ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ 2015 ᠣᠨ ᠤ ᠭᠠᠵᠠᠷ ᠰᠢᠷᠣᠶ ᠪᠣᠯᠤᠨ ᠠᠭᠤᠷᠬᠠᠶ ᠶᠢᠨ ᠭᠠᠷᠤᠯᠲᠠ ᠶᠢᠨ ᠲᠠᠯ᠎ᠠ ᠪᠠᠷ ᠬᠢ ᠬᠠᠤᠯᠢ ᠬᠡᠷᠡᠭᠵᠢᠬᠦᠯᠦᠯᠲᠡ ᠬᠢᠨᠠᠯᠲᠠ ᠪᠠᠶᠢᠴᠠᠭᠠᠯᠲᠠ ᠰᠡᠷᠡᠮᠵᠢᠯᠡᠭᠦᠯᠬᠦ ᠶᠠᠷᠢᠯᠴᠠᠭᠠᠨ ᠤ ᠬᠤᠷᠠᠯ ᠬᠢᠪᠡ  ᠸᠠᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2016/7/29
      7 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ 2015 ᠣᠨ ᠤ ᠭᠠᠵᠠᠷ ᠰᠢᠷᠣᠶ ᠪᠣᠯᠤᠨ ᠠᠭᠤᠷᠬᠠᠶ ᠶᠢᠨ ᠭᠠᠷᠤᠯᠲᠠ ᠶᠢᠨ ᠲᠠᠯ᠎ᠠ ᠪᠠᠷ ᠬᠢ ᠬᠠᠤᠯᠢ ᠬᠡᠷᠡᠭᠵᠢᠬᠦᠯᠦᠯᠲᠡ ᠬᠢᠨᠠᠯᠲᠠ ᠪᠠᠶᠢᠴᠠᠭᠠᠯᠲᠠ ᠰᠡᠷᠡᠮᠵᠢᠯᠡᠭᠦᠯᠬᠦ ᠶᠠᠷᠢᠯᠴᠠᠭᠠᠨ ᠤ ᠬᠤᠷᠠᠯ ᠬᠢᠪᠡ᠃ ᠬᠤᠷᠠᠯ ᠠᠴᠠ 2015 ᠣᠨ ᠤ ᠭᠠᠵᠠᠷ ᠰᠢᠷᠣᠶ ᠪᠣᠯᠤᠨ ᠠᠭᠤᠷᠬᠠᠶ ᠶᠢᠨ ᠭᠠᠷᠤᠯᠲᠠ ᠶᠢᠨ ᠲᠠᠯ᠎ᠠ ᠪᠠᠷ ᠬᠢ ᠬᠠᠤᠯᠢ ᠬᠡᠷᠡᠭᠵᠢᠬᠦᠯᠦᠯᠲᠡ ᠬᠢᠨᠠᠯᠲᠠ ᠪᠠᠶᠢᠴᠠᠭᠠᠯᠲᠠ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠨᠢᠳᠤᠨᠤᠨ ᠪᠦᠬᠦ ᠣᠷᠣᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ 1444 ᠬᠡᠷᠡᠭ ᠢ ᠬᠡᠷᠡᠭ ᠪᠤᠯᠭᠠᠨ ᠪᠠᠶᠢᠴᠠᠭᠠᠵᠤ᠂ 472 ᠬᠠᠷᠢᠭᠤᠴᠠᠯᠭ᠎ᠠ ᠲᠠᠢ ᠬᠦᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠪᠡ︔ ᠪᠦᠬᠦ ᠣᠷᠣᠨ ᠳᠤ ᠠᠭᠤᠷᠬᠠᠶ ᠶᠢᠨ ᠭᠠᠷᠤᠯᠲᠠ ᠶᠢᠨ ᠬᠠᠤᠯᠢ ᠠᠴᠠ ᠵᠥᠷᠢᠴᠡᠭᠰᠡᠨ 241 ᠬᠡᠷᠡᠭ ᠢ ᠬᠡᠷᠡᠭ ᠪᠤᠯᠭᠠᠨ ᠪᠠᠶᠢᠴᠠᠭᠠᠵᠤ᠂ 32 ᠬᠠᠷᠢᠭᠤᠴᠠᠯᠭ᠎ᠠ ᠲᠠᠢ ᠬᠦᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠪᠡ᠃ 9 ᠬᠤᠰᠢᠭᠤ ᠰᠢᠶᠠᠨ᠂ ᠬᠤᠳᠠ᠂ ᠲᠤᠭᠤᠷᠢᠭ ᠲᠠᠢ ᠪᠤᠯᠵᠤᠨ ᠶᠠᠷᠢᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠬᠤᠷᠠᠯ ᠳᠤ ᠣᠷᠣᠯᠴᠠᠪᠠ᠃      ᠸᠠᠩ ᠪᠥᠸᠧ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠤᠳ ᠲᠤ ᠪᠥᠬᠦ ᠣᠷᠣᠨ ᠢᠶᠠᠷ ᠢᠶᠠᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠠᠵᠠᠷ ᠰᠢᠷᠣᠶ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠬᠦᠴᠦᠲᠡᠶ ᠬᠠᠮᠠᠭᠠᠯᠠᠪᠠ᠃ ᠭᠡᠪᠡᠴᠦ ᠪᠥᠬᠦ ᠣᠷᠣᠨ ᠤ   ᠭᠠᠷᠤᠯᠲᠠ ᠶᠢᠨ ᠲᠠᠯ᠎ᠠ ᠪᠠᠷ ᠬᠢ ᠬᠠᠤᠯᠢ ᠬᠡᠷᠡᠭᠵᠢᠭᠦᠯᠬᠦ ᠠᠵᠢᠯ ᠤᠨ ᠶᠡᠷᠦᠩᠬᠡᠶ ᠪᠠᠶᠢᠳᠠᠯ ᠠᠴᠠ ᠠᠪᠴᠤ ᠦᠵᠡᠪᠡᠯ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠰᠠ ᠠᠷᠪᠢᠨ ᠣᠷᠣᠰᠢᠵᠤ᠂ ᠬᠠᠤᠯᠢ ᠠᠴᠠ ᠵᠦᠷᠢᠴᠡᠨ ᠬᠡᠷᠡᠭᠯᠡᠭᠰᠡᠨ ᠭᠠᠵᠠᠷ ᠤᠨ ᠳᠠᠯᠠᠪᠠᠢ ᠨᠢ ᠶᠡᠭᠡ᠂ ᠴᠡᠭᠴᠡᠯᠡᠨ ᠵᠠᠰᠠᠬᠤ ᠡᠭᠦᠷᠭᠡ ᠬᠦᠨᠳᠦ ᠪᠠᠶᠢᠬᠤ ᠵᠡᠷᠭᠡ ᠠᠰᠠᠭᠤᠳᠠᠯ ᠤᠷᠤᠰᠢᠵᠤ ᠪᠤᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠳᠤ ᠵᠥᠪ ᠬᠠᠨᠳᠤᠵᠤ᠂ ᠵᠥᠷᠢᠴᠡᠯ ᠠᠴᠠ ᠵᠠᠶᠢᠯᠠᠬᠤ ᠦᠭᠡᠶ ᠪᠠᠶᠢᠵᠤ᠂ ᠠᠯᠢ ᠤᠯᠠᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠬᠡᠷᠡᠭ ᠤᠨ ᠡᠮᠦᠨ᠎ᠡ ᠬᠦᠨᠳᠦᠳᠬᠡᠬᠦ ᠦᠭᠡᠢ᠂ ᠬᠡᠷᠡᠭ ᠤᠨ ᠳᠤᠮᠳᠠ ᠴᠡᠭᠴᠡᠯᠡᠨ ᠵᠠᠰᠠᠬᠤ ᠦᠭᠡᠢ᠂ ᠬᠡᠷᠡᠭ ᠤᠨ ᠲᠠᠷᠠᠭ᠎ᠠ ᠬᠠᠷᠢᠭᠤᠴᠠᠯᠭ᠎ᠠ ᠪᠠᠨ ᠨᠡᠬᠡᠮᠵᠢᠯᠡᠭᠦᠯᠬᠦ︾ ᠪᠠᠶᠢᠳᠠᠯ ᠭᠠᠷᠬᠤ ᠠᠴᠠ ᠬᠡᠷᠰᠡᠤᠯᠡᠬᠦ ᠬᠡᠷᠡᠭᠲᠠᠢ ᠬᠡᠪᠡ᠃      ᠸᠠᠩ ᠪᠥᠸᠧ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠭᠠᠷᠤᠯᠲᠠ ᠶᠢᠨ ᠲᠠᠯ᠎ᠠ ᠪᠠᠷ ᠬᠢ ᠬᠠᠤᠯᠢ ᠬᠡᠷᠡᠭᠵᠢᠭᠦᠯᠬᠦ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠤᠯᠤᠭᠰᠠᠨ ᠤ ᠬᠤᠪᠢ ᠳᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ︽ᠡᠬᠢᠯᠡᠩᠭᠦᠳᠡ ᠰᠡᠷᠡᠵᠤ ᠮᠡᠳᠡᠨ᠂ ᠴᠤᠬᠤᠶᠢᠯᠲᠠ ᠶᠢᠨ ᠦᠶ᠎ᠡ ᠳᠤ ᠨᠢ ᠰᠢᠢᠳᠪᠦᠷᠢᠯᠡᠬᠦ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠤᠱᠲᠠᠶ ᠴᠡᠭᠴᠡᠯᠡᠨ ᠵᠠᠰᠠᠬᠤ ᠶᠢ ᠪᠠᠲᠤᠯᠠᠵᠤ᠂ ︽ᠬᠡᠷᠡᠭ ᠢ ᠰᠢᠢᠳᠪᠦᠷᠢᠯᠡᠬᠦ ᠮᠦᠷᠲᠡᠭᠡᠨ ᠬᠦᠮᠦᠨ ᠢ ᠴᠤ ᠰᠢᠢᠳᠪᠦᠷᠢᠯᠡᠬᠦ ᠬᠡᠷᠡᠭᠲᠠᠢ︾ ᠬᠡᠰᠡᠨ ᠱᠠᠭᠠᠷᠳᠠᠯᠭ᠎ᠠ ᠶᠤᠰᠤᠭᠠᠷ᠂ ︽ᠲᠠᠪᠤᠨ ᠬᠠᠤᠯᠢ ᠶᠢ ᠵᠢᠷᠤᠮᠯᠠᠬᠤ︾ ᠪᠠ ︽ᠳᠦᠷᠪᠡ ᠶᠢ ᠨᠠᠶᠢᠳᠠᠪᠤᠷᠢᠵᠢᠭᠤᠯᠬᠤ︾᠎ ᠶᠢ ᠪᠡᠶᠡᠯᠡᠬᠦᠯᠵᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠦᠨᠡᠨ ᠬᠦ ᠬᠠᠮᠠᠭᠠᠯᠠᠬᠤ ᠬᠡᠷᠡᠭᠲᠠᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠠᠴᠠ ᠠᠯᠠᠱᠠ ᠠᠶᠢᠮᠠᠭ ᠤᠨ ᠡᠤ ᠰᠢᠩ ᠬᠤᠨᠭ᠌ ᠿᠦᠢ ᠵᠤᠭᠠᠴᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠤᠯᠢ ᠠᠴᠠ ᠵᠦᠷᠢᠴᠡᠨ ᠭᠠᠵᠠᠷ ᠰᠢᠷᠣᠶ ᠡᠵᠡᠯᠡᠭᠰᠡᠨ ᠬᠡᠷᠡᠭ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠬᠤᠸᠠᠩ ᠴᠢ ᠬᠠᠢ ᠵᠢᠯᠣᠭᠤᠴᠢ ᠶᠢᠨ ᠰᠤᠷᠭᠠᠭᠤᠯᠢ ᠶᠢᠨ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠬᠡᠷᠡᠭ ᠢ ᠨᠡᠷ᠎ᠡ ᠵᠢᠭᠠᠵᠤ ᠰᠢᠮᠳᠠᠭᠤᠯᠤᠨ ᠰᠢᠢᠳᠪᠦᠷᠢᠯᠡᠬᠦ ᠬᠡᠷᠡᠭᠲᠡᠶ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号