ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠦᠬᠦᠯᠡᠭᠴᠢ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ︽ᠬᠠᠮᠢᠶ᠎ᠠ ᠪᠦᠬᠦᠢ ᠲᠤᠭᠳᠠᠭᠠᠯ ᠤᠳ︾ ᠤᠨ ᠲᠤᠬᠠᠢ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2016/7/27
     7 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠬᠦᠬᠡᠬᠤᠳᠠ ᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠲᠦᠷᠦᠬᠦᠬᠡᠨ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠳᠡ ᠶᠢᠨ ᠦᠮᠴᠢᠯᠡᠯ  ᠤᠨ ᠪᠤᠰᠤ ᠠᠵᠦ ᠠᠬᠤᠢ ᠶᠢ ᠲᠦᠷᠭᠡᠨ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠬᠦ ᠲᠤᠬᠠᠢ ᠲᠤᠭᠳᠠᠭᠠᠯ ᠤᠳ︾  ᠤᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠨᠡᠶᠢᠳᠡᠯᠡᠯ ᠬᠢᠬᠦ ᠶᠢᠨ ᠬᠠᠮᠳᠤ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠦᠬᠦᠯᠡᠭᠴᠢ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠰᠤᠷᠪᠤᠯᠵᠢᠯᠠᠬᠴᠢ ᠶᠢᠨ ᠲᠤᠷᠠᠳᠤᠬᠰᠠᠨ ᠠᠰᠠᠭᠤᠯᠳᠠ ᠶᠢ ᠬᠠᠷᠢᠭᠤᠯᠪᠠ᠃      ᠵᠠᠩᠬᠢᠯᠠᠭ᠎ᠠ ᠶᠢᠨ ᠦᠭᠡ᠄ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ      ᠹᠧᠩ ᠷᠧᠨ ᠹᠸᠢ ︵ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠦᠬᠦᠯᠡᠭᠴᠢ᠂ ᠲᠠᠳ᠋ ᠨᠠᠷᠢᠨ ᠪᠢᠴᠢᠭ ᠤᠨ ᠲᠠᠷᠤᠭ᠎ᠠ︶᠄ ᠦᠪᠡᠷᠲᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠲᠦᠷᠪᠡᠨ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠄ ᠨᠢᠬᠡ ᠳᠤ᠂ ᠡᠯ᠎ᠠ ᠱᠠᠳᠤᠨ ᠤ ᠵᠠᠰᠠᠬ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠠ ᠱᠠᠳᠤᠨ ᠤ ᠵᠠᠰᠠᠬ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠬᠠᠮᠢᠶ᠎ᠠ ᠪᠦᠬᠦᠢ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠳᠤᠷᠬᠠᠢᠢᠯᠠᠨ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠵᠢᠴᠢ ᠪᠤᠳᠠᠳᠠᠢ ᠠᠷᠭ᠎ᠠ ᠠᠪᠴᠠᠯ ᠢ ᠠᠯᠢ ᠲᠦᠷᠬᠡᠨ ᠢᠶᠠᠷ ᠨᠠᠷᠢᠰᠬᠠᠨ ᠲᠡᠬᠦᠯᠳᠡᠷᠵᠢᠬᠦᠯᠵᠦ᠂ ᠲᠤᠬᠳᠠᠮᠠᠯ ᠬᠤᠭᠤᠴᠠᠭ᠎ᠠ ᠲᠠᠢ ᠪᠠᠷ ᠲᠤᠰ ᠭᠠᠵᠠᠷ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠶᠢᠨ ᠪᠠᠶᠢᠳᠠᠯ ᠢ ᠵᠤᠬᠢᠴᠠᠭᠤᠯᠵᠦ᠂ ᠠᠵᠢᠯ ᠤᠨ ᠲᠤᠮᠳᠠᠬᠢ ᠬᠦᠴᠢᠷᠳᠡᠯ ᠪᠠ ᠠᠰᠠᠭᠤᠳᠠᠯ ᠢ ᠬᠦᠴᠦᠯᠡᠨ ᠰᠤᠳᠤᠯᠵᠦ ᠰᠢᠢᠳᠪᠦᠷᠢᠯᠡᠨ᠎ᠠ᠃ ᠬᠤᠶᠠᠷ ᠲᠤ᠂ ᠵᠠᠰᠠᠬ ᠤᠨ ᠤᠷᠳᠤᠨ ᠤ ᠡᠬᠦᠷᠬᠡ ᠴᠢᠳᠠᠪᠬᠢ ᠶᠢ ᠬᠦᠴᠦᠯᠡᠨ ᠬᠤᠪᠢᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠵᠦ᠂ ᠵᠠᠰᠠᠬ ᠤᠨ ᠶᠠᠪᠤᠳᠠᠯ ᠢ ᠢᠯᠡ ᠪᠤᠯᠭᠠᠬᠤ ᠬᠦᠴᠦᠯᠡᠴᠡ ᠪᠠᠨ ᠴᠢᠩᠭᠠᠷᠠᠭᠤᠯᠤᠨ᠂ ᠵᠢᠯ ᠤᠨ ᠲᠤᠲᠤᠷ᠎ᠠ ᠦᠪᠡᠷᠳᠡᠬᠡᠨ ᠵᠠᠰᠠᠬᠤ ᠤᠷᠤᠨ᠂ ᠠᠶᠢᠮᠠᠬ ᠬᠤᠳᠠ᠂ ᠬᠤᠰᠢᠭᠤ ᠰᠢᠶᠠᠨ ᠭᠤᠷᠪᠠᠨ ᠱᠠᠳᠤᠨ ᠤ ᠵᠠᠰᠠᠬ ᠤᠨ ᠤᠷᠳᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠪᠦᠷᠢᠯᠳᠦᠬᠦᠯᠦᠨ᠂ ᠬᠢᠨᠠᠨ ᠵᠦᠪᠰᠢᠶᠡᠷᠡᠬᠦ ᠪᠠ ᠦᠢᠯᠡᠴᠢᠯᠡᠬᠦ ᠶᠠᠪᠤᠴᠠ ᠶᠢ ᠴᠢᠨᠠᠬᠰᠢᠳᠠ ᠰᠢᠯᠢᠳᠡᠭᠵᠢᠬᠦᠯᠦᠨ᠂ ᠵᠠᠬ᠎ᠠ ᠲᠡᠯᠬᠡᠬᠦᠷ ᠤᠨ ᠵᠦᠪᠰᠢᠶᠡᠷᠡᠯ ᠤᠨ ᠨᠠᠷᠢᠨ ᠲᠠᠩᠰᠠ ᠶᠢᠨ ᠲᠦᠷᠢᠮ ᠢ ᠪᠠᠶᠢᠭᠤᠯᠤᠨ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠎ᠠ᠃ ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠠᠴᠠ ᠮᠡᠳᠡᠭᠡ ᠵᠠᠩᠬᠢ ᠨᠡᠶᠢᠳᠡᠯᠡᠬᠦ ᠪᠠ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠬᠦ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠦ᠂ ︽ᠲᠤᠭᠳᠠᠭᠠᠯ ᠤᠳ︾ ᠤᠨ ᠤᠬᠠᠭᠤᠯᠭ᠎ᠠ ᠲᠠᠶᠢᠯᠤᠮᠵᠢ ᠶᠢᠨ ᠡᠷᠴᠢᠮ ᠢ ᠦᠨᠡᠨᠬᠦ ᠴᠢᠩᠭᠠᠷᠠᠭᠤᠯᠤᠨ᠎ᠠ᠃ ᠲᠦᠷᠪᠡ ᠳᠤ᠂ ᠰᠢᠮᠳᠠᠭᠤᠯᠤᠨ ᠪᠠᠶᠢᠴᠠᠭᠠᠵᠦ ᠬᠠᠷᠢᠭᠤᠴᠠᠯᠭ᠎ᠠ ᠨᠡᠬᠡᠮᠵᠢᠯᠡᠬᠦ ᠲᠤᠬᠳᠠᠴᠠ ᠶᠢ ᠦᠨᠡᠨᠬᠦ ᠴᠢᠩᠭᠠᠳᠬᠠᠨ᠎ᠠ᠃ ᠡᠯ᠎ᠠ ᠱᠠᠳᠤᠨ ᠤ ᠵᠠᠰᠠᠬ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠵᠠᠩᠬᠢᠯᠠᠭ᠎ᠠ ᠶᠢᠨ ᠭᠤᠬᠴᠤᠭ᠎ᠠ ᠶᠢ ᠴᠢᠩᠭ᠎ᠠ ᠠᠳᠬᠤᠨ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠶᠡᠬᠡᠪᠡᠷ ᠴᠢᠩᠭᠠᠷᠠᠭᠤᠯᠵᠦ᠂ ᠢᠯᠡᠷᠡᠬᠦᠯᠦᠭᠰᠡᠨ ᠠᠰᠠᠭᠤᠳᠠᠯ ᠢ ᠦᠷᠬᠦᠯᠵᠢᠯᠡᠨ ᠮᠦᠷᠳᠡᠵᠦ᠂ ᠰᠢᠮᠳᠠᠭᠤᠯᠤᠨ ᠬᠠᠯᠠᠨ ᠰᠠᠶᠢᠵᠢᠷᠠᠭᠤᠯᠵᠦ᠂ ᠡᠯ᠎ᠠ ᠲᠦᠷᠦᠯ ᠤᠨ ᠠᠵᠢᠯ ᠤᠨ ᠡᠮᠬᠢ ᠴᠡᠭᠴᠡ ᠲᠠᠢ ᠦᠷᠨᠢᠬᠦ ᠶᠢ ᠠᠬᠢᠭᠤᠯᠤᠨ᠎ᠠ᠃      ᠵᠠᠩᠬᠢᠯᠠᠭ᠎ᠠ ᠶᠢᠨ ᠦᠭᠡ᠄ ᠠᠷᠠᠳ ᠤᠨ ᠲᠤᠮᠳᠠᠬᠢ ᠪᠡᠯᠡ ᠤᠷᠤᠭᠤᠯᠤᠯᠳᠠ      ᠸᠧᠨ ᠮᠢᠨ ︵ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ︶᠄ ︽ᠲᠤᠭᠳᠠᠭᠠᠯ ᠤᠳ︾ ᠨᠢ ᠵᠠᠬ᠎ᠠ ᠲᠡᠯᠬᠡᠬᠦᠷ ᠤᠨ ᠵᠦᠪᠰᠢᠶᠡᠷᠡᠯ᠂ ᠡᠳ᠋ ᠤᠨ ᠵᠠᠰᠠᠬ ᠭᠠᠶᠢᠯᠢ᠂ ᠭᠠᠵᠠᠷ ᠰᠢᠷᠤᠢ᠂ ᠦᠨ᠎ᠠ ᠬᠠᠩᠰᠢ ᠵᠡᠷᠭᠡ ᠲᠠᠯ᠎ᠠ ᠪᠠᠷ ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢ ᠠᠬᠢᠭᠤᠯᠬᠤ ᠤᠯᠠᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠳᠠᠭᠠᠵᠠᠢ᠃ ᠵᠢᠱᠢᠶᠡᠯᠡᠪᠡᠯ᠂ ᠵᠠᠬ᠎ᠠ ᠲᠡᠯᠬᠡᠬᠦᠷ ᠤᠨ ᠵᠦᠪᠰᠢᠶᠡᠷᠡᠯ ᠤᠨ ᠲᠠᠯ᠎ᠠ ᠪᠠᠷ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠪᠡᠯᠡ ᠨᠡᠶᠢᠯᠡᠬᠦᠯᠦᠨ ᠬᠠᠮᠲᠤᠷᠠᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠵᠦ᠂ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ ᠲᠦᠷᠦᠯ ᠵᠦᠢᠯ ᠤᠨ ᠪᠡᠯᠡ ᠤᠷᠤᠭᠤᠯᠤᠯᠳᠠ᠂ ᠪᠦᠲᠦᠬᠡᠨ ᠪᠠᠶᠢᠭᠤᠯᠤᠯᠳᠠ ᠪᠠ ᠡᠵᠡᠩᠨᠡᠯᠳᠡ ᠳᠤ ᠤᠷᠤᠯᠴᠠᠬᠤ ᠶᠢ ᠵᠤᠷᠢᠬᠵᠢᠭᠤᠯᠪᠠ᠃ ᠡᠳ᠋ ᠤᠨ ᠵᠠᠰᠠᠬ ᠭᠠᠶᠢᠯᠢ ᠶᠢᠨ ᠲᠦᠷᠦ ᠶᠢᠨ ᠪᠤᠳᠤᠯᠭ᠎ᠠ ᠶᠢᠨ ᠲᠠᠯ᠎ᠠ ᠪᠠᠷ᠂ ᠦᠪᠡᠷᠲᠡᠬᠡᠨ ᠵᠠᠰᠠᠬᠤ ᠤᠷᠤᠨ ᠠᠴᠠ 5 ᠳ᠋ᠦᠩᠰᠢᠭᠤᠷ ᠲᠦᠬᠦᠷᠢᠭ ᠤᠨ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠤᠨ ᠦᠢᠯᠡᠰ ᠪᠤᠰᠬᠠᠬᠤ ᠪᠡᠯᠡ ᠤᠷᠤᠭᠤᠯᠤᠯᠳᠠ ᠶᠢ ᠵᠢᠯᠤᠭᠤᠤᠨᠬᠤ ᠰᠠᠭᠤᠷᠢ ᠮᠦᠩᠬᠦ ᠲᠤᠬᠢᠷᠠᠭᠤᠯᠵᠦ᠂ ᠨᠡᠶᠢᠬᠡᠮ ᠤᠨ ᠪᠡᠯᠡ ᠬᠦᠷᠦᠩᠬᠡ ᠶᠢ ᠵᠢᠯᠤᠭᠤᠳᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠲᠤ ᠪᠡᠯᠡ ᠤᠷᠤᠭᠤᠯᠤᠨ᠎ᠠ᠃ ᠭᠠᠵᠠᠷ ᠰᠢᠷᠤᠢ᠂ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠲᠠᠯ᠎ᠠ ᠪᠠᠷ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠦᠪᠡᠷᠲᠡᠭᠡᠨ ᠵᠠᠰᠠᠬᠤ ᠤᠷᠤᠨ ᠤ ᠠᠵᠦ ᠦᠢᠯᠡᠰ  ᠤᠨ ᠪᠦᠲᠦᠴᠡ ᠶᠢᠨ ᠲᠤᠬᠢᠷᠠᠭᠤᠯᠤᠯᠳᠠ ᠶᠢᠨ ᠴᠢᠭᠯᠡᠯ ᠳᠤ ᠨᠡᠶᠢᠴᠡᠭᠰᠡᠨ ᠴᠢᠬᠤᠯᠠ ᠶᠡᠭᠡ ᠲᠦᠷᠦᠯ ᠵᠦᠢᠯ ᠳᠤ ᠪᠡᠯᠡ ᠤᠷᠤᠭᠤᠯᠪᠠᠯ᠂ ︽ᠠᠰ ᠠᠰ ᠢᠶᠠᠷ ᠨᠢ ᠵᠦᠪᠯᠡᠬᠦ︾ ᠠᠷᠭ᠎ᠠ ᠬᠡᠯᠪᠡᠷᠢ ᠪᠠᠷ ᠭᠠᠵᠠᠷ ᠰᠢᠷᠤᠢ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠲᠦᠷᠤ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠡᠨ᠎ᠠ᠃      ᠵᠠᠩᠬᠢᠯᠠᠭ᠎ᠠ ᠶᠢᠨ ᠦᠭᠡ᠄ ᠦᠢᠯᠡᠴᠢᠯᠡᠬᠡᠨ ᠤ ᠦᠢᠯᠡᠰ ᠤᠨ ᠬᠥᠭᠵᠢᠯᠲᠡ      ᠸᠧᠨ ᠮᠢᠨ᠄ ᠤᠢᠢᠷ᠎ᠠ ᠶᠢᠨ ᠵᠢᠯ ᠳᠤ᠂ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠦ᠂ ᠦᠢᠯᠡᠴᠢᠯᠡᠬᠡᠨ ᠤ ᠦᠢᠯᠡᠰ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠲᠤᠬᠳᠠᠭᠠᠵᠦ᠂ ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠬᠦ ᠲᠤᠬᠠᠢ ᠬᠡᠷᠡᠭᠵᠢᠬᠦᠯᠬᠦ ᠰᠠᠨᠠᠯ ᠵᠡᠷᠭᠡ ᠶᠢ ᠲᠤᠬᠳᠠᠭᠠᠵᠦ᠂ ᠤᠢᠢᠷ᠎ᠠ ᠳᠤ ᠪᠠᠰᠠ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠬᠦ ᠲᠤᠬᠠᠢ ᠬᠡᠷᠡᠭᠵᠢᠬᠦᠯᠬᠦ ᠰᠠᠨᠠᠯ ᠢ ᠲᠤᠭᠳᠠᠭᠠᠬᠤ ᠪᠤᠯᠤᠨ᠎ᠠ᠃ ᠡᠳᠡᠬᠡᠷ ᠲᠦᠷᠦ ᠶᠢᠨ ᠪᠤᠳᠤᠯᠭ᠎ᠠ ᠠᠷᠭ᠎ᠠ ᠠᠪᠴᠠᠯ ᠨᠢ ᠦᠢᠯᠡᠴᠢᠯᠡᠬᠡᠨ ᠤ ᠦᠢᠯᠡᠰ ᠤᠨ ᠲᠦᠷᠬᠡᠨ ᠬᠦᠭᠵᠢᠯᠳᠡ ᠶᠢ ᠬᠦᠴᠦᠳᠡᠢ ᠠᠬᠢᠭᠤᠯᠪᠠ᠃ ᠲᠡᠭᠡᠷ᠎ᠠ ᠬᠠᠭᠠᠰ ᠵᠢᠯ ᠳᠤ ᠪᠦᠬᠦ ᠤᠷᠤᠨ ᠤ ᠦᠢᠯᠡᠴᠢᠯᠡᠬᠡᠨ ᠤ ᠦᠢᠯᠡᠰ ᠤᠨ ᠨᠡᠮᠡᠭᠳᠡᠯ ᠦᠷᠲᠡᠭ 7% ᠢᠶᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.5 ᠬᠤᠪᠢ ᠲᠡᠭᠡᠭᠰᠢᠯᠡᠵᠦ᠂ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ 46.6% ᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 20.8 ᠬᠤᠪᠢ ᠲᠡᠭᠡᠭᠰᠢᠯᠡᠵᠡᠢ᠃ ᠡᠨᠡ ᠤᠳᠠᠭ᠎ᠠ ᠵᠠᠰᠠᠪᠤᠷᠢ ᠤᠷᠤᠭᠤᠯᠤᠬᠰᠠᠨ ︽ᠲᠤᠭᠳᠠᠭᠠᠯ ᠤᠳ︾ ᠨᠢ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠬᠦᠭᠵᠢᠯᠳᠡ ᠶᠢ ᠵᠢᠯᠤᠭᠤᠤᠨᠬᠤ ᠶᠢ ᠴᠢᠬᠤᠯᠠ ᠬᠦᠴᠦᠯᠡᠬᠦ ᠴᠡᠭ ᠪᠤᠯᠭᠠᠬᠰᠠᠨ ᠪᠠ ᠪᠠᠰᠠ ᠬᠠᠷᠠᠭᠠᠯᠵᠠᠬᠰᠠᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠲᠠᠭᠠᠵᠠᠢ᠃ ᠵᠢᠱᠢᠶᠡᠯᠡᠪᠡᠯ᠂ ᠡᠬᠢ ᠪᠠᠶᠠᠯᠢᠬ ᠤᠨ ᠬᠡᠯᠪᠡᠷᠢ ᠶᠢᠨ ᠠᠵᠦ ᠠᠬᠤᠢᠢᠯᠠᠯ ᠬᠡᠯᠪᠡᠷᠢ ᠪᠠᠨ ᠬᠤᠪᠢᠷᠠᠭᠤᠯᠤᠨ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠪᠡᠯ ᠵᠠᠰᠠᠬ ᠤᠨ ᠤᠷᠳᠤᠨ ᠠᠴᠠ ᠬᠦᠷᠦᠩᠬᠡ ᠪᠡᠯᠡ ᠤᠷᠤᠭᠤᠯᠬᠤ ᠪᠤᠶᠤ ᠪᠡᠯᠡ ᠤᠷᠤᠭᠤᠯᠬᠤ ᠨᠦᠬᠦᠪᠦᠷᠢ ᠦᠭᠬᠦ᠂ ᠵᠢᠭᠡᠯᠡᠯᠬᠡ ᠶᠢᠨ ᠬᠦᠦ ᠮᠦᠩᠬᠦ ᠶᠢ ᠨᠢ ᠦᠭᠬᠦ ᠵᠡᠷᠭᠡ ᠠᠷᠭ᠎ᠠ ᠬᠡᠯᠪᠡᠷᠢ ᠪᠠᠷ ᠵᠤᠬᠢᠬᠤ ᠲᠡᠮᠵᠢᠯᠬᠡ ᠬᠦᠷᠲᠡᠬᠡᠬᠦ ᠬᠡᠬᠦ ᠮᠡᠳᠦ᠃ ᠦᠢᠯᠡᠴᠢᠯᠡᠬᠡᠨ ᠤ ᠦᠢᠯᠡᠰ ᠡᠷᠬᠢᠯᠡᠵᠦ ᠪᠠᠶᠢᠭ᠎ᠠ ᠨᠢ ᠤᠯᠠᠩᠬᠢ ᠨᠢ ᠪᠦᠷ ᠪᠠᠭ᠎ᠠ ᠵᠢᠵᠢᠭ ᠠᠵᠦ ᠠᠬᠤᠢᠢᠯᠠᠯ ᠪᠠᠶᠢᠵᠦ᠂ ︽ᠲᠤᠭᠳᠠᠭᠠᠯ ᠤᠳ︾ ᠨᠢ ᠪᠠᠭ᠎ᠠ ᠵᠢᠵᠢᠭ ᠠᠵᠦ ᠠᠬᠤᠢᠢᠯᠠᠯ ᠤᠨ ᠬᠦᠭᠵᠢᠯᠳᠡ ᠶᠢ ᠲᠡᠮᠵᠢᠬᠦ ᠲᠠᠯ᠎ᠠ ᠪᠠᠷ ᠤᠯᠠᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠲᠤᠭᠳᠠᠭᠠᠵᠠᠢ᠃      ᠵᠠᠩᠬᠢᠯᠠᠭ᠎ᠠ ᠶᠢᠨ ᠦᠭᠡ᠄ ᠡᠳ᠋ ᠤᠨ ᠵᠠᠰᠠᠬ ᠤᠨ ᠲᠡᠮᠵᠢᠯᠭᠡ      ᠵᠤᠤ ᠪᠢᠩ ︵ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠢᠩᠬᠢᠮ ᠤᠨ ᠲᠡᠳ᠋ ᠲᠠᠷᠤᠭ᠎ᠠ᠄ ︽ᠲᠤᠭᠳᠠᠭᠠᠯ ᠤᠳ︾ ᠤᠨ ᠭᠤᠷᠪᠠᠳᠤᠭᠠᠷ ᠬᠡᠰᠡᠭ ᠲᠤ ︽ᠡᠳ᠋ ᠤᠨ ᠵᠠᠰᠠᠬ ᠤᠨ ᠲᠡᠮᠵᠢᠯᠬᠡ ᠶᠢ ᠴᠢᠩᠭᠠᠷᠠᠭᠤᠯᠬᠤ︾ ᠲᠠᠯ᠎ᠠ ᠪᠠᠷ ᠨᠡᠶᠢᠳᠡ 14 ᠵᠤᠷᠪᠤᠰ ᠲᠡᠮᠵᠢᠯᠬᠡ ᠶᠢᠨ ᠠᠭᠤᠯᠭ᠎ᠠ ᠲᠠᠢ ᠪᠠᠶᠢᠵᠦ᠂ ᠬᠠᠮᠤᠷᠤᠬᠰᠠᠨ ᠠᠭᠤᠯᠭ᠎ᠠ ᠪᠠᠶᠠᠯᠢᠭ᠂ ᠪᠡᠯᠡ ᠤᠷᠤᠭᠤᠯᠤᠯᠳᠠ ᠶᠢᠨ ᠡᠷᠴᠢᠮ ᠶᠡᠭᠡ᠂ ᠲᠡᠮᠵᠢᠯᠬᠡ ᠶᠢᠨ ᠬᠦᠷᠢᠶ᠎ᠠ ᠴᠠᠷᠠᠭ᠎ᠠ ᠦᠷᠭᠡᠨ᠃ ᠡᠳᠡᠬᠡᠷ ᠲᠦᠷᠦ ᠶᠢᠨ ᠪᠤᠳᠤᠯᠭ᠎ᠠ ᠶᠢ ᠲᠤᠬᠳᠠᠭᠠᠬᠤ ᠳᠠᠭᠠᠨ ᠲᠤᠤᠷᠠᠬᠢ ᠬᠡᠳᠦᠨ ᠲᠠᠯ᠎ᠠ ᠶᠢ ᠪᠤᠳᠤᠯᠬᠢᠯᠠᠵᠠᠢ᠄      ᠨᠢᠬᠡ ᠳᠤ᠂ ᠡᠳ᠋ ᠤᠨ ᠵᠠᠰᠠᠬ ᠤᠨ ᠪᠡᠯᠡ ᠤᠷᠤᠭᠤᠯᠤᠯᠳᠠ ᠶᠢᠨ ᠬᠦᠴᠦᠯᠡᠴᠡ ᠶᠢ ᠲᠤᠪᠤᠶᠢᠯᠭᠠᠪᠠ᠃ ᠪᠢᠳᠡ ᠲᠦᠷᠦ ᠶᠢᠨ ᠪᠤᠳᠤᠯᠭ᠎ᠠ ᠶᠢᠨ ᠬᠦᠴᠦᠯᠡᠴᠡ ᠶᠢ ᠰᠤᠯᠠᠷᠠᠭᠤᠯᠬᠤ ᠦᠬᠡᠢ ᠵᠠᠷᠴᠢᠮ ᠢᠶᠠᠷ ᠤᠳᠤᠬᠠᠨ ᠳᠤ ᠨᠢᠬᠡᠨᠳᠡ ᠲᠤᠬᠢᠷᠠᠭᠤᠯᠤᠬᠰᠠᠨ ᠡᠯ᠎ᠠ ᠲᠦᠷᠦᠯ ᠤᠨ ᠡᠳ᠋ ᠤᠨ ᠵᠠᠰᠠᠬ ᠤᠨ ᠲᠤᠰᠬᠠᠢ ᠲᠦᠷᠦᠯ ᠤᠨ ᠪᠡᠯᠡ ᠮᠦᠩᠬᠦ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠦᠢᠯᠡᠰ ᠪᠤᠰᠬᠠᠬᠤ ᠤᠷᠴᠢᠨ ᠢ ᠬᠦᠴᠦᠯᠡᠨ ᠰᠠᠶᠢᠵᠢᠷᠠᠭᠤᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠦᠢᠯᠡᠴᠢᠯᠡᠬᠡᠨ ᠤ ᠰᠢᠰᠲ᠋ᠧᠮ ᠤᠨ ᠪᠦᠲᠦᠬᠡᠨ ᠪᠠᠶᠢᠭᠤᠯᠤᠯᠳᠠ ᠶᠢ ᠲᠡᠮᠵᠢᠵᠦ᠂ ᠦᠢᠯᠡᠰ ᠪᠤᠰᠬᠠᠬᠤ ᠵᠢᠱᠢᠶ᠎ᠠ ᠦᠵᠡᠬᠦᠯᠬᠦ ᠰᠠᠭᠤᠷᠢᠨ ᠤ ᠪᠦᠲᠦᠬᠡᠨ ᠪᠠᠶᠢᠭᠤᠯᠤᠯᠳᠠ ᠶᠢ ᠲᠡᠮᠵᠢᠬᠦ ᠶᠢ ︽ᠲᠤᠭᠳᠠᠭᠠᠯ ᠤᠳ︾ ᠲᠤ ᠴᠢᠬᠤᠯᠠᠴᠢᠯᠠᠪᠠ᠃ ᠪᠠᠰᠠ ᠡᠬᠢ ᠪᠠᠶᠠᠯᠢᠬ ᠤᠨ ᠪᠤᠰᠤ ᠬᠡᠯᠪᠡᠷᠢ ᠶᠢᠨ ᠠᠵᠦ ᠠᠬᠤᠢᠢᠯᠠᠯ ᠬᠡᠯᠪᠡᠷᠢ ᠪᠠᠨ ᠬᠤᠪᠢᠷᠠᠭᠤᠯᠵᠦ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠪᠠ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠪᠡᠯ᠂ ᠡᠯ᠎ᠠ ᠱᠠᠳᠤᠨ ᠤ ᠵᠠᠰᠠᠬ ᠤᠨ ᠤᠷᠳᠤᠨ ᠠᠴᠠ ᠠᠳᠠᠯᠢ ᠪᠤᠰᠤ ᠠᠷᠭ᠎ᠠ ᠬᠡᠯᠪᠡᠷᠢ ᠪᠠᠷ ᠵᠤᠬᠢᠬᠤ ᠲᠡᠮᠵᠢᠯᠬᠡ ᠦᠵᠡᠬᠦᠯᠬᠦ ᠪᠤᠯᠤᠨ᠎ᠠ᠃      ᠬᠤᠶᠠᠷ ᠲᠤ᠂ ᠡᠳ᠋ ᠤᠨ ᠵᠠᠰᠠᠬ ᠤᠨ ᠲᠡᠮᠵᠢᠯᠬᠡ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠦᠨ᠎ᠠ᠃ ᠲᠤᠮᠳᠠ ᠪᠠᠭ᠎ᠠ ᠵᠢᠵᠢᠭ ᠠᠵᠦ ᠠᠬᠤᠢᠢᠯᠠᠯ ᠤᠨ ᠬᠦᠭᠵᠢᠯᠳᠡ ᠶᠢᠨ ᠰᠠᠭᠤᠷᠢ ᠮᠦᠩᠬᠦ ᠵᠡᠷᠭᠡ ᠶᠢ ᠰᠤᠳᠤᠯᠤᠨ ᠲᠤᠬᠢᠷᠠᠭᠤᠯᠵᠦ᠂ ᠬᠤᠪᠢ ᠤᠷᠤᠬᠤ ᠵᠡᠷᠭᠡ ᠠᠳᠠᠯᠢ ᠪᠤᠰᠤ ᠠᠷᠭ᠎ᠠ ᠬᠡᠯᠪᠡᠷᠢ  ᠪᠠᠷ ᠡᠳ᠋ ᠤᠨ ᠵᠠᠰᠠᠬ ᠤᠨ ᠪᠡᠯᠡ ᠮᠦᠩᠬᠦ ᠶᠢᠨ ᠵᠢᠯᠤᠭᠤᠤᠨᠬᠤ ᠪᠠ ᠶᠡᠬᠡᠰᠬᠡᠬᠦ ᠦᠢᠯᠡᠳᠦᠯ ᠴᠢᠳᠠᠮᠵᠢ ᠶᠢ ᠪᠠᠳᠠᠷᠠᠭᠤᠯᠤᠨ᠂ ᠡᠯ᠎ᠠ ᠲᠦᠷᠦᠯ ᠤᠨ ᠨᠡᠶᠢᠬᠡᠮ  ᠤᠨ ᠪᠡᠯᠡ ᠬᠦᠷᠦᠩᠬᠡ ᠶᠢ ᠬᠦᠳᠡᠯᠬᠡᠨ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠳᠡ ᠳᠤ ᠪᠡᠯᠡ ᠤᠷᠤᠭᠤᠯᠤᠨ᠎ᠠ᠃ ᠦᠪᠡᠷᠲᠡᠬᠡᠨ ᠵᠠᠰᠠᠬᠤ ᠤᠷᠤᠨ ᠤ ᠲᠤᠮᠳᠠ ᠪᠠᠭ᠎ᠠ ᠠᠵᠦ ᠠᠬᠤᠢᠢᠯᠠᠯ ᠤᠨ ᠬᠠᠪᠰᠤᠷᠤᠨ ᠲᠠᠭᠠᠭᠠᠬᠤ ᠵᠢᠬᠡᠯᠡᠯᠬᠡ ᠶᠢᠨ ᠲᠤᠬᠠᠢᠢᠯᠠᠬᠰᠠᠨ ᠠᠵᠢᠯ ᠤᠨ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠤᠨ᠂ ᠭᠤᠷᠪᠠᠨ ᠵᠢᠯ ᠤᠨ ᠲᠤᠲᠤᠷ᠎ᠠ ᠪᠠᠭ᠎ᠠ ᠵᠢᠵᠢᠭ ᠠᠵᠦ ᠠᠬᠤᠢᠢᠯᠠᠯ ᠤᠨ ᠬᠠᠪᠰᠤᠷᠤᠨ ᠲᠠᠭᠠᠭᠠᠬᠤ ᠲᠦᠷᠦᠯ ᠤᠨ ᠪᠡᠯᠡ ᠬᠤᠷᠠᠮᠳᠤᠭᠤᠯᠬᠤ ᠦᠢᠯᠡᠴᠢᠯᠡᠭᠡ ᠶᠢ 80% ᠶᠢᠨ ᠬᠤᠰᠢᠭᠤ ᠰᠢᠶᠠᠨ ︵ᠬᠤᠳᠠ᠂ ᠲᠤᠭᠤᠷᠢᠬ︶ ᠪᠠ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠪᠦᠷᠬᠦᠬᠦᠯᠵᠤ᠂ ᠲᠤᠮᠳᠠ ᠪᠠᠭ᠎ᠠ ᠵᠢᠵᠢᠭ ᠠᠵᠦ ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠠ ᠪᠡᠯᠡ ᠬᠤᠷᠠᠮᠳᠤᠭᠤᠯᠬᠤ ᠳᠤ ᠦᠨᠡᠳᠡᠢ ᠠᠰᠠᠭᠤᠳᠠᠯ ᠢ ᠨᠠᠮᠬᠠᠷᠠᠭᠤᠯᠤᠨ᠎ᠠ᠃      ᠭᠤᠷᠪᠠ ᠳᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠦᠢᠯᠡᠰ ᠪᠤᠰᠬᠠᠬᠤ ᠰᠢᠨ᠎ᠠ ᠶᠢ ᠡᠬᠦᠳᠬᠦ ᠠᠮᠢᠵᠢᠷᠠᠯ ᠤᠨ ᠬᠦᠴᠦᠨ ᠢ ᠪᠠᠳᠠᠷᠠᠭᠠᠨ᠎ᠠ᠃ ᠲᠤᠮᠳᠠ ᠪᠠᠭ᠎ᠠ ᠵᠢᠵᠢᠭ ᠠᠵᠦ ᠠᠬᠤᠢᠢᠯᠠᠯ ᠤᠨ ᠦᠢᠯᠡᠰ ᠪᠤᠰᠬᠠᠬᠤ ᠰᠢᠨ᠎ᠠ ᠶᠢ ᠡᠬᠦᠳᠬᠦ ᠡᠯᠧᠺᠲᠷᠤᠨ ᠦᠢᠯᠡᠴᠢᠯᠡᠬᠡᠨ ᠤ ᠲᠡᠮᠳᠡᠭᠳᠤ ᠶᠢᠨ ᠵᠠᠬᠪᠤᠷ ᠢ ᠬᠡᠷᠡᠭᠵᠢᠬᠦᠯᠬᠦ ᠪᠠᠷ ᠲᠠᠮᠵᠢᠵᠦ᠂ ᠦᠢᠯᠡᠴᠢᠯᠡᠬᠡᠨ ᠤ ᠪᠠᠶᠢᠭᠤᠯᠤᠮᠵᠢ ᠶᠢ ᠵᠢᠯᠤᠭᠤᠳᠤᠨ ᠲᠤᠮᠳᠠ ᠪᠠᠭ᠎ᠠ ᠵᠢᠵᠢᠭ ᠠᠵᠦ ᠠᠬᠤᠢᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ᠂ ᠦᠢᠯᠡᠰ ᠪᠤᠰᠬᠠᠬᠤ ᠰᠢᠨ᠎ᠠ ᠶᠢ ᠡᠬᠦᠳᠬᠦ ᠳᠤ ᠰᠢᠯᠢᠳᠡᠭ ᠦᠢᠯᠡᠴᠢᠯᠡᠭᠡ ᠬᠠᠩᠭᠠᠨ᠎ᠠ᠃ ᠱᠠᠩᠨᠠᠯ ᠢᠶᠠᠷ ᠪᠡᠯᠡ ᠤᠷᠤᠭᠤᠯᠤᠯᠳᠠ ᠶᠢ ᠤᠷᠤᠯᠠᠭᠤᠯᠬᠤ ᠠᠷᠭ᠎ᠠ ᠬᠡᠯᠪᠡᠷᠢ ᠪᠠᠷ ᠲᠠᠮᠵᠢᠵᠦ ᠂ ᠠᠵᠦ ᠠᠬᠤᠢᠢᠯᠠᠯ ᠤᠨ ᠮᠡᠷᠭᠡᠵᠢᠯ ᠤᠨ ᠲᠦᠪ ᠵᠡᠷᠭᠡ ᠶᠢ ᠪᠠᠶᠢᠭᠤᠯᠬᠤ ᠶᠢ ᠲᠡᠮᠵᠢᠨ᠎ᠠ᠃ ᠲᠤᠮᠳᠠᠳᠤ ᠤᠯᠤᠰ ᠤᠨ ᠠᠯᠳᠠᠷᠳᠤ ᠲᠠᠸᠠᠷ ᠤᠨ ᠲᠡᠮᠳᠡᠭ᠂ ᠦᠪᠡᠷᠲᠡᠭᠡᠨ ᠵᠠᠰᠠᠬᠤ ᠤᠷᠤᠨ ᠤ ᠭᠠᠵᠠᠷ ᠤᠷᠤᠨ ᠤ ᠢᠯᠡᠷᠬᠡᠶᠢᠯᠡᠯᠳᠤ ᠲᠡᠮᠳᠡᠭᠲᠦ ᠦᠢᠯᠡᠳᠬᠦᠨ᠂ ᠨᠡᠷᠡᠲᠤ ᠲᠡᠮᠳᠡᠭᠳᠤ ᠠᠵᠦ ᠠᠬᠤᠢᠢᠯᠠᠯ ᠳᠤ ᠱᠠᠩᠨᠠᠯ ᠤᠯᠭᠤᠨ᠎ᠠ᠃      ᠲᠦᠷᠪᠡ ᠳᠤ᠂ ᠲᠦᠷᠦ ᠶᠢᠨ ᠪᠤᠳᠤᠯᠭ᠎ᠠ ᠶᠢᠨ ᠡᠷᠬᠡ ᠲᠡᠭᠰᠢ ᠪᠠ ᠨᠡᠶᠢᠳᠡᠮ ᠠᠰᠢᠬ ᠬᠦᠷᠲᠡᠬᠡᠬᠦ ᠤᠨᠴᠠᠯᠢᠬ ᠢ ᠲᠤᠪᠤᠶᠢᠯᠭᠠᠨ᠎ᠠ᠃ ᠲᠦᠪ ᠤᠨ ᠪᠡᠯᠡ ᠤᠷᠤᠭᠤᠯᠤᠯᠳᠠ ᠶᠢ ᠭᠤᠶᠤᠴᠢᠯᠠᠨ ᠤᠯᠬᠤ ᠪᠠ ᠦᠪᠡᠷᠳᠡᠬᠡᠨ ᠵᠠᠰᠠᠬᠤ ᠤᠷᠤᠨ  ᠤ ᠠᠵᠦ ᠠᠬᠤᠢᠢᠯᠠᠯ ᠤᠨ ᠬᠦᠭᠵᠢᠯᠳᠡ ᠶᠢ ᠵᠢᠯᠤᠭᠤᠤᠨᠬᠤ ᠡᠯ᠎ᠠ ᠲᠦᠷᠦᠯ ᠤᠨ ᠲᠤᠰᠬᠠᠢ ᠲᠦᠷᠦᠯ ᠤᠨ ᠪᠡᠯᠡ ᠮᠦᠩᠬᠦ ᠶᠢ ᠲᠤᠬᠢᠷᠠᠭᠤᠯᠬᠤ ᠶᠢᠨ ᠬᠠᠮᠳᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠳᠤ ᠭᠤᠤᠯᠳᠠᠯᠭ᠎ᠠ ᠲᠠᠢ ᠬᠡᠯᠪᠠᠶᠢᠨ᠎ᠠ᠃ ᠠᠵᠦ ᠠᠬᠤᠢᠢᠯᠠᠯ ᠤᠨ ᠡᠵᠡᠩᠨᠡᠭᠴᠢ ᠶᠢᠨ ᠪᠤᠯᠪᠠᠰᠤᠷᠠᠯ ᠢ ᠡᠯ᠎ᠠ ᠱᠠᠳᠤᠨ ᠤ ᠵᠠᠰᠠᠬ  ᠤᠨ ᠤᠷᠳᠤᠨ ᠤ ᠴᠢᠳᠠᠪᠤᠷᠢᠳᠠᠨ ᠤ ᠪᠤᠯᠪᠠᠰᠤᠷᠠᠯ ᠤᠨ ᠲᠦᠯᠦᠪᠯᠡᠭᠡ ᠳᠤ ᠤᠷᠤᠭᠤᠯᠤᠨ᠎ᠠ᠃ ᠠᠵᠦ ᠠᠬᠤᠢᠢᠯᠠᠯ ᠶᠡᠭᠡ ᠲᠡᠭᠡᠳᠦ ᠰᠤᠷᠭᠠᠭᠤᠯᠢ ᠲᠡᠬᠦᠰᠦᠭᠰᠡᠳ ᠲᠤ ᠠᠵᠢᠯ ᠤᠨ ᠪᠠᠶᠢᠷᠢ ᠬᠠᠩᠭᠠᠪᠠᠯ ᠠᠵᠢᠯ ᠤᠨ ᠪᠠᠶᠢᠷᠢ ᠳᠤ ᠭᠠᠷᠬᠤ ᠪᠤᠯᠪᠠᠰᠤᠷᠠᠯ ᠤᠨ ᠨᠦᠬᠦᠪᠦᠷᠢ ᠬᠦᠷᠲᠡᠭᠡᠨ᠎ᠠ᠃      ᠵᠠᠩᠬᠢᠯᠠᠭ᠎ᠠ ᠶᠢᠨ ᠦᠭᠡ᠄ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ      ᠵᠤᠤ ᠪᠢᠩ᠄ ᠶᠠᠭᠤᠨ ᠤ ᠡᠮᠦᠨ᠎ᠠ᠂ ᠤᠯᠤᠰ ᠠᠴᠠ ᠤᠳᠤ ᠬᠡᠷᠡᠭᠵᠢᠬᠦᠯᠵᠦ ᠪᠠᠶᠢᠭ᠎ᠠ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠢᠬᠡ ᠳᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠵᠤᠷᠢᠬᠵᠢᠭᠤᠯᠤᠨ ᠬᠦᠲᠦᠯᠵᠦ ᠲᠡᠮᠵᠢᠵᠤ ᠪᠠᠶᠢᠭᠠᠳ ᠰᠠᠭᠤᠷᠢ ᠠᠵᠦ ᠦᠢᠯᠡᠰ ᠤᠨ ᠰᠠᠭᠤᠷᠢ ᠲᠦᠬᠦᠬᠡᠷᠦᠮᠵᠢ ᠶᠢᠨ ᠬᠦᠷᠢᠶ᠎ᠠ ᠴᠠᠷᠠᠭ᠎ᠠ ᠳᠤ ᠤᠷᠤᠭᠤᠯᠤᠨ᠎ᠠ᠃ ᠬᠤᠶᠠᠷ ᠲᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠵᠤᠷᠢᠬᠵᠢᠭᠤᠯᠤᠨ ᠵᠢᠯᠤᠭᠤᠤᠨᠴᠤ ᠲᠠᠮᠵᠢᠵᠦ ᠪᠠᠶᠢᠭᠠᠳ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠬᠦᠷᠢᠶ᠎ᠠ ᠴᠠᠷᠠᠭ᠎ᠠ ᠳᠤ ᠤᠷᠤᠭᠤᠯᠤᠨ᠎ᠠ᠃ ᠭᠤᠷᠪᠠ ᠳᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠵᠤᠷᠢᠬᠵᠢᠭᠤᠯᠤᠨ ᠵᠢᠯᠤᠭᠤᠤᠨᠴᠤ ᠲᠠᠮᠵᠢᠵᠦ ᠪᠠᠶᠢᠭᠠᠳ ᠨᠡᠶᠢᠬᠡᠮ ᠤᠨ ᠠᠵᠢᠯ ᠦᠢᠯᠡᠰ ᠤᠨ ᠬᠦᠷᠢᠶ᠎ᠠ ᠴᠠᠷᠠᠭ᠎ᠠ ᠳᠤ ᠤᠷᠤᠭᠤᠯᠤᠨ᠎ᠠ᠃ ᠲᠦᠷᠪᠡ ᠳᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠵᠤᠷᠢᠬᠵᠢᠭᠤᠯᠤᠨ ᠵᠢᠯᠤᠭᠤᠤᠨᠴᠤ ᠲᠠᠮᠵᠢᠵᠦ ᠪᠠᠶᠢᠭᠠᠳ ᠠᠷᠠᠯᠵᠢᠶᠠᠨ ᠤ ᠬᠦᠢᠯᠬᠡᠬᠡ ᠶᠢᠨ ᠬᠦᠷᠢᠶ᠎ᠠ ᠴᠠᠷᠠᠭ᠎ᠠ ᠳᠤ ᠤᠷᠤᠭᠤᠯᠤᠨ᠎ᠠ᠃ ᠲᠠᠪᠤ ᠳᠤ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠪᠡᠶ᠎ᠠ ᠪᠠᠨ ᠲᠠᠭᠠᠭᠠᠵᠦ ᠰᠢᠨ᠎ᠠ ᠶᠢ ᠡᠬᠦᠳᠬᠦ ᠪᠠ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠤᠨ᠎ᠠ᠃      ᠲᠠᠬᠢᠪᠠᠯ᠂ ᠤᠯᠤᠰ ᠠᠴᠠ ᠦᠭᠴᠦ ᠪᠠᠶᠢᠭ᠎ᠠ ᠦᠨᠳᠦᠰᠦᠳᠡᠨ ᠤ ᠭᠠᠵᠠᠷ ᠤᠷᠤᠨ ᠤ ᠤᠨᠴᠠᠭᠠᠢ ᠭᠠᠶᠢᠯᠢ ᠶᠢᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠬᠦᠢᠴᠡᠳ ᠰᠠᠶᠢᠳᠤᠷ ᠬᠡᠷᠡᠭᠯᠡᠨ᠎ᠠ᠃ ︽ᠲᠤᠭᠳᠠᠭᠠᠯ ᠤᠳ︾ ᠲᠤ ᠪᠢᠳᠡ ᠡᠨᠡᠬᠦ ᠲᠠᠪᠠᠭᠤᠯᠢᠭ ᠢᠶᠠᠨ ᠬᠦᠢᠴᠡᠳ ᠪᠤᠳᠤᠯᠬᠢᠯᠠᠵᠦ᠂ ᠤᠯᠵᠠᠪᠤᠷᠢ ᠶᠢᠨ ᠭᠠᠶᠢᠯᠢ ᠶᠢ ᠬᠠᠰᠤᠨ ᠬᠡᠯᠳᠦᠷᠢᠬᠦᠯᠬᠦ᠂ ᠨᠡᠮᠡᠭᠳᠡᠯ ᠦᠷᠲᠡᠭ ᠤᠨ ᠭᠠᠶᠢᠯᠢ ᠶᠢᠨ ᠪᠠᠷᠢᠮᠵᠢᠶ᠎ᠠ ᠵᠡᠷᠭᠡ ᠲᠠᠯ᠎ᠠ ᠪᠠᠷ ᠤᠯᠤᠰ ᠠᠴᠠ ᠦᠭᠴᠦ ᠪᠠᠶᠢᠭ᠎ᠠ ᠭᠠᠶᠢᠯᠢ ᠶᠢᠨ ᠶᠠᠪᠤᠳᠠᠯ ᠤᠨ ᠡᠷᠬᠡ ᠶᠢᠨ ᠬᠢᠵᠠᠭᠠᠷᠯᠠᠯ ᠢ ᠬᠠᠮᠤᠬ ᠤᠨ ᠶᠡᠭᠡ ᠬᠡᠮᠵᠢᠶ᠎ᠠ ᠪᠠᠷ ᠨᠠᠶᠢᠳᠠᠪᠤᠷᠢᠵᠢᠭᠤᠯᠪᠠ᠃ ᠵᠢᠱᠢᠶᠡᠯᠡᠪᠡᠯ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠤᠯᠵᠠᠪᠤᠷᠢ ᠶᠢᠨ ᠭᠠᠶᠢᠯᠢ ᠶᠢᠨ ᠤᠷᠤᠨ ᠨᠤᠲᠤᠬ ᠠᠴᠠ ᠡᠳ᠋ᠯᠡᠬᠦ ᠬᠡᠰᠡᠭ ᠢ ᠲᠤᠭᠳᠠᠭᠠᠯ ᠶᠤᠰᠤᠭᠠᠷ ᠬᠠᠰᠤᠨ ᠬᠡᠯᠳᠦᠷᠢᠬᠦᠯᠦᠭᠰᠡᠨ ᠬᠡᠬᠦ ᠮᠡᠳᠦ᠃      ᠭᠤᠷᠪᠠ ᠳᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠢᠮ ᠤᠨ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠵᠦ᠂ ᠦᠬᠡᠷᠡᠴᠢᠯᠡᠯᠳᠡ ᠶᠢᠨ ᠠᠰᠢᠬ ᠬᠦᠷᠲᠡᠭᠡᠮᠵᠢ ᠶᠢ ᠴᠢᠨᠠᠬᠰᠢᠳᠠ ᠪᠠᠳᠠᠷᠠᠭᠠᠨ᠎ᠠ᠃ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ ᠦᠬᠡᠷᠡᠴᠢᠯᠡᠬᠦ ᠲᠤᠷᠰᠢᠯᠳᠠ ᠶᠢᠨ ᠴᠢᠬ ᠤᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠬᠤ ᠪᠠᠷ ᠲᠠᠮᠵᠢᠵᠦ᠂ ᠵᠢᠱᠢᠯᠳᠡ ᠪᠠᠷ 87 ᠳ᠋ᠦᠩᠰᠢᠭᠤᠷ ᠲᠦᠬᠦᠷᠢᠭ ᠤᠨ ᠭᠠᠶᠢᠯᠢ ᠶᠢ ᠬᠠᠰᠤᠬᠰᠠᠨ ᠰᠠᠭᠤᠷᠢᠨ ᠲᠡᠭᠡᠷ᠎ᠠ᠂ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠴᠢᠨᠠᠬᠰᠢᠳᠠ ᠲᠡᠬᠦᠯᠳᠡᠷᠵᠢᠬᠦᠯᠦᠨ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠪᠠᠭᠲᠠᠭᠠᠬᠰᠠᠨ ᠪᠦᠬᠦ ᠠᠵᠢᠯ ᠲᠦᠷᠦᠯ ᠤᠨ ᠭᠠᠶᠢᠯᠢ ᠶᠢᠨ ᠲᠠᠷᠤᠭᠠᠰᠤ ᠶᠢ ᠬᠦᠩᠬᠡᠷᠡᠬᠦᠯᠬᠦ ᠠᠴᠠ ᠪᠢᠰᠢ ᠬᠦᠨᠳᠦᠷᠡᠬᠦᠯᠬᠦ ᠦᠬᠡᠢ᠃ ᠡᠬᠢ ᠪᠠᠶᠠᠯᠢᠬ ᠤᠨ ᠭᠠᠶᠢᠯᠢ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠶᠠᠪᠤᠬᠳᠠᠭᠤᠯᠬᠤ ᠪᠠᠷ ᠲᠠᠮᠵᠢᠵᠦ᠂ ᠭᠠᠶᠢᠯᠢ ᠬᠢᠬᠡᠳ ᠡᠬᠢ ᠪᠠᠶᠠᠯᠢᠬ ᠤᠨ ᠦᠨ᠎ᠠ ᠶᠢ ᠰᠢᠭᠤᠳ ᠬᠤᠯᠪᠤᠬᠤ ᠲᠤᠬᠢᠷᠠᠭᠤᠯᠭ᠎ᠠ ᠶᠢᠨ ᠲᠤᠬᠳᠠᠴᠠ ᠶᠢ ᠪᠠᠶᠢᠭᠤᠯᠬᠤ ᠶᠢᠨ ᠤᠯᠠᠮ ᠢᠶᠠᠷ ᠠᠵᠦ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠪᠡᠷ ᠤᠨ ᠦᠷᠲᠡᠭ ᠢ ᠪᠠᠭᠤᠷᠠᠭᠤᠯᠬᠤ ᠪᠠᠷ ᠴᠢᠷᠮᠠᠶᠢᠨ᠎ᠠ᠃      ᠲᠦᠷᠪᠡ ᠳᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢᠨ ᠪᠠᠶᠢᠳᠠᠯ ᠢ ᠨᠢᠬᠳᠠ ᠠᠩᠬᠠᠷᠴᠤ᠂ ᠡᠯ᠎ᠠ ᠲᠦᠷᠦᠯ ᠤᠨ ᠭᠠᠶᠢᠯᠢ ᠰᠦᠢᠳᠬᠡᠯ ᠤᠨ ᠲᠡᠮᠵᠢᠯᠬᠡ ᠶᠢᠨ ᠲᠦᠷᠦ ᠶᠢᠨ ᠪᠤᠳᠤᠯᠭ᠎ᠠ  ᠶᠢ ᠤᠷᠤᠨ ᠪᠠᠶᠢᠷᠢ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠳᠤ ᠠᠳᠠᠯᠢᠬᠠᠨ ᠬᠠᠨᠳᠤᠵᠦ᠂ ᠡᠯ᠎ᠠ ᠲᠦᠷᠦᠯ ᠤᠨ ᠠᠵᠦ ᠠᠬᠤᠢᠢᠯᠠᠯ ᠤᠨ ᠭᠤᠤᠯ ᠴᠤᠬᠴᠠ ᠶᠢᠨ ᠵᠠᠬ᠎ᠠ ᠲᠡᠯᠬᠡᠬᠦᠷ ᠤᠨ ᠦᠷᠢᠰᠦᠯᠳᠦᠬᠡᠨ ᠳᠤ ᠡᠷᠭᠡ ᠲᠡᠭᠰᠢ ᠪᠠᠷ ᠤᠷᠤᠯᠴᠠᠬᠤ ᠲᠦᠷᠦ ᠶᠢᠨ ᠪᠤᠳᠤᠯᠭ᠎ᠠ ᠶᠢᠨ ᠤᠷᠴᠢᠨ ᠢ ᠬᠠᠮᠠᠭᠠᠯᠠᠨ᠂ ᠮᠠᠨ  ᠤ ᠤᠷᠤᠨ ᠤ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠡᠷᠡᠬᠦᠯ ᠬᠦᠭᠵᠢᠯᠳᠡ ᠶᠢ ᠵᠤᠷᠢᠬᠵᠢᠭᠤᠯᠤᠨ ᠵᠢᠯᠤᠭᠤᠤᠨᠴᠤ ᠲᠡᠮᠵᠢᠨ᠎ᠠ᠃      ᠵᠠᠩᠬᠢᠯᠠᠭ᠎ᠠ ᠶᠢᠨ ᠦᠭᠡ᠄ ᠮᠥᠩᠭᠦᠨ ᠭᠦᠢᠯᠭᠡᠭᠡᠨ ᠤ ᠤᠢᠢᠯᠡᠴᠢᠯᠡᠭᠡ      ᠢᠤᠢ ᠰᠢᠤᠸᠠᠢ ᠵᠥᠩ ︵ᠥᠪᠡᠷᠲᠡᠭᠡᠨ ᠵᠠᠰᠠᠬᠤ ᠤᠷᠤᠨ ᠤ ᠮᠥᠡᠭᠭᠦᠨ ᠭᠥᠢᠯᠭᠡᠭᠡᠨ ᠤ ᠠᠯᠪᠠᠨ ᠭᠡᠷ ᠤᠨ ᠳᠡᠳ᠋ ᠡᠷᠬᠢᠯᠡᠭᠴᠢ︶᠄ ᠮᠠᠨ ᠤ ᠤᠷᠤᠨ ᠨᠢᠭᠡᠨᠲᠡ ᠠᠵᠥ ᠠᠬᠤᠢ ᠶᠢᠨ ᠪᠥᠲᠥᠴᠡ ᠶᠢ ᠲᠤᠬᠢᠷᠠᠭᠤᠯᠬᠤ ᠬᠢᠭᠡᠳ ᠬᠡᠯᠪᠡᠷᠢ ᠶᠢ ᠬᠤᠪᠢᠷᠠᠭᠤᠯᠤᠨ ᠳᠡᠰ ᠳᠠᠪᠰᠢᠬᠦᠯᠬᠦ ᠵᠠᠩᠭᠢᠯᠭ᠎ᠠ ᠶᠢᠨ ᠴᠠᠭ ᠥᠶ᠎ᠡ ᠳᠤ ᠤᠷᠤᠰᠢᠵᠤ᠂ ᠨᠢᠭᠡ ᠪᠥᠯᠥᠭ ᠤᠢᠢᠯᠡᠳᠪᠥᠷᠢᠯᠡᠯ  ᠤᠨ ᠴᠢᠳᠠᠪᠤᠷᠢ ᠥᠯᠡᠭᠦᠳᠡᠭᠰᠡᠨ ᠠᠵᠤ ᠤᠢᠢᠯᠡᠰ ᠤᠨ ᠭᠤᠤᠯᠳᠠᠯᠭ᠎ᠠ ᠲᠠᠢ ᠠᠵᠥ ᠠᠬᠤᠢᠢᠯᠡᠯ ᠨᠢ ᠪᠡᠯᠡ ᠬᠤᠷᠠᠮᠳᠤᠭᠤᠯᠬᠤ ᠪᠠ ᠵᠢᠬᠡᠯᠡᠯᠬᠡ ᠶᠢᠨ ᠬᠥᠴᠢᠷᠳᠡᠯ ᠳᠤ ᠲᠤᠯᠭᠠᠷᠠᠵᠤ ᠪᠤᠢ᠃ ᠥᠪᠡᠷᠲᠡᠭᠡᠨ ᠵᠠᠰᠠᠬᠤ ᠤᠷᠤᠨ ᠤ ᠵᠠᠰᠠᠭ  ᠤᠨ ᠤᠷᠳᠤᠨ ᠠᠴᠠ ᠤᠯᠠᠨ ᠤᠳᠠᠭᠠᠨ ᠤ ᠲᠤᠰᠬᠠᠢ ᠰᠡᠳᠥᠪᠲᠥ ᠬᠤᠷᠠᠯ ᠢ ᠵᠤᠬᠢᠶᠠᠨ ᠪᠠᠶᠢᠭᠤᠯᠵᠦ᠂ ᠢ ᠲᠠᠢ᠂ ᠢ ᠳᠥᠡᠭ ᠵᠡᠷᠭᠡ ᠭᠤᠤᠯᠳᠠᠯᠭ᠎ᠠ ᠲᠠᠢ ᠠᠵᠤ ᠠᠬᠤᠢᠢᠯᠠᠯ ᠤᠨ ᠪᠡᠯᠡ ᠬᠤᠷᠠᠮᠳᠤᠭᠤᠯᠬᠤ ᠬᠡᠯᠪᠡᠷᠢ ᠶᠢ ᠬᠤᠪᠢᠷᠠᠭᠤᠯᠤᠨ ᠬᠦᠭᠵᠢᠬᠦᠯᠭᠦ ᠠᠰᠠᠭᠤᠳᠠᠯ ᠢ ᠶᠠᠷᠢᠯᠴᠠᠨ ᠰᠤᠳᠤᠯᠵᠠᠢ᠃ ᠪᠤᠲᠠᠲᠠᠢ ᠪᠠᠷ ᠬᠤᠶᠠᠷ ᠲᠥᠷᠥᠯ ᠤᠨ ᠠᠵᠢᠯ ᠤᠨ ᠠᠪᠴᠡᠯ ᠪᠤᠢ᠄ ᠨᠢᠭᠡ ᠳᠤ᠂ ᠲᠥᠷ ᠴᠠᠭ ᠪᠡᠯᠡ ᠮᠥᠡᠭᠭᠦ ᠶᠢᠨ ᠬᠥᠴᠢᠷᠳᠡᠯ ᠳᠤ ᠲᠤᠯᠭᠠᠷᠠᠬᠰᠠᠨ ᠭᠤᠤᠯᠳᠠᠯᠭ᠎ᠠ ᠲᠠᠢ ᠠᠵᠤ ᠠᠬᠤᠢᠢᠯᠠᠯ ᠳᠤ ᠪᠢᠲᠡ ︽ᠠᠪᠴᠠᠭᠠᠨ ᠤ ᠬᠥᠮᠥᠨ ᠢ ᠵᠤᠬᠢᠴᠠᠭᠤᠯᠬᠤ ᠵᠥᠪᠯᠡᠯ︾ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠢᠢᠯᠠᠯ ᠢ ᠬᠠᠪᠰᠤᠷᠤᠨ ᠬᠥᠴᠢᠷᠳᠡᠯ ᠠᠴᠠ ᠠᠩᠭᠢᠵᠢᠷᠠᠭᠤᠯᠵᠤ᠂ ᠬᠡᠯᠪᠡᠷᠢ ᠶᠢ ᠬᠤᠪᠢᠷᠠᠭᠤᠯᠤᠨ ᠬᠥᠭᠵᠢᠬᠦᠯᠥᠨ᠎ᠡ᠃ ᠠᠵᠤ ᠠᠬᠤᠢᠢᠯᠠᠯ ᠤᠨ ᠠᠪᠴᠠᠭᠠᠨ ᠤ ᠮᠥᠡᠭᠭᠦᠨ ᠭᠥᠢᠯᠭᠡᠭᠡᠨ ᠤ ᠪᠠᠶᠢᠭᠤᠯᠤᠮᠵᠢ ᠨᠢ ︽ᠬᠠᠮᠲᠥᠪᠠᠷ ᠤᠷᠤᠭᠰᠢᠯᠠᠨ᠂ ᠬᠠᠮᠲᠥᠪᠠᠷ ᠭᠠᠷᠴᠥ᠂ ᠬᠠᠮᠲᠥᠪᠠᠷ ᠳᠡᠮᠵᠢᠬᠦ︾ ᠪᠠᠷ ᠵᠠᠷᠴᠢᠮ ᠪᠤᠯᠭᠠᠵᠤ᠂ ᠵᠢᠭᠡᠯᠡᠯᠭᠡ ᠶᠢ ᠰᠤᠭᠤᠯᠬᠤ ᠥᠭᠡᠢ᠂ ᠵᠢᠭᠡᠯᠡᠯᠭᠡ ᠶᠢ ᠳᠠᠷᠤᠬᠤ ᠥᠭᠡᠢ᠂ ᠵᠢᠭᠡᠯᠡᠯᠭᠡ ᠶᠢ ᠲᠠᠰᠤᠯᠬᠤ ᠥᠭᠡᠢ ᠪᠠᠶᠢᠵᠤ᠂ ᠬᠡᠮᠵᠢᠶ᠎ᠡ ᠶᠢ ᠪᠠᠲᠤᠯᠠᠨ᠂ ᠠᠵᠤ ᠠᠬᠤᠢᠢᠯᠠᠯ ᠤᠨ ᠬᠡᠪ ᠤᠨ ᠶᠤᠰᠤᠭᠠᠷ ᠤᠢᠢᠯᠡᠳᠪᠥᠷᠢᠯᠡᠯ ᠡᠵᠡᠩᠨᠡᠯᠲᠡ ᠬᠢᠬᠦ ᠶᠢ ᠪᠠᠲᠤᠯᠠᠨ᠎ᠠ᠃ ᠬᠤᠶᠠᠷ ᠲᠤ᠂ ᠪᠠᠩᠬᠢ ᠵᠡᠷᠭᠡ ᠮᠥᠡᠭᠭᠦᠨ ᠭᠥᠢᠯᠭᠡᠭᠡᠨ ᠤ ᠪᠠᠶᠢᠭᠤᠯᠤᠮᠵᠢ ᠨᠢ ᠠᠵᠤ ᠤᠢᠢᠯᠡᠰ ᠤᠨ ᠬᠥᠭᠵᠢᠯᠲᠡ ᠶᠢᠨ ᠵᠢᠮ᠎ᠡ ᠶᠤᠰᠤ ᠶᠢ ᠤᠨᠤᠪᠴᠢᠲᠠᠢ ᠡᠵᠡᠮᠰᠢᠨ᠂ ᠤᠳᠤᠬᠢᠴᠢᠯᠠᠭᠰᠠᠨ ᠮᠡᠷᠭᠡᠵᠢᠯ ᠲᠥᠬᠦᠭᠡᠷᠤᠮᠵᠢ ᠲᠠᠢ᠂ ᠤᠢᠢᠯᠡᠳᠬᠦᠨ ᠨᠢ ᠥᠷᠢᠰᠥᠯᠳᠥᠬᠦ ᠬᠥᠴᠥᠨ ᠲᠠᠢ᠂ ᠵᠠᠬ᠎ᠠ ᠳᠡᠯᠭᠡᠭᠦᠷ ᠲᠠᠢ᠂ ᠬᠡᠳᠦ᠋ᠢᠪᠡᠷ ᠲᠥᠷ ᠴᠠᠭ ᠬᠥᠴᠢᠷᠳᠡᠯ ᠳᠤ ᠤᠴᠠᠷᠠᠭᠰᠠᠨ ᠪᠤᠯᠪᠠᠴᠤ ᠭᠥᠨᠵᠡᠭᠡᠢ ᠥᠭᠡᠷᠡᠴᠢᠯᠡᠯᠲᠡ ᠪᠠ ᠳᠤᠲᠤᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠭᠰᠠᠨ ᠤ ᠳᠠᠷᠠᠭ᠎ᠠ ᠤᠤᠯ ᠤᠨ ᠵᠠᠬ᠎ᠠ ᠳᠡᠯᠭᠡᠭᠦᠷ ᠤᠨ ᠥᠷᠢᠰᠥᠯᠳᠥᠬᠦ ᠬᠥᠴᠥᠨ ᠢᠶᠠᠨ ᠰᠡᠷᠭᠦᠭᠡᠵᠥ ᠴᠢᠳᠠᠬᠤ ᠲᠡᠳᠡᠬᠡᠷ ᠰᠢᠯᠢᠳᠡᠭ ᠭᠤᠤᠯᠯᠠᠬᠤ ᠠᠵᠤ ᠠᠬᠤᠢᠢᠯᠠᠯ ᠳᠤ᠂ ᠲᠥᠭᠰᠢᠭᠦᠷᠢ ᠶᠢ ᠡᠵᠡᠮᠳᠡᠵᠥ ᠳᠡᠶᠢᠯᠬᠦ ᠡᠰᠡᠬᠦ᠂ ᠬᠤᠳᠠᠯᠳᠤᠭᠠᠨ ᠤ ᠥᠷᠭᠦᠯᠵᠢᠯᠡᠵᠦ ᠳᠡᠶᠢᠯᠬᠦ ᠡᠰᠡᠬᠦ ᠶᠢ ᠥᠨᠳᠥᠰᠥᠯᠡᠵᠥ᠂ ᠥᠷᠭᠦᠯᠵᠢᠯᠡᠨ ᠢᠳᠡᠬᠡᠮᠵᠢ ᠶᠢᠨ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃      ᠵᠠᠩᠬᠢᠯᠠᠭ᠎ᠠ ᠶᠢᠨ ᠦᠭᠡ᠄ ᠪᠡᠯᠡ ᠮᠥᠡᠭᠭᠦ ᠬᠤᠷᠠᠮᠳᠤᠭᠤᠯᠬᠤ ᠳᠤ ᠬᠥᠴᠢᠷ ᠪᠡᠯᠡ ᠮᠥᠡᠭᠭᠦ ᠬᠤᠷᠠᠮᠳᠤᠭᠤᠯᠬᠤ ᠳᠤ ᠦᠨᠡᠲᠡᠢ ᠠᠰᠠᠭᠤᠳᠠᠯ ᠢ ᠰᠢᠢᠳᠪᠦᠷᠢᠯᠡᠬᠦ      ᠢᠤᠢ ᠰᠢᠤᠸᠠᠢ ᠵᠥᠩ᠄ ᠳᠤᠮᠳᠠ ᠪᠠᠭ᠎ᠠ ᠠᠵᠤ ᠠᠬᠤᠢᠢᠯᠠᠯ ᠤᠨ ᠪᠡᠯᠡ ᠮᠥᠡᠭᠭᠦ ᠬᠤᠷᠠᠮᠳᠤᠭᠤᠯᠬᠤ ᠳᠤ ᠬᠥᠴᠢᠷ ᠪᠠᠶᠢᠭ᠎ᠠ ᠨᠢ ᠪᠥᠬᠦ ᠳᠡᠯᠡᠬᠡᠢ ᠶᠢᠨ ᠬᠡᠪᠴᠢᠶᠡᠨ ᠤ ᠬᠥᠴᠢᠷ ᠠᠰᠠᠭᠤᠳᠠᠯ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠤᠨ ᠶᠡᠬᠡᠨᠭᠬᠢ ᠨᠢ ᠳᠤᠮᠲᠠ ᠪᠠᠭ᠎ᠠ ᠠᠵᠤ ᠠᠬᠤᠢᠢᠯᠠᠯ᠂ ᠤᠨᠴᠠᠭᠠᠢᠢᠯᠠᠨ ᠤᠳᠤᠬᠠᠨ ᠤ ᠠᠵᠤ ᠠᠬᠤᠢ ᠶᠢᠨ ᠳᠠᠷᠤᠭᠠᠰᠤ ᠮᠠᠰᠢ ᠶᠡᠭᠡ ᠪᠠᠶᠢᠭ᠎ᠠ ᠪᠠᠶᠢᠳᠠᠯ ᠳᠤᠤᠷ᠎ᠠ᠂ ᠪᠡᠯᠡ ᠮᠥᠡᠭᠭᠦ ᠶᠢᠨ ᠠᠰᠠᠭᠤᠳᠠᠯ ᠨᠢ ᠨᠡᠩ ᠲᠤᠪᠤᠶᠢᠮ᠎ᠠ᠃ ᠪᠢᠲᠡ ᠡᠨᠡ ᠲᠤᠬᠠᠢ ᠤᠯᠠᠨ ᠠᠷᠭ᠎ᠠ ᠠᠪᠴᠡᠯ ᠠᠪᠤᠨ᠎ᠠ᠄ ᠨᠢᠭᠡ ᠳᠤ᠂ ᠡᠯ᠎ᠡ ᠪᠠᠩᠬᠢ ᠶᠢᠨ ᠴᠢᠨᠠᠷᠲᠠᠢ ᠮᠥᠡᠭᠭᠦᠨ ᠭᠥᠢᠯᠭᠡᠭᠡᠨ ᠤ ᠪᠠᠶᠢᠭᠤᠯᠤᠮᠵᠢ ᠶᠢ ᠱᠠᠭᠠᠷᠳᠠᠨ᠂ ᠢᠳᠡᠬᠡᠮᠵᠢᠳᠤ ᠡᠬᠢ ᠪᠠᠶᠠᠯᠢᠭ ᠢ ᠪᠠᠭ᠎ᠠ ᠵᠢᠵᠢᠭ ᠠᠵᠤ ᠠᠬᠤᠢᠢᠯᠠᠯ ᠵᠥᠭ ᠬᠡᠯᠪᠠᠶᠢᠯᠭᠡᠨ᠂ ᠪᠠᠭ᠎ᠠ ᠵᠢᠵᠢᠭ ᠠᠵᠤ ᠠᠬᠤᠢᠢᠯᠠᠯ ᠢ ᠳᠡᠮᠵᠢᠬᠦ ᠵᠢᠭᠡᠯᠡᠯᠭᠡ ᠶᠢ ︽ᠭᠤᠷᠪᠠ ᠶᠢ ᠳᠤᠤᠷ᠎ᠠ ᠪᠠᠶᠢᠯᠭᠠᠬᠤ ᠥᠭᠡᠢ︾ ᠶᠢ ᠪᠠᠲᠤᠯᠠᠨ᠎ᠠ᠃ ᠤᠯᠠᠩᠬᠢ ᠪᠠᠩᠬᠢ ᠠᠴᠠ ᠪᠠᠭ᠎ᠠ ᠵᠢᠵᠢᠭ ᠠᠵᠤ ᠠᠬᠤᠢᠢᠯᠠᠯ ᠤᠨ ᠵᠢᠭᠡᠯᠡᠯᠭᠡ ᠶᠢ ᠲᠤᠰᠬᠠᠢ ᠡᠵᠡᠩᠨᠡᠬᠦ ᠪᠠᠶᠢᠭᠤᠯᠤᠮᠵᠢ ᠪᠠᠶᠢᠭᠤᠯᠤᠨ᠂ ᠪᠠᠭ᠎ᠠ ᠵᠢᠵᠢᠭ ᠠᠵᠤ ᠠᠬᠤᠢᠢᠯᠠᠯ ᠤᠨ ᠵᠢᠭᠡᠯᠡᠯᠭᠡ  ᠶᠢᠨ ᠵᠢᠯ ᠤᠨ ᠨᠡᠮᠡᠭᠳᠡᠯ ᠤᠨ ᠬᠤᠷᠳᠤᠴᠠ ᠶᠢ ᠡᠯ᠎ᠡ ᠲᠥᠷᠥᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠤᠤᠷ᠎ᠠ ᠥᠭᠡᠢ ᠪᠠᠶᠢᠯᠭᠠᠬᠤ᠂ ᠵᠢᠭᠡᠯᠡᠯᠭᠡ ᠠᠪᠤᠭᠰᠠᠨ ᠡᠷᠥᠬᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠳᠤ ᠵᠢᠭᠡᠯᠡᠯᠭᠡ ᠠᠪᠤᠭᠰᠠᠨ ᠡᠷᠥᠬᠡ ᠠᠴᠠ ᠪᠠᠭ᠎ᠠ ᠥᠭᠡᠢ ᠪᠠᠶᠢᠯᠭᠠᠬᠤ᠂ ᠵᠢᠭᠡᠯᠡᠯᠭᠡ ᠤᠯᠬᠤ ᠨᠤᠷᠮ᠎ᠠ ᠶᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠲᠦᠪᠰᠢᠨ ᠠᠴᠠ ᠳᠤᠤᠷ᠎ᠠ ᠪᠠᠶᠢᠯᠭᠠᠬᠤ ᠦᠬᠡᠢ ᠪᠠᠶᠢᠬᠤ ᠶᠢ ᠪᠠᠲᠤᠯᠠᠨ᠎ᠠ᠃ ︽ᠲᠤᠭᠲᠠᠭᠠᠯ ᠤᠳ︾ ᠤᠨ ᠳᠤᠮᠲᠠ ︽ᠡᠯ᠎ᠡ ᠱᠠᠲᠤᠨ ᠤ ᠵᠠᠰᠠᠭ ᠤᠨ ᠤᠷᠳᠤᠨ ᠠᠴᠠ ᠪᠠᠭ᠎ᠠ ᠵᠢᠵᠢᠭ ᠠᠵᠤ ᠠᠬᠤᠢᠢᠯᠠᠯ ᠤᠨ ᠵᠢᠭᠡᠯᠡᠯᠭᠡ ᠶᠢᠨ ᠱᠠᠩᠨᠠᠯ ᠤᠨ ᠨᠥᠬᠦᠪᠥᠷᠢ ᠮᠥᠡᠭᠭᠦ ᠲᠤᠬᠢᠷᠠᠭᠤᠯᠬᠤ︾ ᠶᠢ ᠳᠤᠷᠠᠳᠤᠨ᠂ ᠪᠠᠭ᠎ᠠ ᠵᠢᠵᠢᠭ ᠠᠵᠤ ᠠᠬᠤᠢᠢᠯᠠᠯ ᠳᠤ ᠵᠢᠭᠡᠯᠡᠯᠭᠡ ᠲᠠᠯᠪᠢᠬᠤ ᠳᠤ ᠳᠤᠪᠤᠶᠢᠮ᠎ᠠ ᠢᠯᠡᠷᠡᠯ  ᠲᠠᠢ ᠮᠥᠡᠭᠭᠦᠨ ᠭᠥᠢᠯᠭᠡᠭᠡᠨ ᠤ ᠪᠠᠶᠢᠭᠤᠯᠤᠮᠵᠢ ᠳᠤ ᠲᠥᠭᠰᠢᠭᠦᠷᠢ ᠶᠢᠨ ᠨᠦᠬᠦᠪᠦᠷᠢ ᠤᠯᠭᠤᠨ᠎ᠡ᠃ ᠥᠪᠡᠷᠲᠡᠭᠡᠨ ᠵᠠᠰᠠᠬᠤ ᠤᠷᠤᠨ ᠤ ᠮᠥᠡᠭᠭᠦᠨ ᠭᠥᠢᠯᠭᠡᠭᠡᠨ ᠤ ᠠᠯᠪᠠᠨ ᠭᠡᠷ ᠠᠴᠠ ᠡᠯ᠎ᠡ ᠮᠥᠡᠭᠭᠦᠨ ᠭᠥᠢᠯᠭᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠳᠤ ︽ᠭᠤᠷᠪᠠ ᠶᠢ ᠳᠤᠤᠷ᠎ᠠ ᠪᠠᠶᠢᠯᠭᠠᠬᠤ ᠥᠭᠡᠢ︾ ᠡᠭᠦᠷᠭᠡ ᠶᠢ ᠭᠥᠢᠴᠡᠳᠬᠡᠭᠰᠡᠨ ᠪᠠᠶᠢᠳᠠᠯ  ᠢ ᠥᠨᠳᠥᠰᠥᠯᠡᠵᠥ᠂ ᠪᠥᠬᠦ ᠤᠷᠤᠨ ᠤ ᠮᠥᠡᠭᠭᠦᠨ ᠭᠥᠢᠯᠭᠡᠭᠡᠨ ᠤ ᠠᠵᠢᠯ ᠤᠨ ᠵᠢᠯ ᠤᠨ ᠱᠠᠩᠨᠠᠨ ᠬᠥᠬᠢᠭᠦᠯᠬᠦ ᠠᠭᠤᠯᠭ᠎ᠠ ᠳᠤ ᠤᠷᠤᠭᠤᠯᠤᠨ᠎ᠠ᠃      ᠬᠤᠶᠠᠷ ᠲᠤ᠂ ᠪᠡᠯᠡ ᠬᠤᠷᠠᠮᠳᠤᠭᠤᠯᠬᠤ ᠪᠠᠲᠤᠯᠠᠨ ᠲᠠᠭᠠᠭᠠᠬᠤ ᠠᠵᠤ ᠤᠢᠢᠯᠡᠰ ᠢ ᠬᠥᠭᠵᠢᠬᠦᠯᠵᠤ᠂ ᠨᠡᠶᠢᠲᠡ  ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠤᠨ ᠪᠠᠩᠭᠢ ᠶᠢᠨ ᠵᠢᠭᠡᠯᠡᠯᠭᠡ ᠤᠯᠬᠤ ᠢᠳᠡᠬᠡᠯ ᠢ ᠨᠢ ᠨᠡᠮᠡᠭᠳᠡᠭᠦᠯᠥᠨ᠎ᠡ᠃ ᠮᠠᠨ ᠤ ᠤᠷᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠨᠢ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠠᠠᠯᠠᠨ ᠪᠡᠯᠡ ᠬᠤᠷᠠᠮᠳᠤᠭᠤᠯᠬᠤ ᠨᠢ ᠡᠬᠢᠯᠡᠯᠲᠡ ᠶᠢᠨ ᠱᠠᠲᠤᠨ ᠳᠤ ᠪᠠᠶᠢᠭ᠎ᠠ ᠪᠥᠭᠡᠳ ᠤᠯᠠᠮᠵᠢᠯᠠᠯᠲᠥ ᠪᠠᠩᠬᠢ ᠶᠢᠨ ᠵᠢᠭᠡᠯᠡᠯᠭᠡ ᠨᠢ ᠤᠳᠤᠬᠠᠨ ᠤ ᠭᠤᠤᠯ ᠪᠡᠯᠡ ᠬᠤᠷᠠᠮᠳᠤᠭᠤᠯᠬᠤ ᠠᠷᠭ᠎ᠠ ᠬᠡᠯᠪᠡᠷᠢ ᠪᠠᠶᠢᠵᠦ᠂ ᠪᠡᠯᠡ ᠬᠤᠷᠠᠮᠳᠤᠭᠤᠯᠬᠤ ᠪᠠᠲᠤᠯᠠᠨ ᠲᠠᠭᠠᠭᠠᠬᠤ ᠠᠵᠤ ᠤᠢᠢᠯᠡᠰ ᠢ ᠬᠥᠭᠵᠢᠬᠦᠯᠵᠤ᠂ ᠪᠠᠲᠤᠯᠠᠨ ᠲᠠᠭᠠᠭᠠᠬᠤ ᠴᠢᠳᠠᠪᠤᠷᠢ ᠪᠠ ᠲᠥᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠥᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠤᠨ ᠪᠠᠩᠭᠢ  ᠶᠢᠨ ᠵᠢᠭᠡᠯᠡᠯᠭᠡ ᠤᠯᠬᠤ ᠢᠳᠡᠬᠡᠯ ᠢ ᠨᠡᠮᠡᠭᠳᠡᠭᠦᠯᠬᠦ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠬᠥᠴᠢᠷ ᠠᠰᠠᠭᠤᠳᠠᠯ ᠢ ᠰᠢᠢᠳᠪᠥᠷᠢᠯᠡᠬᠦ ᠪᠥᠲᠥᠮᠵᠢᠲᠠᠢ ᠠᠷᠭ᠎ᠠ ᠵᠠᠮ ᠮᠥᠨ᠃      ᠭᠤᠷᠪᠠ ᠳᠤ᠂ ᠠᠵᠤ ᠠᠬᠤᠢᠢᠯᠠᠯ ᠤᠨ ᠤᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠠᠠᠯᠠᠨ ᠪᠡᠯᠡ ᠬᠤᠷᠠᠮᠳᠤᠭᠤᠯᠤᠨ᠎ᠠ᠃ ᠪᠢᠲᠡ ᠤᠷᠢᠳ ᠬᠤᠵᠢᠳ ᠱᠠᠩᠬᠠᠢ ᠶᠢᠨ ᠦᠨᠡᠳᠤ ᠲᠡᠮᠳᠡᠭᠳᠤ ᠶᠢᠨ ᠰᠤᠯᠢᠯᠴᠠᠭᠠᠨ ᠤ ᠭᠠᠵᠠᠷ ᠵᠡᠷᠬᠡ ᠲᠠᠢ ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ︾ ᠲᠤᠭᠲᠠᠵᠤ᠂ ᠱᠧᠨᠵᠧᠨ ᠤ ᠦᠨᠡᠳᠤ ᠲᠡᠮᠳᠡᠭᠲᠥ ᠶᠢᠨ ᠠᠷᠠᠯᠵᠢᠶᠠᠨ ᠤ ᠭᠠᠵᠠᠷ ᠲᠠᠢ ᠪᠠᠰᠠ ᠵᠦᠪᠳᠡᠯᠴᠡᠬᠡᠷ ᠲᠤᠭᠲᠠᠨ᠂ ᠪᠥᠬᠦ ᠲᠠᠯ᠎ᠠ ᠶᠢᠨ ᠠᠷᠠᠯᠵᠢᠶᠠᠨ ᠤ ᠬᠠᠮᠲᠤᠷᠠᠯᠴᠠᠭ᠎ᠠ ᠶᠢ ᠥᠷᠨᠢᠭᠦᠯᠥᠨ᠂ ᠥᠪᠡᠷᠲᠡᠭᠡᠨ ᠵᠠᠰᠠᠬᠤ ᠤᠷᠤᠨ ᠤ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ ᠲᠡᠯᠬᠡᠬᠦᠷ ᠲᠤ ᠭᠠᠷᠭᠠᠬᠤ ᠪᠠ ᠤᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠠᠠᠯᠠᠨ ᠪᠡᠯᠡ ᠬᠤᠷᠠᠮᠳᠤᠭᠤᠯᠬᠤ ᠶᠢ ᠠᠬᠢᠭᠤᠯᠤᠨ᠎ᠠ᠃      ᠵᠠᠩᠬᠢᠯᠠᠭ᠎ᠠ ᠶᠢᠨ ᠦᠭᠡ᠄ ᠰᠢᠨ᠎ᠠ ᠶᠢ ᠡᠭᠦᠳᠬᠦ ᠬᠥᠳᠡᠯᠭᠡᠭᠦᠷ      ᠪᠠᠭᠠᠨ᠎ᠠ ︵ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ︶᠄ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠬᠤ ᠬᠥᠭᠵᠢᠯᠲᠡ ᠶᠢᠨ ᠮᠦᠨ ᠴᠢᠨᠠᠷ ᠪᠤᠯ ᠴᠢᠳᠠᠪᠤᠷᠢᠲᠠᠨ ᠢᠶᠠᠷ ᠬᠦᠳᠡᠯᠬᠡᠬᠦᠷ ᠪᠤᠯᠭᠠᠬᠤ ᠶᠠᠪᠤᠳᠠᠯ ᠮᠦᠨ᠃ ᠤᠳᠤᠬᠠᠨ ᠤ ᠶᠡᠭᠡ ᠲᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠠᠰᠤᠭ ᠲᠤ ᠮᠠᠰᠢ ᠤᠯᠠᠨ ᠥᠨᠳᠥᠷ ᠳᠡᠰ ᠤᠨ ᠴᠢᠳᠠᠪᠤᠷᠢᠲᠠᠨ ᠴᠤᠭᠯᠠᠷᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠠᠵᠤ ᠠᠬᠤᠢᠢᠯᠠᠯ ᠲᠠᠢ ᠨᠢᠭᠲᠠ ᠤᠶᠠᠯᠳᠤᠭᠤᠯᠬᠤ ᠭᠡᠪᠡᠯ ᠤᠭ ᠡᠬᠢ ᠠᠴᠠ ᠨᠢ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠢ ᠤᠶᠠᠯᠳᠤᠭᠤᠯᠬᠤ ᠴᠢᠬᠤᠯᠠᠳᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠵᠤᠬᠢᠰᠲᠠᠢ ᠰᠢᠯᠵᠢᠬᠦ ᠶᠢ ᠵᠥᠪᠰᠢᠶᠡᠷᠡᠪᠡᠯ ᠰᠠᠶ᠋ᠢ ᠴᠢᠳᠠᠪᠤᠷᠢᠲᠠᠨ ᠤ ᠢᠳᠡᠪᠬᠢᠵᠢᠯ ᠢ ᠳᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠡ ᠪᠥᠲᠥᠭᠡᠯ ᠢ ᠨᠡᠩ ᠲᠦᠷᠬᠡᠨ ᠢᠶᠠᠷ ᠰᠢᠯᠵᠢᠬᠦᠯᠵᠤ᠂ ᠨᠡᠶᠢᠭᠡᠮ ᠤᠨ ᠪᠥᠬᠦ᠋ᠢᠯᠡ ᠴᠢᠳᠠᠪᠤᠷᠢᠲᠠᠨ ᠤ ᠡᠬᠢ ᠪᠠᠶᠠᠯᠢᠭ ᠤᠨ ᠦᠷ᠎ᠠ ᠪᠥᠲᠥᠮᠵᠢ ᠶᠢ ᠬᠠᠮᠤᠭ ᠤᠨ ᠶᠡᠭᠡ ᠬᠡᠮᠵᠢᠶᠡᠨ ᠳᠤ ᠬᠦᠷᠬᠡᠵᠦ ᠴᠢᠳᠠᠨ᠎ᠠ᠃      ᠤᠳᠤᠬᠠᠨ ᠤ ᠶᠡᠭᠡ ᠲᠡᠭᠡᠳᠤ ᠰᠤᠷᠭᠠᠭᠤᠯᠢ᠂ ᠰᠢᠨᠵᠢᠯᠡᠭᠦ ᠤᠬᠠᠭᠠᠨ ᠮᠡᠷᠭᠡᠵᠢᠯ ᠤᠨ ᠠᠵᠢᠯᠲᠠᠨ ᠠᠴᠠ ᠰᠢᠨᠵᠢᠯᠡᠭᠦ ᠤᠬᠠᠭᠠᠨ ᠮᠡᠷᠭᠡᠵᠢᠯ ᠤᠨ ᠥᠷ᠎ᠡ ᠪᠥᠲᠥᠭᠡᠯ ᠢ ᠰᠢᠯᠵᠢᠬᠦᠯᠬᠦ ᠠᠵᠢᠯ ᠳᠤ ᠪᠠᠰᠠ ᠨᠢᠭᠡ ᠪᠥᠯᠥᠭ ᠬᠠᠷᠰᠢ ᠰᠠᠭᠠᠳ ᠤᠷᠤᠰᠢᠵᠤ ᠪᠤᠢ᠃ ︽ᠲᠤᠭᠲᠠᠭᠠᠯ ᠤᠳ︾ ᠲᠤ᠂ ᠠᠵᠤ ᠠᠬᠤᠢᠢᠯᠠᠯ ᠤᠨ ᠰᠲ᠋ᠤᠺ ᠤᠨ ᠡᠷᠬᠡ ᠵᠡᠷᠬᠡ ᠠᠷᠭ᠎ᠠ ᠬᠡᠯᠪᠡᠷᠢ ᠪᠠᠷ ᠰᠢᠨᠵᠢᠯᠡᠭᠦ ᠤᠬᠠᠭᠠᠨ ᠮᠡᠷᠭᠡᠵᠢᠯ ᠤᠨ ᠠᠵᠢᠯᠲᠠᠨ ᠢ ᠱᠠᠩᠨᠠᠬᠤ ᠶᠢ ᠬᠥᠬᠢᠭᠦᠯᠥᠨ᠂ ᠶᠡᠭᠡ ᠲᠡᠭᠡᠳᠤ ᠰᠤᠷᠭᠠᠭᠤᠯᠢ᠂ ᠰᠢᠨᠵᠢᠯᠡᠭᠦ ᠤᠬᠠᠭᠠᠨ ᠮᠡᠷᠭᠡᠵᠢᠯ ᠤᠨ ᠠᠵᠢᠯᠲᠠᠨ ᠤ ᠠᠵᠤ ᠠᠬᠤᠢᠢᠯᠠᠯ ᠳᠤ ᠠᠵᠢᠯᠯᠠᠬᠤ ᠶᠢ ᠵᠤᠷᠢᠭᠵᠢᠭᠤᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠠᠵᠢᠯᠲᠠᠨ ᠤ ᠠᠵᠢᠯ ᠤᠢᠢᠯᠡᠰ ᠡᠷᠬᠢᠯᠡᠬᠦ ᠶᠢ ᠳᠡᠮᠵᠢᠨ᠎ᠠ᠃      ᠳᠠᠷᠠᠭᠠᠴᠢ ᠪᠠᠷ᠂ ᠥᠪᠡᠷᠲᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠲᠢᠩᠬᠢᠮ ᠠᠴᠠ ᠬᠥᠮᠥᠨ ᠤ ᠬᠥᠴᠥᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠬᠤᠯᠪᠤᠭᠳᠠᠯ ᠪᠥᠬᠦᠢ ᠪᠠᠶᠢᠭᠤᠯᠭ᠎ᠠ ᠲᠠᠢ ᠬᠠᠮᠲᠤᠷᠠᠨ᠂ ᠪᠤᠲᠠᠲᠠᠢ ᠬᠡᠷᠡᠭᠵᠢᠬᠦᠯᠬᠦ ᠨᠠᠷᠢᠨ ᠲᠦᠷᠢᠮ ᠲᠤᠭᠲᠠᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠢᠢᠯᠠᠵᠦ᠂ ᠬᠢᠨᠠᠨ ᠪᠠᠶᠢᠴᠠᠭᠠᠯᠲᠠ ᠶᠢ ᠰᠠᠶᠢᠨ ᠬᠢᠵᠤ᠂ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ