ᠥᠪᠥᠷ ᠮᠣᠩᠭᠤᠯ ᠤᠨ ᠠᠩᠬᠠᠳᠠᠭᠴᠢ ᠳᠤᠮᠳᠠᠳᠤ ᠠᠽᠢᠶ᠎ᠠ ᠶᠢᠨ ᠡᠭᠡᠯᠵᠢ ᠶᠢᠨ ᠭᠠᠯᠲᠤ ᠲᠡᠷᠭᠡ ᠺᠠᠽᠠᠬᠰᠲ᠋ᠠᠠ ᠢ ᠵᠣᠷᠢᠪᠠ
ᠨᠡᠶᠢᠲᠡᠯᠡᠭᠰᠡᠨ ᠴᠠᠭ᠄
2016/7/28
     7 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠠᠴᠠ ᠠᠰᠲ᠋ᠠᠨᠠ ᠬᠦᠷᠬᠦ ᠳᠤᠮᠳᠠᠳᠤ ᠠᠽᠢᠶ᠎ᠠ ᠶᠢᠨ ᠡᠭᠡᠯᠵᠢ ᠶᠢᠨ ᠠᠩᠬᠠᠳᠠᠭᠴᠢ ᠭᠠᠯᠲᠤ ᠲᠡᠷᠭᠡ ᠪᠤᠭᠤᠲᠤ ᠬᠤᠲᠠ ᠶᠢᠨ ᠵᠢᠦᠶᠦᠸᠠᠨ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠴᠠ ᠠᠶᠠᠯᠠᠯ ᠢᠶᠠᠨ ᠡᠬᠢᠯᠡᠭᠦᠯᠪᠡ᠃      ᠲᠤᠰ ᠡᠳᠦᠷ᠂ ᠪᠤᠭᠤᠲᠤ ᠠᠴᠠ ᠠᠰᠲ᠋ᠠᠨᠠ ᠬᠦᠷᠬᠦ ᠳᠤᠮᠳᠠᠳᠤ ᠠᠽᠢᠶ᠎ᠠ ᠶᠢᠨ ᠡᠭᠡᠯᠵᠢ ᠶᠢᠨ ᠭᠠᠯᠲᠤ ᠲᠡᠷᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠵᠢᠦᠶᠦᠸᠠᠨ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠴᠠ ᠮᠣᠷᠳᠠᠵᠤ᠂ 4000 ᠭᠠᠷᠤᠶ ᠺᠢᠯᠣᠮᠧᠲᠷ ᠬᠤᠯᠠ ᠪᠠᠶᠢᠭ᠎ᠠ ᠺᠠᠽᠠᠬᠰᠲ᠋ᠠᠠ ᠤ ᠨᠡᠶᠢᠰᠯᠡᠯ ᠠᠰᠲ᠋ᠠᠨᠠ ᠶᠢ ᠵᠣᠷᠢᠵᠤ᠂ ᠥᠪᠥᠷ ᠮᠣᠩᠭᠤᠯ ᠤᠨ ᠠᠩᠬᠠᠳᠠᠭᠴᠢ ᠡᠭᠡᠯᠵᠢ ᠶᠢᠨ ᠳᠤᠮᠳᠠᠳᠤ ᠠᠽᠢᠶ᠎ᠠ ᠳᠤ ᠰᠢᠭᠤᠳ ᠨᠡᠪᠲᠡᠷᠡᠬᠦ ᠤᠯᠤᠰ ᠤᠨ ᠬᠤᠭᠤᠷᠣᠨᠳᠤᠬᠢ ᠭᠠᠯᠲᠤ ᠲᠡᠷᠭᠡ ᠵᠢᠩᠬᠢᠨᠢ ᠪᠠᠷ ᠨᠡᠪᠲᠡᠷᠡᠭᠰᠡᠨ ᠢ ᠬᠠᠷᠠᠭᠤᠯᠤᠭᠰᠠᠨ ᠪᠠᠶᠢᠨ᠎ᠠ᠃ ᠪᠤᠭᠤᠲᠤ ᠬᠤᠲᠠ ᠠᠴᠠ ᠠᠰᠲ᠋ᠠᠨᠠ ᠬᠦᠷᠬᠦ ᠳᠤᠮᠳᠠᠳᠤ ᠠᠽᠢᠶ᠎ᠠ ᠶᠢᠨ ᠡᠭᠡᠯᠵᠢ ᠶᠢᠨ ᠭᠠᠯᠲᠤ ᠲᠡᠷᠭᠡ ᠨᠢ 13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠣᠭᠤᠲᠤ ᠬᠤᠲᠠ ᠶᠢᠨ ᠵᠢᠦᠶᠦᠸᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠴᠠ ᠡᠬᠢᠯᠡᠨ ᠮᠣᠷᠳᠠᠵᠤ᠂ ᠪᠤᠭᠤᠲᠤ ᠠᠴᠠ ᠯᠠᠨᠵᠸᠦ ᠬᠦᠷᠬᠦ᠂ ᠯᠢᠩᠾᠧ ᠠᠴᠠ ᠬᠠᠮᠢ ᠬᠦᠷᠬᠦ᠂ ᠯᠠᠨᠵᠧᠦ ᠠᠴᠠ ᠰᠢᠨᠵᠢᠶᠠᠩ ᠬᠦᠷᠬᠦ ᠲᠡᠮᠦᠷ ᠵᠠᠮ ᠢᠶᠠᠷ ᠳᠠᠭᠠᠷᠢᠵᠤ᠂ ᠳᠤᠮᠳᠠᠳᠤ ᠺᠠᠽᠠᠬᠰᠲ᠋ᠠᠠ ᠤ ᠠᠯᠠᠱᠠᠨᠺᠸᠦ ᠪᠣᠭᠤᠮᠲᠠ ᠪᠠᠷ ᠭᠠᠷᠴᠤ᠂ ᠺᠠᠽᠠᠬᠰᠲ᠋ᠠᠠ ᠤ ᠠᠯᠮᠠ — ᠠᠲᠨ ᠪᠠᠷ ᠳᠠᠮᠵᠢᠨ᠂ ᠠᠰᠲ᠋ᠠᠨᠠ ᠳᠤ ᠬᠦᠷᠦᠨ᠎ᠡ᠂ ᠡᠨᠡ ᠬᠤᠭᠤᠷᠣᠨᠳᠤ 4332 ᠺᠢᠯᠣᠮᠧᠲᠷ ᠠᠶᠠᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号