ᠥᠪᠥᠷ ᠵᠠᠰᠠᠭ ᠠᠯᠪᠠᠨ ᠲᠠᠷᠬᠠᠭᠠᠭᠰᠠᠨ ﹇2015﹈ 143 ᠳ᠋ᠤᠭᠠᠷ ᠲᠤᠭᠠᠳᠤ | 12 ᠳ᠋ᠤᠭᠠᠷ ᠰᠠᠷ᠎ᠠ ᠶᠢᠨ 25 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠠᠴᠠ᠂ ᠰᠣᠶᠣᠯ ᠤᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠶᠢᠨ ᠨᠡᠶᠢᠭᠡᠮᠴᠢᠯᠡᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠣ ᠳᠤᠷᠠᠣᠡᠪᠠ᠃ | ᠠᠷᠪᠠᠨ ᠨᠠᠢᠮᠠᠳᠣᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠠᠴᠠ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠲᠦᠷᠭᠡᠣᠡᠭᠡᠨ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠴᠢᠩᠭᠠᠳᠬᠠᠬᠤ ᠪᠠ | ᠵᠢᠷᠤᠮᠵᠢᠭᠤᠯᠵᠤ᠂ ᠨᠡᠶᠢᠭᠡᠮ ᠤᠨ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ | ᠵᠢᠷᠤᠮᠵᠢᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠶ ᠭᠡᠵᠣ ᠲᠣᠷᠠᠣᠡᠪᠠ᠃ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠨᠢ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠬᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠴᠢᠬᠤᠯᠠ ᠭᠤᠭᠴᠤᠭ᠎ᠠ | ᠪᠣᠯᠣᠨ᠎ᠠ᠂ ᠮᠦᠨᠴᠣ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠵᠢᠷᠣᠮᠵᠢᠭᠤᠯᠬᠤ ᠪᠠ | ᠬᠥᠲᠥᠯᠥᠨ ᠵᠢᠯᠣᠭᠤᠳᠬᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠨᠡᠶᠢᠭᠡᠮᠴᠢᠯᠡᠭᠰᠡᠨ | ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠵᠠᠮ ᠮᠦᠷ ᠮᠥᠨ᠂ ᠰᠣᠶᠣᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠣᠨ᠂ ᠦᠨᠳᠦᠰᠦᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢᠨ ᠪᠠᠷᠢᠮᠵᠢᠶᠠᠵᠢᠯ ᠳᠡᠩᠴᠡᠭᠦᠷᠢᠵᠢᠯ ᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠤᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠬᠵᠢᠭᠤᠯᠣᠨ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠤᠶᠤᠨ ᠤ ᠰᠣᠶᠣᠯ | ᠪᠠ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠠᠵᠢᠯ ᠢ ᠰᠠᠶᠢᠳᠣᠷ ᠬᠢᠭᠦ ᠲᠤᠬᠠᠶ ᠰᠣᠶᠣᠯ ᠤᠨ ᠶᠠᠮᠤᠨ ᠵᠡᠷᠭᠡ ᠰᠠᠯᠠᠭ᠎ᠠ | ᠮᠥᠴᠢᠷ ᠤᠨ ᠰᠠᠨᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠣᠭᠤᠯᠬᠤ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠡᠳᠦᠭᠡ | ᠳᠣᠣᠷᠠᠬᠢ ᠮᠡᠳᠣ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠠᠷᠠᠯᠳᠠᠳᠣ ᠡᠭᠦᠷᠭᠡ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠪᠠᠷ ᠬᠥᠲᠥᠯᠪᠦᠷᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠣᠭᠤᠯᠬᠤ ᠶᠢ ᠭᠦᠨᠵᠡᠭᠡᠶ ᠲᠦᠯᠬᠢᠨ | ᠠᠬᠢᠭᠤᠯᠬᠤ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠤᠳᠤ ᠦᠶ᠎ᠡ ᠶᠢᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠠᠷᠠᠯᠲᠠ ᠪᠠ ᠱᠠᠭᠠᠷᠳᠠᠯᠭ᠎ᠠ ᠶᠣᠰᠣᠭᠠᠷ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠣᠨ᠂ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢᠨ ᠨᠡᠶᠢᠭᠡᠮᠴᠢᠯᠡᠭᠰᠡᠨ ᠬᠥᠭᠵᠢᠯᠲᠡ ᠶᠢ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠶ ᠳᠤ ᠵᠣᠬᠢᠴᠠᠭᠰᠠᠨ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ | ᠬᠠᠩᠭᠠᠯᠭ᠎ᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠣ᠂ ᠠᠷᠠᠳ ᠤᠯᠠᠨ ᠳᠤ ᠨᠡᠩ ᠲᠦᠬᠦᠮ᠂ | ᠲᠦᠳᠠ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ᠃ | ᠵᠥᠪ ᠵᠢᠯᠣᠭᠤᠳᠣᠮᠵᠢ ᠶᠢ ᠪᠠᠷᠢᠮᠲᠠᠯᠠᠵᠤ᠂ ᠳᠠᠭᠠᠭᠤᠯᠬᠤ ᠦᠢᠯᠡᠳᠦᠯ ᠢ ᠪᠠᠳᠠᠷᠠᠭᠤᠯᠣᠨ᠎ᠠ᠃ ᠠᠷᠠᠳ | ᠲᠦᠮᠡᠨ ᠢᠶᠠᠷ ᠭᠤᠣᠯ ᠪᠣᠯᠭᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ | ᠪᠠᠷᠢᠮᠲᠠᠯᠠᠵᠤ᠂ ᠵᠠᠰᠠᠭ ᠤᠨ ᠣᠷᠳᠣᠨ ᠤ ᠨᠡᠶᠢᠭᠡᠮ ᠤᠨ ᠬᠦᠴᠦᠨ ᠠᠴᠠ ᠬᠤᠳᠠᠯᠳᠤᠨ ᠠᠪᠣᠭᠰᠠᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠬᠢᠭᠡᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠭᠦ ᠶᠢ ᠬᠠᠷᠢᠯᠴᠠᠨ ᠤᠶᠠᠯᠳᠤᠭᠤᠯᠣᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠵᠠᠯᠭᠠᠮᠵᠢᠯᠠᠨ ᠤᠯᠠᠮᠵᠢᠯᠠᠬᠤ ᠲᠠᠢ ᠬᠠᠷᠢᠯᠴᠠᠨ ᠠᠭᠤᠰᠣᠯᠴᠠᠭᠤᠯᠵᠣ᠂ ᠰᠣᠶᠣᠯ ᠤᠨ ᠬᠡᠪ ᠰᠤᠷᠲᠠᠯ ᠢ ᠬᠥᠲᠥᠯᠥᠨ | ᠳᠠᠭᠠᠭᠤᠯᠬᠤ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ | ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠣᠨ᠎ᠠ᠃ | ᠵᠠᠰᠠᠭ ᠤᠨ ᠣᠷᠳᠣᠨ ᠭᠤᠣᠯ ᠤᠳᠤᠷᠢᠣᠠᠬᠤ ᠶᠢ ᠲᠣᠳᠣᠷᠬᠠᠶᠢᠯᠠᠨ᠂ ᠲᠦᠷᠦ ᠶᠢᠨ ᠪᠤᠳᠤᠯᠭ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠣᠨ᠎ᠠ᠃ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠳᠠᠬᠢ ᠵᠣᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠡᠳ᠋ ᠤᠨ ᠵᠠᠰᠠᠭ ᠤᠨ ᠣᠷᠣᠭᠤᠯᠤᠯᠲᠠ ᠪᠠ ᠬᠢᠨᠠᠯᠳᠠ ᠬᠠᠮᠢᠶᠠᠷᠣᠯᠳᠠ ᠪᠠᠨ | ᠴᠢᠩᠭᠠᠳᠬᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠰᠣᠶᠣᠯ ᠂ | ᠪᠡᠶ᠎ᠡ ᠶᠢᠨ ᠲᠠᠮᠢᠷ ᠤᠨ ᠠᠵᠢᠯ ᠦᠢᠯᠡᠰ ᠤᠨ ᠨᠢᠭᠡᠴᠨ ᠶᠢᠨ ᠥᠭᠡᠷᠡᠴᠢᠯᠡᠯᠲᠡ ᠯᠦᠭᠡ ᠬᠠᠷᠢᠯᠴᠠᠨ ᠵᠣᠯᠭᠠᠯᠳᠣᠭᠤᠯᠬᠤ ᠶᠢ | ᠪᠠᠷᠢᠮᠲᠠᠯᠠᠵᠣ᠂ ᠰᠣᠶᠣᠯ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠯᠤᠭ᠎ᠠ ᠬᠠᠷᠢᠯᠴᠠᠨ | ᠵᠣᠯᠭᠠᠯᠳᠤᠭᠤᠯᠬᠤ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠬᠠᠮᠵᠢᠯᠴᠠᠨ ᠢᠵᠢ ᠪᠦᠷᠢᠳᠦᠭᠰᠡᠨ᠂ ᠠᠵᠢᠯᠯᠠᠬᠤ | ᠴᠢᠨᠠᠷ ᠢᠶᠠᠷ ᠴᠢᠩᠭ᠎ᠠ ᠪᠠᠶᠢᠳᠠᠯ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ ᠵᠢᠷᠣᠮᠵᠢᠯ ᠢ | ᠲᠣᠭᠲᠠᠭᠠᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠢᠵᠢᠭᠤᠯᠣᠨ᠂ ᠦᠢᠯᠡᠴᠢᠯᠡᠭᠡᠨ ᠬᠠᠩᠭᠠᠬᠤ ᠶᠢ | ᠪᠠᠶᠠᠯᠢᠬᠵᠢᠭᠤᠯᠣᠨ᠎ᠠ᠃ ᠰᠣᠶᠣᠯ ᠤᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠢᠳᠡᠪᠬᠢ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠬᠢᠭᠡᠣᠨ ᠨᠡᠶᠢᠭᠡᠮᠴᠢᠯᠡᠭᠰᠡᠨ ᠤᠯᠠᠨ ᠨᠡᠶᠢᠳᠡ ᠶᠢᠨ | ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠯ ᠢ ᠪᠦᠢᠵᠢᠭᠤᠯᠬᠤ ᠲᠠᠢ ᠬᠠᠷᠢᠯᠴᠠᠨ ᠤᠶᠠᠯᠳᠤᠭᠤᠯᠬᠤ ᠶᠢ | ᠠᠬᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠵᠢᠷᠤᠮᠵᠢᠭᠤᠯᠬᠤ ᠪᠠ | ᠬᠥᠲᠥᠯᠥᠨ ᠵᠢᠯᠣᠭᠤᠳᠴᠤ᠂ ᠤᠯᠠᠨ ᠱᠠᠳᠤ ᠳᠠᠪᠬᠤᠷᠭᠠᠳᠣ᠂ ᠤᠯᠠᠨ ᠠᠷᠭ᠎ᠠ ᠬᠡᠯᠪᠡᠷᠢ ᠶᠢᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠣᠨ᠎ᠠ᠃ | ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠬᠤᠳᠠᠯᠳᠤᠨ ᠠᠪᠬᠤ ᠠᠷᠭ᠎ᠠ ᠬᠡᠯᠪᠡᠷᠢ ᠳᠤ | ᠰᠢᠨ᠎ᠡ ᠶᠢ ᠡᠭᠦᠳᠣᠨ᠎ᠠ᠃ ᠠᠷᠠᠳ ᠣᠯᠠᠨ ᠤ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠨ᠂ ᠣᠯᠠᠨ ᠨᠡᠶᠢᠲᠡᠴᠢ ᠴᠢᠨᠠᠷ ᠪᠠ ᠨᠡᠶᠢᠲᠡ ᠶᠢᠨ ᠠᠰᠠᠷᠠᠮᠵᠢ ᠶᠢᠨ | ᠴᠢᠨᠠᠷ ᠢ ᠲᠣᠪᠤᠶᠢᠯᠭᠠᠨ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠵᠠᠭᠪᠤᠷ ᠢ ᠲᠠᠰᠤᠷᠠᠯᠲᠠ ᠦᠭᠡᠢ ᠰᠢᠨ᠎ᠡ ᠪᠠᠷ ᠡᠭᠦᠳᠣᠨ᠂ ︽ᠲᠤᠤᠷᠠᠳᠤ | ᠱᠠᠳᠤ ᠠᠴᠠ ᠲᠡᠬᠡᠳᠤ ᠱᠠᠳᠤ ᠲᠡᠰᠢ᠂ ᠬᠡᠷᠩᠴᠡᠭᠡ ᠪᠠᠷ ᠬᠠᠩᠭᠠᠯᠭ᠎ᠠ ᠶᠢ ᠲᠣᠭᠳᠠᠭᠠᠬᠤ︾ ᠬᠠᠷᠢᠯᠴᠠᠨ ᠭᠦᠳᠡᠯᠣᠯᠴᠡᠭᠦ | ᠮᠠᠶ᠋ᠢᠭ ᠤᠨ᠂ ᠵᠢᠭᠠᠯᠳᠠᠳᠤ ᠬᠦᠳᠦᠯᠪᠦᠷᠢ ᠮᠠᠶ᠋ᠢᠭ ᠤᠨ ᠦᠢᠯᠡᠴᠢᠯᠡᠭᠡᠨ ᠤ ᠠᠷᠭ᠎ᠠ ᠮᠠᠶ᠋ᠢᠭ ᠢ ᠪᠠᠶᠢᠭᠤᠯᠵᠣ᠂ ᠤᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠪᠠ ᠠᠷᠠᠳ ᠤᠯᠠᠨ ᠤ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠡᠶ ᠵᠣᠯᠭᠠᠯᠳᠣᠭᠤᠯᠬᠤ ᠶᠢ ᠲᠦᠯᠬᠢᠨ ᠠᠬᠢᠭᠤᠯᠣᠨ᠎ᠠ᠃ | ᠬᠠᠮᠢᠶᠠᠷᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠨ᠎ᠠ᠃ ᠢᠯᠡ ᠲᠣᠳᠣ᠂ ᠡᠷᠭᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠵᠠᠰᠠᠭ ᠤᠨ | ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠣᠨ ᠠᠪᠬᠤ | ᠠᠵᠢᠯ ᠤᠨ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠣ᠂ ᠬᠤᠳᠠᠯᠳᠤᠨ ᠠᠪᠬᠤ ᠴᠤᠪᠤᠷᠠᠯ ᠢ ᠵᠢᠷᠤᠮᠵᠢᠭᠤᠯᠣᠨ᠂ | ᠯᠠᠪᠳᠠᠭᠤᠨ ᠪᠥᠭᠡᠳ ᠡᠮᠬᠢ ᠲᠠᠷᠠᠭ᠎ᠠ ᠲᠠᠢ ᠪᠠᠷ ᠠᠵᠢᠯ ᠢᠶᠠᠨ ᠥᠷᠨᠢᠭᠦᠯᠣᠨ᠎ᠠ᠃ ᠠᠶᠤᠯ ᠲᠦᠭᠰᠢᠭᠦᠷᠢ ᠪᠠ | ᠬᠠᠷᠢᠭᠤᠴᠠᠯᠭ᠎ᠠ ᠶᠢ ᠠᠳᠠᠯᠢ ᠳᠡᠭᠰᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠠ ᠨᠡᠶᠢᠭᠡᠮ ᠤᠨ | ᠬᠦᠴᠦᠨ ᠤ ᠬᠠᠮᠲᠤᠷᠠᠯᠴᠠᠬᠤ ᠬᠠᠷᠢᠴᠠᠭ᠎ᠠ ᠶᠢ ᠵᠢᠷᠤᠮᠵᠢᠭᠤᠯᠵᠤ᠂ ᠦᠨ᠎ᠡ ᠬᠠᠩᠰᠢ ᠶᠢᠨ ᠬᠠᠮᠢᠶᠠᠷᠤᠯᠲᠠ ᠶᠢ | ᠴᠢᠩᠳᠠᠯᠠᠨ᠎ᠠ᠃ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠠᠴᠠ ᠦᠨᠡᠯᠡᠬᠦ ᠪᠠ | ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠣᠨ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠤ | ᠴᠢᠨᠠᠷ ᠢ ᠦᠨᠡᠨᠬᠦ ᠳᠡᠭᠡᠭᠰᠢᠯᠡᠭᠦᠯᠣᠨ᠎ᠠ᠃ | ︵ᠭᠤᠷᠪᠠ︶ ᠬᠠᠷᠠᠯᠳᠠᠳᠣ ᠡᠭᠦᠷᠭᠡ᠃ 2020 ᠣᠨ ᠪᠣᠯᠬᠤ ᠳᠤ᠂ ᠪᠦᠬᠦ ᠣᠷᠣᠨ ᠤ ᠬᠡᠪᠴᠢᠶᠡᠨ ᠳᠤ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ | ᠠᠪᠬᠤ ᠨᠡᠯᠢᠶᠡᠳ ᠪᠦᠷᠢᠨ ᠲᠡᠭᠦᠯᠳᠡᠷ ᠰᠢᠰᠲ᠋ᠤᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ᠂ ᠠᠷᠠᠳ ᠤᠯᠠᠨ ᠤ ᠤᠶᠤᠨ ᠤ ᠰᠣᠶᠣᠯ ᠪᠠ ᠪᠡᠶ᠎ᠡ ᠶᠢᠨ | ᠲᠠᠮᠢᠷ ᠪᠡᠶ᠎ᠡ ᠴᠢᠭᠢᠷᠠᠭᠵᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠯᠴᠠᠨ ᠨᠡᠶᠢᠴᠡᠬᠦ ᠤᠯᠠᠨ ᠨᠡᠶᠢᠳᠡ ᠶᠢᠨ | ᠰᠣᠶᠣᠯ ᠤᠨ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ ᠪᠠ ᠬᠠᠩᠭᠠᠯᠭ᠎ᠠ ᠶᠢᠨ ᠲᠣᠭᠲᠠᠴᠠ ᠶᠢ ᠪᠣᠢ ᠪᠣᠯᠭᠠᠵᠣ᠂ | ᠨᠡᠶᠢᠭᠡᠮ ᠤᠨ ᠬᠦᠴᠦᠨ ᠤ ᠣᠷᠣᠯᠴᠠᠬᠤ ᠪᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠠᠭᠤᠷ | ᠠᠮᠢᠰᠬᠤᠯ ᠢ ᠨᠡᠩ ᠪᠢᠯᠬᠠᠮ᠎ᠠ ᠪᠣᠯᠭᠠᠵᠣ᠂ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠡᠳᠦᠷ | ᠢᠷᠡᠬᠦᠶ᠎ᠡ ᠪᠠᠶᠠᠯᠢᠬᠵᠢᠭᠤᠯᠵᠣ᠂ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠠᠵᠢᠯ ᠢ ᠢᠳᠡᠪᠬᠢᠲᠡᠶ ᠡᠮᠬᠢ ᠵᠢᠷᠤᠮ ᠲᠠᠢ ᠪᠠᠷ ᠲᠦᠯᠬᠢᠨ ᠠᠬᠢᠭᠤᠯᠣᠨ᠎ᠠ | ︵ᠨᠢᠭᠡ︶ ᠬᠤᠳᠠᠯᠳᠤᠨ ᠠᠪᠬᠤ ᠭᠤᠣᠯ ᠴᠣᠭᠴᠠ ᠶᠢ ᠲᠣᠳᠣᠷᠬᠠᠶᠢᠯᠠᠨ᠎ᠠ᠃ ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠭᠤᠣᠯ | ᠴᠣᠭᠴᠠ ᠪᠣᠯ ᠤᠯᠠᠨ ᠨᠡᠶᠢᠲᠡ ᠶᠢᠨ ᠰᠣᠶᠣᠯ ᠪᠤᠯᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠬᠠᠩᠭᠠᠬᠤ ᠶᠢ | ᠡᠭᠦᠷᠭᠡᠯᠡᠬᠦ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ ᠳᠤ | ᠣᠷᠣᠭᠤᠯᠤᠨ ᠬᠠᠮᠢᠶᠠᠷᠴᠤ ᠪᠠᠶᠢᠭ᠎ᠠ ᠪᠥᠭᠡᠳ ᠵᠠᠷᠤᠳᠠᠯ ᠢ ᠨᠢ ᠡᠳ᠋ ᠤᠨ ᠵᠠᠰᠠᠭ ᠠᠴᠠ ᠬᠠᠷᠢᠭᠤᠴᠠᠵᠣ ᠪᠠᠶᠢᠬᠤ ᠰᠣᠶᠣᠯ | ᠪᠠ ᠪᠡᠶ᠎ᠡ ᠶᠢᠨ ᠲᠠᠮᠢᠷ ᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠮᠦᠨᠴᠣ ᠪᠣᠳᠠᠲᠠᠶ | ᠬᠡᠷᠡᠭᠴᠡᠭᠡ ᠪᠠᠨ ᠦᠨᠳᠣᠰᠣᠯᠡᠵᠣ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠡᠮᠵᠢᠭᠤᠯᠣᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠣ ᠪᠣᠯᠣᠨ᠎ᠠ᠃ | ︵ᠬᠤᠶᠠᠷ︶ ᠵᠠᠯᠭᠠᠮᠵᠢᠯᠠᠬᠤ ᠭᠤᠣᠯ ᠴᠣᠭᠴᠠ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠨ᠎ᠠ᠃ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ | ᠠᠪᠬᠤ ᠶᠢ ᠵᠠᠯᠭᠠᠮᠵᠢᠯᠠᠬᠤ ᠭᠤᠣᠯ ᠴᠣᠭᠴᠠ ᠨᠢ ᠭᠤᠣᠯᠳᠠᠭᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ | ᠬᠠᠩᠭᠠᠬᠤ ᠴᠢᠳᠠᠪᠤᠷᠢ ᠶᠢ ᠪᠦᠷᠢᠯᠳᠦᠭᠦᠯᠦᠭᠰᠡᠨ ᠪᠥᠭᠡᠳ ᠬᠠᠤᠯᠢ ᠶᠣᠰᠣᠭᠠᠷ ᠳᠠᠩᠰᠠᠯᠠᠨ ᠲᠡᠮᠳᠡᠭᠯᠡᠵᠦ ᠬᠠᠮᠢᠶᠠᠷᠬᠤ | ᠰᠠᠯᠠᠭ᠎ᠠ ᠮᠥᠴᠢᠷ ᠲᠤ ᠳᠠᠩᠰᠠᠯᠠᠵᠣ ᠳᠡᠮᠳᠡᠭᠯᠡᠭᠰᠡᠨ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠣᠨ ᠳᠠᠩᠰᠠᠯᠠᠭᠤᠯᠬᠤ ᠠᠴᠠ ᠬᠡᠯᠲᠦᠷᠢᠭᠦᠯᠣᠭ᠍ᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠨᠥᠬᠦᠴᠡᠯ ᠳᠤ ᠨᠡᠶᠢᠴᠡᠭᠰᠡᠨ ᠠᠵᠢᠯ ᠦᠢᠯᠡᠰ ᠤᠨ ᠨᠢᠭᠡᠴᠨ ᠵᠢᠴᠢ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ | ᠪᠤᠶᠤ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠣ | ᠪᠠᠶᠢᠭᠤᠯᠣᠭᠰᠠᠨ ᠠᠵᠤ ᠠᠬᠤᠶᠢᠯᠠᠯ᠂ ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠪᠣᠯᠣᠨ᠎ᠠ᠃ ᠡᠯ᠎ᠡ ᠭᠠᠵᠠᠷ | ᠣᠷᠣᠨ ᠨᠢ ᠴᠤ ᠪᠣᠳᠠᠳᠠᠢ ᠪᠠ ᠬᠤᠳᠠᠯᠳᠤᠨ ᠠᠪᠬᠤ ᠪᠠᠷ ᠲᠦᠯᠣᠪᠯᠡᠭᠰᠡᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠠᠭᠤᠯᠭ᠎ᠠ᠂ ᠣᠨᠴᠠᠯᠢᠭ ᠲᠠᠢ ᠪᠠᠨ ᠤᠶᠠᠯᠳᠤᠭᠤᠯᠤᠨ᠂ ᠪᠣᠳᠠᠲᠠᠶ ᠨᠥᠬᠦᠴᠡᠯ ᠢᠶᠠᠨ | ᠲᠣᠳᠣᠷᠬᠠᠶᠢᠯᠠᠵᠣ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠷ ᠰᠢᠯᠢᠨ ᠰᠣᠩᠭᠤᠬᠤ ᠵᠠᠷᠴᠢᠮ ᠢᠶᠠᠷ | ᠵᠠᠯᠭᠠᠮᠵᠢᠯᠠᠬᠤ ᠭᠤᠣᠯ ᠴᠣᠭᠴᠠ ᠪᠠᠨ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠣ ᠪᠣᠯᠣᠨ᠎ᠠ᠃ | ︵ᠭᠤᠷᠪᠠ︶ ᠬᠤᠳᠠᠯᠳᠤᠨ ᠠᠪᠬᠤ ᠠᠭᠤᠯᠭ᠎ᠠ ᠪᠠᠨ ᠲᠣᠳᠣᠷᠬᠠᠶᠢᠯᠠᠨ᠎ᠠ᠃ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠭᠤᠯᠭ᠎ᠠ ᠪᠣᠯ ᠲᠡᠷᠢᠭᠦᠨ ᠤ | ᠰᠣᠶᠣᠯ ᠤᠨ ᠤᠷᠤᠭᠰᠢᠯᠠᠬᠤ ᠴᠢᠭᠯᠡᠯ ᠲᠠᠢ ᠨᠠᠶᠢᠴᠡᠭᠦ᠂ ᠡᠷᠡᠭᠦᠯ ᠴᠢᠬᠢᠷᠠᠭ ᠢᠳᠡᠪᠬᠢᠳᠠᠢ ᠦᠭᠡᠳᠡᠯᠡᠭᠦ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠬᠠᠩᠭᠠᠬᠤ ᠳᠤ ᠳᠣᠭᠢᠷᠠᠬᠤ᠂ ᠨᠡᠶᠢᠭᠡᠮ ᠤᠨ ᠬᠦᠴᠦᠨ ᠤ ᠡᠭᠦᠷᠭᠡᠯᠡᠵᠦ | ᠳᠡᠶᠢᠯᠬᠦ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠᠶᠢᠵᠣ᠂ ᠣᠯᠠᠨ ᠨᠡᠶᠢᠲᠡᠴᠢ ᠴᠢᠨᠠᠷ ᠪᠠ ᠨᠡᠶᠢᠲᠡ ᠶᠢᠨ | ᠠᠰᠠᠷᠠᠮᠵᠢ ᠶᠢᠨ ᠴᠢᠨᠠᠷ ᠢ ᠲᠣᠪᠤᠶᠢᠯᠠᠭᠠᠬᠤ ᠶᠢᠨ ᠬᠠᠮᠳᠣ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠵᠠᠷᠯᠠᠨ᠎ᠠ᠃ | ᠭᠤᠣᠯᠳᠠᠭᠤ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠪᠦᠲᠦᠭᠡᠭᠳᠡᠬᠦᠨ ᠤ ᠵᠤᠬᠢᠶᠠᠨ | ᠪᠦᠲᠦᠭᠡᠯᠲᠡ ᠪᠠ ᠤᠯᠠᠮᠵᠢᠯᠠᠨ ᠳᠡᠯᠭᠡᠷᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠬᠢᠭᠡᠣᠨ ᠦᠨᠳᠦᠰᠦᠲᠡᠨ ᠤ ᠠᠷᠠᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠢ ᠬᠠᠮᠠᠭᠠᠯᠠᠬᠤ᠂ | ᠤᠯᠠᠮᠵᠢᠯᠠᠨ ᠵᠠᠯᠭᠠᠮᠵᠢᠯᠠᠬᠤ ᠬᠢᠭᠡᠣᠨ ᠳᠡᠯᠭᠡᠨ ᠦᠵᠡᠭᠦᠯᠬᠦ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢ ᠡᠵᠡᠩᠨᠡᠬᠦ ᠪᠠ ᠬᠠᠮᠢᠶᠠᠷᠬᠤ᠂ ᠠᠷᠠᠳ ᠠᠴᠠ ᠡᠷᠬᠢᠯᠡᠭᠰᠡᠨ ᠰᠣᠶᠣᠯ ᠪᠡᠶ᠎ᠡ ᠶᠢᠨ ᠲᠠᠮᠢᠷ ᠤᠨ | ᠪᠠᠶᠢᠭᠤᠯᠤᠮᠵᠢ ᠶᠢᠨ ᠬᠠᠩᠭᠠᠭᠰᠠᠨ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠬᠤ | ᠦᠢᠯᠡᠴᠢᠯᠡᠭᠡ ᠵᠡᠷᠭᠡ ᠠᠭᠤᠯᠭ᠎ᠠ ᠪᠠᠭᠲᠠᠨ᠎ᠠ᠃ | ︵ᠲᠦᠷᠪᠡ︶ ᠵᠢᠯᠣᠭᠤᠣᠠᠬᠤ ᠴᠢᠨᠠᠷᠳᠠᠢ ᠭᠠᠷᠴᠠᠭ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ | ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠦᠬᠦ ᠣᠷᠣᠨ ᠳᠤ ᠬᠠᠨᠳᠣᠭᠤᠯᠣᠭᠰᠠᠨ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠣᠭᠤᠣᠠᠬᠤ ᠴᠢᠨᠠᠷᠳᠠᠢ | ᠭᠠᠷᠴᠠᠭ ᠢ ᠲᠣᠭᠳᠠᠭᠠᠨ᠎ᠠ᠃ ᠡᠯ᠎ᠡ ᠭᠠᠵᠠᠷ ᠣᠷᠣᠨ ᠨᠤᠭᠤᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢᠨ ᠪᠠᠶᠢᠳᠠᠯ ᠪᠠ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠭ᠎ᠠ ᠶᠢᠨ ᠪᠠᠶᠢᠳᠠᠯ ᠲᠠᠢ | ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠣᠭᠤᠣᠠᠬᠤ ᠴᠢᠨᠠᠷᠳᠠᠢ | ᠭᠠᠷᠴᠠᠭ︾ ︵ᠳᠠᠭᠠᠯᠳᠤᠭᠤᠯᠤᠯ ᠢ ᠦᠵᠨ︶ ᠢᠶᠠᠷ ᠯᠠᠪᠯᠠᠯᠲᠠ ᠪᠣᠯᠭᠠᠵᠤ᠂ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ | ᠵᠢᠯᠣᠭᠤᠣᠠᠬᠤ ᠴᠢᠨᠠᠷᠳᠠᠢ ᠭᠠᠷᠴᠠᠭ ᠪᠤᠶᠤ ᠪᠣᠳᠠᠲᠠᠶ ᠭᠠᠷᠴᠠᠭ ᠢᠶᠠᠨ ᠲᠣᠭᠳᠠᠭᠠᠬᠤ ᠬᠡᠷᠩᠳᠠᠢ᠃ ᠨᠡᠶᠢᠭᠡᠮ ᠤᠨ | ᠬᠦᠴᠦᠨ ᠢᠶᠠᠷ ᠡᠭᠦᠷᠭᠡᠯᠡᠭᠦᠯᠬᠦ ᠳᠤ ᠲᠣᠬᠢᠷᠠᠬᠤ ᠦᠭᠡᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠵᠢᠴᠢ | ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠳᠤ ᠬᠤᠯᠪᠣᠭᠳᠠᠬᠤ ᠵᠦᠢᠯ ᠤᠳ ᠢ ᠢᠯᠡ ᠪᠠᠷ | ᠬᠤᠳᠠᠯᠳᠤᠨ ᠠᠪᠴᠤ ᠪᠣᠯᠬᠤ ᠤᠢᠭᠡᠢ᠃ ᠵᠢᠯᠣᠭᠤᠣᠠᠬᠤ ᠴᠢᠨᠠᠷᠳᠠᠢ ᠭᠠᠷᠴᠠᠭ ᠪᠠ ᠪᠣᠳᠠᠲᠠᠶ ᠬᠤᠳᠠᠯᠳᠤᠨ ᠠᠪᠬᠤ | ᠭᠠᠷᠴᠠᠭ ᠢ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠴᠠᠭ ᠲᠤᠬᠠᠶ ᠳᠤᠨᠢ ᠬᠥᠳᠡᠯᠦᠩᠭᠦᠶ ᠪᠠᠷ | ᠲᠤᠬᠢᠷᠠᠭᠤᠯᠤᠯᠳᠠ ᠬᠢᠬᠦ ᠬᠡᠷᠡᠭᠲᠡᠶ᠃ | ︵ᠲᠠᠪᠤ︶ ᠬᠤᠳᠠᠯᠳᠤᠨ ᠠᠪᠬᠤ ᠲᠣᠭᠲᠠᠴᠠ ᠶᠢ ᠲᠡᠭᠦᠯᠳᠡᠷᠵᠢᠭᠦᠯᠣᠨ᠎ᠠ᠃ ᠡᠯ᠎ᠡ ᠭᠠᠵᠠᠷ ᠣᠷᠣᠨ ᠨᠤᠭᠤᠳ | ᠠᠷᠭ᠎ᠠ ᠮᠠᠶ᠋ᠢᠭ ᠨᠢ ᠠᠮᠢᠳᠤᠯᠢᠭ᠂ ᠲᠡᠰ ᠳᠠᠷᠠᠭᠠᠯᠠᠯ ᠨᠢ ᠵᠢᠷᠤᠮᠵᠢᠯ ᠲᠠᠢ᠂ ᠪᠠᠷᠢᠮᠵᠢᠶ᠎ᠠ ᠨᠢ ᠲᠣᠳᠣᠷᠬᠠᠶ᠂ ᠦᠷ᠎ᠡ | ᠳ᠋ᠦᠩ ᠢᠶᠠᠷ ᠨᠢ ᠦᠨᠡᠯᠡᠬᠦ᠂ ᠬᠥᠳᠡᠯᠦᠩᠭᠦᠶ ᠪᠠᠷ ᠲᠤᠬᠢᠷᠠᠭᠤᠯᠤᠯᠳᠠ ᠬᠢᠬᠦ ᠶᠢᠨ ᠬᠤᠳᠠᠯᠳᠤᠨ ᠠᠪᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠭᠦ ᠬᠡᠷᠡᠭᠲᠡᠶ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠣᠳᠠᠲᠠᠶ ᠠᠭᠤᠯᠭ᠎ᠠ᠂ | ᠣᠨᠴᠠᠯᠢᠭ ᠪᠠ ᠣᠷᠣᠨ ᠨᠤᠲᠤᠭ ᠤᠨ ᠪᠣᠳᠠᠲᠠᠶ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠢᠯᠡ ᠪᠠᠷ ᠳᠠᠭᠠᠭᠠᠴᠢᠯᠠᠯᠲᠠ ᠵᠠᠷᠯᠠᠬᠤ᠂ ᠤᠷᠢᠨ | ᠳᠠᠭᠠᠭᠠᠴᠢᠯᠠᠯᠲᠠ ᠵᠠᠷᠯᠠᠬᠤ᠂ ᠥᠷᠢᠰᠥᠯᠳᠦᠭᠡᠨ ᠤ ᠴᠢᠨᠠᠷᠲᠠᠶ ᠬᠡᠯᠡᠯᠴᠡᠯ ᠬᠢᠬᠦ᠂ ᠥᠷᠢᠰᠥᠯᠳᠦᠭᠡᠨ ᠤ ᠴᠢᠨᠠᠷᠲᠠᠶ | ᠵᠥᠪᠳᠡᠯᠴᠡᠭᠡ ᠬᠢᠭᠦ᠂ ᠲᠠᠩ ᠢᠷᠡᠯᠳᠡ ᠲᠠᠢ ᠪᠠᠶᠢᠬᠤ ᠵᠡᠷᠭᠡ ᠠᠷᠭ᠎ᠠ ᠮᠠᠶ᠋ᠢᠭ ᠢᠶᠠᠷ ᠵᠠᠯᠭᠠᠮᠵᠢᠯᠠᠬᠤ ᠭᠤᠣᠯ ᠴᠣᠭᠴᠠ ᠶᠢ | ᠲᠣᠭᠲᠠᠭᠠᠵᠣ᠂ ᠬᠤᠳᠠᠯᠳᠤᠨ ᠠᠪᠬᠤ᠂ ᠨᠠᠶᠢᠳᠠᠬᠤ᠂ ᠲᠦᠷᠢᠶᠡᠰᠦᠯᠡᠬᠦ᠂ ᠣᠨᠴᠠ ᠵᠥᠪᠰᠢᠶᠡᠷᠡᠭᠰᠡᠨ ᠡᠵᠡᠩᠨᠡᠯᠲᠡ ᠬᠢᠬᠦ᠂ | ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠵᠡᠷᠭᠡ ᠡᠯ᠎ᠡ ᠲᠦᠷᠣᠯ ᠤᠨ ᠭᠡᠷ᠎ᠡ ᠶᠢᠨ ᠬᠡᠯᠪᠡᠷᠢ ᠪᠠᠷ | ᠠᠵᠢᠯ ᠢᠶᠠᠨ ᠥᠷᠨᠢᠭᠦᠯᠣᠨ᠎ᠠ᠃ ᠲᠦᠷᠣᠯ ᠵᠦᠢᠯ ᠰᠣᠩᠭᠤᠨ ᠲᠣᠭᠲᠠᠭᠠᠬᠤ᠂ ᠮᠡᠳᠡᠭᠡ ᠵᠠᠩᠭᠢ ᠨᠡᠶᠢᠲᠡᠯᠡᠬᠦ᠂ | ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ᠂ ᠲᠥᠷᠥᠯ ᠵᠦᠢᠯ ᠢ ᠬᠢᠨᠠᠨ ᠬᠠᠮᠢᠶᠠᠷᠬᠤ᠂ ᠠᠮᠵᠢᠯᠲᠠ ᠪᠦᠲᠦᠮᠵᠢ ᠶᠢ | ᠦᠨᠡᠯᠡᠭᠦ ᠪᠠᠷ ᠭᠤᠣᠯ ᠠᠭᠤᠯᠭ᠎ᠠ ᠪᠣᠯᠭᠠᠭᠰᠠᠨ ᠵᠢᠷᠤᠮᠵᠢᠬᠰᠡᠨ ᠬᠤᠳᠠᠯᠳᠤᠨ ᠠᠪᠬᠤ ᠴᠤᠪᠤᠷᠠᠯ ᠢ ᠪᠠᠶᠢᠭᠤᠯᠣᠨ᠎ᠠ᠃ | ᠬᠤᠳᠠᠯᠳᠣᠨ ᠠᠪᠬᠤ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢᠨ ᠣᠨᠴᠠᠯᠢᠭ ᠢ ᠦᠨᠳᠦᠰᠦᠯᠡᠵᠣ᠂ | ᠠᠭᠤᠯᠭ᠎ᠠ ᠨᠢ ᠲᠣᠳᠣᠷᠬᠠᠶ᠂ ᠠᠵᠢᠯᠯᠠᠬᠤ ᠴᠢᠨᠠᠷ ᠢᠶᠠᠷ ᠴᠢᠩᠭ᠎ᠠ᠂ ᠰᠢᠯᠭᠠᠨ ᠬᠢᠨᠠᠬᠤ ᠳᠤ ᠲᠦᠭᠦᠮ ᠪᠠᠶᠢᠳᠠᠭ ᠤᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡ ᠶᠢᠨ ᠪᠠᠷᠢᠮᠵᠢᠶ᠎ᠠ ᠶᠢ ᠲᠦᠷᠣᠯ ᠬᠤᠪᠢᠶᠠᠨ ᠲᠣᠭᠳᠠᠭᠠᠵᠣ᠂ ᠵᠠᠯᠭᠠᠮᠵᠢᠯᠠᠬᠤ | ᠭᠤᠣᠯ ᠴᠣᠭᠴᠠ ᠶᠢᠨ ᠡᠵᠡᠮᠰᠢᠭᠦ ᠳᠤ ᠲᠦᠭᠦᠮ᠂ ᠬᠤᠳᠠᠯᠳᠤᠨ ᠠᠪᠬᠤ ᠭᠤᠣᠯ ᠴᠣᠭᠴᠠ ᠶᠢᠨ ᠬᠢᠨᠠᠨ ᠬᠠᠮᠢᠶᠠᠷᠬᠤ ᠳᠤ | ᠲᠦᠭᠦᠮ ᠦᠵᠡᠭᠦᠯᠣᠨ᠎ᠠ᠃ ᠦᠢᠯᠡᠴᠢᠯᠡᠭᠡ ᠬᠠᠩᠭᠠᠬᠤ ᠪᠥᠬᠦ ᠶᠠᠪᠤᠴᠠ ᠶᠢ ᠮᠥᠷᠳᠡᠨ ᠬᠢᠨᠠᠨ ᠬᠠᠮᠢᠶᠠᠷᠬᠤ ᠪᠠ | ᠦᠢᠯᠡᠴᠢᠯᠡᠭᠡᠨ ᠤ ᠦᠷ᠎ᠡ ᠪᠦᠲᠦᠭᠡᠯ ᠢ ᠪᠠᠶᠢᠴᠠᠭᠠᠨ ᠰᠢᠯᠭᠠᠨ ᠬᠤᠷᠢᠶᠠᠬᠤ ᠪᠠᠨ ᠴᠢᠩᠭᠠᠳᠬᠠᠵᠤ᠂ ᠪᠠᠶᠢᠴᠠᠭᠠᠵᠣ | ᠰᠢᠯᠭᠠᠨ ᠬᠤᠷᠢᠶᠠᠭᠰᠠᠨ ᠦᠷ᠎ᠡ ᠳ᠋ᠦᠩ ᠢ ᠦᠢᠯᠡᠴᠢᠯᠡᠭᠳᠡᠭᠦ ᠡᠲᠡᠭᠡᠳ ᠤᠨ ᠬᠠᠨᠤᠮᠵᠢ ᠶᠢᠨ ᠬᠡᠮᠵᠢᠶᠠᠨ ᠤ | ᠪᠠᠶᠢᠴᠠᠭᠠᠯᠳᠠ ᠲᠠᠢ ᠤᠶᠠᠯᠳᠤᠭᠤᠯᠤᠨ᠂ ᠵᠣᠭᠤᠰ ᠥᠭᠬᠦ ᠴᠢᠬᠤᠯᠠ ᠦᠨᠳᠦᠰᠦ ᠪᠠᠷᠢᠮᠲᠠ ᠪᠣᠯᠭᠠᠨ᠎ᠠ᠃ ᠬᠤᠳᠠᠯᠳᠤᠨ | ᠠᠪᠬᠤ ᠦᠨ᠎ᠡ ᠬᠠᠩᠰᠢ ᠪᠤᠶᠤ ᠡᠳ᠋ ᠤᠨ ᠵᠠᠰᠠᠭ ᠤᠨ ᠨᠦᠭᠦᠪᠣᠷᠢ ᠶᠢᠨ ᠬᠥᠳᠡᠯᠦᠩᠭᠦᠶ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠵᠠᠯᠭᠠᠮᠵᠢᠯᠠᠬᠤ ᠭᠤᠣᠯ ᠴᠣᠭᠴᠠ ᠶᠢᠨ ᠦᠢᠯᠡᠴᠢᠯᠡᠭᠡᠨ ᠤ ᠠᠭᠤᠯᠭ᠎ᠠ ᠪᠠ ᠶᠠᠰᠤ | ᠴᠢᠨᠠᠷ ᠢ ᠦᠨᠳᠦᠰᠦᠯᠡᠨ᠂ ᠦᠨ᠎ᠡ ᠬᠠᠩᠰᠢ ᠪᠠᠨ ᠵᠦᠢ ᠵᠣᠬᠢᠰᠲᠠᠶ ᠲᠣᠭᠲᠠᠭᠠᠵᠤ᠂ ᠭᠡᠳᠤ ᠬᠤᠨᠵᠢᠪᠣᠷᠢ ᠣᠯᠬᠤ ᠠᠴᠠ | ᠵᠠᠶᠢᠯᠡᠰᠬᠢᠨᠠ᠃ | ︵ᠵᠢᠷᠭᠤᠭ᠎ᠠ︶ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠬᠤᠳᠠᠯᠳᠤᠨ ᠠᠪᠬᠤ ᠳᠤ ᠬᠡᠷᠡᠭᠰᠡᠬᠦ ᠪᠡᠯᠡ | ᠮᠥᠩᠭᠦ ᠶᠢ ᠰᠠᠯᠠᠭ᠎ᠠ ᠮᠥᠴᠢᠷ ᠤᠨ ᠲᠥᠰᠦᠪ ᠤᠨ ᠵᠠᠷᠤᠳᠠᠯ ᠪᠤᠶᠤ ᠵᠥᠪᠰᠢᠶᠡᠷᠡᠯ ᠢ ᠳᠡᠮᠵᠢᠭ᠌ᠰᠡᠨ ᠲᠤᠰᠬᠠᠶ ᠪᠡᠯᠡ | ᠮᠥᠩᠭᠦ ᠵᠡᠷᠭᠡ ᠤᠤᠯ ᠤᠨ ᠲᠥᠰᠦᠪ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠵᠠᠰᠠᠭ ᠤᠨ | ᠣᠷᠳᠣᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠶᠢᠨ ᠥᠷᠭᠡᠳᠭᠦ ᠶᠢ ᠳᠠᠭᠠᠯᠳᠣᠨ ᠬᠡᠷᠡᠭᠰᠡᠬᠦ | ᠨᠡᠮᠡᠭᠳᠡᠯ ᠪᠡᠯᠡ ᠮᠥᠩᠭᠦ ᠶᠢ᠂ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ | ᠲᠥᠰᠦᠪ ᠲᠤ ᠣᠷᠣᠭᠤᠯᠬᠤ ᠬᠡᠷᠡᠭᠲᠡᠶ᠃ ᠬᠤᠳᠠᠯᠳᠣᠨ ᠠᠪᠬᠤ ᠭᠤᠣᠯ ᠴᠣᠭᠴᠨ ᠨᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠪᠣᠯᠤᠨ ᠲᠤᠰᠬᠠᠶ ᠮᠡᠷᠭᠡᠵᠢᠯ ᠤᠨ ᠯᠠᠪᠯᠠᠯᠭ᠎ᠠ | ᠬᠢᠵᠦ ᠦᠨᠡᠯᠡᠨ ᠵᠢᠱᠢᠬᠦ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠵᠡᠷᠭᠡ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠣᠨᠴᠠᠯᠢᠭ ᠪᠣᠯᠤᠨ ᠬᠠᠮᠢᠶ᠎ᠠ ᠪᠦᠬᠦᠢ ᠵᠠᠷᠤᠳᠠᠯ ᠤᠨ ᠲᠥᠰᠦᠪ ᠲᠠᠢ | ᠤᠶᠠᠯᠳᠤᠭᠤᠯᠤᠨ᠂ ᠪᠠᠷᠠᠭᠠᠨ ᠤ ᠦᠨ᠎ᠡ ᠬᠠᠩᠰᠢ᠂ ᠴᠠᠯᠢᠩ᠂ ᠭᠠᠶᠢᠯᠢ ᠰᠦᠢᠳᠬᠡᠯ ᠵᠢᠴᠢ ᠵᠦᠢ ᠵᠣᠬᠢᠰᠲᠠᠶ ᠠᠰᠢᠭ | ᠤᠯᠵᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠵᠠᠰᠠᠭ ᠤᠨ ᠣᠷᠳᠣᠨ ᠤᠯᠠᠨ ᠨᠡᠶᠢᠳᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠲᠦᠰᠣᠭᠡᠯᠡᠨ | ᠪᠣᠳᠣᠵᠣ ᠲᠣᠬᠢᠷᠠᠭᠤᠯᠬᠤ ᠭᠡᠷᠩᠳᠠᠢ᠃ | ︵ᠲᠤᠯᠤᠭ᠎ᠠ︶ ᠬᠢᠨᠠᠨ ᠬᠠᠮᠢᠶᠠᠷᠬᠤ ᠲᠣᠭᠲᠠᠴᠠ ᠶᠢ ᠪᠦᠷᠢᠡᠰᠢᠬᠦᠯᠣᠨᠠ᠃ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ᠂ | ᠰᠠᠬᠢᠯᠭ᠎ᠠ ᠪᠠᠲᠤ ᠪᠠᠶᠢᠴᠠᠭᠠᠬᠤ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ | ᠬᠢᠨᠠᠯᠲᠠ ᠳᠠᠯᠪᠢᠬᠤ ᠲᠦᠷᠢᠮ ᠢ ᠪᠠᠶᠢᠭᠤᠯᠤᠨ ᠪᠦᠷᠢᠨᠰᠢᠭᠦᠯᠵᠣ᠂ ᠠᠵᠢᠯ ᠬᠡᠷᠡᠭ ᠤᠨ ᠡᠮᠦᠨᠡᠬᠢ᠂ ᠠᠵᠢᠯ ᠬᠡᠷᠩ ᠤᠨ | ᠳᠤᠮᠳᠠ ᠪᠠ ᠠᠵᠢᠯ ᠬᠡᠷᠩ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠤᠮᠵᠢ ᠶᠢ ᠲᠡᠭᠦᠯᠳᠡᠷᠵᠢᠭᠦᠯᠵᠦ᠂ | ᠬᠠᠮᠢᠶ᠎ᠠ ᠪᠦᠬᠦᠢ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠵᠣ᠂ | ᠬᠤᠳᠠᠯᠳᠤᠨ ᠠᠪᠬᠤ ᠠᠵᠢᠯᠯᠠᠭ᠎ᠠ ᠶᠢᠨ ᠢᠯᠡ ᠲᠣᠳᠣᠷᠬᠠᠶ᠂ ᠵᠢᠷᠤᠮᠵᠢᠭᠤᠨ ᠪᠦᠲᠦᠮᠵᠢᠲᠡᠶ ᠪᠠᠶᠢᠬᠤ ᠶᠢ ᠦᠨᠡᠡᠭᠦ | ᠪᠠᠳᠣᠯᠠᠵᠣ᠂ ᠢᠯᠵᠠᠷᠠᠮᠠᠯ ᠦᠵᠡᠭᠳᠡᠯ ᠢ ᠡᠷᠡᠰ ᠬᠤᠷᠢᠭᠯᠠᠬᠤ ᠪᠠ ᠤᠷᠢᠳᠴᠢᠯᠠᠨ ᠰᠡᠷᠭᠡᠶᠢᠯᠡᠭᠦ ᠬᠡᠷᠩᠳᠠᠢ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠪᠡᠯᠡ ᠮᠦᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠰᠣᠶᠣᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠤᠨ ᠶᠣᠰᠣᠭᠠᠷ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠶᠢᠨ ᠵᠠᠯᠭᠠᠮᠵᠢᠯᠠᠬᠤ ᠠᠵᠢᠯᠯᠠᠭ᠎ᠠ ᠶᠢ ᠬᠢᠨᠠᠨ ᠬᠠᠮᠢᠶᠠᠷᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ | ᠬᠤᠳᠠᠯᠳᠤᠨ ᠠᠪᠬᠤ ᠭᠤᠣᠯ ᠴᠣᠭᠴᠠ ᠨᠢ ᠵᠠᠯᠭᠠᠮᠵᠢᠯᠠᠬᠤ ᠭᠤᠣᠯ ᠴᠣᠭᠴᠠ ᠯᠤᠭ᠎ᠠ ᠡᠷᠬᠡ ᠬᠠᠷᠢᠭᠤᠴᠠᠯᠭ᠎ᠠ | ᠲᠣᠳᠣᠷᠬᠠᠶ᠂ ᠵᠢᠷᠣᠮᠵᠢᠭᠤᠨ ᠥᠨᠳᠥᠷ ᠪᠦᠲᠦᠮᠵᠢᠲᠡᠶ ᠪᠠᠶᠢᠬᠤ ᠵᠠᠷᠴᠢᠮ ᠢᠶᠠᠷ ᠭᠡᠷ᠎ᠡ ᠲᠣᠭᠲᠠᠵᠤ᠂ ᠭᠡᠷ᠎ᠡ ᠶᠢᠨ | ᠪᠣᠯᠵᠤᠭ᠎ᠠ ᠶᠢ ᠴᠢᠩᠭ᠎ᠠ ᠵᠢᠷᠣᠮᠯᠡᠵᠣ᠂ ᠵᠠᠰᠠᠭ ᠵᠠᠬᠢᠷᠭᠠᠨ ᠤ ᠭᠠᠷ ᠲᠦᠷᠦᠭᠦ ᠠᠵᠢᠯᠯᠠᠭ᠎ᠠ ᠠᠴᠠ ᠵᠠᠶᠢᠯᠠᠰᠬᠢᠬᠦ ᠬᠡᠷᠡᠭᠲᠡᠶ᠃ | ᠬᠤᠳᠠᠯᠳᠤᠨ ᠠᠪᠬᠤ ᠭᠤᠣᠯ ᠴᠣᠭᠴᠠ ᠨᠢ ᠳᠣᠲᠣᠭᠠᠳᠤ ᠶᠢᠨ ᠬᠢᠨᠠᠵᠤ ᠬᠠᠮᠢᠶᠠᠷᠬᠤ ᠳᠦᠷᠢᠮ ᠢᠶᠠᠨ ᠪᠠᠶᠢᠭᠤᠯᠤᠨ | ᠪᠦᠷᠢᠨᠰᠢᠭᠦᠯᠵᠣ᠂ ᠲᠣᠭᠲᠠᠭᠠᠯ ᠶᠣᠰᠣᠭᠠᠷ ᠦᠢᠯᠡᠴᠢᠯᠡᠭᠡ ᠬᠤᠳᠠᠯᠳᠤᠨ ᠠᠪᠬᠤ ᠬᠠᠮᠢᠶ᠎ᠠ ᠪᠦᠬᠦᠢ ᠮᠡᠳᠡᠭᠡ ᠵᠠᠩᠭᠢ ᠶᠢ | ᠢᠯᠡ ᠨᠠᠶᠢᠳᠡᠯᠡᠵᠣ᠂ ᠬᠢᠨᠠᠨ ᠪᠣᠳᠣᠯᠳᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠭᠦᠯᠢᠶᠡᠭᠦ ᠬᠡᠷᠩᠳᠠᠢ᠃ ᠵᠠᠯᠭᠠᠮᠵᠢᠯᠠᠬᠤ ᠭᠤᠣᠯ | ᠴᠣᠭᠴᠠ ᠨᠢ ᠬᠤᠳᠠᠯᠳᠤᠨ ᠠᠪᠬᠤ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠲᠦᠷᠢᠮ ᠢ ᠪᠦᠷᠢᠨᠰᠢᠭᠦᠯᠵᠣ᠂ ᠦᠢᠯᠡᠴᠢᠯᠡᠭᠡᠨ ᠤ ᠭᠡᠷ᠎ᠡ ᠪᠠᠷ | ᠦᠢᠯᠡᠴᠢᠯᠡᠭᠡᠨ ᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠦᠢᠯᠡᠴᠢᠯᠡᠭᠡᠨ ᠤ ᠲᠤᠭ᠎ᠠ ᠬᠡᠮᠵᠢᠶ᠎ᠡ᠂ ᠶᠠᠰᠤ ᠴᠢᠨᠠᠷ ᠪᠠ | ᠦᠷ᠎ᠡ ᠪᠦᠲᠦᠮᠵᠢ ᠶᠢ ᠪᠠᠳᠣᠯᠠᠵᠣ᠂ ᠦᠢᠯᠡᠴᠢᠯᠡᠭᠡ ᠰᠢᠯᠵᠢᠭᠦᠯᠦᠨ ᠳᠠᠭᠠᠭᠠᠴᠢᠯᠠᠭᠤᠯᠬᠤ ᠠᠵᠢᠯᠯᠠᠭ᠎ᠠ ᠶᠢ ᠴᠢᠩᠭ᠎ᠠ | ᠴᠠᠭᠠᠵᠠᠯᠠᠬᠤ ᠬᠡᠷᠡᠭᠲᠡᠶ᠃ | ︵ᠨᠠᠢᠮᠨ︶ ᠠᠮᠵᠢᠯᠳᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠎ᠠ᠃ ᠬᠤᠳᠠᠯᠳᠤᠨ ᠠᠪᠬᠤ ᠭᠤᠣᠯ | ᠴᠣᠭᠴᠠ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠳᠡᠭᠦ ᠡᠲᠡᠭᠡᠳ ᠵᠢᠴᠢ ᠭᠤᠷᠪᠠᠳᠠᠬᠢ ᠡᠲᠡᠭᠡᠳ ᠤᠨ | ᠬᠠᠮᠲᠤᠪᠠᠷ ᠣᠷᠣᠯᠴᠠᠭᠰᠠᠨ ᠶᠡᠷᠦᠩᠬᠡᠶᠢᠯᠡᠭᠰᠡᠨ ᠦᠨᠡᠯᠡᠨ ᠬᠢᠨᠠᠬᠤ ᠲᠣᠭᠲᠠᠴᠠ ᠶᠢ ᠪᠦᠷᠢᠨᠰᠢᠭᠦᠯᠣᠨ᠎ᠠ︔ ᠤᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠳᠠ ᠶᠢ ᠴᠢᠩᠭᠠᠣᠠᠬᠠᠵᠣ᠂ ᠮᠥᠷᠳᠡᠭᠦ ᠣᠷᠲᠤ ᠬᠤᠭᠤᠴᠠᠭᠠᠨ ᠤ ᠪᠦᠳᠣᠮᠵᠢᠳᠠᠢ ᠲᠣᠭᠲᠠᠴᠠ ᠶᠢ | ᠪᠠᠶᠢᠭᠤᠯᠣᠨ᠎ᠠ᠃ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠳᠤ᠂ ᠦᠢᠯᠡᠴᠢᠯᠡᠭᠳᠡᠭᠦ ᠡᠲᠡᠭᠡᠳ ᠤᠨ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠨᠣᠮᠵᠢ ᠶᠢᠨ ᠬᠡᠮᠵᠢᠶᠠᠨ ᠳᠤ ᠦᠨᠡᠯᠡᠯᠲᠡ ᠬᠢᠬᠦ ᠶᠢ | ᠭᠤᠣᠯᠳᠠᠭᠤᠯᠬᠤ ᠬᠡᠷᠩᠳᠠᠢ᠃ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠣᠭᠰᠠᠨ ᠠᠮᠵᠢᠯᠳᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠨᠡᠶᠢᠭᠡᠮ ᠳᠤ | ᠨᠡᠶᠢᠲᠡᠯᠡᠬᠦ ᠶᠢᠨ ᠬᠠᠮᠳᠣ᠂ ᠬᠤᠶᠢᠰᠢᠳᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠪᠠ | ᠵᠠᠰᠠᠭ ᠤᠨ ᠣᠷᠳᠣᠨ ᠤ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ | ᠠᠪᠬᠤ ᠶᠢ ᠵᠠᠯᠭᠠᠮᠵᠢᠯᠠᠬᠤ ᠭᠤᠣᠯ ᠴᠣᠭᠴᠠ ᠪᠠᠨ ᠰᠣᠩᠭᠤᠬᠤ ᠶᠢᠨ ᠴᠢᠬᠤᠯᠨ ᠯᠠᠪᠯᠠᠬᠤ ᠦᠨᠳᠦᠰᠦᠯᠡᠯ ᠪᠣᠯᠭᠠᠬᠤ | ᠬᠡᠷᠡᠭᠲᠡᠶ᠃ | ᠭᠤᠷᠪᠠ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ | ︵ᠨᠢᠭᠡ︶ ᠵᠣᠬᠢᠶᠠᠨ ᠪᠠᠶᠢᠭᠤᠯᠣᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ᠃ ᠵᠠᠰᠠᠭ ᠤᠨ | ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ | ᠠᠵᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠨᠢ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ | ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ | ᠵᠣᠬᠢᠶᠠᠨ ᠪᠠᠶᠢᠭᠤᠯᠣᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠠᠴᠠ | ᠨᠢᠭᠡᠳᠦᠯᠲᠡᠶ ᠤᠳᠤᠷᠢᠳᠬᠤ᠂ ᠰᠣᠶᠣᠯ᠂ ᠡᠳ᠋ ᠤᠨ ᠵᠠᠰᠠᠭ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠪᠡᠶ᠎ᠡ ᠶᠢᠨ | ᠲᠠᠮᠢᠷ ᠵᠡᠷᠭᠡ ᠰᠠᠯᠠᠭ᠎ᠠ ᠮᠥᠴᠢᠷ ᠬᠠᠷᠢᠭᠤᠴᠠᠨ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠠᠯᠬᠤᠮ ᠠᠯᠬᠤᠮ ᠢᠶᠠᠷ ᠳᠦᠷᠢᠮᠵᠢᠯ᠂ | ᠵᠢᠷᠤᠮᠵᠢᠯ᠂ ᠰᠢᠨᠵᠢᠯᠡᠬᠦ ᠤᠬᠠᠭᠠᠨᠵᠢᠯ ᠲᠠᠢ ᠪᠣᠯᠭᠠᠨ᠎ᠠ᠃ | ︵ᠬᠤᠶᠠᠷ︶ ᠨᠡᠪᠳᠡᠷᠡᠯᠴᠠᠨ ᠵᠣᠬᠢᠴᠠᠭᠤᠯᠬᠤ ᠶᠢ ᠴᠢᠩᠭᠠᠣᠠᠬᠠᠬᠤ ᠬᠡᠷᠩᠳᠠᠢ᠃ ᠡᠯ᠎ᠡ ᠭᠠᠵᠠᠷ ᠣᠷᠣᠨ ᠨᠤᠭᠤᠳ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ | ᠠᠪᠬᠤ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠰᠣᠶᠣᠯ᠂ ᠡᠳ᠋ ᠤᠨ ᠵᠠᠰᠠᠭ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ | ᠵᠣᠬᠢᠴᠠᠭᠤᠯᠵᠣ ᠨᠡᠪᠲᠡᠷᠡᠯᠴᠡᠬᠦ ᠪᠠᠨ ᠴᠢᠬᠤᠯᠠᠴᠢᠯᠠᠵᠤ᠂ ᠡᠬᠢ ᠪᠠᠶᠠᠯᠢᠭ ᠢ ᠨᠡᠶᠢᠯᠡᠭᠦᠯᠣᠨ᠂ ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠬᠤᠯᠪᠣᠭᠳᠠᠯ | ᠪᠦᠬᠦᠢ ᠴᠢᠬᠤᠯᠠ ᠵᠦᠢᠯ ᠢ ᠬᠠᠮᠲᠤ ᠪᠠᠷ ᠰᠣᠳᠣᠯᠵᠣ᠂ ᠠᠵᠢᠯ ᠤᠨ ᠳᠤᠮᠳᠠ ᠢᠯᠡᠷᠡᠭᠰᠠᠨ ᠠᠰᠠᠭᠤᠳᠠᠯ ᠢ ᠴᠠᠭ | ᠲᠤᠬᠠᠶ ᠳᠤᠨᠢ ᠣᠯᠵᠣ ᠮᠡᠳᠡᠨ ᠰᠢᠢᠣᠡᠪᠣᠷᠢᠯᠡᠵᠣ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ | ᠠᠬᠢᠭᠤᠯᠬᠤ ᠬᠡᠷᠡᠭᠲᠡᠶ᠃ | ︵ᠭᠤᠷᠪᠠ︶ ᠤᠬᠠᠭᠤᠯᠣᠨ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠩᠳᠠᠢ᠃ ᠡᠯ᠎ᠡ ᠭᠠᠵᠠᠷ | ᠣᠷᠣᠨ ᠨᠤᠭᠤᠳ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠬᠡᠷᠩᠵᠢᠭᠦᠯᠭᠦ ᠶᠢᠨ | ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠ | ᠴᠤᠪᠤᠷᠠᠯ ᠤᠨ ᠲᠣᠬᠢᠷᠠᠭᠤᠯᠭ᠎ᠠ ᠶᠢ ᠥᠷᠭᠡᠨ ᠢᠶᠠᠷ ᠤᠬᠠᠭᠤᠯᠵᠣ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠠᠷᠢᠨ | ᠨᠢᠮᠪᠠᠶ ᠰᠠᠶᠢᠲᠤᠷ ᠬᠢᠵᠦ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ | ᠨᠡᠶᠢᠭᠡᠮ ᠤᠨ ᠠᠩᠬᠠᠷᠤᠯ ᠬᠠᠯᠠᠮᠵᠢᠯᠠᠯ ᠢ ᠰᠠᠨᠠᠭᠠᠴᠢᠯᠠᠭ᠎ᠠ ᠠᠴᠠ ᠪᠠᠨ ᠭᠦᠷᠢᠶᠡᠯᠠᠨ ᠳᠠᠭᠠᠵᠣ᠂ ᠨᠡᠶᠢᠭᠡᠮ ᠤᠨ ᠬᠢᠨ ᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢ ᠳᠦᠯᠬᠢᠨ ᠠᠬᠢᠭᠤᠯᠬᠤ ᠳᠤ ᠰᠠᠶᠢᠨ ᠰᠠᠶᠢᠬᠠᠨ | ᠠᠵᠢᠯ ᠤᠨ ᠣᠷᠴᠢᠨ ᠲᠣᠭᠤᠷᠢᠨ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ︵ᠲᠦᠷᠪᠡ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠨᠡᠶᠢᠭᠡᠮ ᠤᠨ | ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠢᠲᠡᠭᠡᠮᠵᠢ ᠶᠢᠨ ᠳᠠᠩᠰᠠ | ᠡᠪᠬᠡᠮᠡᠯ ᠢ ᠪᠠᠶᠢᠭᠤᠯᠣᠨ ᠪᠦᠷᠢᠨᠰᠢᠭᠦᠯᠭᠦ ᠬᠡᠷᠡᠭᠲᠡᠶ᠃ ᠦᠢᠯᠡᠴᠢᠯᠡᠭᠡ ᠬᠤᠳᠠᠯᠳᠤᠨ ᠠᠪᠬᠤ ᠶᠢ ᠬᠡᠷᠡᠭᠵᠢᠭᠦᠯᠬᠦ | ᠶᠠᠪᠤᠴᠠ ᠳᠤ᠂ ᠵᠠᠯᠭᠠᠮᠵᠢᠯᠠᠭᠰᠠᠨ ᠭᠤᠣᠯ ᠴᠣᠭᠴᠨ ᠨᠢ ᠬᠢᠷᠢ ᠭᠡᠮ ᠤᠨ ᠱᠠᠭᠠᠷᠳᠠᠯᠭ᠎ᠠ ᠳᠤ ᠨᠡᠶᠢᠴᠡᠬᠦ ᠦᠭᠡᠢ᠂ | ᠦᠢᠯᠡᠴᠢᠯᠡᠬᠦ ᠭᠤᠣᠯ ᠵᠣᠷᠢᠯᠲᠠ ᠶᠢ ᠭᠠᠵᠢᠭᠤᠳᠠᠭᠤᠯᠤᠭᠰᠠᠨ᠂ ᠬᠤᠳᠠᠯ ᠬᠠᠭᠤᠷᠮᠠᠭ ᠵᠣᠬᠢᠶᠠᠭᠰᠠᠨ᠂ ᠡᠳ᠋ ᠤᠨ | ᠵᠠᠰᠠᠭ ᠤᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠲᠠᠢ ᠣᠯᠵᠣ ᠮᠡᠳᠡᠭᠰᠡᠨ ᠪᠣᠯ᠂ ᠢᠲᠡᠭᠡᠮᠵᠢ ᠶᠢᠨ ᠳᠠᠩᠰᠨ ᠡᠪᠬᠡᠮᠡᠯ ᠳᠤ ᠲᠡᠮᠳᠡᠭᠯᠡᠭᠦ ᠶᠢᠨ ᠬᠠᠮᠲᠤ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠲᠣᠷᠭᠠᠨ ᠰᠢᠳᠬᠡᠵᠣ᠂ ᠨᠡᠶᠢᠭᠡᠮ ᠳᠤ ᠭᠦᠨᠳᠣ ᠬᠡᠴᠡᠭᠦᠣ ᠮᠠᠭᠤ | ᠨᠥᠯᠥᠭᠡ ᠭᠠᠷᠭᠠᠭᠰᠠᠨ ᠪᠣᠯ᠂ ᠵᠠᠰᠠᠭ ᠤᠨ ᠣᠷᠳᠣᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ | ᠠᠪᠬᠤ ᠠᠵᠢᠯ ᠳᠤ ᠳᠠᠬᠢᠨᠲᠠ ᠣᠷᠣᠯᠴᠠᠬᠤ ᠶᠢ ᠴᠠᠭᠠᠵᠠᠯᠠᠬᠤ ᠬᠡᠷᠩᠳᠠᠢ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢᠨ | ᠵᠢᠯᠣᠭᠤᠣᠠᠬᠤ ᠴᠢᠨᠠᠷᠳᠠᠢ ᠭᠠᠷᠴᠠᠭ | | ᠳᠠᠭᠠᠯᠳᠤᠭᠤᠯᠤᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠨᠡᠶᠢᠭᠡᠮ ᠤᠨ ᠭᠦᠴᠣᠨ ᠠᠴᠠ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ | ᠬᠤᠳᠠᠯᠳᠣᠨ ᠠᠪᠬᠤ ᠶᠢᠨ ᠵᠢᠯᠣᠭᠤᠣᠠᠬᠤ ᠴᠢᠨᠠᠷᠳᠠᠢ ᠭᠠᠷᠴᠠᠭ | | ᠨᠢᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠪᠦᠳᠣᠭᠡᠭᠳᠡᠭᠦᠨ ᠢ | ᠬᠤᠳᠠᠯᠳᠤᠨ ᠠᠪᠬᠤ᠂ ᠵᠤᠬᠢᠶᠠᠨ ᠪᠦᠲᠦᠭᠡᠬᠦ ᠪᠠ ᠤᠯᠠᠮᠵᠢᠯᠠᠨ ᠳᠡᠯᠭᠡᠷᠡᠭᠦᠯᠬᠦ | ︵ᠨᠢᠭᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠪᠦᠳᠣᠭᠡᠭᠳᠡᠭᠦᠨ ︵ᠲᠠᠶᠢᠰᠠᠨ ᠤ | ᠤᠷᠠᠯᠢᠭ ᠤᠨ ᠣᠷᠠᠨ ᠪᠦᠲᠦᠭᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠣᠷᠠᠨ ᠪᠦᠲᠦᠭᠡᠯ᠂ ᠬᠡᠪᠯᠡᠯ ᠤᠨ | ᠪᠦᠳᠦᠬᠡᠭᠳᠡᠬᠦᠨ᠂ ᠳ᠋ᠢᠬᠢᠲ ᠰᠣᠶᠣᠯ ᠤᠨ ᠪᠦᠳᠣᠭᠡᠭᠳᠡᠭᠦᠨ᠂ ᠵᠠᠷ᠂ ᠴᠥᠭᠡᠨ ᠲᠣᠭᠠᠲᠤ ᠦᠨᠳᠦᠰᠦᠲᠡᠨ ᠤ | ᠰᠣᠶᠣᠯ ᠤᠨ ᠪᠦᠲᠦᠭᠡᠭᠳᠡᠬᠦᠨ ᠵᠡᠷᠭᠡ ᠪᠠᠭᠳᠠᠨ᠎ᠠ︶ ᠢ ᠵᠣᠬᠢᠶᠠᠨ ᠪᠦᠲᠦᠭᠡᠬᠦ᠂ ᠦᠢᠯᠡᠣᠡᠭᠦ᠂ ᠣᠷᠴᠢᠭᠤᠯᠤᠨ ᠦᠢᠯᠡᠳᠬᠦ᠂ | ᠨᠠᠶᠢᠷᠠᠭᠤᠯᠤᠨ ᠬᠡᠪᠯᠡᠭᠦᠯᠬᠦ ᠬᠢᠭᠡᠣᠨ ᠤᠯᠠᠮᠵᠢᠯᠠᠨ ᠳᠡᠯᠭᠡᠷᠡᠭᠦᠯᠬᠦ | ︵ᠬᠤᠶᠠᠷ︶ ᠪᠦᠭᠦ ᠠᠷᠠᠳ ᠢᠶᠠᠷ ᠢᠶᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠭᠦᠳᠡᠯᠭᠡᠭᠡᠨ ᠰᠤᠷᠢᠯᠳᠠ ᠤᠷᠤᠯᠳᠤᠭᠠᠨ ᠢ ᠤᠬᠠᠭᠤᠯᠬᠤ ᠪᠠ ᠳᠡᠯᠭᠡᠷᠡᠭᠦᠯᠬᠦ | ︵ᠭᠤᠷᠪᠠ︶ ᠤᠨᠴᠤᠭᠤᠢ ᠬᠦᠮᠦᠰ ᠲᠤ ᠬᠠᠨᠳᠤᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ | ᠪᠡᠶ᠎ᠡ ᠶᠢᠨ ᠲᠠᠮᠢᠷ ᠤᠨ ᠪᠦᠳᠣᠭᠡᠭᠳᠡᠭᠦᠨ ᠢ ᠬᠤᠳᠠᠯᠳᠤᠨ ᠠᠪᠬᠤ᠂ ᠵᠣᠬᠢᠶᠠᠨ ᠪᠦᠲᠦᠭᠡᠭᠦ ᠬᠢᠭᠡᠣᠨ ᠤᠯᠠᠮᠵᠢᠯᠠᠨ | ᠳᠡᠯᠭᠡᠷᠡᠭᠦᠯᠭᠦ | ︵ᠲᠦᠷᠪᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠪᠤᠰᠤᠳ | ᠪᠦᠳᠣᠭᠡᠭᠳᠡᠭᠦᠨ ᠢ ᠬᠤᠳᠠᠯᠳᠤᠨ ᠠᠪᠬᠤ᠂ ᠵᠣᠬᠢᠶᠠᠨ ᠪᠦᠳᠣᠭᠡᠭᠦ ᠬᠢᠭᠡᠣᠨ ᠤᠯᠠᠮᠵᠢᠯᠠᠨ ᠳᠡᠯᠭᠡᠷᠡᠭᠦᠯᠭᠦ | ᠬᠤᠶᠠᠷ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ | ᠬᠢᠭᠡᠣᠨ ᠳᠠᠭᠠᠭᠠᠨ ᠡᠷᠬᠢᠯᠡᠭᠦ | ︵ᠨᠢᠭᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠤᠣᠯ ᠰᠡᠳᠦᠪᠲᠦ ᠦᠳᠡᠰᠢᠯᠡᠭᠡ᠂ ᠪᠠᠶᠠᠷ | ᠲᠣᠷᠠᠰᠬᠠᠯ ᠤᠨ ᠦᠳᠡᠰᠢᠯᠡᠭᠡ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠬᠤᠶᠠᠷ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠳᠬ᠎ᠠ ᠤᠷᠠᠯᠢᠭ ︵ᠰᠢ ᠵᠦᠴᠦᠭᠡ ᠪᠠᠭᠲᠠᠨ᠎ᠠ︶ ᠤᠨ | ᠲᠣᠭᠯᠠᠯᠳᠠ ᠪᠠ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠵᠣᠬᠢᠶᠠᠨ ᠪᠠᠶᠢᠭᠤᠯᠬᠤ | ᠬᠢᠭᠡᠣᠨ ᠳᠠᠭᠠᠭᠠᠨ ᠡᠷᠬᠢᠯᠡᠭᠦ | ︵ᠭᠤᠷᠪᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠷᠠᠯᠢᠭ ᠤᠨ ᠦᠵᠡᠭᠦᠯᠣᠯᠭᠡ᠂ ᠳᠡᠯᠭᠡᠨ | ᠦᠵᠡᠭᠦᠯᠭᠦ᠂ ᠶᠠᠷᠢᠶᠠᠨ ᠤ ᠲᠠᠪᠴᠠᠩ ᠬᠢᠭᠡᠳ ᠪᠣᠯᠪᠠᠰᠤᠷᠠᠭᠤᠯᠤᠯ ︵ᠲᠠᠶᠢᠯᠤᠮᠵᠢ ᠪᠠᠭᠲᠠᠨ᠎ᠠ︶ ᠢ ᠵᠣᠬᠢᠶᠠᠨ | ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠲᠦᠷᠪᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ︵ᠪᠦᠬᠦ ᠠᠷᠠᠳ ᠢᠶᠠᠷ ᠢᠶᠠᠨ ᠨᠣᠮ ᠤᠩᠰᠢᠬᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ | ᠵᠡᠷᠭᠡ ᠪᠠᠭᠳᠠᠨ᠎ᠠ︶ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠲᠠᠪᠤ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠺᠢᠨᠣ᠋ ᠭᠠᠷᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ | ᠬᠢᠭᠡᠣᠨ ᠳᠠᠭᠠᠭᠠᠨ ᠡᠷᠬᠢᠯᠡᠭᠦ | ︵ᠵᠢᠷᠭᠤᠭ᠎ᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠲᠤᠯᠤᠭ᠎ᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠪᠣᠯᠪᠠᠰᠤᠷᠠᠭᠤᠯᠣᠯ᠂ ᠪᠡᠶ᠎ᠡ | ᠴᠢᠭᠢᠷᠠᠭᠵᠢᠭᠤᠯᠬᠤ ᠶᠢ ᠵᠢᠯᠣᠭᠤᠳᠬᠤ᠂ ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠬᠢᠭᠡᠣᠨ ᠪᠡᠶ᠎ᠡ ᠶᠢᠨ | ᠲᠠᠮᠢᠷ ᠤᠨ ᠪᠣᠯᠪᠠᠰᠤᠷᠠᠭᠤᠯᠬᠤ ᠪᠠᠷᠢᠮᠵᠢᠶ᠎ᠠ ᠶᠢᠨ ᠰᠢᠯᠭᠠᠨ ᠭᠡᠮᠵᠢᠯᠳᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠨᠠᠢᠮᠨ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ︵ᠶᠢᠰᠦ︶ ᠤᠨᠴᠤᠭᠤᠢ ᠬᠦᠮᠦᠰ ᠲᠤ ᠬᠠᠨᠳᠤᠭᠤᠯᠤᠭᠰᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠬᠢᠭᠡᠣᠨ ᠲᠠᠭᠠᠭᠠᠨ ᠡᠷᠬᠢᠯᠡᠭᠦ | ︵ᠠᠷᠪᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠪᠤᠰᠤᠳ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠢᠭᠡᠣᠨ ᠳᠠᠭᠠᠭᠠᠨ ᠡᠷᠬᠢᠯᠡᠭᠦ | ᠭᠤᠷᠪᠠ᠂ ᠰᠢᠯᠢᠳᠡᠭ ᠤᠯᠠᠮᠵᠢᠯᠠᠯᠲᠤ ᠰᠣᠶᠣᠯ ᠬᠢᠭᠡᠣᠨ ᠦᠨᠳᠦᠰᠦᠲᠡᠨ ᠤ ᠪᠠ ᠠᠷᠠᠳ ᠤᠨ ᠲᠣᠮᠳᠠᠬᠢ | ᠤᠯᠠᠮᠵᠢᠯᠠᠯᠲᠤ ᠪᠡᠶ᠎ᠡ ᠶᠢᠨ ᠲᠠᠮᠢᠷ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠬᠢᠭᠡᠣᠨ ᠳᠡᠯᠭᠡᠨ ᠦᠵᠡᠭᠦᠯᠭᠦ | ︵ᠨᠢᠭᠡ︶ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠳᠡᠯᠭᠡᠨ ᠦᠵᠡᠭᠦᠯᠭᠦ | ︵ᠬᠤᠶᠠᠷ︶ ᠠᠷᠠᠳ ᠤᠨ ᠲᠣᠮᠳᠠᠬᠢ ᠰᠢᠯᠢᠳᠡᠭ ᠰᠣᠶᠣᠯ ᠤᠷᠠᠯᠢᠭ ᠢ ᠲᠦᠭᠡᠮᠡᠯᠵᠢᠭᠦᠯᠦᠨ ᠳᠡᠯᠭᠡᠷᠡᠭᠦᠯᠬᠦ | ᠬᠢᠭᠡᠣᠨ ᠰᠣᠯᠢᠯᠴᠠᠵᠣ ᠳᠡᠯᠭᠡᠨ ᠦᠵᠡᠭᠦᠯᠬᠦ | ︵ᠭᠤᠷᠪᠠ︶ ᠦᠨᠳᠦᠰᠦᠲᠡᠨ ᠤ ᠪᠠ ᠠᠷᠠᠳ ᠤᠨ ᠲᠣᠮᠳᠠᠬᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠣᠯ | ᠵᠦᠢᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠳᠡᠯᠭᠡᠨ ᠦᠵᠡᠭᠦᠯᠭᠦ | ︵ᠲᠦᠷᠪᠡ︶ ᠪᠤᠰᠤᠳ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠤᠯᠠᠮᠵᠢᠯᠠᠯᠲᠤ ᠪᠡᠶ᠎ᠡ ᠶᠢᠨ ᠲᠠᠮᠢᠷ ᠢ | ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠬᠢᠭᠡᠣᠨ ᠳᠡᠯᠭᠡᠨ ᠦᠵᠡᠭᠦᠯᠭᠦ | ᠲᠦᠷᠪᠡ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠡᠵᠡᠩᠨᠡᠯᠳᠠ ᠬᠢᠭᠡᠣᠨ | ᠬᠠᠮᠢᠶᠠᠷᠣᠯᠳᠠ | ︵ᠨᠢᠭᠡ︶ ᠤᠯᠠᠨ ᠨᠡᠶᠢᠲᠡ ᠶᠢᠨ ᠨᠣᠮ ᠤᠨ ᠰᠠᠩ ︵ᠳᠠᠰᠤᠭ︶᠂ ᠰᠣᠶᠣᠯ ᠤᠨ ᠣᠷᠳᠣᠨ ︵ᠦᠷᠳᠡᠭᠡ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ︵ | ᠳᠠᠷᠢᠶᠠᠯᠠᠬᠤ ᠡᠷᠣᠭᠡ ᠶᠢᠨ ᠨᠣᠮ ᠤᠨ ᠦᠷᠣᠭᠡ ᠪᠠᠭᠲᠠᠨ᠎ᠠ︶ ᠵᠡᠷᠭᠡ ᠶᠢᠨ ᠡᠵᠡᠩᠨᠡᠯᠲᠡ ᠪᠠ ᠬᠠᠮᠢᠶᠠᠷᠤᠯᠲᠠ | ︵ᠬᠤᠶᠠᠷ︶ ᠤᠯᠠᠨ ᠨᠡᠶᠢᠲᠡ ᠶᠢᠨ ᠤᠷᠠᠨ ᠵᠢᠷᠤᠭ ᠤᠨ ᠣᠷᠳᠣᠨ᠂ ᠮᠦᠽᠧᠶ ᠵᠡᠷᠭᠡ ᠶᠢᠨ ᠡᠵᠡᠩᠨᠡᠯᠲᠡ ᠪᠠ | ᠬᠠᠮᠢᠶᠠᠷᠤᠯᠲᠠ | ︵ᠭᠤᠷᠪᠠ︶ ᠤᠯᠠᠨ ᠨᠡᠶᠢᠲᠡ ᠶᠢᠨ ᠲᠢᠶᠠᠲᠷ ︵ᠵᠦᠴᠣᠭᠡ ᠶᠢᠨ ᠭᠦᠷᠢᠶᠡᠯᠡᠩ︶ ᠵᠡᠷᠭᠡ ᠶᠢᠨ ᠡᠵᠡᠩᠨᠡᠯᠲᠡ ᠪᠠ | ᠬᠠᠮᠢᠶᠠᠷᠤᠯᠲᠠ | ︵ᠲᠦᠷᠪᠡ︶ ᠤᠯᠠᠨ ᠨᠡᠶᠢᠲᠡ ᠶᠢᠨ ᠡᠯᠧᠺᠲᠷᠣᠨ ᠤᠩᠰᠢᠯᠭ᠎ᠠ ᠶᠢᠨ ᠳᠠᠰᠤᠬ᠂ ᠲᠠᠷᠢᠶᠠᠯᠠᠬᠤ ᠡᠷᠣᠭᠡ ᠶᠢᠨ | ᠲᠣᠭᠠᠴᠢᠯᠠᠭᠰᠠᠨ ᠨᠣᠮ ᠤᠨ ᠦᠷᠦᠭᠡ ᠵᠡᠷᠭᠡ ᠤᠯᠠᠨ ᠨᠡᠶᠢᠳᠡ ᠶᠢᠨ ᠳ᠋ᠢᠬᠢᠲ ᠰᠣᠶᠣᠯ ᠤᠨ ᠪᠡᠯᠡᠣᠡᠭᠡᠮᠵᠢ ᠶᠢᠨ | ᠡᠵᠡᠩᠨᠡᠯᠳᠠ ᠪᠠ ᠬᠠᠮᠢᠶᠠᠷᠣᠯᠳᠠ | ︵ᠲᠠᠪᠤ︶ ᠷᠠᠳᠢᠣ᠋ ᠨᠡᠪᠲᠡᠷᠡᠭᠦᠯᠭᠡ ᠲᠧᠯᠸᠢᠰ ᠢ ᠭᠠᠴᠠᠭ᠎ᠠ ᠪᠣᠯᠭᠠᠨ ᠳᠤ ᠨᠡᠪᠲᠡᠷᠡᠭᠦᠯᠬᠦ᠂ ᠡᠷᠦᠬᠡ ᠪᠣᠯᠭᠠᠨ ᠳᠤ | ᠨᠡᠪᠲᠡᠷᠡᠭᠦᠯᠬᠦ ᠵᠡᠷᠭᠡ ᠬᠦᠯᠢᠶᠡᠨ ᠠᠪᠬᠤ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ︵ᠵᠢᠷᠭᠤᠭ᠎ᠠ︶ | ᠤᠨᠴᠤᠭᠤᠢ ᠬᠦᠮᠦᠰ ᠲᠤ ᠬᠠᠩᠭᠠᠭᠰᠠᠨ ᠤᠲᠠᠰᠤᠲᠤ ᠲᠧᠯᠸᠢᠰ ᠤᠨ ᠰᠦᠢᠣᠡᠭᠡᠯ ᠬᠤᠷᠢᠶᠠᠬᠤ ᠦᠭᠡᠢ ᠪᠤᠶᠤ | ᠰᠦᠢᠳᠬᠡᠯ ᠪᠠᠭ᠎ᠠ ᠬᠤᠷᠢᠶᠠᠬᠤ ᠦᠢᠯᠡᠴᠢᠯᠡᠭᠡ | ︵ᠲᠤᠯᠤᠭ᠎ᠠ︶ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠣᠡᠭᠡᠮᠵᠢ᠂ ᠭᠡᠷ ᠤᠨ ᠭᠠᠳᠠᠨᠠᠬᠢ ᠬᠤᠸᠠᠷᠠᠨ ᠤ | ᠡᠵᠡᠩᠨᠡᠯᠲᠡ ᠪᠠ ᠬᠠᠮᠢᠶᠠᠷᠤᠯᠲᠠ | ︵ᠨᠠᠢᠮᠨ︶ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ | ᠰᠡᠯᠪᠢᠨ ᠵᠠᠰᠠᠵᠤ ᠬᠠᠮᠠᠭᠠᠯᠠᠬᠤ ᠪᠠ ᠬᠢᠨᠠᠨ ᠬᠠᠮᠢᠶᠠᠷᠬᠤ | ︵ᠶᠢᠰᠦ︶ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠪᠤᠰᠤᠳ ᠪᠡᠯᠡᠣᠡᠭᠡᠮᠵᠢ ᠶᠢᠨ ᠡᠵᠡᠩᠨᠡᠯᠳᠠ | ᠪᠠ ᠬᠠᠮᠢᠶᠠᠷᠣᠯᠳᠠ | ᠲᠠᠪᠤ᠂ ᠠᠷᠠᠳ ᠠᠴᠠ ᠡᠷᠬᠢᠯᠡᠭᠰᠡᠨ ᠰᠣᠶᠣᠯ ᠪᠡᠶ᠎ᠡ ᠶᠢᠨ ᠲᠠᠮᠢᠷ ᠤᠨ ᠪᠠᠶᠢᠭᠤᠯᠤᠮᠵᠢ ᠶᠢᠨ ᠬᠠᠨᠭ᠍ᠭᠠᠭᠰᠠᠨ | ᠰᠦᠢᠣᠡᠭᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠬᠤ ᠦᠢᠯᠡᠴᠢᠯᠡᠭᠡ | ︵ᠨᠢᠭᠡ︶ ᠠᠷᠠᠳ ᠠᠴᠠ ᠡᠷᠭᠢᠯᠡᠭᠰᠡᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠮᠦᠽᠧᠶ ᠵᠡᠷᠭᠡ | ᠨᠡᠶᠢᠭᠡᠮ ᠳᠤ ᠬᠠᠨᠳᠣᠭᠤᠯᠣᠭᠰᠠᠨ ᠰᠦᠢᠣᠡᠭᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠬᠤ | ᠦᠢᠯᠡᠴᠢᠯᠡᠭᠡ | ︵ᠬᠤᠶᠠᠷ︶ ᠠᠷᠠᠳ ᠠᠴᠠ ᠡᠷᠬᠢᠯᠡᠭᠰᠡᠨ ᠤᠷᠠᠨ ᠰᠠᠶᠢᠬᠠᠨ ᠤ ᠲᠣᠭᠯᠠᠯᠲᠠ ᠶᠢᠨ ᠪᠠᠶᠢᠭᠤᠯᠤᠮᠵᠢ ᠶᠢᠨ | ᠨᠡᠶᠢᠭᠡᠮ ᠳᠤ ᠬᠠᠨᠳᠤᠭᠤᠯᠤᠭᠰᠠᠨ ᠰᠦᠢᠣᠡᠭᠡᠯ ᠬᠤᠷᠢᠶᠠᠬᠤ ᠦᠭᠡᠶ ᠪᠤᠶᠤ ᠬᠢᠮᠳᠠ ᠪᠢᠯᠧᠲ ᠲᠠᠢ ᠲᠣᠭᠯᠠᠯᠲᠠ | ︵ᠭᠤᠷᠪᠠ︶ ᠢᠨᠲ᠋ᠤᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠭᠠᠵᠠᠷ ᠤᠨ ᠨᠡᠶᠢᠭᠡᠮ ᠳᠤ | ᠬᠠᠨᠳᠣᠭᠤᠯᠣᠭᠰᠠᠨ ᠰᠦᠢᠣᠡᠭᠡᠯ ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠬᠤ ᠰᠦᠯᠵᠢᠶᠠᠨ ᠳᠤ ᠭᠠᠷᠬᠤ | ᠦᠢᠯᠡᠴᠢᠯᠡᠭᠡ | ︵ᠲᠦᠷᠪᠡ︶ ᠠᠷᠠᠳ ᠠᠴᠠ ᠡᠷᠬᠢᠯᠡᠭᠰᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠣᠶᠣᠯ ᠤᠨ | ᠦᠢᠯᠡᠴᠢᠯᠡᠭᠡᠨ ᠤ ᠲᠥᠪ ︵ᠨᠣᠮ ᠤᠨ ᠦᠷᠦᠬᠡ ᠪᠠᠭᠲᠠᠨ᠎ᠠ︶ ᠤᠨ ᠨᠡᠶᠢᠭᠡᠮ ᠳᠤ ᠬᠠᠨᠳᠤᠭᠤᠯᠤᠣᠭᠰᠠᠨ ᠰᠦᠢᠣᠡᠭᠡᠯ | ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠬᠤ ᠦᠢᠯᠡᠴᠢᠯᠡᠭᠡ | ︵ᠲᠠᠪᠤ︶ ᠠᠷᠠᠳ ᠠᠴᠠ ᠡᠷᠬᠢᠯᠡᠭᠰᠡᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠪᠡᠯᠡᠣᠡᠭᠡᠮᠵᠢ᠂ | ᠠᠷᠠᠳ ᠠᠴᠠ ᠡᠷᠬᠢᠯᠡᠭᠰᠡᠨ ᠪᠡᠶ᠎ᠡ ᠴᠢᠬᠢᠷᠠᠭᠵᠢᠭᠤᠯᠬᠤ ᠪᠠᠶᠢᠭᠤᠯᠤᠮᠵᠢ ᠶᠢᠨ ᠨᠡᠶᠢᠭᠡᠮ ᠳᠤ ᠬᠠᠨᠳᠣᠭᠤᠯᠣᠭᠰᠠᠨ | ᠰᠦᠢᠣᠡᠭᠡᠯ ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠬᠤ ᠦᠢᠯᠡᠴᠢᠯᠡᠭᠡ | ︵ᠵᠢᠷᠭᠤᠭ᠎ᠠ︶ ᠠᠷᠠᠳ ᠠᠴᠠ ᠡᠷᠬᠢᠯᠡᠭᠰᠡᠨ ᠰᠣᠶᠣᠯ ᠪᠡᠶ᠎ᠡ ᠶᠢᠨ ᠲᠠᠮᠢᠷ ᠤᠨ ᠪᠠᠶᠢᠭᠤᠯᠤᠮᠵᠢ ᠶᠢᠨ ᠨᠡᠶᠢᠭᠡᠮ ᠳᠤ | ᠬᠠᠨᠳᠣᠭᠤᠯᠣᠭᠰᠡᠨ ᠰᠦᠢᠣᠡᠭᠡᠯ ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠬᠤ ᠪᠤᠰᠤᠳ ᠦᠢᠯᠡᠴᠢᠯᠡᠭᠡ |