| ᠰᠤᠷᠪᠤᠯᠵᠢᠯᠠᠭᠰᠠᠨ ᠴᠠᠭ᠄ | 2016 ᠣᠨ ᠤ 7 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠸᠧᠨ ᠮᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ᠂ ᠥᠪᠥᠷ ᠮᠣᠩᠭᠤᠯ︾ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠠᠷᠢᠯᠴᠠᠯᠭ᠎ᠠ ᠶᠢᠨ ᠪᠤᠯᠤᠩ ᠳᠤ ᠤᠷᠢᠵᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠠᠵᠢᠯ ᠤᠨ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠭᠡᠬᠦ ᠪᠠᠷ ᠪᠣᠯᠣᠯ᠎ᠠ᠃ | ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠣᠷᠣᠯᠴᠠᠬᠤ ᠪᠣᠯᠪᠠᠦ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠠᠨᠳᠠ ᠨᠠᠷ ᠲᠠ ᠪᠦᠭᠦᠨ ᠰᠠᠶᠢᠨ ᠪᠠᠶᠢᠵᠠᠭᠠᠨ᠎ᠠ ᠦᠦ᠂ ᠲᠨ ᠪᠦᠬᠦᠨ ᠤ ᠲᠤᠰ ᠬᠤᠭᠤᠴᠠᠭ᠎ᠠ ᠶᠢᠨ | ︽ᠳᠤᠮᠳᠠᠳᠤ ᠤᠯᠤᠰ᠂ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠶᠢᠨ ᠪᠤᠯᠤᠩ ᠢ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠵᠤ ︽ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠬᠠᠮᠢᠶ᠎ᠠ ᠪᠦᠬᠦᠢ ᠠᠰᠠᠭᠤᠳᠠᠯ ︾ ᠤᠨ ᠲᠤᠬᠠᠢ ᠰᠦᠯᠵᠢᠶᠡᠨ ᠠᠨᠳᠠ ᠨᠠᠷ | ᠲᠤ ᠨᠠᠷᠢᠨ ᠲᠠᠶᠢᠯᠪᠤᠷᠢᠯᠠᠯᠲᠠ ᠬᠢᠯᠭᠡᠬᠦ ᠪᠠᠷ ᠪᠣᠯᠣᠯ᠎ᠠ᠃ ᠸᠧᠨ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕ | ᠸᠧᠨ ᠮᠢᠨ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠸᠧᠨ ᠡᠷᠬᠢᠯᠡᠭᠴᠢ ᠡ᠂ ᠶᠠᠭᠤᠨ ᠤ ᠡᠮᠦᠨ᠎ᠡ ᠮᠠᠨ ᠳᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠠᠵᠢᠯ ᠢ ᠬᠡᠷᠬᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠶᠢᠭ᠎ᠠ ᠶᠢ ᠶᠠᠷᠢᠭᠠᠳ ᠥᠭᠭᠦᠨ᠎ᠡ ᠦᠦ︖ | ᠸᠧᠨ ᠮᠢᠨ᠄ | ᠶᠡᠷᠦᠩᠬᠡᠶ ᠵᠠᠷᠴᠢᠮ ᠪᠣᠯ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ | ᠠᠶᠢᠮᠠᠭ ᠬᠤᠳᠠ ᠶᠢᠨ ᠭᠤᠣᠯ ᠵᠢᠯᠣᠭᠤᠳᠴᠦ᠂ ᠬᠤᠰᠢᠭᠤ ᠰᠢᠶᠠᠨ ᠭᠤᠣᠯᠯᠠᠨ ᠠᠳᠬᠤᠨ᠎ᠠ᠃ ᠥᠪᠡᠷᠲᠡᠭᠡᠨ ᠵᠠᠰᠠᠬᠤ | ᠣᠷᠣᠨ ᠠᠴᠠ ᠨᠢᠭᠡᠳᠦᠯᠲᠡᠶ ᠲᠥᠯᠥᠪᠵᠢᠭᠦᠯᠦᠨ ᠤᠳᠤᠷᠢᠳᠬᠤ ᠶᠢ ᠰᠠᠶᠢᠲᠤᠷ ᠠᠳᠬᠤᠵᠤ᠂ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠰᠢᠢᠳᠪᠦᠷᠢᠯᠡᠵᠦ᠂ | ᠵᠣᠬᠢᠶᠠᠨ ᠪᠠᠶᠢᠭᠤᠯᠤᠨ ᠪᠠᠶᠢᠴᠠᠭᠠᠨ ᠵᠢᠯᠣᠭᠤᠳᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ | ᠬᠠᠷᠢᠭᠤᠴᠠᠨ᠎ᠠ᠃ ᠠᠶᠢᠮᠠᠭ ᠬᠤᠲᠠᠳ ᠠᠴᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠲᠣᠭᠲᠠᠭᠠᠵᠤ᠂ ᠠᠶᠢᠮᠠᠭ ᠬᠤᠳᠠ ᠶᠢᠨ ᠬᠠᠮᠢᠶ᠎ᠠ | ᠪᠥᠬᠦᠢ ᠬᠤᠰᠢᠭᠤ ᠰᠢᠶᠠᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ | ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠴᠠᠭ | ᠪᠠᠴᠢᠮ᠂ ᠡᠭᠦᠷᠭᠡ ᠬᠦᠨᠳᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠵᠢᠯᠴᠠᠬᠤ ᠴᠢᠬᠤᠯᠠᠲᠠᠶ ᠶᠠᠪᠤᠳᠠᠯ ᠮᠠᠰᠢ | ᠤᠯᠠᠨ᠂ ᠵᠣᠬᠢᠴᠠᠭᠤᠯᠬᠤ ᠬᠦᠴᠢᠷᠳᠡᠯ ᠨᠡᠯᠢᠶᠡᠳ ᠶᠡᠭᠡ ᠪᠠᠶᠢᠬᠤ ᠪᠠᠶᠢᠳᠠᠯ ᠢ ᠦᠨᠳᠦᠰᠦᠯᠡᠨ᠂ ᠬᠡᠷᠡᠭ ᠶᠠᠪᠤᠳᠠᠯ ᠢ | ᠭᠦᠢᠴᠡᠳᠬᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠤᠰᠠᠳᠠ᠂ ᠡᠯ᠎ᠡ ᠭᠠᠵᠠᠷ ᠣᠷᠣᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠵᠢᠯᠣᠭᠤᠳᠬᠤ | ᠭᠠᠵᠠᠷ ᠪᠠᠶᠢᠭᠤᠯᠵᠤ ᠪᠣᠯᠤᠨ᠎ᠠ᠂ ᠲᠥᠷᠥᠯ ᠵᠦᠢᠯ ᠤᠨ ᠬᠤᠰᠢᠭᠤ ᠰᠢᠶᠠᠨ ᠨᠢ ᠬᠤᠰᠢᠭᠤ ᠰᠢᠶᠠᠨ ᠤ ᠳᠡᠳ᠋ | ᠳᠠᠷᠤᠭ᠎ᠠ ᠪᠠᠷ ᠵᠢᠯᠣᠭᠤᠳᠤᠭᠴᠢ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠵᠢᠯᠲᠠᠨ ᠲᠠᠲᠠᠵᠤ ᠲᠤᠰᠬᠠᠶ | ᠲᠤᠰᠢᠶᠠᠯ ᠲᠠᠢ ᠲᠤᠰᠬᠠᠶ ᠠᠵᠢᠯ ᠤᠨ ᠪᠠᠶᠢᠷᠢ ᠲᠠᠢ ᠲᠥᠪᠯᠡᠷᠡᠭᠦᠯᠦᠨ ᠠᠵᠢᠯᠯᠠᠭᠤᠯᠵᠤ᠂ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠲᠥᠯᠬᠢᠨ ᠠᠬᠢᠭᠤᠯᠬᠤ ᠶᠢ ᠰᠠᠨᠠᠭᠤᠯᠵᠤ | ᠪᠠᠶᠢᠨ᠎ᠠ᠃ | ᠬᠥᠲᠥᠯᠥᠭᠴᠢ᠄ | ᠤᠯᠠᠨ ᠨᠠᠶᠢᠵᠠ ᠨᠠᠷ ᠨᠠᠳᠠ ᠲᠠᠢ ᠠᠳᠠᠯᠢᠬᠠᠨ ᠨᠢᠭᠡ ᠠᠰᠠᠭᠤᠳᠠᠯ ᠢ ᠪᠤᠳᠤᠵᠤ ᠪᠠᠶᠢᠬ᠎ᠠ᠂ ᠳᠠᠷᠤᠶ ᠬᠠᠭᠤᠴᠢᠨ | ᠭᠡᠷ ᠪᠠᠶᠢᠰᠢᠩ ᠢ ᠨᠤᠷᠠᠭᠠᠵᠤ ᠣᠷᠣᠨ ᠳᠤᠨᠢ ᠰᠢᠨ᠎ᠡ ᠭᠡᠷ ᠪᠠᠷᠢᠬᠤ ᠶᠢ ︽ᠣᠨᠳᠣᠣ ᠭᠠᠵᠠᠷ ᠨᠡᠭᠦᠯᠭᠡᠭᠰᠡᠨ︾ ᠳᠤ | ᠲᠣᠭᠠᠴᠠᠨ᠎ᠠ ᠦᠦ ᠦᠭᠡᠢ ᠦᠦ︖ ᠬᠡᠷᠬᠢᠨ ᠡᠵᠡᠮᠳᠡᠬᠦ ᠪᠤᠢ︖ | ᠸᠧᠨ ᠮᠢᠨ᠄ | ᠥᠪᠡᠷᠲᠡᠭᠡᠨ ᠵᠠᠰᠠᠬᠤ ᠣᠷᠣᠨ ᠨᠢᠭᠡᠨᠲᠡ ᠲᠣᠳᠣᠷᠬᠠᠶᠢᠯᠠᠭᠰᠠᠨ ᠢᠶᠠᠷ᠂ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠷᠢ ᠳᠤ ᠭᠡᠷ ᠪᠠᠷᠢᠬᠤ ᠨᠥᠬᠦᠪᠥᠷᠢ ᠮᠥᠩᠭᠦ 2 ᠲᠦᠮᠡᠨ | ᠲᠥᠭᠦᠷᠢᠭ ᠣᠯᠭᠤᠵᠤ᠂ ᠵᠡᠷᠭᠡ ᠪᠠᠷ ᠨᠡᠭᠦᠯᠭᠡᠬᠦ ᠬᠥᠮᠦᠨ ᠠᠮᠠ ᠳᠤ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠨᠥᠬᠦᠪᠥᠷᠢ ᠶᠢᠨ ᠪᠠᠷᠢᠮᠵᠢᠶ᠎ᠠ ᠪᠠᠷ ᠬᠥᠮᠦᠨ ᠪᠦᠷᠢ ᠳᠤ ᠳᠤᠮᠳᠠᠴᠢ ᠪᠠᠷ 1ᠲᠦᠮᠡᠨ ᠲᠥᠭᠦᠷᠢᠭ ᠣᠯᠭᠤᠨ᠎ᠠ᠃ | ᠭᠡᠷ ᠪᠠᠷᠢᠬᠤ ᠪᠡᠯᠡ ᠮᠥᠩᠭᠦ ᠬᠦᠷᠦᠯᠴᠡᠬᠦ ᠦᠭᠡᠢ ᠬᠡᠰᠡᠭ ᠢ ᠨᠢ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠠᠯ | ᠲᠠᠢ ᠭᠡᠷ ᠪᠠᠶᠢᠰᠢᠩ ᠢ ᠵᠠᠰᠠᠬᠤ ᠪᠡᠯᠡ ᠮᠥᠩᠭᠦ ᠲᠠᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠶᠢ ᠵᠣᠷᠢᠭᠵᠢᠭᠤᠯᠤᠨ᠎ᠠ᠃ ᠠᠶᠢᠮᠠᠭ | ᠬᠤᠳᠠ ᠨᠤᠭᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠭᠦᠯᠭᠡᠬᠦ ᠠᠶᠢᠯ ᠤᠨ ᠬᠠᠭᠤᠴᠢᠨ | ᠬᠡᠷ ᠪᠠᠶᠢᠰᠢᠩ ᠢ ᠨᠤᠷᠠᠭᠠᠬᠤ ᠵᠢᠴᠢ ᠣᠷᠣᠨ ᠰᠠᠭᠤᠴᠠ ᠶᠢᠨ ᠭᠠᠵᠠᠷ ᠢ ᠰᠡᠷᠭᠦᠭᠡᠨ ᠬᠠᠭᠠᠯᠪᠤᠷᠢᠯᠠᠬᠤ ᠳᠤ ᠵᠣᠬᠢᠰᠲᠠᠶ | ᠱᠠᠩᠨᠠᠯ ᠣᠯᠭᠤᠵᠤ᠂ ᠱᠠᠩᠨᠠᠬᠤ ᠪᠠᠷᠢᠮᠵᠢᠶ᠎ᠠ ᠶᠢ ᠡᠯ᠎ᠡ ᠭᠠᠵᠠᠷ ᠤᠳ ᠥᠪᠡᠷ ᠲᠡᠭᠡᠨ ᠲᠣᠭᠲᠠᠭᠠᠨ᠎ᠠ᠃ ᠵᠠᠷᠢᠮ ᠠᠶᠢᠮᠠᠭ | ᠬᠤᠳᠠ ᠣᠷᠣᠨ ᠰᠠᠭᠤᠴᠠ ᠶᠢᠨ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠲᠤᠯᠠ᠂ ᠤᠷᠳᠤ ᠬᠤᠭᠤᠴᠠᠭᠠᠨ ᠤ | ᠵᠢᠭᠡᠯᠡᠯᠭᠡ ᠪᠠᠷ ᠰᠢᠢᠳᠪᠦᠷᠢᠯᠡᠵᠦ ᠪᠣᠯᠤᠨ᠎ᠠ ᠦᠦ ᠦᠭᠡᠢ ᠦᠦ ᠭᠡᠵᠦ ᠳᠤᠷᠠᠳᠴᠠᠢ᠂ ᠵᠠᠷᠴᠢᠮ ᠳᠡᠭᠡᠷ᠎ᠡ ᠪᠠᠨ ᠢᠩᠭᠢᠵᠦ | ᠪᠣᠯᠬᠤ ᠦᠭᠡᠢ᠂ ᠭᠤᠣᠯ ᠨᠢ ᠠᠶᠢᠮᠠᠭ ᠬᠤᠳᠠ᠂ ᠢᠯᠠᠩᠭᠤᠶ᠎ᠠ ᠬᠤᠰᠢᠭᠤ ᠰᠢᠶᠠᠨ ᠥᠪᠡᠰᠦᠪᠡᠨ ᠪᠡᠯᠡ | ᠮᠥᠩᠭᠦ ᠴᠤᠭᠯᠠᠭᠤᠯᠤᠨ ᠰᠢᠢᠳᠪᠦᠷᠢᠯᠡᠬᠦ ᠬᠡᠷᠡᠭᠲᠡᠶ᠃ ᠱᠠᠩᠨᠠᠯ ᠤᠨ ᠮᠥᠩᠭᠦ ᠨᠢ ᠭᠡᠷ ᠪᠠᠷᠢᠬᠤ ᠪᠡᠯᠡ ᠮᠥᠩᠭᠦ | ᠬᠦᠷᠦᠯᠴᠡᠬᠦ ᠦᠭᠡᠢ ᠪᠠᠶᠢᠭ᠎ᠠ ᠶᠢ ᠨᠥᠬᠦᠪᠦᠷᠢᠯᠡᠬᠦ ᠨᠢᠭᠡ ᠵᠦᠢᠯ ᠤᠨ ᠨᠥᠬᠦᠪᠥᠷᠢ ᠪᠣᠯᠬᠤ ᠮᠥᠷᠲᠡᠭᠡᠨ᠂ ᠨᠡᠩ ᠴᠢᠬᠤᠯᠠ | ᠨᠢ ᠰᠢᠨ᠎ᠡ ᠭᠡᠷ ᠪᠠᠷᠢᠭᠰᠠᠨ ᠪᠠᠶᠢᠲᠠᠯ᠎ᠠ ᠪᠠᠨ ᠰᠢᠨ᠎ᠡ ᠲᠣᠰᠬᠤᠨ ᠬᠠᠷᠠᠭᠳᠠᠬᠤ ᠦᠭᠡᠢ᠂ ᠶᠠᠳᠠᠭᠤ ᠬᠦᠴᠢᠷᠳᠡᠯᠲᠡᠶ | ᠡᠷᠦᠬᠡ ᠰᠢᠨ᠎ᠡ ᠭᠡᠷ ᠡᠵᠡᠯᠡᠭᠰᠡᠳ ᠬᠠᠭᠤᠴᠢᠨ ᠭᠡᠷ ᠢᠶᠠᠨ ᠨᠤᠷᠠᠭᠠᠬᠤ ᠦᠭᠡᠢ᠂ ᠬᠤᠵᠢᠮ ᠰᠢᠯᠭᠠᠨ ᠪᠣᠳᠠᠲᠠᠶᠢᠵᠢᠭᠤᠯᠬᠤ | ᠳᠤ ᠲᠠᠯᠳᠠ ᠭᠡᠮ ᠦᠯᠡᠳᠡᠭᠡᠬᠦ ᠠᠴᠠ ᠵᠠᠶᠢᠯᠠᠰᠬᠢᠬᠦ ᠶᠢᠨ ᠲᠥᠯᠥᠭᠡ ᠶᠤᠮ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠡᠯᠡ ᠴᠤᠭᠯᠠᠭᠤᠯᠭ᠎ᠠ ᠶᠢ ᠮᠥᠨ ᠬᠦ ᠬᠥᠮᠦᠨ | ᠪᠦᠷᠢ ᠳᠤ ᠳᠤᠮᠳᠠᠴᠢ ᠪᠠᠷ 6 ᠲᠦᠮᠡᠨ ᠲᠥᠭᠦᠷᠢᠭ ᠢᠶᠠᠷ ᠪᠦᠳᠦᠭᠦᠪᠴᠢᠯᠡᠨ ᠪᠤᠳᠤᠭᠰᠠᠨ ᠳᠤ᠂ ᠡᠭᠦᠨ ᠳᠤ᠂ ᠲᠠᠩᠰᠠ | ᠡᠪᠬᠡᠮᠡᠯ ᠪᠠᠶᠢᠭᠤᠯᠵᠤ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠪᠦᠷᠢ ᠳᠤ ᠭᠡᠷ | ᠪᠠᠷᠢᠬᠤ ᠪᠡᠯᠡ ᠮᠥᠩᠭᠦ 2 ᠲᠦᠮᠡᠨ ᠲᠥᠭᠦᠷᠢᠭ ᠣᠯᠭᠤᠵᠤ᠂ ᠦᠯᠡᠳᠡᠭᠰᠡᠨ 4 ᠲᠦᠮᠡᠨ ᠲᠥᠭᠦᠷᠢᠭ ᠢ ᠰᠠᠭᠤᠷᠢ | ᠪᠡᠯᠡᠳᠬᠡᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠪᠠᠲᠤᠯᠠᠭᠰᠠᠨ ᠤᠷᠢᠲᠠᠯ ᠤᠨ | ᠳᠣᠣᠷ᠎ᠠ᠂ ᠦᠢᠯᠡᠳᠪᠦᠷᠢᠯᠡᠯ ᠢ ᠬᠥᠭᠵᠢᠭᠦᠯᠬᠦ ᠳᠤ ᠬᠡᠷᠡᠭᠡᠯᠡᠬᠦ ᠶᠢ ᠨᠢ ᠵᠥᠪᠰᠢᠶᠡᠷᠡᠨ᠎ᠡ᠃ ᠵᠠᠷᠢᠮ ᠠᠶᠢᠮᠠᠭ ᠬᠤᠳᠠ | ᠣᠷᠣᠨ ᠰᠠᠭᠤᠴᠠ ᠶᠢᠨ ᠨᠥᠬᠦᠪᠥᠷᠢ ᠶᠢᠨ ᠦᠯᠡᠳᠡᠪᠦᠷᠢ ᠶᠢ ᠲᠣᠬᠢᠷᠠᠭᠤᠯᠤᠨ ᠬᠡᠷᠡᠭᠯᠡᠵᠦ ᠪᠣᠯᠬᠤ ᠡᠰᠡᠬᠦ ᠶᠢ ᠳᠤᠷᠠᠳᠴᠠᠢ᠂ | ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠣᠭᠲᠠᠭᠠᠬᠤ ᠦᠭᠡᠢ᠂ ᠡᠯ᠎ᠡ ᠭᠠᠵᠠᠷ ᠤᠳ ᠬᠢᠨ ᠥᠪᠡᠷ ᠢᠶᠠᠨ | ᠡᠵᠡᠮᠳᠡᠵᠦ ᠪᠣᠯᠣᠨ᠎ᠠ᠂ ᠭᠡᠪᠡᠴᠦ ᠬᠠᠮᠤᠭ ᠤᠨ ᠳᠣᠣᠷ᠎ᠠ ᠬᠤᠷᠢᠭ᠎ᠠ ᠱᠤᠭᠤᠮ ᠨᠢ ᠤᠯᠠᠨ ᠲᠦᠮᠡᠨ ᠤ ᠳᠡᠭᠡᠭᠰᠢ | ᠰᠤᠷᠪᠤᠯᠵᠢᠯᠠᠬᠤ ᠬᠡᠷᠡᠭ ᠭᠠᠷᠭᠠᠵᠤ ᠪᠣᠯᠬᠤ ᠦᠭᠡᠢ᠂ ᠨᠡᠶᠢᠭᠡᠮ ᠤᠨ ᠰᠢᠨ᠎ᠡ ᠵᠥᠷᠢᠴᠡᠯ ᠡᠭᠦᠰᠬᠡᠵᠦ ᠪᠣᠯᠬᠤ ᠦᠭᠡᠢ᠃ | ᠵᠠᠷᠢᠮ ᠠᠶᠢᠮᠠᠭ ᠬᠤᠲᠠ ᠵᠠᠷᠢᠮ ᠭᠡᠷ ᠪᠦᠯᠢ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠭᠡᠨ ᠪᠥᠭᠡᠳ ᠭᠡᠷ | ᠪᠠᠷᠢᠬᠤ ᠪᠡᠯᠡ ᠮᠥᠩᠭᠦ ᠴᠦ ᠬᠦᠷᠦᠯᠴᠡᠬᠦ ᠦᠭᠡᠢ ᠪᠠᠶᠢᠬᠤ ᠲᠤᠯᠠ᠂ ᠡᠷᠦᠭᠡ ᠪᠠᠷ ᠨᠢᠭᠡᠴᠡ ᠪᠣᠯᠭᠠᠵᠤ ᠨᠥᠬᠦᠪᠥᠷᠢ | ᠥᠭᠴᠦ ᠪᠣᠯᠣᠨ᠎ᠠ ᠦᠦ ᠦᠭᠡᠢ ᠦᠦ ᠭᠡᠵᠦ ᠳᠤᠷᠠᠳᠤᠭᠰᠠᠨ ᠪᠠᠶᠢᠳᠠᠭ᠂ ᠥᠪᠡᠷᠲᠡᠭᠡᠨ ᠵᠠᠰᠠᠬᠤ ᠣᠷᠣᠨ ᠬᠥᠮᠦᠨ | ᠪᠦᠷᠢ ᠶᠢᠨ ᠳᠤᠮᠳᠠᠴᠢ ᠭᠡᠷ ᠪᠠᠷᠢᠬᠤ ᠪᠡᠯᠡ ᠮᠥᠩᠭᠦᠨ ᠤ ᠨᠥᠬᠦᠪᠥᠷᠢ ᠶᠢᠨ ᠪᠠᠷᠢᠮᠵᠢᠶ᠎ᠠ ᠶᠢ 2 ᠲᠦᠮᠡᠨ ᠲᠥᠭᠦᠷᠢᠭ | ᠢᠶᠠᠷ ᠲᠣᠭᠲᠠᠭᠠᠭᠰᠠᠨ ᠶᠤᠮ᠂ ᠬᠦᠷᠦᠯᠴᠡᠬᠦ ᠦᠭᠡᠢ ᠬᠡᠰᠡᠭ ᠢ ᠣᠷᠣᠨ ᠨᠤᠲᠤᠭ ᠥᠪᠡᠷᠲᠡᠭᠡᠨ ᠴᠤᠭᠯᠠᠭᠤᠯᠬᠤ ᠬᠡᠷᠡᠭᠲᠡᠢ᠂ | ᠡᠨᠡ ᠪᠠᠷᠢᠮᠵᠢᠶ᠎ᠠ ᠶᠢ ᠳᠠᠪᠠᠭᠤᠯᠵᠤ ᠪᠣᠯᠬᠤ ᠥᠭᠡᠢ᠃ | ᠬᠥᠲᠥᠯᠥᠭᠴᠢ᠄ | ᠵᠡᠷᠭᠡ ᠪᠠᠷ ᠨᠡᠭᠦᠯᠭᠡᠬᠦ ᠬᠥᠮᠦᠨ ᠠᠮᠠ ᠶᠢ ᠬᠡᠷᠬᠢᠨ ᠲᠣᠭᠲᠠᠭᠠᠬᠤ ᠪᠤᠢ︖ ᠡᠷᠦᠬᠡ ᠠᠮᠠ ᠶᠢᠨ ᠳᠠᠩᠰᠠ ᠨᠢ | ᠪᠠᠶᠢᠭᠠᠳ ᠬᠥᠮᠦᠨ ᠨᠢ ᠪᠠᠶᠢᠬᠤ ᠦᠭᠡᠢ ᠪᠣᠯ᠂ ᠵᠡᠷᠭᠡ ᠪᠠᠷ ᠨᠡᠭᠦᠯᠭᠡᠬᠦ ᠬᠦᠮᠦᠨ ᠠᠮᠠ ᠶᠢᠨ ᠲᠦ᠋ᠷᠦ ᠶᠢᠨ ᠪᠤᠳᠤᠯᠭ᠎ᠠ ᠶᠢᠨ | ᠬᠠᠷᠠᠭᠠᠯᠵᠠᠯ ᠢ ᠬᠦᠷᠲᠡᠵᠦ ᠪᠣᠯᠤᠨ᠎ᠠ ᠦᠦ ᠦᠭᠡᠢ ᠦᠦ︖ | ᠸᠧᠨ ᠮᠢᠨ᠄ | ᠵᠡᠷᠭᠡ ᠪᠠᠷ ᠨᠡᠭᠦᠯᠭᠡᠬᠦ ᠬᠥᠮᠦᠨ ᠠᠮᠠ ᠶᠢ ᠪᠣᠯ 2015 ᠣᠨ ᠤ ᠵᠢᠯ ᠤᠨ ᠡᠴᠦᠰ ᠪᠣᠯᠲᠠᠯ᠎ᠠ ᠡᠷᠦᠬᠡ | ᠠᠮᠠ ᠶᠢᠨ ᠳᠠᠩᠰᠠ ᠶᠢᠨ ᠪᠠᠶᠢᠭ᠎ᠠ ᠭᠠᠵᠠᠷ ᠲᠤ ᠪᠦᠬᠦᠯᠢ ᠨᠢᠭᠡ ᠵᠢᠯ ᠠᠴᠠ ᠳᠡᠭᠡᠭᠰᠢ ᠵᠠᠯᠭᠠᠭ᠎ᠠ ᠪᠠᠷ ᠤᠷᠤᠰᠢᠨ | ᠰᠠᠭᠤᠭᠰᠠᠨ ᠲᠤᠰ ᠭᠠᠴᠠᠭᠠᠨ ᠤ ᠡᠷᠤᠭᠡ ᠠᠮᠠ ᠶᠢᠨ ᠳᠠᠩᠰᠠ ᠲᠠᠢ ᠬᠥᠮᠦᠨ ᠠᠮᠠ ᠪᠠᠷ ᠲᠣᠭᠲᠠᠭᠠᠭᠰᠠᠨ ᠶᠤᠮ᠃ | ᠵᠡᠷᠭᠡ ᠪᠠᠷ ᠨᠡᠭᠦᠯᠭᠡᠬᠦ ᠨᠢ ᠬᠠᠲᠠᠭᠤ ᠱᠠᠭᠠᠷᠳᠠᠯᠭ᠎ᠠ ᠪᠢᠰᠢ᠂ ᠨᠡᠩ ᠴᠤ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠬᠥᠮᠦᠨ ᠠᠮᠠ ᠪᠠᠶᠢᠪᠠᠯ ᠳᠠᠷᠤᠢ ᠡᠷᠬᠡᠪᠰᠢ ᠲᠡᠭᠦᠨ ᠯᠦᠭᠡ ᠵᠣᠬᠢᠴᠠᠭᠰᠠᠨ ᠬᠠᠭᠠᠰ ᠲᠣᠭᠠᠨ ᠤ ᠬᠥᠮᠦᠨ | ᠠᠮᠠ ᠶᠢ ᠵᠡᠷᠭᠡ ᠪᠠᠷ ᠨᠡᠭᠦᠯᠭᠡᠬᠦ ᠴᠢᠬᠤᠯᠠᠲᠠᠶ ᠭᠡᠰᠡᠨ ᠶᠠᠪᠤᠳᠠᠯ ᠪᠢᠰᠢ᠃ ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ | ᠲᠥᠷᠦ ᠶᠢᠨ ᠪᠣᠳᠤᠯᠭ᠎ᠠ ᠶᠢ ᠠᠯᠢ ᠴᠢᠳᠠᠬᠤ ᠪᠠᠷ ᠪᠣᠶᠢᠳᠠ ᠪᠦᠭᠯᠡᠭᠦᠦ᠂ ᠵᠠᠮ ᠬᠠᠷᠢᠯᠴᠠᠭ᠎ᠠ ᠳᠥᠭᠦᠮ ᠦᠭᠡᠢ᠂ | ᠣᠷᠣᠰᠢᠨ ᠲᠣᠭᠲᠠᠨᠢᠬᠤ ᠶᠢᠨ ᠣᠷᠴᠢᠨ ᠲᠣᠭᠤᠷᠢᠨ ᠮᠠᠭᠤ᠂ ᠣᠷᠣᠨ ᠰᠠᠭᠤᠴᠠ ᠶᠢᠨ ᠪᠠᠶᠢᠳᠠᠯ ᠮᠠᠭᠤ᠂ ᠪᠠᠶᠢᠩᠭᠤ | ᠰᠠᠭᠤᠭ᠎ᠠ ᠡᠷᠦᠬᠡ ᠨᠡᠯᠢᠶᠡᠳ ᠴᠥᠭᠡᠨ ᠭᠠᠴᠠᠭ᠎ᠠ ᠲᠤᠰᠬᠤᠨ ᠳᠡᠰᠢ ᠬᠡᠯᠪᠠᠶᠢᠯᠭᠡᠵᠦ᠂ ᠪᠦᠬᠦᠯᠢ ᠲᠤᠰᠬᠤᠨ ᠢᠶᠠᠷ ᠨᠢ | ᠨᠡᠭᠦᠯᠭᠡᠬᠦ ᠶᠢ ᠵᠣᠷᠢᠭᠵᠢᠭᠤᠯᠤᠨ᠎ᠠ᠃ ᠬᠡᠷᠪᠡ ᠡᠷᠦᠬᠡ ᠠᠮᠠ ᠶᠢᠨ ᠳᠠᠩᠰᠠ ᠨᠢ ᠲᠤᠬᠠᠶ ᠶᠢᠨ ᠭᠠᠵᠠᠷ ᠲᠠᠭᠠᠨ ᠪᠠᠶᠢᠬᠤ | ᠪᠣᠯᠪᠠᠴᠤ ᠨᠢᠭᠡᠨᠲᠡ ᠤᠯᠠᠨ ᠵᠢᠯ ᠭᠠᠳᠠᠭᠰᠢ ᠶᠠᠪᠤᠵᠤ᠂ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠲᠠᠭᠠᠨ | ᠵᠠᠯᠭᠠᠭ᠎ᠠ ᠪᠠᠷ ᠨᠢᠭᠡ ᠵᠢᠯ ᠤᠷᠤᠰᠢᠨ ᠰᠠᠭᠤᠭᠰᠠᠨ ᠦᠭᠡᠢ ᠪᠣᠯ᠂ ᠵᠡᠷᠭᠡ ᠪᠠᠷ ᠨᠡᠭᠦᠯᠭᠡᠬᠦ ᠬᠥᠮᠦᠨ ᠠᠮᠠ ᠳᠤ | ᠲᠣᠭᠠᠴᠢᠬᠤ ᠦᠭᠡᠢ᠃ ᠥᠪᠡᠷᠲᠡᠭᠡᠨ ᠵᠠᠰᠠᠬᠤ ᠣᠷᠣᠨ ᠵᠡᠷᠭᠡ ᠪᠠᠷ ᠨᠡᠭᠦᠯᠭᠡᠬᠦ ᠬᠦᠮᠦᠨ ᠠᠮᠠ ᠶᠢ ᠳᠦᠷᠪᠡᠨ ᠵᠢᠯ ᠳᠤ | ᠨᠡᠶᠢᠲᠡ 10 ᠲᠦᠮᠨ ᠲᠣᠬᠢᠷᠠᠭᠤᠯᠤᠨ᠂ ᠡᠭᠦᠷᠭᠡ ᠶᠢ ᠨᠢᠭᠡᠨᠲᠡ ᠡᠯ᠎ᠡ ᠠᠶᠢᠮᠠᠭ ᠬᠤᠳᠠ᠂ ᠬᠤᠰᠢᠭᠤ ᠰᠢᠶᠠᠨ ᠳᠤ | ᠬᠤᠪᠢᠶᠠᠨ ᠦᠭᠭᠦᠭᠰᠡᠨ ᠲᠤᠯᠠ᠂ ᠲᠦᠷ ᠲᠣᠬᠢᠷᠠᠭᠤᠯᠤᠯᠲᠠ ᠬᠢᠬᠦ ᠦᠭᠡᠶ᠂ ᠭᠤᠣᠯ ᠨᠢ ᠬᠡᠪᠴᠢᠶ᠎ᠡ ᠶᠢ ᠨᠡᠮᠡᠭᠳᠡᠭᠦᠯᠬᠦ | ᠦᠭᠡᠢ᠃ ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ ᠭᠦᠢᠴᠡᠳᠬᠡᠯ ᠲᠤᠭ᠎ᠠ ᠨᠢ ᠬᠦᠷᠦᠯᠴᠡᠬᠦ ᠦᠭᠡᠢ ᠪᠣᠯ᠂ ᠬᠤᠰᠢᠭᠤ | ᠰᠢᠶᠠᠨ ᠨᠢ ᠳᠣᠲᠤᠭᠠᠳᠤ ᠳᠠᠭᠠᠨ ᠲᠤᠬᠢᠷᠠᠭᠤᠯᠤᠯᠳᠠ ᠬᠢᠬᠦ ᠶᠢ ᠵᠦᠪᠰᠢᠶᠡᠷᠡᠨ᠎ᠡ᠃ ᠡᠨᠡ ᠨᠢᠭᠡ ᠵᠢᠯ ᠤᠨ | ᠬᠡᠷᠡᠭᠵᠢᠭᠦᠯᠦᠯᠲᠡ ᠪᠠᠷ ᠳᠠᠮᠵᠢᠨ᠂ ᠵᠠᠷᠢᠮ ᠠᠶᠢᠮᠠᠭ ᠬᠤᠳᠠ ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ ᠲᠥᠷᠦ ᠶᠢᠨ | ᠪᠣᠳᠤᠯᠭ᠎ᠠ ᠶᠢ ᠦᠨᠡᠬᠡᠷ ᠨᠠᠶᠢᠳᠠᠪᠤᠷᠢᠵᠢᠭᠤᠯᠵᠤ ᠴᠢᠳᠠᠬᠤ ᠦᠭᠡᠢ ᠪᠦᠭᠡᠳ ᠵᠠᠷᠢᠮ ᠠᠶᠢᠮᠠᠭ ᠬᠤᠳᠠ ᠶᠢᠨ ᠭᠦᠢᠴᠡᠳᠬᠡᠯ | ᠲᠤᠭ᠎ᠠ ᠨᠢ ᠬᠦᠷᠦᠯᠴᠡᠬᠦ ᠦᠭᠡᠢ ᠪᠠᠶᠢᠪᠠᠯ᠂ ᠢᠷᠡᠬᠦ ᠵᠢᠯ ᠳᠤ ᠳᠠᠬᠢᠨ ᠲᠣᠬᠢᠷᠠᠭᠤᠯᠤᠯᠲᠠ ᠬᠢᠨ᠎ᠡ᠃ | ᠬᠥᠲᠥᠯᠥᠭᠴᠢ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠬᠡᠷᠡᠭᠵᠢᠭᠦᠯᠦᠯᠲᠡ ᠶᠢᠨ ᠲᠥᠰᠦᠯ | ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠵᠦᠪᠰᠢᠶᠡᠷᠡᠭᠦᠯᠬᠦ ᠡᠷᠬᠡ ᠮᠡᠳᠡᠯ ᠢ ᠶᠠᠭᠠᠬᠢᠵᠤ | ᠤᠶᠢᠯᠭᠠᠬᠤ ᠪᠣᠢ︖ | ᠸᠧᠨ ᠮᠢᠨ᠄ | ᠠᠶᠢᠮᠠᠭ ᠬᠤᠳᠠ᠂ ᠬᠤᠰᠢᠭᠤ ᠰᠢᠶᠠᠨ ᠪᠦᠷ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠲᠥᠯᠥᠪᠵᠢᠭᠦᠯᠭᠡ᠂ ᠬᠡᠷᠡᠭᠵᠢᠭᠦᠯᠦᠯᠲᠡ ᠶᠢᠨ ᠲᠥᠰᠦᠯ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢ ᠱᠠᠭᠠᠷᠳᠠᠨ᠎ᠠ᠃ ᠬᠤᠰᠢᠭᠤ ᠰᠢᠶᠠᠨ ᠤ ᠬᠡᠷᠡᠭᠵᠢᠭᠦᠯᠦᠯᠲᠡ ᠶᠢᠨ ᠲᠥᠰᠦᠯ ᠪᠠ ᠲᠥᠯᠥᠪᠯᠡᠭᠡ ᠶᠢ ᠬᠢᠨᠠᠨ | ᠵᠦᠪᠰᠢᠶᠡᠷᠡᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠤᠷᠤᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ | ᠬᠤᠷᠠᠯ ᠠᠴᠠ ᠬᠢᠨᠠᠨ ᠵᠦᠪᠰᠢᠶᠡᠷᠡᠬᠦ ᠡᠷᠬᠡ ᠮᠡᠳᠡᠯ ᠢ ᠬᠤᠰᠢᠭᠤ ᠰᠢᠶᠠᠨ ᠳᠤ ᠪᠠᠭᠤᠯᠭᠠᠵᠤ᠂ ᠬᠤᠰᠢᠭᠤ ᠰᠢᠶᠠᠨ ᠤ | ᠵᠠᠰᠠᠭ ᠤᠨ ᠣᠷᠳᠣᠨ ᠨᠢ ᠬᠡᠷᠡᠭᠵᠢᠭᠦᠯᠦᠯᠲᠡ ᠶᠢᠨ ᠲᠥᠰᠦᠯ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠬᠢᠨᠠᠨ | ᠵᠥᠪᠰᠢᠶᠡᠷᠡᠬᠦ ᠶᠢ ᠬᠠᠷᠢᠭᠤᠴᠠᠬᠤ ᠪᠦᠭᠡᠳ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠠᠵᠢᠯ ᠢ | ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠵᠦ᠂ ᠬᠤᠰᠢᠭᠤ ᠰᠢᠶᠠᠨ ᠤ ᠵᠠᠰᠠᠭ ᠤᠨ | ᠣᠷᠳᠣᠨ ᠨᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ ᠭᠡᠵᠦ ᠲᠣᠳᠤᠷᠬᠠᠢ ᠱᠠᠭᠠᠷᠳᠠᠪᠠ᠃ | ᠬᠥᠲᠥᠯᠥᠭᠴᠢ᠄ | ᠸᠧᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠤᠷᠤᠭᠤᠯᠤᠯᠲᠠ | ᠲᠣᠬᠢᠷᠠᠭᠤᠯᠭ᠎ᠠ ᠶᠢᠨ ᠭᠤᠣᠯ ᠴᠣᠭᠴᠠ ᠨᠢ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠭᠤᠣᠯ ᠴᠣᠭᠴᠠ ᠪᠠᠶᠢᠵᠤ | ᠪᠣᠯᠤᠨ᠎ᠠ ᠦᠦ ᠦᠭᠡᠢ ᠦᠦ︖ | ᠸᠧᠨ ᠮᠢᠨ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢᠨ ᠪᠡᠯᠡ ᠮᠦᠩᠭᠦ ᠶᠢᠨ ᠠᠵᠢᠯᠯᠠᠭᠠᠨ ᠤ ᠠᠷᠭ᠎ᠠ ᠮᠠᠶ᠋ᠢᠭ | ᠨᠢ ᠪᠣᠯ ᠵᠠᠬ᠎ᠠ ᠳᠡᠯᠭᠡᠭᠦᠷ ᠤᠨ ᠠᠵᠢᠯᠯᠠᠭᠠᠨ ᠤ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ | ᠪᠠᠶᠢᠭᠤᠯᠬᠤ ᠺᠣᠮᠫᠠᠨᠢ ᠪᠤᠶᠤ ᠤᠳᠤ ᠪᠠᠶᠢᠭ᠎ᠠ ᠶᠡᠷᠦᠩᠬᠡᠶᠢᠯᠡᠭᠰᠡᠨ ᠴᠢᠨᠠᠷᠲᠠᠶ ᠪᠡᠯᠡ ᠣᠷᠤᠭᠤᠯᠤᠯᠲᠠ ᠲᠣᠬᠢᠷᠠᠭᠤᠯᠭ᠎ᠠ ᠶᠢᠨ | ᠺᠣᠮᠫᠠᠨᠢ ᠳᠤ ᠰᠠᠯᠪᠤᠷᠢ ᠺᠣᠮᠫᠠᠨᠢ ᠪᠠᠶᠢᠭᠤᠯᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠡᠯᠡ | ᠤᠷᠤᠭᠤᠯᠤᠯᠲᠠ ᠲᠣᠬᠢᠷᠠᠭᠤᠯᠭ᠎ᠠ ᠶᠢᠨ ᠭᠤᠣᠯ ᠴᠣᠭᠴᠠ ᠪᠠ ᠬᠤᠰᠢᠭᠤ ᠰᠢᠶᠠᠨ ᠤ ᠱᠠᠲᠤᠨ ᠤ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠤᠨ᠎ᠠ᠃ ᠵᠢᠷᠤᠮᠵᠢᠭᠰᠠᠨ ᠨᠡᠷᠡᠶᠢᠳᠦᠯ ᠤᠨ ᠲᠠᠯ᠎ᠠ ᠠᠴᠠ | ᠠᠪᠴᠤ ᠬᠡᠯᠡᠪᠡᠯ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠡᠯᠡ | ᠤᠷᠤᠭᠤᠯᠤᠯᠲᠠ ᠲᠣᠬᠢᠷᠠᠭᠤᠯᠭ᠎ᠠ ᠶᠢᠨ ᠭᠤᠣᠯ ᠴᠣᠭᠴᠠ ᠭᠡᠵᠦ᠂ ᠬᠤᠰᠢᠭᠤ ᠰᠢᠶᠠᠨ ᠤ ᠲᠠᠪᠴᠠᠩ ᠢ ᠬᠤᠰᠢᠭᠤ | ᠰᠢᠶᠠᠨ ᠤ ᠱᠠᠲᠤᠨ ᠤ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠭᠤᠣᠯ ᠴᠣᠭᠴᠠ ᠭᠡᠨ᠎ᠡ᠃ ᠥᠪᠡᠷᠲᠡᠭᠡᠨ ᠵᠠᠰᠠᠬᠤ | ᠣᠷᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠤᠷᠤᠭᠤᠯᠤᠯᠲᠠ ᠲᠣᠬᠢᠷᠠᠭᠤᠯᠭ᠎ᠠ ᠶᠢᠨ ᠭᠤᠣᠯ | ᠴᠣᠭᠴᠨ ᠪᠣᠯᠤᠨ ᠬᠤᠰᠢᠭᠤ ᠰᠢᠶᠠᠨ ᠤ ᠱᠠᠲᠤᠨ ᠤ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠭᠤᠣᠯ | ᠴᠣᠭᠴᠠ ᠶᠢᠨ ᠭᠤᠣᠯ ᠴᠢᠳᠠᠪᠤᠷᠢ ᠨᠢ ᠭᠡᠪᠡᠯ ᠲᠤᠰ ᠲᠤᠰ ᠲᠥᠪ ᠤᠨ ᠪᠠ ᠥᠪᠡᠷᠲᠡᠭᠡᠨ ᠵᠠᠰᠠᠬᠤ ᠤᠷᠤᠨ ᠤ ᠣᠨᠳᠣᠣ | ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠤᠯᠪᠣᠭᠳᠠᠯ ᠪᠦᠬᠦᠢ ᠪᠡᠯᠡ ᠮᠥᠩᠭᠦ ᠶᠢ ᠳᠠᠭᠠᠭᠠᠴᠢᠯᠠᠨ ᠠᠪᠴᠤ᠂ | ᠪᠤᠰᠤᠳ ᠲᠤᠬᠠᠶᠢᠯᠠᠭᠰᠠᠨ ᠠᠵᠢᠯ ᠤᠨ ᠪᠣᠳᠠᠰ ᠤᠨ ᠬᠦᠴᠦᠨ ᠠᠴᠠ ᠢᠯᠭᠠᠨ ᠰᠠᠯᠭᠠᠵᠤ ᠠᠰ ᠢᠶᠠᠷ ᠨᠢ ᠪᠢᠲᠡᠭᠦᠮᠵᠢᠯᠡᠨ | ᠠᠵᠢᠯᠯᠠᠭᠤᠯᠵᠤ᠂ ᠲᠤᠰᠬᠠᠶ ᠳᠠᠩᠰᠠ ᠲᠤᠰᠬᠠᠢ ᠡᠷᠦᠬᠡ ᠪᠠᠷ ᠬᠠᠮᠢᠶᠠᠷᠤᠨ᠎ᠠ᠃ ᠪᠣᠳᠠᠲᠠᠢ ᠲᠦᠷᠦᠯ ᠵᠦᠢᠯ ᠢ ᠪᠣᠯ | ᠬᠠᠰᠢᠯᠠ ᠬᠤᠰᠢᠭᠤ ᠰᠢᠶᠠᠨ ᠤ ᠵᠠᠰᠠᠭ ᠤᠨ ᠣᠷᠳᠣᠨ ᠢᠶᠠᠷ ᠭᠤᠣᠯ ᠪᠣᠯᠭᠠᠨ ᠬᠡᠷᠡᠭᠵᠢᠭᠦᠯᠦᠨ᠎ᠡ᠃ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠭᠤᠣᠯ ᠴᠣᠭᠴᠠ ᠪᠠᠶᠢᠭᠤᠯᠬᠤ ᠦᠭᠡᠢ ᠪᠣᠶᠣ ᠵᠣᠬᠢᠶᠠᠨ ᠪᠠᠶᠢᠭᠤᠯᠤᠭᠰᠠᠨ ᠦᠭᠡᠢ ᠵᠢᠭᠠᠨ | ᠲᠣᠭᠲᠠᠭᠠᠭᠰᠠᠨ ᠦᠭᠡᠢ ᠬᠤᠰᠢᠭᠤ ᠰᠢᠶᠠᠨ ᠳᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ | ᠮᠥᠩᠭᠦ ᠰᠠᠯᠭᠠᠨ ᠥᠭᠬᠦ ᠦᠭᠡᠢ᠂ ᠬᠡᠷᠡᠭ ᠳᠡᠭᠡᠷ᠎ᠡ ᠪᠠᠨ ᠮᠥᠨ ᠴᠦ ᠪᠡᠯᠡ ᠮᠦᠩᠭᠦ ᠶᠢ ᠳᠠᠭᠠᠭᠠᠴᠢᠯᠠᠨ ᠠᠪᠴᠤ | ᠴᠢᠳᠠᠬᠤ ᠦᠭᠡᠢ ᠶᠤᠮ᠃ | ᠬᠥᠲᠥᠯᠥᠭᠴᠢ᠄ | ᠲᠡᠭᠡᠪᠡᠯ ᠡᠯ᠎ᠡ ᠲᠦᠷᠦᠯ ᠤᠨ ᠪᠡᠯᠡ ᠮᠥᠩᠭᠦ ᠶᠢ ᠶᠠᠭᠠᠬᠢᠵᠤ ᠨᠢᠭᠡᠳᠦᠯᠲᠡᠢ ᠲᠦᠯᠦᠪᠯᠡᠬᠦ ᠪᠣᠢ︖ | ᠸᠧᠨ ᠮᠢᠨ᠄ | ᠬᠤᠰᠢᠭᠤ ᠰᠢᠶᠠᠨ ᠤ ᠡᠳ᠋ ᠤᠨ ᠵᠠᠰᠠᠭ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠳᠠ ᠶᠢᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ | ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠬᠤᠰᠢᠭᠤ | ᠰᠢᠶᠠᠨ ᠤ ᠵᠠᠰᠠᠭ ᠤᠨ ᠣᠷᠳᠣᠨ ᠨᠢ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ᠂ ᠤᠷᠲᠤ | ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠶᠢ ᠤᠷᠢᠳᠴᠢᠯᠠᠨ ᠲᠣᠬᠢᠷᠠᠭᠤᠯᠵᠤ ᠪᠠᠶᠢᠭᠠᠳ ᠲᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠠᠷᠢᠬᠤ ᠳᠤ ᠳᠡᠮᠵᠢᠯᠭᠡ ᠦᠵᠡᠭᠦᠯᠬᠦ ᠶᠢ | ᠨᠢ ᠵᠣᠷᠢᠭᠵᠢᠭᠤᠯᠬᠤ ᠪᠦᠭᠡᠳ ᠲᠤᠰ ᠵᠢᠯ ᠳᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪ ᠤᠨ | ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠡᠳ᠋ ᠤᠨ ᠵᠠᠰᠠᠭ ᠤᠨ ᠲᠣᠬᠢᠷᠠᠭᠤᠯᠤᠭᠰᠠᠨ ᠲᠤᠰᠬᠠᠶ ᠪᠡᠯᠡ ᠮᠦᠩᠭᠦ ᠪᠠᠷ ᠳᠡᠭᠡᠷ᠎ᠡ ᠵᠢᠯ ᠤᠨ ᠣᠷᠣᠨ ᠰᠠᠭᠤᠴᠠ ᠶᠢᠨ | ᠪᠦᠳᠦᠬᠡᠨ ᠪᠠᠶᠢᠭᠤᠯᠤᠯᠲᠠ ᠳᠤ ᠣᠷᠣᠯᠠᠨ ᠥᠭᠭᠦᠭᠰᠡᠨ ᠵᠣᠭᠤᠰ ᠢᠶᠠᠨ ᠨᠦᠬᠦᠪᠦᠷᠢᠯᠡᠬᠦ ᠶᠢ ᠨᠢ ᠵᠦᠪᠰᠢᠶᠡᠷᠡᠨ᠎ᠡ᠂ | ᠭᠡᠬᠦ ᠳᠡᠭᠡᠨ ᠬᠥᠮᠦᠨ ᠪᠦᠷᠢ ᠶᠢᠨ ᠭᠡᠷ ᠪᠠᠷᠢᠬᠤ ᠳᠤᠮᠳᠠᠴᠢ ᠲᠡᠳᠬᠦᠮᠵᠢ ᠶᠢᠨ ᠪᠡᠯᠡ ᠮᠥᠩᠭᠦ ᠶᠢᠨ ᠨᠥᠬᠦᠪᠥᠷᠢ ᠶᠢ | ᠪᠣᠳᠠᠲᠠᠶ ᠬᠥᠮᠦᠨ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠦᠢᠯᠡᠰ ᠤᠨ ᠲᠠᠯ᠎ᠠ ᠪᠠᠷ᠂ ᠡᠯ᠎ᠡ ᠱᠠᠲᠤᠨ ᠤ | ᠵᠠᠰᠠᠭ ᠤᠨ ᠣᠷᠳᠣᠨ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ | ᠨᠢᠭᠡᠳᠦᠯᠲᠡᠶ ᠲᠥᠯᠥᠪᠯᠡᠨ ᠬᠡᠷᠡᠭᠯᠡᠵᠦ᠂ ᠮᠦᠩᠭᠦᠨ ᠭᠦᠢᠯᠡᠭᠡᠭᠡᠨ ᠢᠶᠠᠷ ᠶᠠᠳᠠᠭᠤ ᠶᠢ ᠳᠡᠳᠬᠦᠬᠦ᠂ ᠬᠥᠳᠡᠭᠡ ᠲᠣᠰᠬᠤᠨ ᠤ | ᠵᠢᠭᠤᠯᠴᠢᠯᠠᠯ᠂ ᠪᠠᠭ᠎ᠠ ᠲᠣᠭᠠᠨ ᠤ ᠵᠢᠭᠡᠯᠡᠯᠭᠡ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠬᠠᠷᠢᠯᠴᠠᠨ | ᠬᠠᠪᠰᠤᠷᠤᠯᠴᠠᠬᠤ ᠪᠡᠯᠡ ᠮᠥᠩᠭᠦ ᠵᠡᠷᠭᠡ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠢᠯ ᠢ | ᠤᠷᠢᠳᠴᠢᠯᠠᠨ ᠲᠣᠬᠢᠷᠠᠭᠤᠯᠵᠤ ᠪᠠᠶᠢᠭᠠᠳ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠡᠷᠦᠬᠡ ᠶᠢᠨ | ᠲᠤᠬᠠᠶ ᠶᠢᠨ ᠭᠠᠵᠠᠷ ᠲᠠᠭᠠᠨ ᠲᠣᠬᠢᠷᠠᠭᠤᠯᠤᠨ ᠦᠪᠡᠷᠮᠢᠴᠡ ᠤᠨᠴᠠᠯᠢᠭᠳᠤ ᠲᠠᠷᠢᠮᠠᠯ ᠲᠡᠵᠢᠭᠡᠪᠦᠷᠢ ᠶᠢᠨ ᠦᠢᠯᠡᠰ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠠᠩ ᠦᠢᠯᠡ ᠭᠠᠷ ᠤᠷᠠᠯᠠᠯ᠂ ᠬᠥᠳᠡᠭᠡ ᠲᠣᠰᠬᠤᠨ ᠤ ᠵᠢᠭᠤᠯᠴᠢᠯᠠᠯ | ᠵᠡᠷᠭᠡ ᠶᠢᠨ ᠦᠢᠯᠡᠰ ᠬᠦᠭᠵᠢᠭᠦᠯᠬᠦ ᠳᠤᠨᠢ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ ᠪᠣᠯᠤᠨ᠎ᠠ᠃ | ᠬᠥᠲᠥᠯᠥᠭᠴᠢ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ | ᠳᠠᠭᠠᠭᠠᠴᠢᠯᠠᠨ ᠵᠢᠭᠡᠯᠡᠬᠦ ᠭᠤᠤᠯ ᠴᠣᠭᠴᠠ ᠨᠢ ᠬᠡᠨ ᠪᠤᠢ︖ ᠪᠡᠯᠡ ᠮᠥᠩᠭᠦ ᠶᠢ ᠶᠠᠭᠠᠬᠢᠵᠤ ᠬᠡᠷᠡᠭᠯᠡᠬᠦ ᠪᠤᠢ︖ | ᠸᠧᠨ ᠮᠢᠨ᠄ | ᠥᠪᠡᠷᠲᠡᠭᠡᠨ ᠵᠠᠰᠠᠬᠤ ᠣᠷᠣᠨ ᠠᠴᠠ ᠵᠢᠭᠡᠯᠡᠯᠭᠡ ᠶᠢ ᠳᠠᠭᠠᠭᠠᠬᠤ ᠪᠤᠴᠠᠭᠠᠬᠤ ᠭᠤᠤᠯ ᠴᠣᠭᠴᠠ ᠨᠢ ᠪᠤᠯ ᠴᠥᠮ | ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠲᠣᠬᠢᠷᠠᠭᠤᠯᠬᠤ ᠭᠤᠣᠯ ᠴᠣᠭᠴᠠ ᠪᠤᠯᠬᠤ ᠪᠦᠭᠡᠳ ᠵᠢᠭᠡᠯᠡᠯᠭᠡ | ᠪᠤᠴᠠᠭᠠᠬᠤ ᠠᠷᠭ᠎ᠠ ᠨᠢ ᠪᠤᠯ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠲᠣᠬᠢᠷᠠᠭᠤᠯᠬᠤ ᠭᠤᠣᠯ | ᠴᠣᠭᠴᠠ ᠠᠴᠠ ᠨᠢᠭᠡᠳᠦᠯᠲᠡᠢ ᠵᠢᠭᠡᠯᠡᠨ ᠨᠢᠭᠡᠳᠦᠯᠲᠡᠶ ᠪᠤᠴᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠦᠷᠢ ᠥᠭᠴᠡᠭᠡ ᠳᠤ ᠤᠷᠤᠭᠤᠯᠬᠤ ᠭᠡᠵᠦ ᠲᠤᠭᠲᠠᠭᠠᠪᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠣᠷᠣᠨ ᠨᠤᠲᠤᠭ ᠤᠨ ᠡᠵᠡᠮᠳᠡᠵᠦ | ᠪᠣᠯᠬᠤ ᠡᠳ᠋ ᠤᠨ ᠬᠦᠴᠦᠨ ᠢ ᠨᠢᠭᠡᠳᠦᠯᠲᠡᠢ ᠲᠦᠯᠦᠪᠯᠡᠨ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ | ᠲᠣᠬᠢᠷᠠᠭᠤᠯᠬᠤ ᠭᠤᠣᠯ ᠴᠣᠭᠴᠠ ᠶᠢᠨ ᠵᠢᠭᠡᠯᠡᠯᠭᠡ ᠪᠤᠴᠠᠭᠠᠬᠤ ᠳᠤᠨᠢ ᠳᠡᠮᠵᠢᠯᠭᠡ ᠦᠵᠡᠭᠦᠯᠦᠨ᠎ᠡ᠃ ᠵᠢᠭᠡᠯᠡᠯᠭᠡ | ᠪᠤᠴᠠᠭᠠᠬᠤ ᠲᠦᠷᠦ ᠶᠢᠨ ᠪᠤᠳᠤᠯᠭ᠎ᠠ ᠶᠢ ᠪᠣᠯ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠢᠶᠠᠷ ᠲᠤᠭᠲᠠᠭᠠᠭᠰᠠᠨ ᠶᠤᠮ᠂ | ᠥᠪᠡᠷᠲᠡᠭᠡᠨ ᠵᠠᠰᠠᠬᠤ ᠣᠷᠣᠨ ᠠᠴᠠ ᠳᠡᠮᠵᠢᠭᠰᠡᠨ ᠡᠷᠴᠢᠮ ᠪᠦᠬᠦ ᠤᠯᠤᠰ ᠲᠤ ᠴᠤ ᠭᠡᠳ ᠴᠦᠭᠡᠨ᠂ ᠮᠠᠰᠢ ᠤᠯᠠᠨ | ᠮᠤᠵᠢ ᠬᠤᠲᠠᠳ ᠲᠤ ᠴᠥᠮ ᠰᠢᠶᠠᠨ ᠤ ᠱᠠᠲᠤ ᠨᠢ ᠪᠦᠬᠦ ᠲᠤᠭ᠎ᠠ ᠪᠠᠷ ᠳᠠᠭᠠᠭᠠᠨ ᠵᠢᠭᠡᠯᠡᠭᠰᠡᠨ ᠪᠠᠶᠢᠳᠠᠭ᠃ | ᠥᠪᠡᠷᠲᠡᠭᠡᠨ ᠵᠠᠰᠠᠬᠤ ᠣᠷᠣᠨ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠵᠦ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ | ᠬᠡᠷᠡᠭᠯᠡᠯᠲᠡ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠬᠦ ᠪᠤᠯᠤᠨ᠎ᠠ᠃ | ᠬᠦᠲᠦᠯᠦᠭᠴᠢ᠄ | ᠸᠧᠨ ᠡᠷᠬᠢᠯᠡᠭᠴᠢ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠬᠢᠨ | ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠪᠤᠢ︖ | ᠸᠧᠨ ᠮᠢᠨ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠦᠷᠦᠯ ᠵᠦᠢᠯ ︵ᠣᠷᠣᠨ ᠰᠠᠭᠤᠴᠠ ᠶᠢᠨ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠪᠠᠭᠲᠠᠨ᠎ᠠ︶ ᠤᠨ ᠳᠠᠭᠠᠭᠠᠴᠢᠯᠠᠯᠲᠠ ᠵᠠᠷᠯᠠᠬᠤ ᠲᠥᠰᠦᠯ ᠵᠡᠷᠭᠡ ᠶᠢ ᠬᠢᠨᠠᠨ ᠵᠥᠪᠰᠢᠶᠡᠷᠡᠬᠦ | ᠡᠷᠬᠡ ᠮᠡᠳᠡᠯ ᠢ ᠬᠤᠰᠢᠭᠤ ᠰᠢᠶᠠᠨ ᠤ ᠱᠠᠲᠤᠨ ᠳᠤ ᠪᠠᠭᠤᠯᠭᠠᠨ ᠭᠦᠢᠴᠡᠳᠭᠡᠯᠭᠡᠬᠦ ᠪᠠᠷ ᠪᠤᠯᠪᠠ᠂ ᠲᠦᠷᠦᠯ ᠵᠦᠢᠯ ᠤᠨ | ᠨᠢᠭᠡᠴᠡ ᠨᠢ ᠤᠶᠢᠷ᠎ᠠ ᠳᠦᠭᠦᠮᠬᠡᠨ ᠢᠶᠠᠷ ᠬᠤᠰᠢᠭᠤ ᠰᠢᠶᠠᠨ ᠳᠠᠭᠠᠨ ᠳᠠᠭᠠᠭᠠᠴᠢᠯᠠᠯᠲᠠ ᠵᠠᠷᠯᠠᠬᠤ ᠲᠥᠰᠦᠯ ᠢ ᠬᠢᠨᠠᠨ | ᠵᠥᠪᠰᠢᠶᠡᠷᠡᠭᠦᠯᠬᠦ ᠭᠠᠷ ᠭᠦᠢᠴᠡᠳᠬᠡᠯ ᠬᠢᠵᠦ ᠪᠤᠯᠤᠨ᠎ᠠ᠃ | ᠬᠥᠲᠥᠯᠥᠭᠴᠢ᠄ | ᠠᠳᠠᠯᠢ ᠪᠤᠰᠤ ᠨᠡᠭᠦᠯᠭᠡᠬᠦ ᠠᠷᠭ᠎ᠠ ᠬᠡᠯᠪᠡᠷᠢ ᠶᠢ ᠦᠨᠳᠦᠰᠦᠯᠡᠨ᠂ ᠵᠥᠷᠢᠶᠡᠲᠦ ᠨᠥᠬᠦᠪᠥᠷᠢ ᠥᠭᠬᠦ ᠲᠦᠷᠦ ᠶᠢᠨ | ᠪᠤᠳᠤᠯᠭ᠎ᠠ ᠶᠢ ᠠᠪᠴᠤ ᠪᠤᠯᠤᠨ᠎ᠠ ᠤᠤ︖ | ᠸᠧᠨ ᠮᠢᠨ᠄ | ᠪᠣᠳᠠᠲᠠᠶ ᠠᠵᠢᠯᠯᠠᠭᠠᠨ ᠤ ᠳᠤᠮᠳᠠ᠂ ᠡᠯ᠎ᠡ ᠭᠠᠵᠠᠷ ᠤᠳ ᠨᠡᠭᠦᠯᠭᠡᠬᠦ ᠠᠷᠭ᠎ᠠ ᠬᠡᠯᠪᠡᠷᠢ ᠶᠢᠨ ᠠᠳᠠᠯᠢ ᠪᠤᠰᠤ ᠪᠠᠨ | ᠦᠨᠳᠦᠰᠦᠯᠡᠨ ᠵᠥᠷᠢᠶᠡᠲᠦ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠠᠪᠬᠤ ᠶᠢ ᠵᠤᠷᠢᠭᠵᠢᠭᠤᠯᠵᠤ᠂ ︽ᠲᠠᠪᠤ ᠶᠢ | ᠤᠶᠠᠯᠳᠤᠭᠤᠯᠬᠤ︾ ᠶᠢ ᠪᠡᠶᠡᠯᠡᠭᠦᠯᠦᠨ᠎ᠡ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠲᠠᠢ | ᠤᠶᠠᠯᠳᠤᠭᠤᠯᠬᠤ ᠬᠡᠷᠡᠭᠲᠡᠶ︔ ᠬᠤᠲᠠ ᠪᠠᠯᠭᠠᠰᠤᠨ ᠤ ︽ᠬᠠᠳᠠᠭᠠᠯᠠᠯᠲᠠ ᠶᠢ ᠦᠭᠡᠶᠢᠰᠭᠡᠬᠦ︾ ᠲᠠᠢ ᠤᠶᠠᠯᠳᠤᠭᠤᠯᠬᠤ | ᠬᠡᠷᠡᠭᠲᠡᠶ︔ ᠬᠤᠲᠠ ᠪᠠᠯᠭᠠᠰᠤᠨ ᠤ ᠲᠠᠸᠠᠷ ᠤᠨ ᠭᠡᠷ ᠪᠠᠶᠢᠰᠢᠩ ᠤᠨ ᠨᠡᠭᠡᠭᠡᠯᠲᠡ ︽ ᠲᠤᠬᠢᠷᠠᠭᠤᠯᠤᠨ ᠪᠠᠶᠢᠭᠤᠯᠬᠤ | ᠳᠦᠷᠢᠮ︾ ᠲᠠᠢ ᠤᠶᠠᠯᠳᠤᠭᠤᠯᠵᠤ᠂ ᠨᠥᠬᠦᠵᠦ ︽ᠬᠥᠮᠦᠨ ᠤ ᠲᠤᠭ᠎ᠠ︾ ᠪᠠᠷ ᠨᠦᠬᠦᠬᠦ ᠠᠴᠠ ᠪᠢᠰᠢ᠂ ︽ | ᠲᠣᠭᠤᠰᠬ᠎ᠠ ᠶᠢᠨ ᠲᠤᠭ᠎ᠠ︾ ᠨᠦᠬᠦᠬᠦ ᠦᠭᠡᠢ ᠪᠠᠶᠢᠬᠤ ᠬᠡᠷᠡᠭᠲᠡᠢ︔ ᠲᠦᠪ ᠲᠣᠰᠬᠤᠨ ᠤ ︽ᠰᠤᠯᠠ ᠭᠡᠷ ᠢ | ᠦᠭᠡᠶᠢᠰᠬᠡᠬᠦ︾ ᠲᠠᠢ ᠤᠶᠠᠯᠳᠤᠭᠤᠯᠵᠤ᠂ ᠠᠷᠠᠳ ᠢ ᠨᠡᠭᠦᠯᠭᠡᠬᠦ ᠳᠤ ᠳᠦᠭᠦᠮ ᠦᠵᠡᠭᠦᠯᠵᠦ᠂ ᠥᠪᠡᠷ ᠤᠨ ᠦᠷᠲᠡᠭ ᠢ | ᠠᠷᠪᠢᠯᠠᠬᠤ ᠬᠡᠷᠡᠭᠲᠡᠶ᠃ ᠶᠠᠮᠠᠷᠪᠠ ᠨᠡᠭᠦᠯᠭᠡᠬᠦ ᠠᠷᠭ᠎ᠠ ᠬᠡᠯᠪᠡᠷᠢ ᠶᠢ ᠬᠡᠷᠡᠭᠯᠡᠭᠰᠡᠨ ᠴᠦ ᠲᠡᠷᠡ᠂ ᠶᠠᠳᠠᠭᠤ ᠬᠦᠴᠢᠷᠳᠡᠯᠲᠡᠶ | ᠡᠷᠤᠭᠡ ᠶᠢ ᠨᠡᠭᠦᠯᠭᠡᠬᠦ ᠠᠴᠠ ᠪᠤᠯᠵᠤ ᠰᠢᠨ᠎ᠡ ᠦᠷᠢ ᠦᠭᠴᠡᠭᠡ ᠳᠤ ᠤᠨᠠᠭᠤᠯᠬᠤ ᠦᠭᠡᠢ᠂ ᠨᠡᠭᠦᠯᠭᠡᠬᠦ ᠠᠴᠠ ᠪᠤᠯᠵᠤ | ᠨᠡᠶᠢᠭᠡᠮ ᠤᠨ ᠰᠢᠨ᠎ᠡ ᠵᠦᠷᠢᠴᠡᠯ ᠢ ᠡᠭᠦᠰᠭᠡᠬᠦ ᠦᠭᠡᠢ ᠪᠠᠶᠢᠬᠤ ᠪᠤᠯ ᠬᠤᠷᠢᠭ᠎ᠠ ᠱᠤᠭᠤᠮ ᠪᠤᠯᠤᠨ᠎ᠠ᠃ | ᠬᠥᠲᠥᠯᠥᠭᠴᠢ᠄ | ᠸᠧᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠵᠠᠷᠤᠳᠠᠯ ᠢ | ᠶᠠᠭᠠᠬᠢᠵᠤ ᠥᠭᠬᠦ ᠪᠤᠢ︖ | ᠸᠧᠨ ᠮᠢᠨ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠳᠤᠲᠤᠷ᠎ᠠ ᠠᠵᠢᠯ ᠤᠨ ᠵᠠᠷᠤᠳᠠᠯ | ᠲᠤᠬᠢᠷᠠᠭᠤᠯᠤᠭᠰᠠᠨ ᠦᠭᠡᠢ᠂ ᠡᠨᠡ ᠡᠭᠡᠯᠵᠢ ᠶᠢᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠤ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠶᠢ ᠬᠡᠷᠡᠭᠯᠡᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ | ᠠᠷᠭ᠎ᠠ ᠬᠡᠯᠪᠡᠷᠢ ᠪᠠᠷ ᠳᠠᠮᠵᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ ᠵᠢᠯ ᠪᠦᠷᠢ | ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠤᠬᠢᠬᠤ ᠲᠤᠭᠠᠨ ᠤ ᠵᠠᠷᠤᠳᠠᠯ ᠲᠤᠬᠢᠷᠠᠭᠤᠯᠬᠤ ᠶᠢᠨ ᠬᠠᠮᠲᠤ | ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠤ ᠡᠳ᠋ ᠤᠨ | ᠵᠠᠰᠠᠭ ᠴᠦ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠤᠬᠢᠬᠤ ᠲᠤᠭᠠᠨ ᠤ ᠵᠠᠷᠤᠳᠠᠯ ᠲᠤᠬᠢᠷᠠᠭᠤᠯᠵᠤ᠂ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠵᠠᠷᠤᠳᠠᠯ ᠪᠠ ᠠᠵᠢᠯᠲᠠᠨ ᠤ ᠵᠠᠷᠤᠯᠭ᠎ᠠ ᠳᠤ | ᠬᠡᠷᠡᠭᠯᠡᠨ᠎ᠡ᠃ | ᠬᠥᠲᠥᠯᠥᠭᠴᠢ᠄ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠤᠨ ᠠᠬᠢᠴᠠ ᠶᠢ ᠬᠡᠷᠬᠢᠨ ᠱᠠᠭᠠᠷᠳᠠᠭᠰᠠᠨ | ᠪᠤᠢ︖ | ᠸᠧᠨ ᠮᠢᠨ᠄ | ᠳᠥᠷᠪᠡᠨ ᠤᠯᠠᠷᠢᠯ ᠳᠤ ᠳᠦᠷᠪᠡ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠭᠡᠷ ᠤᠯᠠᠷᠢᠯ ᠳᠤ | ᠲᠥᠯᠥᠪᠵᠢᠭᠦᠯᠭᠡ᠂ ᠲᠥᠰᠦᠯ᠂ ᠵᠢᠯ ᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠤᠬᠢᠶᠠᠵᠤ ᠳᠠᠭᠤᠰᠬᠠᠬᠤ ᠶᠢ | ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠭᠠᠵᠠᠷ ᠲᠠᠲᠠᠪᠤᠷᠢᠯᠠᠬᠤ᠂ ᠣᠷᠣᠨ ᠰᠠᠭᠤᠴᠠ ᠶᠢᠨ ᠬᠡᠯᠪᠡᠷᠢ | ᠶᠠᠩᠵᠤ ᠶᠢᠨ ᠵᠢᠷᠤᠭ ᠲᠥᠯᠥᠪᠯᠡᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠬᠦ ᠬᠡᠷᠡᠭᠲᠡᠢ᠃ | ᠬᠤᠶᠠᠳᠤᠭᠠᠷ ᠤᠯᠠᠷᠢᠯ ᠳᠤ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠵᠦ᠂ 5 ᠳ᠋ᠤᠭᠠᠷ | ᠰᠠᠷ᠎ᠠ ᠶᠢᠨ 1 ᠤ ᠡᠳᠦᠷ ᠠᠴᠠ ᠣᠷᠣᠨ ᠰᠠᠭᠤᠴᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ ᠠᠵᠢᠯ | ᠡᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠᠳᠤᠭᠠᠷ ᠤᠯᠠᠷᠢᠯ ᠳᠤ ᠭᠡᠷ ᠪᠠᠶᠢᠰᠢᠩ ᠤᠨ ᠭᠤᠣᠯ ᠴᠤᠭᠴᠠ ᠶᠢ | ᠪᠠᠶᠢᠭᠤᠯᠤᠨ ᠳᠠᠭᠤᠰᠬᠠᠵᠤ᠂ ᠰᠠᠭᠤᠷᠢ ᠪᠡᠯᠡᠳᠬᠡᠮᠵᠢ ᠪᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠪᠦᠬᠦ ᠲᠠᠯ᠎ᠠ ᠪᠠᠷ ᠢᠵᠢ ᠪᠦᠷᠢᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡᠳᠦᠭᠡᠷ | ᠤᠯᠠᠷᠢᠯ ᠳᠤ ᠨᠡᠭᠦᠯᠭᠡᠬᠦ ᠡᠷᠦᠬᠡ ᠶᠢᠨ ᠰᠢᠨ᠎ᠡ ᠭᠡᠷ ᠨᠡᠭᠦᠬᠦ ᠲᠤ ᠨᠡᠭᠦᠨ ᠤᠷᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠡᠭᠦᠨ ᠤ ᠬᠠᠮᠲᠤ᠂ ᠬᠠᠭᠤᠴᠢᠨ ᠭᠡᠷ ᠪᠠᠶᠢᠰᠢᠩ ᠢ ᠨᠤᠷᠠᠭᠠᠬᠤ ᠪᠠ ᠣᠷᠣᠨ ᠰᠠᠭᠤᠴᠠ ᠶᠢᠨ ᠭᠠᠵᠠᠷ ᠢ ᠳᠠᠬᠢᠨ | ᠬᠠᠭᠠᠯᠪᠤᠷᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠡᠨᠡ ᠨᠢ ᠮᠥᠨ ᠴᠦ ᠠᠶᠢᠮᠠᠭ ᠬᠤᠳᠠ᠂ ᠬᠤᠰᠢᠭᠤ ᠰᠢᠶᠠᠨ | ᠡᠭᠦᠷᠭᠡ ᠪᠠᠨ ᠪᠡᠶᠡᠯᠡᠭᠦᠯᠦᠭᠰᠰᠡᠨ ᠢ ᠶᠢ ᠬᠢᠨᠠᠨ ᠰᠢᠯᠭᠠᠬᠤ ᠦᠨᠳᠦᠰᠦᠯᠡᠯ ᠪᠤᠯᠤᠨ᠎ᠠ᠃ | ᠬᠥᠲᠥᠯᠥᠭᠴᠢ᠄ | ᠮᠠᠨ ᠤ ᠣᠷᠣᠨ ᠤ ᠳᠠᠷᠠᠭ᠎ᠠ ᠠᠯᠬᠤᠮ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠳᠤ | ᠴᠢᠭᠯᠡᠭᠦᠯᠦᠨ ᠶᠠᠮᠠᠷ ᠶᠠᠮᠠᠷ ᠠᠵᠢᠯ ᠢ ᠦᠷᠨᠢᠬᠦᠯᠬᠦ ᠪᠤᠢ︖ | ᠸᠧᠨ ᠮᠢᠨ᠄ | ᠪᠣᠳᠠᠲᠠᠶ ᠠᠵᠢᠯ ᠤᠨ ᠳᠤᠮᠳᠠ᠂ ᠳᠣᠣᠷᠠᠬᠢ ᠬᠡᠳᠦᠨ ᠠᠰᠠᠭᠤᠳᠠᠯ ᠢ ᠭᠤᠣᠯᠳᠠᠯᠭ᠎ᠠ ᠲᠠᠢ ᠠᠳᠬᠤᠨ ᠰᠠᠶᠢᠲᠤᠷ | ᠰᠢᠢᠳᠪᠦᠷᠢᠯᠡᠬᠦ ᠬᠡᠷᠡᠭᠲᠠᠢ᠃ | ︵ᠨᠢᠭᠡ︶ ᠴᠠᠭ ᠬᠢᠭᠡᠳ ᠴᠢᠨᠠᠷ ᠴᠢᠨᠰᠠᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠠᠢ᠃ | ᠨᠢᠭᠡ ᠳᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠵᠥᠪ ᠣᠨᠣᠪᠴᠢᠲᠠᠶ ᠤᠶᠢᠯᠠᠭᠠᠵᠤ᠂ | ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠵᠤ᠂ ᠡᠬᠢᠯᠡᠯᠲᠡ ᠶᠢᠨ ᠱᠠᠳᠦ ᠳᠤ | ᠴᠢᠭᠯᠡᠯ ᠢᠶᠠᠨ ᠣᠨᠣᠪᠴᠢᠲᠠᠶ ᠣᠯᠵᠤ᠂ ᠵᠠᠮ ᠢᠶᠠᠨ ᠵᠦᠪ ᠰᠤᠩᠭᠤᠵᠤ᠂ ᠠᠩᠬᠠᠳᠠᠭᠴᠢ ᠲᠣᠪᠴᠢ ᠪᠠᠨ ᠰᠠᠶᠢᠲᠤᠷ | ᠲᠤᠪᠴᠢᠯᠠᠬᠤ ᠬᠡᠷᠡᠭᠲᠠᠢ᠃ ᠠᠵᠢᠯ ᠤᠨ ᠳᠤᠮᠳᠠ ᠨᠢᠭᠡᠨᠲᠡ ᠭᠠᠷᠤᠭᠰᠠᠨ ᠬᠡᠯᠲᠡᠭᠡᠶᠢᠳᠡᠭᠰᠡᠨ ᠠᠰᠠᠭᠤᠳᠠᠯ ᠢ ᠴᠠᠭ | ᠲᠤᠬᠠᠶ ᠳᠤᠨᠢ ᠴᠡᠭᠴᠡᠯᠡᠨ ᠦᠭᠡᠷᠡᠴᠢᠯᠡᠬᠦ ᠪᠠ ᠵᠠᠯᠠᠷᠠᠭᠤᠯᠵᠤ᠂ ᠲᠦᠷᠦ ᠶᠢᠨ ᠪᠤᠳᠤᠯᠭ᠎ᠠ ᠶᠢ ᠲᠡᠷᠡ ᠶᠤᠰᠤᠭᠠᠷ ᠨᠢ | ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠠᠢ᠃ ᠬᠤᠶᠠᠷ ᠲᠤ ᠬᠤᠰᠢᠭᠤ ᠰᠢᠶᠠᠨ ᠤ ᠱᠠᠲᠤᠨ ᠤ ᠤᠨᠳᠤᠤ ᠭᠠᠵᠠᠷ | ᠨᠡᠭᠦᠯᠭᠡᠵᠤ ᠶᠠᠳᠠᠭᠤ ᠶᠢ ᠲᠡᠳᠬᠦᠬᠦ ︽13 · 5︾ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠪᠠᠶᠢᠷᠢᠰᠢᠭᠤᠯᠤᠯ ᠤᠨ ᠲᠥᠰᠦᠯ᠂ ᠪᠡᠯᠡ ᠮᠥᠩᠭᠦ ᠶᠢᠨ ᠲᠤᠬᠢᠷᠠᠭᠤᠯᠭ᠎ᠠ ᠪᠤᠯᠤᠨ | ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠵᠡᠷᠭᠡ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠤᠯᠤᠰ ᠪᠤᠯᠤᠨ | ᠥᠪᠡᠷᠲᠡᠭᠡᠨ ᠵᠠᠰᠠᠬᠤ ᠣᠷᠣᠨ ᠤ ︽13·5︾ ᠶᠢᠨ ᠲᠥᠯᠥᠪᠵᠢᠭᠦᠯᠭᠡ ᠯᠦᠭᠡ ᠵᠣᠯᠭᠠᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠶ᠃ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ ︽13 · 5︾ ᠶᠢᠨ ᠲᠥᠯᠥᠪᠵᠢᠭᠦᠯᠭᠡ ᠶᠢ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠤ ᠳᠠᠷᠠᠭ᠎ᠠ ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ ︽ | 13 · 5︾ ᠶᠢᠨ ᠲᠥᠯᠥᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠬᠡᠷᠡᠭᠲᠠᠢ᠃ ᠭᠤᠷᠪᠠ ᠳᠤ ᠴᠠᠭ ᠬᠤᠭᠤᠴᠠᠭ᠎ᠠ ᠨᠢ | ᠴᠢᠨᠠᠷ ᠴᠢᠨᠰᠠᠭ᠎ᠠ ᠶᠢ ᠳᠠᠭᠠᠬᠤ ᠵᠠᠷᠴᠢᠮ ᠶᠣᠰᠣᠭᠠᠷ᠂ ᠨᠡᠭᠦᠯᠭᠡᠬᠦ ᠴᠢᠳᠠᠪᠤᠷᠢ ᠪᠤᠯᠤᠨ ᠡᠮᠦᠨᠡᠬᠢ ᠬᠤᠭᠤᠴᠠᠭᠠᠨ ᠤ | ᠪᠡᠯᠡᠳᠬᠡᠯ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠨᠡᠭᠦᠯᠭᠡᠬᠦ ᠠᠬᠢᠴᠠ ᠪᠤᠯᠤᠨ ᠣᠨ ᠤ ᠨᠡᠭᠦᠯᠭᠡᠬᠦ | ᠬᠡᠪᠴᠢᠶ᠎ᠡ ᠶᠢ ᠬᠢᠨᠠᠮᠠᠭᠠᠢ ᠮᠦᠷᠲᠡᠭᠡᠨ ᠪᠣᠯᠭᠤᠮᠵᠢᠲᠠᠶ ᠲᠤᠭᠲᠠᠭᠠᠵᠤ᠂ ᠴᠠᠭ ᠬᠤᠭᠤᠴᠠᠭ᠎ᠠ ᠶᠢᠨ ᠠᠬᠢᠴᠠ ᠶᠢ | ᠬᠦᠭᠡᠭᠡᠴᠡᠯᠳᠦᠬᠦ ᠠᠴᠠ ᠪᠣᠯᠵᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠠᠰᠤ ᠴᠢᠨᠠᠷ ᠢ | ᠨᠦᠯᠦᠭᠡᠯᠡᠬᠦ ᠠᠴᠠ ᠪᠤᠯᠭᠤᠮᠵᠢᠯᠠᠬᠤ ᠬᠡᠷᠡᠭᠲᠠᠢ᠃ | ︵ᠬᠤᠶᠠᠷ︶ ᠣᠯᠠᠨ ᠠᠷᠭ᠎ᠠ ᠵᠠᠮ ᠢᠶᠠᠷ ᠪᠡᠯᠡ ᠮᠥᠩᠭᠦ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ | ᠬᠡᠷᠡᠭᠲᠠᠢ᠃ ᠣᠳᠣᠬᠠᠨ ᠤ ᠤᠢᠢᠯᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠡᠯ᠎ᠡ ᠲᠥᠷᠥᠯ ᠤᠨ ᠪᠡᠯᠡ | ᠮᠥᠩᠭᠦ ᠶᠢᠨ ᠰᠢᠨᠵᠢ ᠴᠢᠨᠠᠷ ᠢ ᠣᠶᠢᠯᠠᠭᠠᠬᠤ ᠪᠠ ᠳᠠᠭᠠᠭᠠᠨ ᠠᠪᠴᠤ ᠬᠡᠷᠡᠭᠯᠡᠬᠦ ᠵᠡᠷᠭᠡ ᠲᠠᠯ᠎ᠠ ᠪᠠᠷ ᠪᠠᠰᠠ ᠴᠥᠭᠡᠨ | ᠪᠤᠰᠤ ᠰᠡᠵᠢᠭᠯᠡᠯ ᠪᠤᠯᠤᠨ ᠠᠰᠠᠭᠤᠳᠠᠯ ᠤᠷᠤᠰᠢᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠬᠤᠰᠢᠭᠤ | ᠰᠢᠶᠠᠨ ᠵᠠᠪᠠᠯ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠯᠤᠨ ᠪᠡᠯᠡ | ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠶᠢᠨ ᠨᠠᠪᠲᠡᠷᠡᠯᠴᠡᠭᠡ ᠪᠠᠨ ᠴᠢᠩᠭᠠᠳᠬᠠᠵᠤ᠂ ᠣᠯᠠᠨ | ᠠᠷᠭ᠎ᠠ ᠵᠠᠮ ᠤᠨ ᠪᠡᠯᠡ ᠮᠥᠩᠭᠦ ᠶᠢᠨ ᠰᠢᠨᠵᠢ ᠴᠢᠨᠠᠷ ᠢ ᠭᠦᠨᠵᠡᠭᠡᠶ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠪᠡᠯᠡ ᠮᠥᠩᠭᠦ ᠶᠢ ᠵᠣᠬᠢᠴᠠᠭᠤᠯᠬᠤ ᠪᠠ ᠵᠠᠯᠭᠠᠭᠤᠯᠬᠤ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠭᠤᠣᠯ ᠴᠣᠭᠴᠠ ᠪᠣᠯᠤᠨ ᠬᠤᠲᠠ ᠰᠢᠶᠠᠨ ᠤ | ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠪᠡᠯᠡ ᠮᠥᠩᠭᠦ ᠪᠤᠯᠤᠨ | ᠠᠵᠢᠯᠯᠠᠭᠠᠨ ᠤ ᠰᠢᠭᠤᠳ ᠰᠢᠯᠤᠭᠤᠨ ᠴᠤᠪᠤᠷᠠᠯ ᠢ ᠪᠠᠶᠢᠭᠤᠯᠵᠤ᠂ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠪᠤᠯᠤᠨ ᠳᠠᠮ ᠬᠦᠦ ᠲᠠᠢ ᠵᠢᠭᠡᠯᠡᠯᠭᠡ ᠵᠡᠷᠭᠡ ᠯᠦᠭᠡ ᠠᠮᠠ ᠰᠡᠭᠡᠷ ᠵᠤᠯᠭᠠᠭᠤᠯᠵᠤ᠂ | ᠥᠨᠳᠥᠷ ᠦᠷ᠎ᠡ ᠠᠰᠢᠭ ᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠠᠢ᠃ | ︵ᠭᠤᠷᠪᠠ︶ ᠨᠡᠭᠦᠯᠭᠡᠭᠳᠡᠭᠰᠡᠳ ᠢ ᠶᠠᠳᠠᠭᠤ ᠠᠴᠠ ᠠᠩᠬᠢᠵᠢᠷᠠᠭᠤᠯᠤᠨ ᠬᠦᠭᠵᠢᠬᠦᠯᠬᠦ ᠶᠢ ᠳᠡᠭᠡᠳᠦ ᠬᠡᠮᠵᠢᠶ᠎ᠡ ᠪᠠᠷ | ᠬᠦᠨᠳᠦᠳᠬᠡᠨ ᠦᠵᠡᠬᠦ ᠬᠡᠷᠡᠭᠲᠠᠢ᠃ ᠡᠯ᠎ᠡ ᠭᠠᠵᠠᠷ ᠤᠳ ︽13 · 5︾ ᠶᠢᠨ ᠬᠤᠭᠤᠴᠠᠭᠠᠨ ᠤ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ᠂ ᠨᠡᠭᠦᠯᠭᠡᠵᠦ | ᠲᠥᠪᠬᠢᠨᠡᠭᠦᠯᠬᠦ᠂ ᠵᠠᠯᠭᠠᠮᠵᠢ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠬᠤ ᠪᠤᠯᠪᠠᠰᠤᠷᠠᠭᠤᠯᠤᠯ ᠬᠢᠬᠦ ᠪᠠ | ᠦᠢᠯᠡᠴᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠤ᠂ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠪᠣᠯᠤᠨ ᠲᠤᠰ ᠭᠠᠵᠠᠷ ᠣᠷᠣᠨ ᠤ ︽13·5︾ ᠶᠢᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠢᠯᠠᠩᠭᠤᠶ᠎ᠠ ᠠᠵᠤ | ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ᠂ ᠰᠢᠯᠵᠢᠬᠦᠯᠦᠨ ᠠᠵᠢᠯ ᠤᠯᠭᠤᠵᠤ ᠶᠠᠳᠠᠭᠤ ᠠᠴᠠ | ᠠᠩᠭᠢᠵᠢᠷᠠᠭᠤᠯᠬᠤ ᠵᠡᠷᠭᠡ ᠲᠥᠯᠥᠪᠵᠢᠭᠦᠯᠭᠡ ᠶᠢ ᠠᠪᠴᠠᠯᠳᠤᠭᠤᠯᠬᠤ ᠬᠡᠷᠡᠭᠲᠡᠶ᠃ ᠲᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠨᠡᠭᠦᠯᠭᠡᠬᠦ ᠡᠷᠦᠭᠡ ᠶᠢ ᠳᠠᠮᠵᠢᠨ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠢᠵᠢ | ᠪᠦᠷᠢᠨ ᠲᠥᠷᠥ ᠶᠢᠨ ᠪᠣᠳᠣᠯᠭ᠎ᠠ ᠶᠢ ᠱᠠᠯᠠᠪᠬᠠᠨ ᠨᠡᠶᠢᠲᠡᠯᠡᠨ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠣᠷᠣᠭᠤᠯᠤᠯᠲᠠ ᠶᠢᠨ ᠡᠷᠴᠢᠮ ᠢ ᠴᠢᠩᠭᠠᠯᠠᠨ᠂ ᠡᠯ᠎ᠡ ᠱᠠᠲᠤᠨ ᠤ ᠡᠯ᠎ᠡ ᠲᠦᠷᠦᠯ ᠤᠨ ᠲᠠᠷᠢᠶᠠᠯᠠᠩ ᠳᠤ | ᠬᠤᠯᠪᠣᠭᠳᠠᠬᠤ ᠲᠤᠰᠬᠠᠶ ᠪᠡᠯᠡ ᠮᠥᠩᠭᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠠᠯᠠ ᠮᠥᠩᠭᠦ ᠶᠢ | ᠲᠥᠪᠬᠢᠨᠡᠭᠦᠯᠬᠦ ᠣᠷᠣᠨ ᠲᠡᠰᠢ ᠬᠡᠯᠪᠡᠶᠢᠯᠭᠡᠵᠤ᠂ ᠨᠡᠭᠦᠯᠭᠡᠬᠦ ᠤᠯᠠᠨ ᠲᠦᠮᠡᠨ ᠤ ᠵᠠᠯᠭᠠᠮᠵᠢ ᠠᠵᠤ ᠦᠢᠯᠡᠰ ᠤᠨ | ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠶ᠃ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠨᠡᠭᠦᠯᠭᠡᠬᠦ ᠡᠷᠦᠭᠡ ᠶᠢ ᠠᠮᠢ ᠠᠬᠤᠶ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠵᠡᠷᠭᠡ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ | ᠢᠨᠵᠧᠨᠧᠷᠢᠩ ᠳᠤ ᠤᠷᠤᠭᠤᠯᠵᠤ᠂ ᠪᠤᠰᠤᠳ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠡᠷᠤᠭᠡ ᠯᠦᠭᠡ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠠᠳᠠᠯᠢ ᠲᠡᠭᠰᠢ ᠪᠠᠷ ᠬᠦᠷᠲᠡᠭᠡᠯᠭᠡᠬᠦ | ᠬᠡᠷᠡᠭᠲᠡᠶ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠤᠨ ᠪᠣᠯᠪᠠᠰᠤᠷᠠᠭᠤᠯᠤᠯ ᠤᠨ ᠢᠨᠵᠧᠨᠧᠷᠢᠩ᠂ | ᠬᠤᠷ᠎ᠠ ᠶᠢᠨ ᠰᠢᠮ᠎ᠡ ᠲᠥᠯᠥᠪᠯᠡᠭᠡ᠂ ᠬᠠᠪᠤᠷ ᠤᠨ ᠦᠢᠯᠡ ᠠᠵᠢᠯᠯᠠᠭ᠎ᠠ ᠵᠡᠷᠭᠡ ᠪᠣᠯᠪᠠᠰᠤᠷᠠᠭᠤᠯᠤᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠨᠡᠭᠦᠯᠬᠡᠨ ᠠᠵᠢᠯ ᠣᠯᠭᠤᠬᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠯᠠᠵᠤ᠂ ᠲᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠤᠯᠠᠨ ᠲᠦᠮᠡᠨ ᠳᠤ 1 — 2 ᠵᠦᠢᠯ ᠤᠨ ᠠᠵᠢᠯ ᠣᠯᠭᠤᠬᠤ | ᠮᠡᠷᠭᠡᠵᠢᠯ ᠴᠢᠳᠠᠪᠤᠷᠢ ᠡᠵᠡᠮᠰᠢᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠲᠠ ᠪᠠᠯᠭᠠᠰᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠠᠵᠢᠯ ᠣᠯᠭᠤᠬᠤ | ᠠᠵᠢᠯ ᠤᠨ ᠪᠠᠶᠢᠷᠢ ᠳᠤ ᠲᠦᠰᠢᠭᠯᠡᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠢᠳᠡᠪᠬᠢᠲᠡᠶ | ᠪᠠᠶᠢᠭᠤᠯᠵᠤ᠂ ᠨᠡᠭᠦᠯᠬᠡᠭᠳᠡᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ︽ᠶᠠᠳᠠᠭᠤ ᠭᠠᠵᠠᠷ ᠠᠴᠠ | ᠨᠢ ᠨᠡᠭᠦᠯᠭᠡᠬᠦ︾ ᠪᠠ ︽ᠶᠠᠳᠠᠭᠤᠷᠠᠯ ᠠᠵᠢᠯ ᠢ ᠨᠢ ᠰᠣᠯᠢᠬᠤ︾ ᠶᠢ ᠵᠡᠷᠭᠡᠪᠡᠷ ᠠᠳᠬᠤᠬᠤ᠂ ᠠᠮᠤᠭᠤᠯᠠᠩ | ᠰᠠᠭᠤᠷᠢᠰᠢᠬᠤ ᠪᠠ ᠪᠠᠶᠠᠷ ᠬᠦᠷ ᠲᠠᠢ ᠠᠵᠢᠯᠯᠠᠬᠤ ᠶᠢ ᠵᠡᠷᠭᠡ ᠳᠤ ᠨᠢ ᠴᠢᠬᠤᠯᠠᠴᠢᠯᠠᠬᠤ᠂ ᠨᠡᠭᠦᠯᠭᠡᠬᠦ ᠪᠠ ᠶᠠᠳᠠᠭᠤ ᠠᠴᠠ | ᠠᠩᠭᠢᠵᠢᠷᠠᠬᠤ ᠶᠢ ᠵᠡᠷᠭᠡ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠠᠢ᠃ | ᠸᠧᠨ ᠮᠢᠨ᠄ | ︵ᠳᠦᠷᠪᠡ︶ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠴᠠᠭ ᠲᠤᠬᠠᠶ ᠳᠤᠨᠢ ᠪᠠᠶᠢᠭᠤᠯᠤᠨ | ᠲᠡᠭᠦᠯᠳᠡᠷᠵᠢᠬᠦᠯᠬᠦ ᠬᠡᠷᠡᠭᠲᠠᠢ᠃ ᠡᠯ᠎ᠡ ᠭᠠᠵᠠᠷ ᠤᠳ ᠬᠠᠷᠠᠯᠲᠠ ᠪᠠᠨ ᠬᠠᠷᠢᠯᠴᠠᠨ ᠦᠢᠯᠡᠳᠦᠯᠴᠡᠬᠦ ᠤᠬᠠᠮᠰᠠᠷ ᠢ ᠪᠤᠢ | ᠪᠤᠯᠭᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠨᠳᠤᠤ ᠭᠠᠵᠠᠷ | ᠨᠡᠭᠦᠯᠭᠡᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠪᠡᠯᠡ | ᠮᠥᠩᠭᠦ ᠤᠨ ᠲᠦᠷᠦᠯ ᠵᠦᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠳᠤ | ᠪᠣᠳᠠᠲᠤ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠳᠣᠬᠠᠨ ᠳᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠨᠢ ᠲᠥᠪ ᠤᠨ ︽ᠬᠤᠶᠠᠷ ᠲᠠᠯ᠎ᠠ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ | ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠴᠢᠩᠭ᠎ᠠ ᠲᠣᠭᠲᠠᠭᠠᠨ ᠨᠡᠶᠢᠲᠡᠯᠡᠬᠦ ᠪᠠᠷ ᠱᠠᠯᠠᠪᠳᠠᠵᠤ ᠪᠠᠶᠢᠨ᠎ᠠ᠃ | ᠡᠭᠦᠨ ᠳᠤ ︽ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠥᠳᠥᠭᠡᠨ ᠪᠠᠶᠢᠭᠤᠯᠤᠯᠲᠠ ᠶᠢᠨ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ | ᠬᠡᠷᠡᠭᠵᠢᠬᠦᠯᠪᠡ᠂ ︽ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠢ ᠬᠢᠨᠠᠨ ᠰᠢᠯᠭᠠᠬᠤ ᠠᠷᠭ᠎ᠠ︾ | ᠪᠤᠯᠤᠨ ︽ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠢᠨᠠᠨ ᠬᠠᠮᠢᠶᠠᠷᠬᠤ ᠠᠷᠭ᠎ᠠ︾ ᠶᠢ | ᠤᠳᠤ ᠶᠠᠭ ᠲᠣᠭᠲᠠᠭᠠᠵᠤ ᠪᠤᠢ᠃ ᠲᠥᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠯᠤᠨ ᠲᠦᠷᠢᠮ ᠢ | ᠨᠡᠶᠢᠲᠡᠯᠡᠭᠰᠡᠨ ᠤ ᠳᠠᠷᠠᠭ᠎ᠠ᠂ ᠡᠯ᠎ᠡ ᠭᠠᠵᠠᠷ ᠤᠳ ᠡᠨᠡ ᠬᠦ ᠰᠠᠭᠤᠷᠢᠨ ᠳᠡᠭᠡᠷ᠎ᠡ᠂ ᠲᠤᠰ ᠮᠤᠵᠢ ᠶᠢᠨ ᠬᠢᠨᠠᠨ ᠰᠢᠯᠭᠠᠬᠤ | ᠠᠷᠭ᠎ᠠ᠂ ᠬᠠᠮᠢᠶᠠᠷᠤᠯᠲᠠ ᠶᠢᠨ ᠲᠦᠷᠢᠮ ᠪᠤᠶᠤ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠬᠠᠨ ᠲᠣᠭᠲᠠᠭᠠᠵᠤ᠂ ᠱᠠᠳᠤ | ᠳᠠᠷᠠᠭᠠᠯᠠᠨ ᠬᠢᠨᠠᠯᠲᠠ ᠲᠠᠯᠪᠢᠵᠤ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠬᠠᠨ ᠡᠵᠡᠯᠡᠵᠦ ᠨᠡᠭᠦᠯᠭᠡᠨ | ᠬᠡᠷᠡᠭᠯᠡᠭᠰᠡᠨ᠂ ᠳᠤᠮᠳᠠ ᠠᠴᠠ ᠨᠢ ᠦᠯᠡᠳᠡᠭᠡᠵᠤ ᠱᠠᠮᠰᠢᠭᠰᠠᠨ ᠵᠡᠷᠭᠡ ᠠᠵᠢᠯᠯᠠᠭ᠎ᠠ ᠶᠢ ᠡᠷᠡᠰ ᠪᠠᠶᠢᠴᠠᠭᠠᠨ | ᠰᠢᠢᠳᠪᠦᠷᠢᠯᠡᠬᠦ ᠬᠡᠷᠡᠭᠲᠠᠢ᠃ 4 ᠳ᠋ᠤᠭᠡᠷ ᠰᠠᠷ᠎ᠠ ᠶᠢᠨ 22 ᠤᠨ ᠡᠳᠦᠷ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠲᠤᠰᠠᠬᠠᠶᠢᠯᠠᠨ ᠶᠠᠳᠠᠭᠤ ᠶᠢ ᠲᠡᠳᠬᠦᠬᠦ ᠬᠦᠷᠢᠶᠡᠨ ᠤ ᠰᠠᠬᠢᠯᠭ᠎ᠠ ᠪᠠᠲᠤ ᠶᠢᠨ ᠬᠡᠷᠡᠭᠵᠢᠬᠦᠯᠦᠯᠲᠡ ᠳᠤ ᠬᠢᠨᠠᠯᠲᠠ | ᠲᠠᠯᠪᠢᠵᠤ ᠬᠠᠷᠢᠭᠤᠴᠠᠯᠭ᠎ᠠ ᠲᠤᠯᠭᠠᠬᠤ ᠠᠵᠢᠯ ᠤᠨ ᠶᠠᠷᠢᠯᠴᠠᠬᠤ ᠬᠤᠷᠠᠯ ᠬᠢᠪᠡ᠂ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠨᠡᠶᠢᠲᠡᠯᠢᠭ ᠠᠰᠠᠭᠤᠳᠠᠯ ᠤᠨ ᠰᠦᠪᠡᠭᠴᠢ ᠶᠢ ᠲᠥᠪᠯᠡᠷᠡᠭᠦᠯᠦᠨ ᠰᠢᠯᠢᠨ ᠰᠣᠩᠭᠤᠵᠤ᠂ ᠵᠠᠷᠯᠠᠨ | ᠮᠡᠳᠡᠭᠳᠡᠵᠦ ᠢᠯᠡ ᠨᠡᠶᠢᠲᠡᠯᠡᠬᠦ ᠡᠷᠴᠢᠮ ᠢ ᠴᠢᠩᠭᠠᠷᠠᠭᠤᠯᠵᠤ᠂ ᠴᠢᠩᠭ᠎ᠠ ᠲᠣᠳᠣᠷᠬᠠᠶ ᠳᠣᠬᠢᠶ᠎ᠠ ᠲᠠᠯᠪᠢᠵᠤ᠂ | ᠦᠷᠭᠦᠯᠵᠢᠯᠡᠭᠰᠡᠨ ᠰᠦᠷ ᠦᠵᠡᠭᠦᠯᠬᠦ ᠪᠠᠶᠢᠳᠠᠯ ᠲᠠᠢ ᠪᠤᠯᠭᠠᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠡᠯᠭᠡ ᠲᠡᠮᠳᠡᠭᠲᠦ ᠢᠨᠵᠧᠨᠧᠷᠢᠩ ᠪᠤᠯᠤᠭᠰᠠᠨ ᠤ | ᠬᠤᠪᠢ ᠳᠤ᠂ ᠶᠡᠭᠡ ᠬᠡᠮᠵᠢᠶᠡᠨ ᠤ ᠪᠡᠯᠡ ᠮᠥᠩᠭᠦ ᠲᠠᠢ ᠬᠤᠯᠪᠤᠭᠳᠠᠵᠤ᠂ ᠨᠡᠶᠢᠭᠡᠮ ᠤᠨ ᠠᠩᠬᠠᠷᠤᠯ ᠢ ᠴᠤ ᠶᠡᠬᠡᠪᠡᠷ | ᠲᠠᠲᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠢᠰᠲ᠋ᠧᠮ ᠤᠨ ᠰᠠᠬᠢᠯᠭ᠎ᠠ ᠪᠠᠲᠤ ᠶᠢᠨ | ᠬᠡᠷᠡᠭᠵᠢᠬᠦᠯᠦᠯᠲᠡ ᠳᠤ ᠬᠠᠷᠢᠭᠤᠴᠠᠯᠭ᠎ᠠ ᠲᠤᠯᠭᠠᠬᠤ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠤᠣᠯᠳᠠᠯᠭ᠎ᠠ ᠪᠤᠯᠤᠨ᠎ᠠ᠂ | ᠡᠯ᠎ᠡ ᠭᠠᠵᠠᠷ ᠤᠳ ᠵᠠᠪᠠᠯ ᠰᠡᠷᠡᠮᠵᠢᠲᠡᠶ ᠪᠠᠶᠢᠵᠤ᠂ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ | ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠤ᠂ ︽ᠮᠦᠡᠭᠭᠦᠨ ᠤ ᠲᠦᠯᠦᠭᠡ ᠵᠡᠷᠭᠡ ᠪᠠᠨ ᠬᠤᠰᠤᠭᠤᠯᠬᠤ︾ ᠶᠢ | ᠰᠡᠷᠭᠡᠶᠢᠯᠡᠵᠤ᠂ ᠠᠷᠢᠭᠤᠨ ᠴᠢᠬᠡᠴᠢ ᠪᠠᠷ ᠨᠡᠭᠦᠯᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠲᠠᠪᠤ︶ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠤᠷᠢᠳᠴᠢᠯᠠᠨ ᠰᠣᠳᠣᠯᠵᠣ ᠣᠷᠢᠳᠴᠢᠯᠠᠨ | ᠮᠠᠭᠠᠳᠯᠠᠬᠤ ᠶᠢ ᠰᠠᠶᠢᠲᠤᠷ ᠬᠢᠬᠦ ᠬᠡᠷᠡᠭᠲᠡᠢ᠃ ᠶᠡᠭᠡ ᠬᠡᠪᠴᠢᠶ᠎ᠡ ᠪᠠᠷ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠪᠣᠯ ᠬᠥᠮᠦᠰ ᠤᠨ ᠲᠠᠷᠬᠠᠯᠲᠠ ᠶᠢᠨ ᠪᠦᠲᠦᠴᠡ᠂ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠪᠣᠯᠣᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠲᠣᠬᠢᠷᠠᠭᠤᠯᠬᠤ ᠪᠠ ᠲᠠᠬᠢᠨ ᠵᠣᠬᠢᠶᠠᠨ ᠪᠠᠶᠢᠭᠤᠯᠬᠤ ᠶᠠᠪᠤᠳᠠᠯ | ᠮᠦᠨ᠂ ᠳᠥᠭᠦᠮᠬᠡᠨ ᠬᠥᠮᠦᠨ ᠠᠮᠠ ᠶᠢᠨ ᠰᠢᠯᠵᠢᠯᠲᠡ ᠪᠢᠰᠢ ᠶᠤᠮ᠂ ᠡᠶᠢᠮᠦ ᠠᠴᠠ᠂ ᠡᠶᠢᠮᠦ ᠲᠡᠶᠢᠮᠦ ᠠᠰᠠᠭᠤᠳᠠᠯ | ᠭᠠᠷᠬᠤ ᠴᠢᠨᠠᠭᠰᠢᠯᠠᠭᠠᠳ ᠵᠠᠷᠢᠮ ᠰᠠᠨᠠᠭᠠᠨ ᠳᠤ ᠦᠭᠡᠢ ᠴᠢᠬᠤᠯᠠ ᠶᠡᠭᠡ ᠠᠰᠠᠭᠤᠳᠠᠯ ᠭᠠᠷᠬᠤ ᠨᠢ ᠵᠠᠶᠢᠯᠠᠰᠢ ᠦᠭᠡᠢ | ᠶᠣᠮ᠃ ᠨᠢᠭᠡ ᠲᠠᠯ᠎ᠠ ᠪᠠᠷ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠨᠡᠭᠦᠯᠭᠡᠬᠦ ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠭᠤᠮᠣᠳᠠᠯ | ᠱᠠᠭᠠᠷᠳᠠᠯᠭ᠎ᠠ ᠶᠢ ᠴᠠᠭ ᠢᠮᠠᠭᠲᠠ ᠣᠶᠢᠯᠠᠭᠠᠵᠤ᠂ ᠴᠤᠬᠤᠶᠢᠯᠲᠠ ᠶᠢᠨ ᠴᠢᠨᠠᠷᠲᠠᠶ᠂ ᠬᠠᠨᠳᠤᠰᠢ ᠶᠢᠨ ᠴᠢᠨᠠᠷᠲᠠᠶ | ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ᠂ ᠮᠥᠷᠳᠡᠨ ᠡᠵᠡᠮᠰᠢᠵᠦ᠂ ᠬᠦᠯᠢᠴᠡᠩᠭᠦᠶ ᠪᠥᠭᠡᠳ ᠨᠠᠷᠢᠨ ᠨᠢᠮᠪᠠᠶ | ᠠᠵᠢᠯ ᠬᠢᠬᠦ ᠪᠠᠷ ᠳᠠᠮᠵᠢᠭᠤᠯᠤᠨ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠨᠦᠬᠦᠭᠡ | ᠲᠠᠯ᠎ᠠ ᠪᠠᠷ᠂ ᠭᠠᠷᠴᠤ ᠮᠡᠳᠡᠬᠦ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠪᠥᠯᠥᠭᠯᠡᠯ ᠤᠨ ᠴᠢᠨᠠᠷᠲᠠᠶ ᠬᠡᠷᠡᠭ ᠲᠤ | ᠴᠢᠭᠯᠡᠭᠦᠯᠦᠨ ᠵᠣᠬᠢᠴᠠᠩᠭᠤᠶ ᠪᠡᠯᠡᠳᠬᠡᠯ ᠲᠥᠰᠦᠯ ᠪᠤᠶᠤ ᠠᠷᠭᠠᠴᠠᠬᠤ ᠪᠤᠳᠤᠯᠭ᠎ᠠ ᠲᠣᠭᠲᠠᠭᠠᠵᠤ᠂ ᠵᠥᠷᠢᠴᠡᠯ | ᠬᠤᠷᠴᠠᠳᠬᠤ ᠶᠢ ᠰᠡᠷᠭᠡᠶᠢᠯᠡᠬᠦ ᠬᠡᠷᠡᠭᠲᠡᠢ᠃ | ︵ᠵᠢᠷᠭᠤᠭ᠎ᠠ︶ ᠲᠥᠷᠥᠯ ᠵᠦᠢᠯ ᠪᠣᠯᠣᠨ ᠪᠡᠯᠡ ᠮᠥᠡᠭᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠨᠢᠭᠡ ᠳᠤ᠂ ᠠᠶᠢᠮᠠᠭ ᠬᠤᠳᠠ ᠬᠤᠰᠢᠭᠤ ᠰᠢᠶᠠᠨ ᠨᠤᠭᠤᠳ ᠲᠥᠷᠥᠯ ᠵᠦᠢᠯ ᠤᠨ ᠬᠠᠮᠢᠶᠠᠷᠤᠯᠲᠠ ᠶᠢᠨ ᠪᠦᠬᠦ | ᠶᠠᠪᠤᠴᠠ ᠳᠤ ᠣᠷᠣᠯᠴᠠᠬᠤ ᠬᠡᠷᠡᠭᠲᠡᠢ᠃ ᠠᠶᠢᠮᠠᠭ ᠬᠤᠳᠠ ᠶᠢᠨ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠡᠷᠡᠭ ᠶᠠᠪᠤᠳᠠᠯ ᠠᠴᠠ ᠬᠤᠰᠢᠭᠤ ᠰᠢᠶᠠᠨ ᠤ ᠬᠡᠷᠡᠭᠵᠢᠭᠦᠯᠬᠦ | ᠲᠥᠰᠦᠯ ᠤᠨ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ ᠠᠵᠢᠯ᠂ ᠬᠡᠷᠡᠭ ᠶᠠᠪᠤᠳᠠᠯ ᠤᠨ ᠳᠤᠮᠳᠠ ᠡᠳᠦᠷ ᠲᠤᠳᠤᠮ ᠤᠨ | ᠬᠢᠨᠠᠨ ᠪᠠᠶᠢᠴᠠᠭᠠᠬᠤ ᠪᠠ ᠲᠤᠰᠬᠠᠶ ᠪᠠᠶᠢᠴᠠᠭᠠᠬᠤ᠂ ᠬᠡᠷᠡᠭ ᠶᠠᠪᠤᠳᠠᠯ ᠤᠨ ᠳᠠᠷᠠᠭ᠎ᠠ ᠲᠥᠷᠥᠯ ᠵᠦᠢᠯ ᠤᠨ ᠪᠠᠷᠢᠯᠭ᠎ᠠ | ᠳᠠᠭᠤᠰᠴᠤ ᠵᠣᠬᠢᠶᠠᠨ ᠪᠠᠶᠢᠭᠤᠯᠤᠨ ᠰᠢᠯᠭᠠᠨ ᠠᠪᠬᠤ ᠶᠢ ᠬᠠᠷᠢᠭᠤᠴᠠᠬᠤ ᠬᠡᠷᠡᠭᠲᠡᠢ᠃ ᠲᠥᠷᠥᠯ ᠵᠦᠢᠯ ᠤᠨ ᠬᠤᠰᠢᠭᠤ | ᠰᠢᠶᠠᠨ ᠤ ᠬᠡᠷᠡᠭᠵᠢᠭᠦᠯᠬᠦ ᠭᠤᠣᠯ ᠴᠣᠭᠴᠠ ᠨᠢ ᠠᠵᠢᠯ ᠤᠨ ᠦᠷ᠎ᠡ ᠪᠥᠲᠥᠮᠵᠢ ᠪᠠᠨ ᠳᠡᠭᠡᠭᠰᠢᠯᠡᠭᠦᠯᠵᠦ᠂ ᠴᠢᠬᠤᠯᠠᠲᠠᠶ | ᠦᠶ᠎ᠡ ᠳᠤ ᠠᠵᠢᠯᠲᠠᠨ ᠲᠠᠲᠠᠵᠤ ᠲᠥᠪᠯᠡᠷᠡᠭᠦᠯᠦᠨ ᠠᠵᠢᠯᠯᠠᠬᠤ ᠬᠡᠷᠡᠭᠲᠡᠢ᠃ ᠬᠤᠶᠠᠷ ᠲᠤ ᠪᠡᠯᠡ ᠮᠥᠡᠭᠭᠦᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠢᠨᠵᠧᠨᠧᠷᠢᠩ ᠤᠨ ᠪᠡᠯᠡ ᠮᠥᠩᠭᠦ ᠶᠢᠨ ᠬᠡᠮᠵᠢᠶ᠎ᠡ ᠶᠡᠭᠡ᠂ ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ | ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠣᠯᠬᠤᠷ ᠡᠯ᠎ᠡ ᠭᠠᠵᠠᠷ ᠤᠳ ᠬᠤᠯᠪᠣᠭᠳᠠᠯ ᠪᠦᠬᠦᠢ ᠳᠦᠷᠢᠮ | ᠶᠣᠰᠣᠭᠠᠷ ᠡᠯ᠎ᠡ ᠵᠦᠢᠯ ᠤᠨ ᠪᠡᠯᠡ ᠮᠥᠩᠭᠦ ᠳᠤ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠲᠤᠰᠬᠠᠶ | ᠮᠥᠡᠭᠭᠦ ᠶᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠵᠤ᠂ ᠱᠠᠮᠰᠢᠬᠤ ᠰᠢᠬᠠᠨ ᠡᠵᠡᠯᠡᠬᠦ ᠨᠡᠭᠦᠯᠭᠡᠨ ᠬᠡᠷᠡᠭᠯᠡᠬᠦ ᠶᠢ | ᠡᠷᠡᠰ ᠰᠡᠷᠭᠡᠶᠢᠯᠡᠬᠦ ᠬᠡᠷᠡᠭᠲᠡᠢ᠃ ᠭᠤᠷᠪᠠ ᠳᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠣᠳᠣ ᠶᠠᠭ ᠰᠠᠷ᠎ᠠ ᠶᠢᠨ ᠮᠡᠳᠡᠭᠦᠯᠦᠯᠲᠡ ᠪᠣᠯᠣᠨ ᠤᠯᠠᠷᠢᠯ ᠤᠨ | ᠮᠡᠳᠡᠭᠦᠯᠦᠯᠲᠡ ᠶᠢᠨ ᠲᠦᠷᠢᠮ ᠢ ᠰᠤᠳᠤᠯᠤᠨ ᠨᠡᠶᠢᠲᠡᠯᠡᠬᠦ ᠪᠠᠷ ᠪᠠᠶᠢᠨ᠎ᠠ᠂ ᠬᠤᠰᠢᠭᠤ ᠰᠢᠶᠠᠨ ᠨᠤᠭᠤᠳ ᠮᠡᠳᠡᠭᠡ ᠵᠠᠩᠭᠢ | ᠮᠡᠳᠡᠭᠦᠯᠦᠨ ᠬᠦᠷᠭᠡᠬᠦ ᠬᠥᠮᠦᠨ ᠢ ᠲᠣᠳᠣᠷᠬᠠᠢ ᠲᠣᠭᠲᠠᠭᠠᠵᠤ᠂ ᠠᠬᠢᠴᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠮᠡᠳᠡᠭᠦᠯᠦᠨ ᠬᠦᠷᠭᠡᠬᠦ ᠬᠡᠷᠡᠭᠲᠡᠢ᠃ ᠲᠦᠷᠪᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠨᠳᠣᠣ ᠭᠠᠵᠠᠷ ᠨᠡᠭᠦᠯᠭᠡᠵᠦ | ᠶᠠᠳᠠᠭᠤ ᠶᠢ ᠲᠡᠳᠬᠦᠬᠦ ᠶᠢ ᠶᠠᠳᠠᠭᠤ ᠶᠢ ᠲᠡᠳᠬᠦᠬᠦ ᠠᠵᠢᠯ ᠤᠨ ᠢᠶᠠᠨ ᠴᠢᠬᠤᠯᠠ ᠭᠠᠷᠳᠠᠴᠠ ᠪᠣᠯᠭᠠᠵᠤ᠂ ᠨᠡᠶᠢᠭᠡᠮ ᠤᠨ | ᠡᠯ᠎ᠡ ᠡᠲᠡᠭᠡᠳ ᠤᠨ ᠬᠢᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠡᠯ᠎ᠡ ᠭᠠᠵᠠᠷ ᠤᠳ ᠠᠵᠢᠯ ᠢᠶᠠᠨ ᠰᠠᠶᠢᠲᠤᠷ | ᠬᠢᠬᠦ ᠪᠠᠷ ᠪᠠᠷᠠᠬᠤ ᠦᠭᠡᠢ ᠪᠠᠰᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠲᠣᠣᠷ ᠰᠦᠯᠵᠢᠶ᠎ᠡ ᠵᠡᠷᠭᠡ ᠣᠯᠠᠨ | ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ | ᠵᠢᠯᠣᠭᠤᠳᠴᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠬᠠᠭᠤᠯᠤᠨ᠂ | ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠨᠢᠬᠡᠳᠬᠡᠬᠦ᠂ ᠲᠦᠷᠦ ᠶᠢᠨ ᠪᠤᠳᠤᠯᠭ᠎ᠠ ᠶᠢᠨ ᠣᠶᠢᠯᠠᠭᠠᠯᠲᠠ ᠪᠠᠨ | ᠭᠦᠨᠵᠡᠭᠡᠶᠢᠷᠡᠭᠦᠯᠬᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠬᠤ᠂ ᠲᠦᠷᠦ ᠶᠢᠨ ᠪᠤᠳᠤᠯᠭ᠎ᠠ ᠶᠢᠨ ᠬᠢᠵᠠᠭᠠᠷ | ᠱᠣᠭᠤᠮ ᠢ ᠰᠠᠬᠢᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ ᠪᠠᠲᠤᠯᠠᠬᠤ᠂ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠠᠪᠤ ᠳᠤ ᠲᠥᠷᠥᠯ ᠵᠦᠢᠯ ᠤᠨ ᠳᠠᠩᠰᠠ | ᠡᠪᠬᠡᠮᠡᠯ ᠪᠣᠯᠣᠨ ᠳᠠᠩᠰᠠᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽13·5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠪᠣᠯ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠰᠢᠪᠲᠦᠯᠦᠯᠲᠡ ᠶᠢᠨ ᠴᠢᠬᠤᠯᠠ | ᠢᠨᠵᠧᠨᠧᠷᠢᠩ ᠮᠦᠨ᠂ ᠡᠯ᠎ᠡ ᠲᠦᠷᠦᠯ ᠤᠨ ᠬᠢᠨᠠᠨ ᠪᠣᠳᠣᠯᠲᠠ᠂ ᠪᠠᠶᠢᠴᠠᠭᠠᠯᠲᠠ᠂ ᠦᠨᠡᠯᠡᠯᠲᠡ ᠲᠤᠰᠬᠠᠢ ᠵᠢᠱᠢᠯᠲᠡ᠂ | ᠰᠢᠯᠭᠠᠨ ᠠᠪᠬᠤ ᠶᠠᠪᠤᠳᠠᠯ ᠨᠡᠩ ᠴᠢᠩᠭᠠᠳᠬᠤ ᠪᠣᠯᠣᠨ᠎ᠠ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤᠮᠳᠠ ᠡᠯ᠎ᠡ | ᠭᠠᠵᠠᠷ ᠤᠳ ᠳᠠᠩᠰᠠ ᠡᠪᠬᠡᠮᠡᠯ ᠪᠣᠯᠣᠨ ᠳᠠᠩᠰᠠᠨ ᠤ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠨᠡ ᠠᠵᠢᠯ ᠢ ᠲᠤᠰᠬᠠᠢ ᠬᠥᠮᠦᠨ ᠢᠶᠠᠷ ᠬᠠᠷᠢᠭᠤᠴᠠᠭᠤᠯᠬᠤ ᠬᠡᠷᠡᠭᠲᠡᠢ᠃ | ᠬᠥᠲᠥᠯᠥᠭᠴᠢ᠄ | ᠵᠠ ᠰᠡᠶᠢᠠ ᠪᠣᠯᠣᠯ᠎ᠠ᠂ ᠸᠧᠨ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠳᠤ ᠲᠤᠶᠢᠯ ᠢᠶᠠᠷ ᠲᠠᠯᠠᠷᠬᠠᠵᠤ | ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠤᠭ᠍ᠷᠠᠮ ᠳᠤ | ᠪᠠᠶᠠᠷᠲᠠᠶᠢᠬᠠᠨ ᠵᠣᠯᠭᠠᠶ᠎ᠠ︕ |