ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2016/7/28
     7 ᠳ᠋ᠤᠭᠠᠷ ᠰᠠᠷ᠎ᠠ ᠶᠢᠨ 28᠎ ᠤ ᠡᠳᠦᠷ ᠤᠨ 9 ᠴᠠᠭ ᠲᠤ᠂ ︽ᠲᠠᠯ᠎ᠠ ᠨᠤᠲᠤᠭ ᠤᠨ ᠰᠣᠶᠣᠯ ᠢ ᠦᠵᠡᠵᠤ᠂ ᠳᠤᠮᠳᠠᠳᠤ ᠶᠢᠨ ᠪᠢᠴᠢᠭ ᠰᠤᠷᠪᠤᠯᠵᠢ ᠶᠢ ᠠᠮᠲᠠᠷᠬᠠᠬᠤ︾ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠦᠵᠡᠰᠬᠦᠯᠡᠩ ᠪᠤᠭᠤᠲᠤ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠡᠨᠡ ᠤᠳᠠᠭᠠᠨ ᠤ ᠨᠣᠮ ᠪᠢᠴᠢᠭ ᠤᠨ ᠦᠵᠡᠰᠬᠦᠯᠡᠩ ᠢ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠪᠡ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠬᠤᠲᠠ ᠪᠤᠯᠤᠨ ᠰᠠᠯᠠᠭ᠎ᠠ ᠮᠥᠴᠢᠷ ᠬᠠᠭᠠᠰ ᠵᠢᠯ ᠬᠡᠷᠢᠲᠠᠢ ᠪᠡᠯᠡᠳᠭᠡᠭᠡᠳ ᠪᠤᠭᠤᠲᠤ ᠶᠢᠨ ᠭᠤᠣᠯ ᠲᠠᠯᠠᠪᠠᠢ ᠪᠣᠯᠤᠨ ᠤᠯᠠᠭᠠᠨᠴᠠᠪ᠂ ᠦᠬᠠᠶ ᠬᠤᠶᠠᠷ ᠬᠤᠪᠢᠶᠠᠷᠢ ᠲᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ᠃      ᠣᠶᠢᠯᠠᠭᠠᠭᠰᠠᠨ ᠢᠶᠠᠷ᠂ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠪᠣᠯ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠤᠯᠤᠨ ᠪᠦᠬᠦ ᠤᠯᠤᠰ ᠤᠨ ᠰᠣᠨᠢᠨ ᠮᠡᠳᠡᠭᠡ ᠬᠡᠪᠯᠡᠯ ᠤᠨ ᠡᠲᠡᠭᠡᠳ ᠤᠨ ᠬᠢᠨ ᠨᠠᠷᠢᠨ ᠨᠢᠮᠪᠠᠶ ᠡᠭᠦᠳᠦᠭᠰᠡᠨ ᠰᠣᠶᠣᠯ ᠤᠨ ᠨᠡᠷᠡᠶᠢᠳᠭᠦᠨ ᠪᠤᠯᠤᠨ᠎ᠠ᠂ 1980 ᠣᠨ ᠠᠴᠠ ᠡᠬᠢᠯᠡᠨ 36 ᠵᠢᠯ ᠤᠨ ᠲᠤᠷᠰᠢᠳᠠ ᠲᠠᠰᠤᠷᠠᠯᠲᠠ ᠦᠭᠡᠢ ᠡᠮᠬᠢᠯᠡᠨ ᠲᠢᠭᠯᠡᠵᠤ᠂ ᠬᠠᠭᠤᠴᠢᠨ ᠢ ᠲᠠᠶᠠᠭᠳᠠᠨ ᠰᠢᠨ᠎ᠡ ᠶᠢ ᠭᠠᠷᠭᠠᠵᠤ ᠂ ᠵᠦᠪᠭᠡᠨ ᠨᠣᠮ ᠪᠢᠴᠢᠭ  ᠠᠷᠠᠯᠵᠢᠶᠠᠯᠠᠵᠤ ᠪᠠᠶᠢᠭᠰᠠᠨ ᠠᠴᠠ ᠪᠠᠨ ᠤᠳᠤ ᠨᠢᠭᠡᠨᠲᠡ ᠬᠡᠪᠯᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ᠂ ᠰᠣᠶᠣᠯ ᠤᠨ ᠮᠡᠳᠡᠭᠡ ᠵᠠᠩᠭᠢ ᠰᠣᠯᠢᠯᠴᠠᠬᠤ᠂ ᠠᠵᠢᠯ ᠲᠥᠷᠥᠯ ᠢ ᠰᠤᠳᠤᠯᠤᠨ ᠶᠠᠷᠢᠯᠴᠠᠬᠤ ᠪᠠ ᠠᠷᠠᠳ ᠨᠡᠶᠢᠲᠡ ᠪᠠᠷ ᠢᠶᠠᠨ ᠨᠣᠮ ᠤᠩᠰᠢᠬᠤ ᠶᠢ ᠰᠠᠨᠠᠭᠠᠴᠢᠯᠠᠬᠤ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠰᠣᠶᠣᠯ ᠤᠨ ᠦᠪᠡᠳᠡᠭᠰᠢ ᠶᠡᠭᠡ ᠴᠤᠭᠯᠠᠭᠠᠨ ᠪᠤᠯᠵᠤ ᠬᠦᠭᠵᠢᠪᠡ᠃      ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠲᠠᠯᠠᠪᠠᠢ ᠠᠴᠠ ᠣᠶᠢᠯᠠᠭᠠᠵᠤ ᠮᠡᠳᠡᠭᠰᠡᠨ ᠨᠢ᠂ ᠪᠤᠭᠤᠲᠤ ᠶᠢᠨ ᠭᠤᠣᠯ ᠲᠠᠯᠠᠪᠠᠢ ᠳᠤ ABC ᠬᠡᠬᠦ ᠭᠤᠷᠪᠠᠨ ᠦᠵᠡᠭᠦᠯᠦᠯᠭᠡ ᠶᠢᠨ ᠲᠣᠭᠤᠷᠢᠭ ᠬᠤᠪᠢᠶᠠᠵᠤ᠂ ᠨᠡᠶᠢᠲᠡ 2127 ᠳᠡᠯᠭᠡᠨ ᠦᠵᠡᠭᠦᠯᠬᠦ ᠪᠠᠶᠢᠷᠢ ᠲᠤᠬᠢᠷᠠᠭᠤᠯᠤᠨ᠂ ᠪᠦᠬᠦ ᠤᠯᠤᠰ ᠤᠨ ᠡᠯ᠎ᠡ ᠮᠤᠵᠢ ᠣᠷᠣᠨ ᠬᠤᠲᠠ᠂ ᠲᠥᠪ ᠤᠨ ᠰᠢᠭᠤᠳ ᠬᠠᠷᠢᠶ᠎ᠠ   ᠬᠡᠪᠯᠡᠯ ᠤᠨ ᠨᠢᠭᠡᠴᠡ ᠵᠡᠷᠭᠡ 41 ᠲᠥᠯᠥᠭᠡᠯᠡᠭᠴᠢᠳ ᠤᠨ ᠪᠦᠯᠬᠦᠮ ᠪᠤᠯᠤᠨ 860 ᠬᠡᠪᠯᠡᠨ ᠲᠠᠷᠬᠠᠭᠠᠬᠤ ᠨᠢᠭᠡᠴᠡ ᠦᠵᠡᠭᠦᠯᠦᠯᠭᠡ ᠳᠤ ᠤᠷᠤᠯᠴᠠᠭᠰᠠᠨ ᠪᠠᠶᠢᠨ᠎ᠠ᠃ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠴᠤᠭᠯᠠᠭᠠᠨ ᠳᠤ᠂ 6000 ᠭᠠᠷᠤᠶ ᠲᠥᠯᠥᠭᠡᠯᠡᠭᠴᠢᠳ ᠪᠦᠬᠦ ᠤᠯᠤᠰ ᠤᠨ ᠨᠣᠮ ᠬᠡᠪᠯᠡᠯ ᠤᠨ ᠡᠲᠡᠭᠡᠳ ᠤᠨ 5 ᠲᠦᠮᠨ ᠰᠢᠬᠠᠮ ᠬᠥᠮᠦᠨ ᠣᠷᠣᠯᠴᠠᠵᠤ᠂ 10 ᠲᠦᠮᠡ ᠭᠠᠷᠤᠢ ᠲᠥᠷᠥᠯ ᠤᠨ ᠬᠡᠪᠯᠡᠭᠳᠡᠬᠦᠨ ᠢ ᠳᠡᠯᠭᠡᠨ ᠦᠵᠡᠭᠦᠯᠦᠨ᠎ᠡ᠃ ᠤᠯᠠᠭᠠᠨᠴᠠᠪ ᠤᠨ ᠬᠤᠪᠢᠶᠠᠷᠢ ᠲᠠᠯᠠᠪᠠᠢ ᠶᠢᠨ 1 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠦᠵᠡᠰᠭᠦᠯᠡᠩ ᠤᠨ ᠤᠷᠳᠤᠨ ᠤ ᠪᠦᠬᠦ ᠦᠵᠡᠭᠦᠯᠦᠯᠭᠡ ᠶᠢᠨ ᠪᠠᠶᠢᠷᠢ ᠶᠢ ᠨᠢᠭᠡᠨᠲᠡ ᠤᠷᠢᠳᠴᠢᠯᠠᠨ ᠵᠠᠬᠢᠶᠠᠯᠠᠵᠤ ᠳᠠᠭᠤᠰᠪᠠ᠃ ᠦᠬᠠᠶ ᠶᠢᠨ ᠬᠤᠪᠢᠶᠠᠷᠢ ᠲᠠᠯᠠᠪᠠᠢ ᠳᠤ ᠨᠡᠶᠢᠳᠡ 619 ᠳᠡᠯᠭᠡᠨ ᠦᠵᠡᠭᠦᠯᠬᠦ ᠪᠠᠶᠢᠷᠢ ᠲᠤᠬᠢᠷᠠᠭᠤᠯᠵᠤ᠂ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠰᠢᠯᠢᠳᠡᠭ ᠨᠣᠮ ᠪᠢᠴᠢᠭ᠂ ᠳᠡᠯᠡᠬᠡᠶ ᠶᠢᠨ ᠠᠯᠳᠠᠷᠲᠤ ᠬᠥᠮᠦᠰ ᠤᠨ ᠵᠢᠷᠤᠭ ᠪᠢᠴᠢᠭᠡᠰᠦ᠂ ᠰᠣᠶᠣᠯ ᠤᠨ ᠪᠦᠲᠦᠭᠡᠯᠴᠢ ᠵᠦᠢᠯᠡᠰ᠂ ᠪᠢᠴᠢᠭ ᠤᠨ ᠥᠷᠥᠭᠡᠨ ᠤ ᠳᠥᠷᠪᠡᠨ ᠡᠷᠳᠡᠨᠢ ᠵᠡᠷᠭᠡ ᠤᠯᠠᠨ ᠠᠷᠪᠢᠨ ᠰᠣᠳᠣᠨ ᠪᠦᠲᠦᠭᠡᠯ ᠬᠦᠮᠦᠰ ᠤᠨ ᠬᠠᠷᠠᠭᠠᠨ ᠳᠤ ᠲᠤᠳᠤᠷᠠᠬᠤ ᠪᠤᠯᠤᠨ᠎ᠠ᠃ ᠡᠭᠦᠨ ᠠᠴᠠ ᠭᠠᠳᠠᠨ᠎ᠠ᠂ ᠡᠨᠡ ᠤᠳᠠᠭᠠᠨ ᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠳᠤ ᠰᠣᠶᠣᠯ ᠤᠨ ᠡᠲᠡᠭᠡᠳ ᠤᠨ ᠨᠠᠷᠠᠳᠤ ᠬᠥᠮᠦᠰ ᠴᠤᠭᠯᠠᠷᠠᠬᠤ ᠪᠤᠯᠤᠨ᠎ᠠ᠂ ᠮᠠᠨ ᠤ ᠤᠯᠤᠰ ᠤᠨ ᠠᠯᠳᠠᠷᠲᠤ ᠰᠣᠶᠣᠯ ᠤᠨ ᠡᠷᠳᠡᠮᠲᠡᠨ ᠢᠦᠶ ᠴᠢᠦ ᠢᠦᠶ᠂ ᠠᠯᠳᠠᠷᠲᠤ ᠲᠡᠤᠭᠡᠴᠢᠨ ᠶᠠᠨ ᠴᠥᠩ ᠨᠢᠶᠠᠨ ᠨᠠᠷ ᠢ ᠪᠠᠭᠲᠠᠭᠠᠭᠰᠠᠨ ᠤᠯᠠᠨ ᠠᠷᠪᠢᠨ ᠡᠷᠳᠡᠮᠲᠡᠨ ᠮᠡᠷᠭᠡᠳ ᠪᠤᠭᠤᠲᠤ ᠳᠤ ᠪᠡᠶ᠎ᠡ ᠪᠠᠷ ᠢᠶᠠᠨ ᠢᠷᠡᠵᠡᠬᠡᠵᠤ᠂ ᠶᠠᠷᠢᠶ᠎ᠠ ᠢᠯᠡᠳᠭᠡᠯ ᠬᠢᠬᠦ ᠵᠡᠷᠭᠡ ᠠᠵᠢᠯᠯᠠᠭ᠎ᠠ ᠪᠠᠷ ᠥᠪᠥᠷ ᠮᠣᠩᠭᠤᠯ ᠤᠨ ᠤᠩᠰᠢᠭᠴᠢᠳ ᠯᠤᠭ᠎ᠠ ᠨᠣᠮ ᠪᠢᠴᠢᠭ ᠪᠤᠯᠤᠨ ᠰᠣᠶᠣᠯ ᠤᠨ ᠲᠤᠬᠠᠢ ᠣᠯᠤᠯᠲᠠ ᠲᠦᠷᠦᠭᠳᠡᠯ ᠢᠶᠠᠨ ᠬᠤᠪᠢᠶᠠᠯᠴᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号