ᠪᠦᠭᠦ ᠤᠯᠤᠰ ᠤᠨ ᠬᠤᠷᠢᠨ ᠵᠢᠷᠭᠤᠳᠤᠭᠠᠷ ᠬᠤᠭᠤᠴᠠᠭᠠᠨ ᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠪᠣᠭᠤᠲᠤ ᠳᠤ ᠡᠬᠢᠯᠡᠪᠡ
ᠨᠡᠶᠢᠲᠡᠯᠡᠭᠰᠡᠨ ᠴᠠᠭ᠄
2016/7/29
      7 ᠳ᠋ᠤᠭᠠᠷ ᠰᠠᠷ᠎ᠠ ᠶᠢᠨ 28᠎ ᠤ ᠦᠳᠡ ᠶᠢᠨ ᠡᠮᠦᠨ᠎ᠡ᠂ ᠪᠦᠬᠦ ᠤᠯᠤᠰ ᠤᠨ ᠬᠤᠷᠢᠨ ᠵᠢᠷᠭᠤᠳᠤᠭᠠᠷ ᠬᠤᠭᠤᠴᠠᠭᠠᠨ ᠤ ︽ᠳᠠᠯ᠎ᠠ ᠨᠤᠳᠤᠭ ᠤᠨ ᠰᠤᠶᠤᠯ ᠢ ᠰᠤᠨᠢᠷᠬᠠᠵᠤ᠂ ᠳᠤᠮᠳᠠᠳᠤ ᠶᠢᠨ ᠪᠢᠴᠢᠭ ᠰᠤᠳᠤᠷ ᠢ ᠪᠠᠭ᠋ᠠᠷᠬᠠᠨᠠᠮ︾ ᠬᠡᠬᠦ ᠭᠤᠤᠯ ᠰᠡᠳᠦᠪᠳᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠡᠬᠢᠯᠡᠯᠳᠡ ᠶᠢᠨ ᠶᠤᠰᠤᠯᠠᠯ ᠪᠤᠭᠤᠳᠤ ᠬᠤᠳᠠ ᠳᠤ ᠨᠢᠵᠢᠬᠢᠷ ᠰᠠᠶᠢᠬᠠᠨ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠷᠢᠭᠦᠯᠡᠭᠴᠢ ᠷᠧᠨ ᠶᠠ ᠫᠢᠩ᠂ ᠤᠯᠤᠰ ᠤᠨ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ ᠶᠢᠨ ᠳᠡᠳ᠋ ᠳᠠᠷᠤᠭ᠎ᠠ ᠶᠠᠨ ᠰᠢᠶᠤᠤ ᠬᠤᠩ᠂ ᠦ᠋ ᠱᠠᠩ ᡁᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠳᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠦᠩ ᠡᡁᠧ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠦ᠋ ᠲᠤᠸᠠᠨ ᠶᠢᠩ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢᠦ ᠰᠢᠨ ᠯᠧ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠡᠬᠢᠯᠡᠯᠳᠡ ᠶᠢᠨ ᠶᠤᠰᠤᠯᠠᠯ ᠢ ᠸᠠᠩ ᠵᠦᠩ ᠡᡁᠧ ᠡᠷᠬᠢᠯᠡᠵᠤ᠂ ᠶᠠᠨ ᠰᠢᠶᠤᠤ ᠬᠤᠩ᠂ ᠯᠢᠦ ᠰᠢᠨ ᠯᠧ ᠶᠠᠷᠢᠶ᠎ᠠ ᠳᠠᠯᠪᠢᠵᠠᠢ᠃      ᠶᠠᠨ ᠰᠢᠶᠤᠤ ᠬᠤᠩ ᠶᠠᠷᠢᠶᠠᠨ ᠳᠠᠭᠠᠨ᠂ ᠪᠦᠬᠦ ᠠᠷᠠᠳ ᠨᠤᠮ ᠤᠩᠰᠢᠵᠤ᠂ ᠨᠤᠮ ᠤᠨ ᠬᠡᠰᠢᠭ ᠢᠶᠠᠷ ᠡᠶ᠎ᠡ ᠵᠤᠬᠢᠴᠠᠩᠭᠤᠢ ᠨᠡᠶᠢᠬᠡᠮ ᠢ ᠪᠠᠶᠢᠭᠤᠯᠬᠤ ᠴᠢᠬᠤᠯᠠ ᠳᠠᠪᠴᠠᠩ ᠪᠤᠯᠭᠠᠭᠰᠠᠨ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠨᠢ ᠨᠤᠮ ᠪᠢᠴᠢᠭ ᠢᠶᠠᠷ ᠠᠴᠢᠶᠠᠯᠠᠪᠤᠷᠢ ᠪᠤᠯᠭᠠᠨ᠂ ᠠᠷᠠᠳ ᠤᠯᠠᠨ ᠤ ᠨᠤᠮ ᠤᠩᠰᠢᠬᠤ ᠢᠳᠡᠪᠬᠢᠵᠢᠯ ᠢ ᠳᠠᠶᠢᠴᠢᠯᠠᠨ᠂ ᠨᠤᠮ ᠤᠩᠰᠢᠬᠤ ᠪᠠᠷ ᠰᠤᠶᠤᠯ ᠤᠨ ᠰᠠᠭᠤᠷᠢ ᠶᠢ ᠪᠠᠳᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠲᠦᠯᠬᠢᠨ ᠠᠬᠢᠭᠤᠯᠵᠤ ᠪᠤᠢ ᠬᠡᠪᠡ᠃      ᠯᠢᠦ ᠰᠢᠨ ᠯᠧ ᠶᠠᠷᠢᠶᠠᠨ ᠳᠠᠭᠠᠨ᠂ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠮᠠᠨ ᠤ ᠤᠷᠤᠨ ᠳᠤ ᠶᠠᠪᠤᠭᠳᠠᠭᠰᠠᠨ ᠨᠢ ᠮᠠᠨ ᠤ ᠤᠷᠤᠨ ᠤ ︽ᠪᠦᠬᠦ ᠠᠷᠠᠳ ᠨᠤᠮ ᠤᠩᠰᠢᠬᠤ ᠳᠤᠮᠳᠠ ᠤᠷᠳᠤ ᠬᠤᠭᠤᠴᠠᠭᠠᠨ ᠤ ᠲᠦᠯᠦᠪᠯᠡᠭᠡ︾᠎ ᠲᠠᠢ ᠤᠷᠭᠠᠨᠢᠭ ᠤᠶᠠᠯᠳᠤᠭᠰᠠᠨ ᠪᠠᠶᠢᠨ᠎ᠠ᠃ ᠰᠤᠶᠤᠯ ᠪᠤᠯ ᠨᠢᠭᠡᠨ ᠦᠨᠳᠦᠰᠦᠲᠡᠨ ᠤ ᠲᠤᠯᠭᠠᠭᠤᠷᠢ᠂ ᠰᠤᠶᠤᠯ ᠤᠨ ᠦᠢᠯᠡᠰ ᠬᠢᠬᠡᠳ ᠰᠤᠶᠤᠯ ᠤᠨ ᠠᠵᠤ ᠦᠢᠯᠡᠰ ᠢ ᠭᠦᠭᠵᠢᠭᠦᠯᠬᠦ ᠨᠢ ᠤᠮᠠᠷᠠᠳᠤ ᠬᠢᠯᠢ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ᠂ ᠨᠡᠶᠢᠬᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠠᠶᠢᠭᠤᠯᠬᠤ ᠶᠢ ᠲᠦᠯᠬᠢᠨ ᠠᠬᠢᠭᠤᠯᠬᠤ ᠶᠤᠮ ᠬᠡᠪᠡ᠃      ᠷᠧᠨ ᠶᠠ ᠫᠢᠩ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠡᠬᠢᠯᠡᠬᠦ ᠶᠢ ᠵᠠᠷᠯᠠᠭᠰᠠᠨ ᠪᠦᠬᠡᠳ ᠶᠠᠨ ᠰᠢᠶᠤᠤ ᠬᠤᠩ᠂ ᠦ᠋ ᠱᠠᠩ ᡁᠢ᠂ ᠸᠠᠩ ᠵᠦᠩ ᠡᡁᠧ᠂ ᠦ᠋ ᠲᠤᠸᠠᠨ ᠶᠢᠩ᠂ ᠯᠢᠦ ᠰᠢᠨ ᠯᠧ ᠨᠠᠷ ᠲᠠᠢ ᠬᠠᠮᠳᠤ ᠦᠵᠡᠰᠭᠦᠯᠡᠩ ᠢ ᠲᠤᠭᠤᠷᠢᠨ ᠦᠵᠡᠪᠡ᠃      ᠲᠤᠰ ᠬᠤᠭᠤᠴᠠᠭᠠᠨ ᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠢ ᠤᠯᠤᠰ ᠤᠨ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠭᠢᠯᠡᠵᠤ᠂ ᠦᠪᠡᠷᠳᠡᠭᠡᠨ ᠵᠠᠰᠠᠬᠤ ᠤᠷᠤᠨ ᠤ ᠰᠤᠨᠢᠨ ᠮᠡᠳᠡᠭᠡ ᠭᠡᠪᠯᠡᠯ ᠷᠠᠳᠢᠣ᠋ ᠲᠧᠯᠸᠢᠰ ᠤᠨ ᠲᠤᠪᠴᠢᠶ᠎ᠠ᠂ ᠪᠤᠭᠤᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠠᠭᠠᠭᠠᠴᠢᠯᠠᠨ ᠡᠷᠬᠢᠯᠡᠵᠤ᠂ ᠬᠠᠭᠠᠰ ᠵᠢᠯ ᠭᠠᠷᠤᠢ ᠶᠢᠨ ᠪᠡᠯᠡᠳᠭᠡᠯ ᠠᠵᠢᠯ ᠬᠢᠵᠤ ᠪᠤᠭᠤᠳᠤ ᠶᠢᠨ ᠭᠤᠤᠯ ᠳᠠᠯᠠᠪᠠᠢ ᠬᠢᠬᠡᠳ ᠤᠯᠠᠭᠠᠨᠴᠠᠪ᠂ ᠦᠬᠠᠢ ᠶᠢᠨ ᠬᠤᠪᠢᠶᠠᠷᠢ ᠳᠠᠯᠠᠪᠠᠢ ᠪᠠᠷ 7 ᠰᠠᠷ᠎ᠠ ᠶᠢᠨ 28᠎ ᠠᠴᠠ 30 ᠪᠤᠯᠳᠠᠯ᠎ᠠ 3 ᠡᠳᠤᠷ ᠶᠠᠪᠤᠭᠳᠠᠬᠤ ᠪᠤᠯᠤᠨ᠎ᠠ᠃ ᠪᠤᠭᠤᠳᠤ ᠶᠢᠨ ᠭᠤᠤᠯ ᠳᠠᠯᠠᠪᠠᠢ ᠨᠢ ᠭᠤᠷᠪᠠᠨ ᠦᠵᠡᠭᠦᠯᠦᠯᠭᠡ ᠶᠢᠨ ᠲᠤᠭᠤᠷᠢᠭ ᠬᠤᠪᠢᠶᠠᠵᠤ᠂ ᠨᠡᠶᠢᠳᠡ 2127 ᠦᠵᠡᠭᠦᠯᠦᠯᠭᠡ ᠶᠢᠨ ᠤᠷᠤ ᠲᠠᠢ᠂ ᠪᠦᠬᠦ ᠤᠯᠤᠰ ᠤᠨ ᠡᠯ᠎ᠡ ᠮᠤᠵᠢ ᠤᠷᠤᠨ ᠬᠤᠳᠠ ᠠᠴᠠ ᠬᠦᠷᠦᠯᠴᠡᠨ ᠢᠷᠡᠭᠰᠡᠨ 44 ᠲᠦᠯᠦᠬᠡᠯᠡᠭᠴᠢᠳ ᠤᠨ ᠪᠦᠯᠬᠦᠮ ᠬᠢᠬᠡᠳ 860 ᠬᠡᠪᠯᠡᠯ ᠤᠨ ᠬᠤᠷᠢᠶ᠎ᠠ ᠦᠵᠡᠰᠭᠦᠯᠡᠩ ᠳᠤ ᠤᠷᠤᠯᠴᠠᠵᠦ 1600 ᠭᠠᠷᠦᠢ ᠲᠤᠰᠬᠠᠢ ᠠᠵᠢᠯᠯᠠᠭ᠎ᠠ ᠦᠷᠨᠢᠭᠦᠯᠬᠦ ᠪᠤᠯᠤᠨ᠎ᠠ᠃ ᠦᠵᠡᠰᠭᠦᠯᠡᠩ ᠳᠤ᠂ ᠨᠤᠮ ᠪᠢᠴᠢᠭ ᠤᠨ ᠰᠤᠳᠤᠨ ᠪᠦᠳᠦᠭᠡᠯ ᠤᠨ ᠦᠵᠡᠭᠦᠯᠦᠯᠭᠡ᠂ ᠤᠩᠰᠢᠭᠴᠢ ᠶᠢᠨ ᠨᠠᠶᠢᠷ᠂ ︽ᠠᠷᠪᠠᠨ ᠰᠤᠳᠤᠨ ᠤᠩᠰᠢᠭᠴᠢ︾᠎ ᠶᠢ ᠬᠦᠬᠢᠬᠦᠯᠦᠨ ᠱᠠᠩᠨᠠᠬᠤ᠂ ︽ᠳᠤᠮᠳᠠᠳᠤ ᠶᠢᠨ ᠬᠡᠪᠯᠡᠯ ᠤᠨ ᠬᠢᠯᠪᠠᠭ᠎ᠠ︾ ᠦᠵᠡᠭᠦᠯᠦᠯᠭᠡ᠂ ᠪᠤᠬᠢᠷᠳᠤᠯ ᠦᠭᠡᠢ ᠰᠢᠨ᠎ᠡ ᠶᠢ ᠡᠭᠦᠳᠬᠦ ᠬᠡᠪᠯᠡᠯ ᠤᠨ ᠦᠵᠡᠭᠦᠯᠦᠯᠭᠡ᠂ ᠪᠦᠬᠦ ᠠᠷᠠᠳ ᠨᠤᠮ ᠤᠩᠰᠢᠬᠤ ᠭᠤᠤᠯ ᠰᠡᠳᠦᠪᠳᠤ ᠠᠵᠢᠯᠯᠠᠭ᠎ᠠ ᠵᠡᠷᠭᠡ ᠰᠢᠷᠢᠰ ᠠᠵᠢᠯᠯᠠᠭ᠎ᠠ ᠶᠠᠪᠤᠭᠳᠠᠵᠤ᠂ ᠬᠡᠪᠯᠡᠯ ᠤᠨ ᠦᠢᠯᠡᠰ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠬᠢᠬᠡᠳ ᠰᠢᠨ᠎ᠡ ᠶᠢ ᠡᠭᠦᠳᠬᠦ ᠭᠦᠭᠵᠢᠯᠳᠡ ᠶᠢᠨ ᠦᠷ᠎ᠡ ᠪᠦᠳᠦᠮᠵᠢ ᠶᠢ ᠬᠠᠷᠠᠭᠤᠯᠵᠤ᠂ ᠨᠢᠭᠡ ᠪᠦᠯᠦᠭ ᠭᠤᠤᠯᠳᠠᠯᠭᠠᠳᠤ ᠭᠤᠤᠯ ᠰᠡᠳᠦᠪᠳᠤ ᠨᠤᠮ ᠪᠢᠴᠢᠭ ᠬᠢᠭᠡᠳ ᠬᠠᠮᠤᠭ ᠤᠨ ᠰᠢᠨ᠎ᠡ ᠰᠤᠳᠤᠨ ᠪᠦᠳᠦᠭᠡᠯ ᠢ ᠭᠠᠷᠭᠠᠵᠤ᠂ ᠪᠦᠬᠦ ᠠᠷᠠᠳ ᠤᠨ ᠨᠤᠮ ᠤᠩᠰᠢᠬᠤ ᠶᠢ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号