| | | 7 ᠳ᠋ᠤᠭᠠᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠬᠤᠷᠢᠨ ᠲᠦᠷᠪᠡᠳᠦᠭᠡᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠤᠷᠠᠯᠳᠤᠭᠤᠯᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ ᠭᠡᠰᠢᠭᠦᠨ 61 ᠬᠦᠮᠦᠨ᠂ ᠬᠤᠶᠠᠳᠤᠭᠠᠷ ᠤᠳᠠᠭ᠎ᠠ ᠶᠢᠨ ᠪᠦᠭᠦᠳᠡ | ᠬᠤᠷᠠᠯ ᠳᠤ ᠤᠷᠤᠯᠴᠠᠬᠰᠠᠨ ᠨᠢ 54 ᠬᠦᠮᠦᠨ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃ | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠤ ᠨᠠᠶᠢᠳᠠᠯᠭ᠎ᠠ ᠪᠠᠷ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ | ᠡᠷᠭᠢᠯᠡᠭᠴᠢ ᠬᠤᠷᠴᠡ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠳᠤ ᠽᠢ᠂ ᠬᠠᠨᠭ᠌ ᠭᠦᠢ ᠯᠢᠨ᠂ ᠡᠤ ᠲᠤᠸᠠᠨ ᠶᠢᠩ᠂ | ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ ᠳᠤ ᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ ᠬᠤᠷᠠᠯ ᠳᠤ ᠰᠤᠯᠠ ᠤᠷᠤᠯᠴᠠᠵᠠᠢ | ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠤᠨ ᠬᠢᠭᠰᠡᠨ ︽ | ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠭᠦ ᠬᠠᠤᠯᠢ︾ ᠪᠣᠯᠣᠨ ︽ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠬᠢᠵᠢᠭ ᠢ ᠰᠡᠷᠭᠡᠶᠢᠯᠡᠭᠦ ᠲᠦᠷᠢᠮ︾ ᠢ | ᠲᠤᠤᠱᠯᠠᠭᠤᠯᠵᠦ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃ ᠮᠡᠳᠡᠭᠦᠯᠦᠯᠳᠡ ᠳᠤ | ᠵᠢᠭᠠᠵᠦ ᠭᠠᠷᠭᠠᠬᠰᠠᠨ ᠨᠢ᠂ ᠠᠮᠢᠳᠠᠨ ᠤ ᠬᠢᠵᠢᠭ ᠢ ᠰᠡᠷᠭᠡᠶᠢᠯᠡᠭᠦ ᠬᠠᠤᠯᠢ ᠪᠣᠯᠣᠨ ᠦᠪᠡᠷᠳᠡᠭᠡᠨ ᠵᠠᠰᠠᠬᠤ ᠤᠷᠤᠨ ᠤ | ᠠᠮᠢᠳᠠᠨ ᠤ ᠬᠢᠵᠢᠭ ᠢ ᠰᠡᠷᠭᠡᠶᠢᠯᠡᠭᠦ ᠲᠦᠷᠢᠮ ᠬᠡᠷᠡᠭᠵᠢᠭᠦᠯᠦᠭᠳᠡᠭᠰᠡᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠠᠮᠢᠳᠠᠨ ᠤ ᠬᠢᠵᠢᠭ ᠢ ᠰᠡᠷᠭᠡᠶᠢᠯᠡᠭᠦ ᠶᠢ ᠮᠠᠯ ᠠᠵᠦ | ᠠᠬᠤᠢ ᠶᠢᠨ ᠦᠢᠯᠡᠰ ᠤᠨ ᠡᠷᠡᠭᠦᠯ ᠢᠶᠠᠷ ᠬᠦᠭᠵᠢᠭᠦ᠂ ᠤᠯᠠᠨ ᠲᠦᠮᠡᠨ ᠤ ᠪᠡᠶ᠎ᠠ ᠶᠢᠨ ᠡᠷᠡᠭᠦᠯ ᠮᠡᠨᠳᠤ ᠶᠢ ᠪᠠᠳᠤᠯᠠᠬᠤ᠂ | ᠮᠠᠯᠵᠢᠬᠤ ᠲᠠᠷᠢᠶᠠᠯᠠᠬᠤ ᠤᠷᠤᠨ ᠤ ᠡᠶ᠎ᠡ ᠵᠤᠬᠢᠴᠠᠩᠭᠤᠢ ᠲᠤᠬᠳᠠᠭᠤᠨ ᠪᠠᠶᠢᠬᠤ ᠶᠢ ᠪᠠᠳᠤᠯᠠᠬᠤ ᠴᠢᠬᠤᠯᠠ ᠠᠵᠢᠯ | ᠪᠤᠯᠭᠠᠨ ᠠᠳᠬᠤᠵᠦ᠂ ᠪᠦᠬᠦ ᠤᠷᠤᠨ ᠳᠤ ᠦᠷᠬᠦᠯᠵᠢᠯᠡᠨ ᠭᠡᠲᠦᠨ ᠵᠢᠯ ᠰᠢᠯᠦᠭᠡᠢ ᠡᠪᠡᠳᠴᠢᠨ ᠵᠡᠷᠭᠡ ᠬᠦᠨᠳᠤ ᠶᠡᠭᠡ | ᠠᠮᠢᠳᠡᠨ ᠤ ᠬᠢᠵᠢᠭ ᠡᠭᠦᠰᠦᠭᠰᠡᠨ ᠦᠭᠡᠢ ᠰᠠᠶᠢᠨ ᠰᠠᠶᠢᠬᠠᠨ ᠠᠵᠢᠯ ᠤᠨ ᠪᠠᠶᠢᠳᠡᠯ ᠢ ᠪᠤᠢ ᠪᠤᠯᠭᠠᠪᠠ᠃ ᠳᠠᠷᠠᠭᠠᠴᠢ ᠶᠢᠨ | ᠠᠯᠬᠤᠮ ᠳᠤ᠂ ᠮᠠᠨ ᠤ ᠤᠷᠤᠨ ᠬᠦᠨᠳᠤ ᠶᠡᠭᠡ ᠠᠮᠢᠳᠠᠨ ᠤ ᠬᠢᠵᠢᠭ ᠤᠨ ᠰᠡᠷᠭᠡᠶᠢᠯᠡᠯᠳᠠ ᠶᠢ ᠴᠢᠩᠭᠠᠳᠬᠠᠬᠤ᠂ | ᠦᠨᠳᠦᠰᠦᠨ ᠱᠠᠳᠤᠨ ᠤ ᠠᠮᠢᠳᠠᠨ ᠤ ᠬᠢᠵᠢᠭ ᠢ ᠰᠡᠷᠭᠡᠶᠢᠯᠡᠭᠦ ᠠᠵᠢᠯ ᠤᠨ ᠰᠠᠭᠤᠷᠢ ᠶᠢ ᠪᠠᠳᠤᠳᠬᠠᠬᠤ᠂ ᠡᠪᠡᠳᠴᠢᠯᠡᠵᠦ | ᠦᠭᠦᠭᠰᠡᠨ ᠠᠮᠢᠳᠠᠨ ᠢ ᠬᠤᠤᠷᠳᠠᠯ ᠦᠭᠡᠢ ᠪᠠᠷ ᠰᠢᠢᠳᠪᠤᠷᠢᠯᠡᠭᠦ ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠭᠦ ᠵᠡᠷᠭᠡ | ᠲᠠᠯ᠎ᠠ ᠶᠢᠨ ᠠᠵᠢᠯ ᠢ ᠴᠢᠩᠭᠠᠳᠬᠠᠵᠦ᠂ ᠠᠮᠢᠳᠠᠨ ᠤ ᠬᠢᠵᠢᠭ ᠢ ᠰᠡᠷᠭᠡᠶᠢᠯᠡᠭᠦ ᠲᠦᠪᠰᠢᠨ ᠢ ᠲᠠᠰᠤᠷᠠᠯᠳᠠ ᠦᠭᠡᠢ | ᠲᠡᠭᠡᠭᠰᠢᠯᠡᠭᠦᠯᠦᠨ᠎ᠠ ᠭᠡᠪᠠ᠃ | ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ | ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠡᠯ ᠤᠨ ᠡᠷᠭᠢᠯᠡᠭᠴᠢ ᠪᠤᠤ ᠮᠠᠨᠳᠠ ︽ᠨᠢᠭᠡ ᠪᠦᠰᠡ ᠨᠢᠭᠡ ᠵᠠᠮ︾ | ᠪᠣᠯᠣᠨ ︽ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠨᠭ᠍ᠬᠢᠯ︾ ᠤᠨ ᠪᠠᠶᠢᠯᠳᠤᠬᠤ ᠪᠤᠳᠤᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠤᠮᠠᠷᠠᠰᠢ ᠨᠡᠭᠡᠭᠡᠯᠳᠡ ᠶᠢ ᠲᠦᠷᠭᠡᠳᠭᠡᠨ ᠠᠬᠢᠭᠤᠯᠬᠤ ᠲᠤᠬᠠᠢ ᠮᠡᠳᠡᠭᠦᠯᠦᠯᠳᠡ ᠶᠢ | ᠰᠤᠨᠤᠰᠪᠠ᠃ ᠮᠡᠳᠡᠭᠦᠯᠦᠯᠳᠡ ᠳᠤ ᠵᠢᠭᠠᠵᠦ ᠭᠠᠷᠭᠠᠬᠰᠠᠨ ᠨᠢ᠂ ᠬᠤᠶᠠᠷ ᠵᠢᠯ ᠭᠠᠷᠤᠢ ᠶᠢᠨ ᠲᠤᠷᠰᠢ᠂ ᠪᠦᠭᠦ | ᠤᠷᠤᠨ ᠳᠤ ᠨᠠᠮ ᠤᠨ ᠲᠦᠪ ᠬᠤᠷᠢᠶ᠎ᠠ ᠶᠢᠨ ᠮᠠᠨ ᠤ ᠤᠷᠤᠨ ᠳᠤ ᠤᠯᠭᠤᠬᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠤᠬᠳᠠᠭᠠᠯᠳᠠ ᠪᠣᠯᠣᠨ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠤᠰᠤᠭᠠᠷ ︽ᠲᠤᠮᠳᠠᠳᠤ ᠮᠤᠩᠭᠤᠯ ᠤᠷᠤᠰ ᠤᠨ ᠠᠵᠦ | ᠠᠬᠤᠢ ᠶᠢᠨ ᠬᠤᠨᠭ᠍ᠬᠢᠯ︾ ᠤᠨ ᠪᠦᠳᠤᠭᠡᠨ ᠪᠠᠶᠢᠭᠤᠯᠤᠯᠳᠠ ᠶᠢᠨ ᠦᠷ᠎ᠠ ᠪᠦᠲᠦᠮᠵᠢ ᠰᠠᠶᠢᠨ ᠬᠠᠨᠳᠤᠰᠢ ᠲᠠᠢ ᠪᠠᠶᠢᠭ᠎ᠠ | ᠪᠦᠭᠡᠳ ᠮᠠᠨ ᠤ ᠤᠷᠤᠨ ᠤᠮᠠᠷᠠᠰᠢ ᠨᠡᠭᠡᠭᠡᠯᠳᠡ ᠬᠢᠬᠦ ᠶᠢ ᠯᠠᠪᠳᠠᠭᠤᠨ ᠪᠠᠳᠤᠳᠠᠢ ᠠᠬᠢᠭᠤᠯᠵᠦ ᠪᠠᠶᠢᠨ᠎ᠠ᠃ ᠭᠡᠪᠠᠴᠤ | ᠮᠠᠨ ᠤ ᠤᠷᠤᠨ ᠪᠣᠯᠣᠨ ᠤᠷᠤᠰ ᠮᠤᠩᠭᠤᠯ ᠯᠤᠭ᠎ᠠ ᠶᠢᠨ ᠠᠷᠠᠯᠵᠢᠶ᠎ᠠ ᠬᠤᠳᠠᠯᠳᠤᠭᠠᠨ ᠤ ᠬᠡᠪᠴᠢᠶ᠎ᠠ ᠪᠠᠭ᠎ᠠ᠂ ᠬᠢᠷᠢ | ᠲᠦᠪᠰᠢᠨ ᠲᠤᠤᠷ᠎ᠠ ᠵᠡᠷᠭᠡ ᠬᠦᠷᠦᠯᠴᠡᠭᠦ ᠦᠭᠡᠢ ᠲᠠᠯ᠎ᠠ ᠤᠷᠤᠰᠢᠵᠤ ᠪᠤᠢ᠃ ᠬᠤᠶᠢᠰᠢᠳᠠ᠂ ᠲᠦᠷᠦ ᠶᠢᠨ ᠪᠤᠳᠤᠯᠭ᠎ᠠ᠂ | ᠰᠠᠭᠤᠷᠢ ᠪᠡᠯᠡᠳᠬᠡᠮᠵᠢ ᠵᠡᠷᠭᠡ ᠤᠯᠠᠨ ᠲᠠᠯ᠎ᠠ ᠪᠠᠷ ᠬᠠᠮᠳᠤᠷᠠᠨ ᠠᠵᠢᠯᠯᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ | ᠤᠷᠤᠨ ᠤ ᠭᠠᠳᠠᠬᠰᠢ ᠨᠡᠭᠡᠭᠡᠯᠳᠡ ᠬᠢᠬᠦ ᠠᠵᠢᠯ ᠢ ᠰᠢᠨ᠎ᠠ ᠲᠡᠭᠳᠡᠷ ᠲᠤ ᠬᠦᠷᠭᠡᠬᠦ ᠭᠡᠷᠡᠭᠳᠡᠢ ᠭᠡᠪᠠ᠃ | ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ | ᠬᠠᠤᠯᠢ ᠴᠠᠭᠠᠵᠠ ᠶᠢᠨ ᠲᠢᠩᠭᠢᠮ ᠤᠨ ᠲᠠᠷᠤᠭ᠎ᠠ ᠵᠸᠤ ᠯᠢ ᠮᠢᠩ ᠤᠨ ᠬᠢᠭᠰᠡᠨ ︽ᠵᠢᠷᠭᠤᠳᠤᠭᠠᠷ ᠲᠠᠪᠤᠨ ᠵᠢᠯ︾ ᠤᠨ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠭᠦ ᠰᠢᠢᠳᠪᠤᠷᠢ ᠶᠢ ᠭᠦᠢᠴᠡᠳᠭᠡᠭᠰᠡᠨ ᠪᠠᠶᠢᠳᠠᠯ ᠤᠨ ᠲᠤᠬᠠᠢ | ᠮᠡᠳᠡᠭᠦᠯᠦᠯᠳᠡ ᠶᠢ ᠰᠤᠨᠤᠰᠪᠠ᠃ ᠮᠡᠳᠡᠭᠦᠯᠦᠯᠳᠡ ᠳᠤ ᠵᠢᠭᠠᠵᠦ ᠭᠠᠷᠭᠠᠭᠰᠠᠨ ᠨᠢ᠂ 2011 ᠤᠨ ᠠᠴᠠ 2015 | ᠤᠨ ᠪᠤᠯᠳᠠᠯ᠎ᠠ᠂ ᠪᠦᠭᠦ ᠤᠷᠤᠨ ᠢᠶᠠᠷ ᠢᠶᠠᠨ ︽ᠵᠢᠷᠭᠤᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠭᠦ ᠰᠢᠢᠳᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠭᠦ ᠤᠢᠢᠯᠠᠭᠠᠬᠳᠠᠬᠤᠨ ᠢ ᠲᠠᠰᠤᠷᠠᠯᠳᠠ ᠦᠭᠡᠢ ᠰᠢᠨᠠᠴᠢᠯᠠᠵᠤ᠂ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠭᠦ ᠲᠠᠪᠴᠠᠩ ᠪᠠᠶᠢᠭᠤᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠭᠦ ᠲᠤᠬᠳᠠᠴᠠ ᠶᠢ | ᠲᠡᠭᠦᠯᠳᠡᠷᠵᠢᠭᠦᠯᠤᠨ᠂ ᠦᠨᠳᠦᠰᠦᠨ ᠬᠠᠤᠯᠢ ᠪᠣᠯᠣᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠪᠠᠷ | ᠭᠤᠤᠯ ᠪᠤᠯᠭᠠᠭᠰᠠᠨ ᠬᠠᠤᠯᠢ ᠲᠦᠷᠢᠮ ᠢ ᠴᠢᠨᠠᠭᠰᠢᠳᠠ ᠲᠦᠭᠡᠮᠡᠯᠵᠢᠭᠦᠯᠵᠦ᠂ ᠪᠦᠭᠦ ᠤᠷᠤᠨ ᠤ | ᠦᠨᠳᠦᠰᠦᠳᠡᠨ ᠨᠦᠭᠦᠳ ᠤᠨ ᠡᠷᠭᠡᠳᠤ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠵᠦ᠂ ᠬᠠᠤᠯᠢ | ᠲᠦᠷᠢᠮ ᠬᠠᠤᠯᠢ ᠲᠤᠭᠳᠠᠭᠠᠯ ᠢ ᠰᠠᠬᠢᠬᠤ ᠨᠡᠶᠢᠭᠡᠮ ᠤᠨ ᠠᠭᠤᠷ ᠠᠮᠢᠰᠬᠤᠯ ᠢ ᠦᠨᠳᠦᠰᠦᠨ ᠳᠡᠭᠡᠨ ᠪᠦᠷᠢᠯᠳᠦᠭᠦᠯᠵᠠᠢ | ᠭᠡᠪᠠ᠃ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ | ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠲᠢᠩᠭᠢᠮ ᠤᠨ ᠲᠠᠷᠤᠭ᠎ᠠ ᠵᠠᠩ ᠯᠢ ᠫᠢᠡᠭ ᠤᠨ ᠬᠢᠭᠰᠡᠨ ᠪᠦᠭᠦ | ᠤᠷᠤᠨ ᠤ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠪᠠ᠃ | ᠮᠡᠳᠡᠭᠦᠯᠦᠯᠳᠡ ᠳᠤ ᠵᠢᠭᠠᠵᠦ ᠭᠠᠷᠭᠠᠬᠰᠠᠨ ᠨᠢ᠂ ᠤᠢᠢᠷ᠎ᠠ ᠶᠢᠨ ᠵᠢᠯ ᠠᠴᠠ ᠨᠠᠰᠢ᠂ ᠪᠦᠭᠦ ᠤᠷᠤᠨ ᠤ ᠡᠯ᠎ᠠ | ᠭᠠᠵᠠᠷ ᠤᠨ ᠬᠢᠨ ᠲᠠᠷᠢᠶᠠᠨ ᠭᠠᠵᠠᠷ ᠤᠨ ᠬᠠᠮᠠᠭᠠᠯᠠᠯᠳᠠ ᠶᠢ ᠭᠠᠵᠠᠷ ᠰᠢᠷᠤᠢ ᠶᠢᠨ ᠬᠠᠮᠢᠶᠠᠷᠤᠯᠳᠠ ᠶᠢᠨ ᠲᠡᠷᠢᠭᠦᠨ | ᠴᠢᠬᠤᠯᠠ ᠡᠭᠦᠷᠭᠡ ᠪᠤᠯᠭᠠᠨ ᠠᠳᠬᠤᠵᠤ᠂ ᠲᠦᠷᠢᠮ ᠲᠤᠭᠳᠠᠭᠠᠯ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠤᠨ᠂ | ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠨᠡᠮᠡᠭᠳᠡᠯ ᠤᠨ | ᠬᠡᠮᠵᠢᠶ᠎ᠠ ᠶᠢ ᠬᠢᠵᠠᠭᠠᠷᠯᠠᠵᠦ᠂ ᠪᠦᠭᠦ ᠤᠷᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠶᠡᠷᠦᠩᠭᠡᠢ | ᠬᠡᠮᠵᠢᠶ᠎ᠠ ᠶᠢ ᠪᠠᠭᠠᠰᠬᠠᠬᠤ ᠦᠭᠡᠢ ᠪᠠᠶᠢᠳᠠᠯ ᠢ ᠪᠠᠳᠤᠯᠠᠪᠠ᠃ ᠮᠠᠨ ᠤ ᠤᠷᠤᠨ ᠤ ᠲᠠᠷᠢᠶᠠᠨ ᠭᠠᠵᠠᠷ ᠤᠨ | ᠬᠠᠮᠠᠭᠠᠯᠠᠯᠳᠠ ᠶᠢᠨ ᠠᠵᠢᠯ ᠲᠤᠮᠳᠠ ᠤᠷᠤᠰᠢᠵᠦ ᠪᠠᠶᠢᠭ᠎ᠠ ᠤᠯᠠᠨ ᠰᠠᠯᠠᠭ᠎ᠠ ᠮᠦᠴᠢᠷ ᠬᠠᠮᠳᠤᠷᠠᠵᠦ ᠲᠠᠷᠢᠶᠠᠨ ᠭᠠᠵᠠᠷ ᠢ | ᠬᠠᠮᠠᠭᠠᠯᠠᠬᠤ ᠬᠠᠮᠳᠤ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠪᠠᠶᠢᠭ᠎ᠠ ᠨᠢᠬᠳᠠᠷᠠᠯ ᠬᠦᠴᠦᠨ ᠰᠤᠯᠠ᠂ | ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠪᠡᠷᠭᠡ ᠬᠠᠳᠠᠭᠤᠵᠢᠯᠳᠠᠢ ᠵᠡᠷᠭᠡ ᠠᠰᠠᠭᠤᠳᠠᠯ ᠳᠤ ᠴᠢᠭᠯᠡᠭᠦᠯᠵᠦ᠂ ᠭᠤᠤᠯ | ᠴᠤᠬᠴᠠ ᠶᠢᠨ ᠬᠠᠷᠢᠭᠤᠴᠠᠯᠭ᠎ᠠ ᠶᠢ ᠴᠢᠨᠠᠬᠰᠢᠳᠠ ᠨᠠᠶᠢᠳᠠᠪᠤᠷᠢᠵᠢᠭᠤᠯᠵᠦ᠂ ᠲᠠᠷᠢᠶᠠᠨ ᠭᠠᠵᠠᠷ ᠢ ᠡᠵᠡᠯᠡᠵᠦ | ᠨᠦᠭᠦᠪᠦᠷᠢᠯᠡᠭᠦ ᠲᠠᠩᠴᠡᠭᠦᠷᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠦᠨᠳᠦᠰᠤᠨ ᠲᠠᠷᠢᠶᠠᠨ ᠭᠠᠵᠠᠷ ᠢ ᠪᠦᠭᠦ | ᠲᠠᠯ᠎ᠠ ᠪᠠᠷ ᠬᠤᠪᠢᠶᠠᠨ ᠲᠤᠬᠳᠠᠭᠠᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠴᠢᠨᠠᠷᠳᠠᠢ | ᠬᠠᠮᠠᠭᠠᠯᠠᠯᠳᠠ ᠶᠢ ᠬᠦᠴᠦᠯᠡᠨ ᠴᠢᠩᠭᠠᠳᠬᠠᠬᠤ ᠬᠡᠷᠡᠭᠳᠡᠢ ᠭᠡᠵᠦ ᠭᠡᠪᠠ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠲᠤᠳᠤᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠦᠪᠯᠡᠯ ᠤᠨ | ᠡᠷᠭᠢᠯᠡᠭᠴᠢ ᠲᠢᠶᠠᠨ ᠵᠢᠢ ᠱᠸᠡᠭ ᠤᠨ ᠬᠢᠭᠰᠡᠨ ︽ᠲᠤᠯᠤᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ ︵ | ᠲᠦᠰᠦᠯ︶︾ ᠶᠢᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃ ᠶᠡᠷᠦᠩᠭᠡᠢ ᠱᠦᠵᠢ ᠰᠢ ᠶᠢᠨ ᠫᠢᠡᠭ ᠤᠨ ᠪᠦᠭᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠴᠢᠬᠤᠯᠠ ᠦᠭᠦᠯᠡᠮᠵᠢ ᠶᠢ ᠬᠦᠨᠵᠡᠭᠡᠢ ᠰᠤᠷᠤᠯᠴᠠᠨ ᠤᠬᠠᠭᠤᠯᠵᠦ᠂ | ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠤᠨ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠬᠠᠤᠯᠢ ᠪᠠᠷ ᠤᠷᠤᠨ ᠢᠶᠠᠨ ᠵᠠᠰᠠᠬᠤ ᠠᠵᠢᠯ ᠤᠨ ᠪᠠᠶᠢᠷᠢᠯᠠᠭᠤᠯᠤᠯᠳᠠ ᠪᠣᠯᠣᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠦ᠂ ᠮᠠᠨ ᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠦ ᠠᠬᠤᠢ | ᠨᠡᠶᠢᠭᠡᠮ ᠤᠨ ᠭᠦᠭᠵᠢᠯᠳᠠ ᠶᠢᠨ ᠲᠦᠯᠦᠪᠵᠢᠭᠦᠯᠭᠡ ᠶᠢᠨ ᠢᠯᠭᠤᠮ ᠤᠷᠤᠬᠰᠢᠳᠠᠢ ᠬᠡᠷᠡᠭᠵᠢᠭᠦᠯᠦᠭᠳᠡᠭᠦ ᠶᠢ | ᠪᠠᠳᠤᠯᠠᠬᠤ ᠳᠤ᠂ 2016 ᠤᠨ ᠠᠴᠠ 2020 ᠤᠨ ᠪᠤᠯᠳᠠᠯ᠎ᠠ᠂ ᠪᠦᠭᠦ ᠤᠷᠤᠨ ᠳᠤ ᠲᠤᠯᠤᠳᠤᠭᠠᠷ ᠲᠠᠪᠤᠨ ᠵᠢᠯ ᠤᠨ | ᠪᠦᠭᠦ ᠠᠷᠠᠳ ᠤᠨ ᠬᠠᠤᠯᠢ ᠲᠦᠷᠢᠮ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠠᠪᠤᠭᠤᠯᠬᠤ ᠪᠤᠯ ᠲᠤᠩ | ᠴᠢᠬᠤᠯᠠ ᠪᠤᠯᠬᠤ ᠶᠤᠮ᠃ | | |