ᠣᠶᠢᠯᠠᠭᠠᠭᠰᠠᠨ ᠢᠶᠠᠷ᠂ ᠮᠠᠨ ᠤ ᠤᠷᠤᠨ ᠤ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ︵3 + 2︶ ᠰᠤᠷᠤᠭᠴᠢ ᠡᠯᠰᠡᠬᠦ ᠰᠤᠷᠭᠠᠭᠤᠯᠢ 45 ᠪᠠᠶᠢᠵᠤ᠂ ᠨᠡᠶᠢᠲᠡ 18822 ᠰᠤᠷᠤᠭᠴᠢ | ᠡᠯᠰᠡᠬᠦ ᠪᠠᠷ ᠲᠦᠯᠦᠪᠯᠡᠵᠦ ᠪᠠᠶᠢᠨ᠎ᠠ᠃ ᠣᠷᠣᠨ ᠤ ᠳᠣᠲᠤᠷ᠎ᠠ ᠭᠠᠳᠠᠨᠠᠬᠢ ᠪᠠᠷ ᠬᠤᠪᠢᠶᠠᠷᠢᠯᠠᠪᠠᠯ᠂ ᠣᠷᠣᠨ ᠤ ᠳᠣᠲᠤᠷ᠎ᠠ | 18540 ᠰᠤᠷᠤᠭᠴᠢ᠂ ᠣᠷᠣᠨ ᠤ ᠭᠠᠳᠠᠨ᠎ᠠ 282 ᠰᠤᠷᠤᠭᠴᠢ ᠡᠯᠰᠡᠨ᠎ᠡ︔ ᠬᠢᠴᠢᠶᠡᠯᠯᠡᠬᠦ ᠬᠡᠯᠨ ᠪᠠᠷ | ᠬᠤᠪᠢᠶᠠᠷᠢᠯᠠᠪᠠᠯ᠂ ᠬᠢᠲᠠᠳ ᠢᠶᠠᠷ ᠬᠢᠴᠢᠶᠡᠯᠯᠡᠬᠦ 18772 ᠰᠤᠷᠤᠭᠴᠢ᠂ ᠮᠣᠩᠭᠤᠯ ᠢᠶᠠᠷ ᠬᠢᠴᠢᠶᠡᠯᠯᠡᠬᠦ 50 | ᠰᠤᠷᠤᠭᠴᠢ ᠪᠣᠯᠤᠨ᠎ᠠ︔ ᠰᠣᠷᠣᠭᠴᠢ ᠶᠢᠨ ᠢᠷᠡᠯᠳᠡ ᠶᠢᠨ ᠠᠶᠢᠮᠠᠭ ᠬᠤᠲᠠ ᠪᠠᠷ ᠬᠤᠪᠢᠶᠠᠷᠢᠯᠠᠪᠠᠯ᠂ ᠬᠥᠬᠡᠬᠤᠲᠠ ᠠᠴᠠ | 2704 ᠰᠤᠷᠤᠭᠴᠢ᠂ ᠪᠤᠭᠤᠲᠤ ᠬᠤᠳᠠ ᠠᠴᠠ 3648 ᠰᠤᠷᠤᠭᠴᠢ᠂ ᠦᠬᠠᠶ ᠬᠤᠳᠠ ᠠᠴᠠ 661 ᠰᠤᠷᠤᠭᠴᠢ᠂ | ᠤᠯᠠᠭᠠᠨᠬᠠᠳᠠ ᠬᠤᠲᠠ ᠠᠴᠠ 2778 ᠰᠤᠷᠤᠭᠴᠢ᠂ ᠬᠥᠯᠥᠨ ᠪᠤᠶᠢᠷ ᠬᠤᠳᠠ ᠠᠴᠠ 1446 ᠰᠤᠷᠤᠭᠴᠢ᠂ ᠬᠢᠩᠭᠠᠨ | ᠠᠶᠢᠮᠠᠭ ᠠᠴᠠ 513 ᠰᠤᠷᠤᠭᠴᠢ᠂ ᠲᠦᠩᠯᠢᠶᠣᠤ ᠬᠤᠲᠠ ᠠᠴᠠ 969 ᠰᠤᠷᠤᠭᠴᠢ᠂ ᠰᠢᠯᠢ ᠶᠢᠨ ᠭᠤᠣᠯ ᠠᠶᠢᠮᠠᠭ | ᠠᠴᠠ 958 ᠰᠤᠷᠤᠭᠴᠢ᠂ ᠤᠯᠠᠭᠠᠨᠴᠠᠪ ᠬᠤᠳᠠ ᠠᠴᠠ 1624 ᠰᠤᠷᠤᠭᠴᠢ᠂ ᠪᠠᠶᠠᠨᠨᠠᠭᠤᠷ ᠬᠤᠳᠠ ᠠᠴᠠ 1542 | ᠰᠤᠷᠤᠭᠴᠢ᠂ ᠤᠷᠳᠤᠰ ᠬᠤᠳᠠ ᠠᠴᠠ 1615 ᠰᠤᠷᠤᠭᠴᠢ᠂ ᠠᠯᠠᠱᠠ ᠠᠶᠢᠮᠠᠭ ᠠᠴᠠ 364 ᠰᠤᠷᠤᠭᠴᠢ ᠡᠯᠰᠡᠨ᠎ᠡ᠃ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠨᠤᠭᠤᠳ 33141 ᠰᠤᠷᠤᠭᠴᠢ ᠶᠢ ᠡᠵᠡᠨ ᠮᠡᠳᠡᠨ | ᠡᠯᠰᠡᠬᠦ ᠪᠠᠷ ᠲᠦᠯᠦᠪᠯᠡᠵᠦ ᠪᠣᠢ᠂ ᠡᠭᠦᠨ ᠳᠤ ᠣᠷᠣᠨ ᠤ ᠳᠣᠲᠤᠷ᠎ᠠ ᠠᠴᠠ 31176 ᠰᠤᠷᠤᠭᠴᠢ᠂ ᠣᠷᠣᠨ ᠤ | ᠭᠠᠳᠠᠨ᠎ᠠ ᠠᠴᠠ 1965 ᠰᠤᠷᠤᠭᠴᠢ ᠡᠯᠰᠡᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠲᠠᠪᠤᠨ ᠵᠢᠯ ᠤᠨ ᠳᠦᠷᠢᠮᠲᠦ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵3 + 2︶ ᠶᠢᠨ ᠰᠦᠯᠵᠢᠶᠡᠨ ᠳᠡᠭᠡᠷ᠎ᠡ ᠠᠩᠬᠠᠳᠠᠭᠴᠢ | ᠡᠷᠡᠮᠡᠯᠵᠡᠯ ᠢᠶᠠᠨ ᠲᠠᠭᠯᠠᠬᠤ ᠴᠠᠭ ᠨᠢ 8 ᠳ᠋ᠤᠭᠠᠷ ᠰᠠᠷ᠎ᠠ ᠶᠢᠨ 2 ᠤᠨ ᠡᠳᠦᠷ ᠪᠣᠯᠤᠨ᠎ᠠ᠂ ᠬᠤᠶᠢᠰᠢᠳᠠ ᠶᠢᠨ | ᠡᠷᠡᠮᠡᠯᠵᠡᠯ ᠢᠶᠠᠨ ᠲᠠᠭᠯᠠᠬᠤ ᠴᠠᠭ ᠢ ᠡᠯᠰᠡᠬᠦ ᠠᠬᠢᠴᠠ ᠶᠢ ᠳᠠᠭᠠᠯᠳᠤᠭᠤᠯᠤᠨ ᠲᠣᠭᠲᠠᠭᠠᠵᠤ᠂ ᠡᠷᠡᠮᠡᠯᠵᠡᠯ ᠢᠶᠠᠨ ᠲᠠᠭᠯᠠᠨ | ᠮᠡᠳᠡᠭᠦᠯᠬᠦ ᠴᠠᠭ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠬᠤ ᠲᠤᠰᠬᠠᠶ ᠪᠤᠯᠤᠩ︾ ᠳᠤ | ᠨᠡᠶᠢᠲᠡᠯᠡᠨ᠎ᠡ᠂ ᠯᠠᠪᠯᠠᠨ ᠦᠵᠡᠭᠡᠷᠡᠢ᠃ |