7 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠭᠤᠯᠭᠠᠭᠰᠠᠨ ︽2016 ᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ | ᠪᠤᠷᠤᠯᠠᠭᠤᠯᠤᠭᠰᠠᠨ ᠳᠤ ᠴᠣᠬᠢᠯᠲᠠ ᠦᠭᠭᠦ ᠠᠵᠢᠯ ᠤᠨ ᠭᠤᠣᠯᠳᠠᠯᠭ᠎ᠠ ᠶᠢᠨ ᠲᠤᠬᠠᠶ ᠮᠡᠳᠡᠭᠳᠡᠯ︾ ᠳᠤ ᠵᠢᠭᠠᠵᠤ | ᠭᠠᠷᠭᠠᠭᠰᠠᠨ ᠨᠢ᠂ ᠢᠳᠡᠭᠡᠨ ᠤ ᠵᠦᠢᠯ ᠪᠤᠯᠤᠨ ᠡᠮ ᠤᠨ ᠵᠦᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ | ᠭᠡᠷ ᠤᠨ ᠴᠠᠬᠢᠯᠭᠠᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡᠨ ᠤ ᠰᠡᠯᠪᠢᠭ ᠲᠤᠨᠤᠭ᠂ ᠬᠡᠦᠬᠡᠳ ᠤᠨ | ᠡᠳ᠋ᠯᠡᠯ ᠵᠡᠷᠭᠡ ᠨᠡᠶᠢᠭᠡᠮ ᠤᠨ ᠲᠤᠰᠬᠠᠯ ᠢᠶᠠᠷ ᠲᠥᠪᠯᠡᠷᠡᠩᠭᠦᠶ᠂ ᠡᠷᠡᠭᠦᠯ ᠮᠡᠨᠳᠤ ᠶᠢᠨ ᠠᠮᠤᠷ ᠲᠦᠪᠰᠢᠨ ᠯᠦᠭᠡ | ᠬᠠᠷᠢᠴᠠᠭ᠎ᠠ ᠲᠠᠢ᠂ ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠡᠷᠡᠭᠯᠡᠭᠡᠨ ᠤ ᠵᠦᠢᠯ ᠪᠣᠯᠤᠨ | ᠦᠢᠯᠡᠳᠪᠦᠷᠢᠯᠡᠯ ᠤᠨ ᠬᠡᠷᠡᠭᠰᠡᠯ ᠢ ᠳᠤᠪᠤᠶᠢᠯᠭᠠᠬᠤ ᠪᠠᠷ ᠭᠤᠣᠯᠳᠠᠯᠭ᠎ᠠ ᠪᠣᠯᠭᠠᠵᠤ᠂ ᠰᠦᠯᠵᠢᠶᠡᠨ ᠳᠡᠭᠡᠷᠡᠬᠢ | ᠠᠷᠠᠯᠵᠢᠶ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠬᠠᠮᠢᠶᠠᠷᠬᠤ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠶᠢᠨ ᠬᠠᠮᠲᠤ ᠰᠦᠯᠵᠢᠶᠡᠨ ᠳᠡᠭᠡᠷᠡᠬᠢ ᠠᠷᠠᠯᠵᠢᠶᠠᠨ ᠤ ᠲᠠᠸᠠᠷ ᠢ | ᠬᠠᠨᠳᠤᠯᠭ᠎ᠠ ᠲᠠᠢ ᠬᠢᠨᠠᠨ ᠬᠡᠮᠵᠢᠬᠦ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠤ | ᠶᠠᠰᠤ ᠴᠢᠨᠠᠷ ᠤᠨ ᠬᠠᠤᠯᠢ ᠬᠡᠷᠡᠭᠵᠢᠬᠦᠯᠵᠤ ᠬᠠᠭᠤᠷᠴᠤ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠴᠦ ᠡᠷᠬᠡ ᠠᠰᠢᠭ ᠢ | ᠬᠠᠮᠠᠭᠠᠯᠠᠬᠤ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠡᠷᠬᠡ ᠳᠤ ᠬᠠᠯᠳᠠᠭᠰᠠᠨ ᠶᠠᠪᠤᠳᠠᠯ ᠪᠠ ᠬᠤᠳᠠᠯ ᠬᠠᠭᠤᠷᠮᠠᠭ ᠲᠠᠸᠠᠷ ᠢ ᠮᠦᠷᠳᠡᠨ ᠨᠡᠬᠡᠮᠵᠢᠯᠡᠬᠦ | ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ ᠬᠡᠪᠡ᠃ | ᠮᠡᠳᠡᠭᠳᠡᠯ ᠳᠤ ᠱᠠᠭᠠᠷᠳᠠᠭᠰᠠᠨ ᠨᠢ᠂ ᠰᠦᠯᠵᠢᠶᠡᠨ ᠳᠡᠭᠡᠷ᠎ᠡ ᠡᠷᠬᠡ ᠳᠤ ᠬᠠᠯᠳᠠᠭᠰᠠᠨ ᠪᠠ ᠬᠡᠪᠯᠡᠯ ᠢ | ᠬᠤᠯᠠᠭᠠᠶᠢᠯᠠᠭᠰᠠᠨ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠂ ᠲᠣᠣᠷ ᠰᠦᠯᠵᠢᠶᠡᠨ ︵ᠭᠠᠷ ᠤᠲᠠᠰᠤ︶ | ᠳᠡᠭᠡᠷᠡᠬᠢ ᠤᠳᠬ᠎ᠠ ᠵᠣᠬᠢᠶᠠᠯ᠂ ᠳᠠᠭᠤᠤ ᠬᠥᠭᠵᠢᠮ᠂ ᠺᠢᠨᠣ᠋ ᠲᠧᠯᠸᠢᠰ᠂ ᠲᠣᠭᠯᠠᠭᠠᠮ᠂ ᠺᠠᠷᠲ᠋ᠤᠨ ᠵᠢᠷᠤᠭ᠂ ᠵᠥᠭᠡᠯᠡᠨ | ᠲᠤᠨᠤᠭᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ᠂ ᠠᠷᠪᠠᠨ ᠬᠤᠶᠠᠳᠤᠭᠠᠷ ᠤᠳᠠᠭᠠᠨ ᠤ ᠰᠦᠯᠵᠢᠶᠡᠨ | ᠳᠡᠭᠡᠷᠡᠬᠢ ᠡᠷᠬᠡ ᠳᠤ ᠬᠠᠯᠳᠠᠭᠰᠠᠨ ᠪᠠ ᠬᠡᠪᠯᠡᠯ ᠢ ᠬᠤᠯᠠᠭᠠᠶᠢᠯᠠᠭᠰᠠᠨ ᠠᠵᠢᠯᠯᠠᠭ᠎ᠠ ᠳᠤ ᠴᠤᠬᠢᠯᠲᠠ ᠦᠭᠭᠦ ︽ᠬᠤᠷᠴᠠ | ᠰᠡᠯᠡᠮᠡᠲᠦ ᠰᠦᠯᠵᠢᠶᠡᠨ ᠠᠵᠢᠯᠯᠠᠭ᠎ᠠ︾ ᠶᠢ ᠦᠷᠨᠢᠬᠦᠯᠬᠦ ᠬᠡᠷᠡᠭᠲᠠᠢ︔ ᠳᠤᠮᠳᠠᠳᠤ ᠤᠯᠤᠰ ᠤᠨ ᠦᠢᠯᠡᠳᠦᠭᠰᠡᠨ | ᠲᠠᠸᠠᠷ ᠤᠨ ᠭᠠᠳᠠᠭᠠᠳᠤ ᠳᠠᠬᠢ ᠲᠦᠷᠢ ᠲᠥᠷᠬᠦ ᠶᠢ ᠬᠠᠮᠠᠭᠠᠯᠠᠬᠤ ︽ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ | ᠯᠠᠪᠳᠠᠭᠤᠨ ᠪᠠᠲᠤᠲᠠᠶ ᠦᠷᠨᠢᠬᠦᠯᠬᠦ ᠬᠡᠷᠡᠭᠲᠠᠢ᠃ ᠬᠥᠮᠦᠨ ᠤ ᠪᠡᠶ᠎ᠡ ᠶᠢᠨ ᠡᠷᠡᠭᠦᠯ ᠮᠡᠨᠳᠤ ᠠᠮᠤᠷ ᠲᠦᠪᠰᠢᠨ ᠳᠤ | ᠬᠤᠯᠪᠣᠭᠳᠠᠭᠰᠠᠨ ᠡᠯᠧᠺᠲᠷᠣᠨ ᠴᠠᠬᠢᠯᠭᠠᠨ ᠬᠡᠷᠡᠭᠰᠡᠯ ᠤᠨ ᠦᠢᠯᠡᠳᠬᠦᠨ᠂ ᠵᠠᠰᠠᠯ ᠴᠢᠮᠡᠭ ᠤᠨ ᠬᠡᠷᠡᠭᠰᠡᠯ᠂ ᠨᠡᠬᠡᠮᠡᠯ ᠤᠨ | ᠵᠦᠢᠯ᠂ ᠡᠳᠦᠷ ᠳᠤᠳᠤᠮ ᠤᠨ ᠬᠡᠷᠡᠭᠯᠡᠭᠡᠨ ᠤ ᠵᠦᠢᠯ᠂ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠲᠠᠸᠠᠷ ᠲᠤ | ᠰᠠᠯᠠᠭ᠎ᠠ ᠮᠥᠴᠢᠷ ᠤᠳ ᠬᠠᠤᠯᠢ ᠬᠡᠷᠡᠭᠵᠢᠬᠦᠯᠦᠯᠲᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠬᠢᠯᠢ ᠠᠯᠤᠰᠯᠠᠭᠰᠠᠨ | ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠲᠠᠸᠠᠷ ᠦᠢᠯᠡᠳᠴᠦ ᠪᠤᠷᠤᠯᠠᠭᠤᠯᠤᠭᠰᠠᠨ ᠬᠠᠤᠯᠢ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦ ᠬᠡᠷᠡᠭᠲᠠᠢ︔ ᠮᠤᠵᠢ ᠣᠷᠣᠨ ᠠᠯᠤᠰᠯᠠᠭᠰᠠᠨ ᠡᠮ ᠤᠨ ᠵᠦᠢᠯ᠂ | ᠵᠠᠰᠠᠯ ᠴᠢᠮᠡᠭ ᠤᠨ ᠬᠡᠷᠡᠭᠰᠡᠯ᠂ ᠡᠮᠴᠢᠯᠡᠭᠡ ᠶᠢᠨ ᠪᠠᠭᠠᠵᠢ ᠬᠡᠷᠡᠭᠰᠡᠯ᠂ ᠡᠷᠡᠭᠦᠯᠵᠢᠯ ᠤᠨ ᠢᠳᠡᠭᠡᠨ ᠤ ᠲᠠᠯ᠎ᠠ ᠪᠠᠷ ᠬᠠᠤᠯᠢ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠬᠢᠨᠠᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠪᠠᠨ | ᠴᠢᠩᠭᠠᠳᠬᠠᠬᠤ ᠬᠡᠷᠡᠭᠲᠡᠶ︔ ᠴᠢᠯᠠᠭᠤᠨ ᠲᠣᠰᠣ ᠪᠤᠯᠪᠠᠰᠤᠷᠠᠭᠤᠯᠬᠤ ᠬᠢᠮᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠬᠦ ᠵᠥᠪᠰᠢᠶᠡᠷᠡᠯ ᠦᠭᠡᠢ ᠪᠠᠷ ᠬᠠᠤᠯᠢ ᠠᠴᠠ ᠵᠦᠷᠢᠴᠡᠨ ᠦᠢᠯᠡᠳᠪᠦᠷᠢᠯᠡᠭᠰᠡᠨ᠂ ᠤᠯᠤᠰ ᠤᠨ | ᠪᠠᠷᠢᠮᠵᠢᠶ᠎ᠠ ᠳᠤ ᠨᠡᠶᠢᠴᠡᠬᠦ ᠦᠭᠡᠢ ᠲᠡᠷᠭᠡᠨ ᠳᠤ ᠬᠡᠷᠡᠭᠯᠡᠬᠦ ᠰᠢᠲᠠᠭᠠᠯᠭ᠎ᠠ ᠶᠢᠨ ᠲᠤᠰᠤ ᠶᠢ ᠪᠤᠷᠤᠯᠠᠭᠤᠯᠤᠭᠰᠠᠨ ᠵᠡᠷᠭᠡ | ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠠᠢ︔ ᠪᠠᠷᠢᠯᠭ᠎ᠠ ᠶᠢᠨ | ᠮᠠᠲ᠋ᠧᠷᠢᠶᠠᠯ᠂ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠪᠠᠷ ᠭᠤᠣᠯᠳᠠᠯᠭ᠎ᠠ ᠪᠣᠯᠭᠠᠨ᠂ ︽ᠶᠠᠰᠤ ᠴᠢᠨᠠᠷ ᠢ ᠰᠢᠯᠭᠠᠨ | ᠪᠠᠶᠢᠴᠠᠭᠠᠬᠤ ᠬᠤᠷᠴᠠ ᠰᠡᠯᠡᠮ᠎ᠡ︾ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠬᠦ ᠬᠡᠷᠡᠭᠲᠠᠢ︔ ᠭᠡᠷ ᠤᠨ | ᠴᠠᠬᠢᠯᠭᠠᠨ ᠬᠡᠷᠡᠭᠰᠡᠯ᠂ ᠬᠤᠪᠴᠠᠰᠤ ᠬᠤᠨᠠᠷ᠂ ᠤᠬᠢᠶᠠᠯᠭ᠎ᠠ ᠶᠢᠨ ᠡᠳ᠋ ᠤᠨ ᠠᠵᠢᠯ ᠲᠦᠷᠣᠯ ᠢᠶᠠᠷ ᠭᠤᠣᠯᠳᠠᠯᠭ᠎ᠠ | ᠪᠣᠯᠭᠠᠨ᠂ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠠᠯᠳᠠᠭ᠎ᠠ ᠬᠢᠬᠦ ᠶᠢ ᠨᠢ ᠲᠦᠯᠬᠢᠨ ᠠᠬᠢᠭᠤᠯᠬᠤ | ᠬᠡᠷᠡᠭᠲᠠᠢ︔ ᠳᠠᠩᠰᠠᠯᠠᠨ ᠬᠠᠮᠢᠶᠠᠷᠬᠤ ᠳᠤ ᠤᠷᠤᠭᠤᠯᠤᠭᠰᠠᠨ ᠭᠠᠳᠠᠭᠠᠳᠤ ᠠᠴᠠ ᠣᠷᠣᠭᠤᠯᠬᠤ ᠢᠳᠡᠭᠡᠨ ᠤ ᠲᠠᠯ᠎ᠠ ᠪᠠᠷ | ᠦᠨᠡᠮᠯᠡᠯ ᠦᠭᠡᠢ ᠪᠠᠷ ᠪᠤᠷᠤᠯᠠᠭᠤᠯᠤᠭᠰᠠᠨ ᠵᠡᠷᠭᠡ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠮᠠᠪᠴᠢ᠂ ᠠᠭᠠᠷ ᠴᠡᠪᠡᠷᠰᠢᠭᠦᠯᠬᠦ ᠮᠠᠰᠢᠨ ᠵᠡᠷᠭᠡ ᠪᠠᠷ | ᠭᠤᠣᠯᠳᠠᠯᠭ᠎ᠠ ᠪᠣᠯᠭᠠᠵᠤ᠂ ᠤᠨᠢᠶᠠᠷ ᠮᠠᠨᠠᠨ ᠢ ᠰᠡᠷᠭᠡᠶᠢᠯᠡᠬᠦ ᠲᠠᠸᠠᠷ ᠲᠤ ᠬᠢᠨᠠᠯᠲᠠ ᠲᠠᠯᠪᠢᠵᠤ ᠰᠤᠭᠤᠴᠡᠠ ᠪᠠᠶᠢᠴᠠᠭᠠᠬᠤ | ᠪᠠ ᠲᠤᠰᠬᠠᠶ ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠬᠡᠷᠡᠭᠲᠠᠢ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢᠶᠠᠨ ᠬᠠᠮᠠᠭᠠᠯᠠᠬᠤ ︽ᠠᠶᠠᠯᠠᠯ ᠬᠠᠮᠠᠭᠠᠯᠠᠬᠤ︾ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠤᠷᠭᠤᠮᠠᠯ ᠤᠨ ᠰᠢᠨ᠎ᠡ ᠲᠦᠷᠦᠯ ᠵᠦᠢᠯ᠂ ᠭᠠᠵᠠᠷ ᠵᠦᠢ ᠶᠢᠨ | ᠲᠡᠮᠳᠡᠭ᠂ ᠬᠤᠷᠠᠮᠠᠯ ᠴᠠᠬᠢᠯᠭᠠᠨ ᠬᠡᠯᠬᠢᠶᠡᠨ ᠤ ᠲᠠᠷᠬᠠᠯᠲᠠ ᠶᠢᠨ ᠵᠢᠷᠤᠭ ᠲᠦᠯᠦᠪᠯᠡᠭᠡ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠠᠢ ᠬᠡᠪᠡ᠃ |