ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠦᠶᠡᠷ ᠢ ᠰᠡᠷᠭᠡᠶᠢᠯᠡᠬᠦ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2016/7/28
           7 ᠳ᠋ᠤᠭᠠᠷ ᠰᠠᠷ᠎ᠠ ᠶᠢᠨ 26᠎ ᠤ ᠦᠳᠡ ᠶᠢᠨ ᠬᠤᠶᠢᠨ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠦᠶᠡᠷ ᠢ ᠰᠡᠷᠭᠡᠶᠢᠯᠡᠬᠦ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠢᠵᠦ᠂ ᠬᠤᠳᠠᠯᠳᠤᠭᠠᠨ ᠤ ᠶᠠᠮᠤᠨ ᠤ ᠬᠤᠷᠠᠯᠳᠤᠭᠤᠯᠤᠭᠰᠠᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠢᠴᠢ ᠠᠶᠤᠯᠭᠦᠶ ᠦᠢᠯᠡᠳᠪᠦᠷᠢᠯᠡᠯ ᠤᠨ ᠬᠠᠷᠠᠭᠠᠨ ᠳᠠᠪᠲᠠᠮᠵᠢ ᠶᠢᠨ ᠬᠤᠷᠠᠯ ᠵᠢᠴᠢ ᠪᠦᠬᠦ ᠣᠷᠣᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠪᠠᠴᠢᠮ ᠳᠠᠶᠢᠴᠢᠯᠠᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠨᠠᠷᠢᠯᠢᠭ ᠪᠠᠶᠢᠷᠢᠯᠠᠭᠤᠯᠵᠤ᠂ ᠡᠯ᠎ᠡ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠲᠢᠩᠬᠢᠮ ᠤᠨ ᠪᠠᠶᠢᠭᠤᠯᠭ᠎ᠠ ᠶᠢᠨ ᠭᠠᠵᠠᠷ ᠭᠡᠷ ᠤᠨ ᠬᠠᠷᠢᠭᠤᠴᠠᠯᠭᠠᠲᠠᠤᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ ᠰᠦᠨ ᠲᠢᠩᠬᠢᠮ ᠤᠨ ᠳᠠᠷᠤᠭ᠎ᠠ ᠴᠢᠬᠤᠯᠠ ᠶᠠᠷᠢᠶ᠎ᠠ ᠲᠠᠯᠪᠢᠵᠤ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠵᠦ᠂ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠠᠭᠠᠴᠠᠬᠤ ᠲᠥᠰᠦᠪ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠨ ᠠᠵᠢᠭᠯᠠᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠤ ᠭᠦᠨᠵᠡᠭᠡᠶᠢᠷᠡᠨ ᠴᠡᠭᠴᠡᠯᠡᠨ ᠵᠠᠰᠠᠬᠤ ᠵᠡᠷᠭᠡ ᠲᠠᠪᠤᠨ ᠲᠠᠯ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠦᠷ᠎ᠡ ᠪᠦᠲᠦᠭᠡᠯ ᠢ ᠨᠤᠲᠠᠯᠠᠭᠠᠳ ᠴᠢᠬᠤᠯᠠᠴᠢᠯᠠᠭᠰᠠᠨ ᠨᠢ᠂ ᠣᠳᠣᠬᠠᠨ ᠤ ᠦᠶᠡᠷ ᠢ ᠰᠡᠷᠭᠡᠶᠢᠯᠡᠬᠦ ᠬᠤᠭᠤᠴᠠᠭᠠᠨ ᠤ ᠪᠠᠶᠢᠳᠠᠯ ᠬᠦᠨᠳᠦ ᠨᠣᠴᠢᠲᠠᠶ ᠪᠣᠯᠤᠭᠰᠠᠨ ᠪᠠᠶᠢᠳᠠᠯ ᠳᠣᠣᠷ᠎ᠠ᠂ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠪᠤᠢ ᠪᠦᠬᠦᠢ ᠺᠠᠳ᠋ᠷ ᠠᠵᠢᠯᠲᠠᠨ ᠨᠡᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠵᠠᠷᠯᠢᠭ ᠴᠠᠭᠠᠵᠠ ᠶᠢ ᠳᠠᠭᠠᠵᠤ᠂ ᠵᠠᠰᠠᠭ ᠤᠨ ᠵᠠᠷᠯᠢᠭ ᠢ ᠰᠠᠭᠠᠳ ᠦᠭᠡᠢ ᠨᠡᠪᠲᠡᠷᠡᠭᠦᠯᠵᠦ᠂ ᠦᠶᠡᠷ ᠢ ᠰᠡᠷᠭᠡᠶᠢᠯᠡᠬᠦ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠦᠨᠡᠨᠬᠦ ᠲᠣᠭᠲᠠᠭᠤᠨ ᠪᠠᠶᠢᠯᠭᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号