ᠠᠵᠤ ᠠᠬᠤᠶᠢᠯᠠᠯ ᠤᠨ ᠡᠷᠦᠬᠡ ᠳᠤ ᠬᠦᠷᠬᠦ ᠴᠠᠬᠢᠯᠭᠠᠨ ᠤ ᠦᠨ᠎ᠡ ᠨᠢ ᠬᠠᠮᠤᠭ ᠳᠣᠣᠷ᠎ᠠ ᠳᠠᠭᠠᠨ 0.253 ᠲᠥᠭᠦᠷᠢᠭ / ᠺᠢᠯᠣᠸᠠᠲ ᠴᠠᠭ᠂ ᠬᠠᠮᠤᠭ ᠦᠨᠳᠦᠷ ᠲᠡᠭᠡᠨ 0.287 ᠲᠥᠭᠦᠷᠢᠭ / ᠺᠢᠯᠣᠸᠠᠲ ᠴᠠᠭ ᠪᠣᠯᠵᠤ᠂ ᠪᠦᠬᠦ ᠤᠯᠤᠰ ᠤᠨ ᠠᠳᠠᠯᠢ ᠲᠦᠷᠦᠯ ᠤᠨ ᠠᠵᠢᠯ ᠲᠦᠷᠦᠯ ᠤᠨ ᠬᠠᠮᠤᠭ ᠳᠣᠣᠷ᠎ᠠ ᠴᠠᠬᠢᠯᠭᠠᠨ ᠤ ᠦᠨ᠎ᠡ ᠪᠣᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠪᠡᠷ ᠤᠨ ᠦᠷᠳᠡᠭ ᠢ ᠪᠠᠷᠤᠭ 1.1 ᠳ᠋ᠦᠩᠰᠢᠭᠤᠷ ᠲᠥᠭᠦᠷᠢᠭ ᠠᠷᠪᠢᠯᠠᠪᠡ᠃ ᠡᠨᠡ ᠤᠳᠠᠭᠠᠨ ᠤ ᠠᠷᠠᠯᠵᠢᠶᠠᠨ ᠤ ᠤᠷᠤᠭᠰᠢᠲᠠᠶ ᠶᠠᠪᠤᠭᠳᠠᠭᠰᠠᠨ ᠨᠢ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠶᠤᠮ᠂ ᠮᠠᠨ ᠤ ᠤᠯᠤᠰ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ︽ᠬᠤᠶᠠᠷ ᠲᠠᠯ᠎ᠠ ᠶᠢ ᠴᠢᠯᠥᠭᠡᠲᠡᠶ ᠲᠠᠯᠪᠢᠬᠤ︾᠎ ᠶᠢᠨ ᠠᠮᠵᠢᠯᠲᠠ ᠲᠠᠢ ᠬᠠᠶᠢᠨ ᠰᠦᠪᠡᠭᠴᠢᠯᠡᠯᠲᠡ ᠮᠦᠨ᠂ ᠲᠠᠷᠠᠭᠠᠴᠢ ᠶᠢᠨ ᠠᠯᠬᠤᠮ ᠳᠤ ᠮᠠᠨ ᠤ ᠤᠷᠤᠨ ᠤ ᠠᠵᠤ ᠦᠢᠯᠡᠳᠪᠦᠷᠢ ᠶᠢᠨ ᠠᠵᠢᠯ ᠲᠦᠷᠦᠯ ᠳᠤ ᠬᠡᠷᠡᠭᠯᠡᠬᠦ ᠴᠠᠬᠢᠯᠭᠠᠨ ᠤ ᠵᠠᠬ᠎ᠠ ᠳᠡᠯᠭᠡᠭᠦᠷᠴᠢᠯᠡᠯᠲᠡ ᠶᠢ ᠪᠦᠬᠦ ᠲᠠᠯ᠎ᠠ ᠪᠠᠷ ᠴᠢᠯᠥᠭᠡᠲᠡᠶ ᠲᠠᠯᠪᠢᠬᠤ ᠳᠤ ᠲᠤᠷᠰᠢᠯᠭ᠎ᠠ ᠬᠤᠷᠠᠮᠳᠠᠭᠤᠯᠤᠨ ᠥᠭᠬᠦ ᠪᠠ ᠡᠭᠦᠨ ᠤ ᠬᠠᠮᠲᠤ ᠪᠤᠢ ᠪᠣᠯᠤᠭᠰᠠᠨ ᠣᠷᠣᠨ ᠪᠦᠰᠡ ᠶᠢᠨ ᠳᠣᠣᠷ᠎ᠠ ᠴᠠᠬᠢᠯᠭᠠᠨ ᠤ ᠦᠨ᠎ᠡ ᠶᠢᠨ ᠥᠷᠢᠰᠥᠯᠳᠦᠭᠡᠨ ᠤ ᠳᠠᠪᠠᠭᠤᠯᠢᠭ ᠨᠢ ᠮᠠᠨ ᠤ ᠤᠷᠤᠨ ᠤ ᠬᠠᠮᠢᠶ᠎ᠠ ᠪᠦᠬᠦᠢ ᠠᠵᠤ ᠦᠢᠯᠡᠰ ᠮᠠᠨ ᠤ ᠤᠷᠤᠨ ᠵᠦᠭ ᠰᠢᠯᠵᠢᠬᠦ ᠶᠢ ᠲᠠᠲᠠᠨ ᠠᠪᠴᠢᠷᠠᠬᠤ ᠬᠦᠴᠦᠨ ᠢ ᠲᠦᠢᠯ ᠤᠨ ᠶᠡᠭᠡ ᠳᠡᠭᠡᠭᠰᠢᠯᠡᠭᠦᠯᠦᠨ᠂ ᠪᠦᠬᠦ ᠤᠯᠤᠰ ᠤᠨ ᠡᠨᠧᠷᠭᠢ ᠶᠢᠨ ᠰᠤᠷᠪᠤᠯᠵᠢ ᠶᠢᠨ ᠬᠤᠷᠠᠮᠠᠯ ᠬᠡᠯᠪᠡᠷᠢ ᠶᠢᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠷᠤᠨ ᠤ ᠬᠠᠮᠢᠶ᠎ᠠ ᠪᠦᠬᠦᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠠᠰᠢᠭᠲᠠᠢ ᠪᠦᠭᠡᠳ ᠡᠭᠦᠨ ᠤ ᠬᠠᠮᠲᠤ ᠪᠠᠰᠠ ᠮᠠᠨ ᠤ ᠤᠷᠤᠨ ᠤ ᠴᠠᠬᠢᠯᠭᠠᠨ ᠬᠦᠴᠦᠨ ᠤ ᠠᠵᠢᠯ ᠲᠦᠷᠦᠯ ᠣᠶᠢᠷ᠎ᠠ ᠶᠢᠨ ᠵᠢᠯ ᠳᠤ ᠦᠳᠲᠡᠷ ᠲᠦᠷᠭᠡᠨ ᠬᠦᠭᠵᠢᠭᠰᠡᠨ ᠠᠴᠠ ᠪᠣᠢ ᠪᠣᠯᠤᠭᠰᠠᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠢᠯᠡᠭᠦᠳᠡᠯ᠂ ᠰᠢᠨ᠎ᠡ ᠡᠨᠧᠷᠭᠢ ᠶᠢᠨ ᠰᠤᠷᠪᠤᠯᠵᠢ ᠶᠢ ᠪᠠᠭᠲᠠᠭᠠᠨ ᠪᠣᠷᠤᠯᠠᠭᠤᠯᠬᠤ ᠨᠢ ᠬᠦᠷᠦᠯᠴᠡᠬᠦ ᠦᠭᠡᠢ ᠪᠠᠶᠢᠬᠤ ᠵᠡᠷᠭᠡ ᠠᠯᠢ ᠤᠯᠠᠨ ᠠᠰᠠᠭᠤᠳᠠᠯ ᠢ ᠨᠠᠮᠳᠠᠭᠤᠯᠬᠤ ᠪᠠ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠦᠨᠡᠬᠡᠷ ᠨᠢᠭᠡ ᠯᠡ ᠳᠡᠭᠡᠷ᠎ᠡ ᠤᠯᠠᠨ ᠵᠦᠢᠯ ᠢ ᠪᠦᠲᠦᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号