︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠤᠷᠳᠤᠨ ᠪᠡᠯᠡᠳᠭᠡᠮᠵᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠶᠢᠨ ᠬᠡᠷᠡᠭᠵᠢᠭᠦᠯᠬᠦ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/7/29
                      ᠥᠪᠥᠷ ᠵᠠᠰᠠᠭ ᠠᠯᠪᠠᠨ ᠲᠠᠷᠬᠠᠭᠠᠭᠰᠠᠨ ﹇2016﹈ 4 ᠳ᠋ᠤᠭᠡᠷ ᠲᠤᠭᠠᠳᠤ                              2016 ᠤᠨ ᠤ 1 ᠳ᠋ᠤᠭᠡᠷ ᠰᠠᠷ᠎ᠠ ᠶᠢᠨ 8᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠶᠢᠨ ᠬᠡᠷᠡᠭᠵᠢᠭᠦᠯᠬᠦ ᠠᠷᠭ᠎ᠠ︾᠎ ᠶᠢ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠡᠨ ᠬᠡᠷᠡᠭᠵᠢᠭᠦᠯᠲᠦᠭᠡᠢ᠃              ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ              ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ              ᠨᠡᠶᠢᠭᠡᠮ ᠳᠤ ᠴᠢᠯᠦᠭᠡᠲᠡᠢ ᠲᠠᠯᠪᠢᠬᠤ ᠶᠢᠨ ᠬᠡᠷᠡᠭᠵᠢᠭᠦᠯᠬᠦ ᠠᠷᠭ᠎ᠠ      ᠨᠢᠭᠡᠳᠦᠭᠡᠷ ᠵᠦᠢᠯ   ᠪᠦᠬᠦ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠪᠡᠶ᠎ᠡ ᠪᠣᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠶᠢᠨ ᠲᠤᠰᠠᠳᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠦᠬᠦ ᠠᠷᠠᠳ ᠢᠶᠠᠷ ᠢᠶᠠᠨ ᠪᠡᠶ᠎ᠡ ᠪᠣᠯᠪᠠᠰᠤᠷᠠᠭᠤᠯᠬᠤ ᠳᠦᠷᠢᠮ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠪᠡᠯᠡᠳᠭᠡᠮᠵᠢ ᠶᠢᠨ ᠬᠠᠮᠢᠶᠠᠷᠤᠯᠲᠠ ᠶᠢᠨ ᠳᠦᠷᠢᠮ︾ ᠪᠠ ︽ᠪᠡᠶ᠎ᠡ ᠶᠢᠨ ᠲᠠᠮᠢᠷ ᠤᠨ ᠠᠵᠤ ᠦᠢᠯᠡᠰ ᠢ ᠲᠦᠷᠭᠡᠳᠭᠡᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠲᠠᠷᠬᠠᠭᠠᠭᠰᠠᠨ ﹇2015﹈ 116 ᠳ᠋ᠤᠭᠠᠷ ᠲᠣᠭᠠᠲᠤ︶ ᠵᠢᠴᠢ ︽ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠦᠨ᠎ᠡ ᠲᠦᠯᠦᠪᠦᠷᠢ ᠦᠭᠡᠢ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠬᠤ ᠶᠢ ᠠᠬᠢᠭᠤᠯᠬᠤ ᠲᠣᠬᠠᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠦᠨ ᠤ ᠮᠡᠳᠡᠭᠳᠡᠯ︾ ︵ᠪᠡᠶ᠎ᠡ ᠠᠵᠤ ᠦᠰᠦᠭ ﹇2014﹈ 34 ᠳ᠋ᠤᠭᠡᠷ ᠲᠣᠭᠠᠲᠤ︶ ᠵᠡᠷᠭᠡ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠭᠡᠳᠡᠭ ᠨᠢ ᠵᠠᠰᠠᠭ ᠤᠨ ᠣᠷᠳᠣᠨ ᠠᠴᠠ ᠪᠡᠯᠡ ᠣᠷᠤᠭᠤᠯᠤᠨ ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠵᠢᠴᠢ ᠳᠠᠭᠠᠯᠲᠠ ᠪᠡᠯᠡᠳᠭᠡᠮᠵᠢ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠠᠴᠠ ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠵᠢᠴᠢ ᠳᠠᠭᠠᠯᠲᠠ ᠪᠡᠯᠡᠳᠭᠡᠮᠵᠢ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠶᠢᠨ ᠬᠠᠷᠢᠶ᠎ᠠ ᠪᠦᠬᠦᠢ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠵᠢᠴᠢ ᠳᠠᠭᠠᠯᠲᠠ ᠪᠡᠯᠡᠳᠭᠡᠮᠵᠢ ︵ᠳᠣᠷᠤᠭᠰᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠶᠢ ᠪᠠᠭᠲᠠᠭᠠᠵᠤ ᠪᠣᠢ᠃      ᠭᠤᠷᠪᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠰᠦᠢᠳᠭᠡᠯ ᠪᠠᠭ᠎ᠠ ᠬᠤᠷᠢᠶᠠᠬᠤ ᠭᠡᠳᠡᠭ ᠨᠢ ᠡᠵᠡᠩᠨᠡᠭᠴᠢ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢᠶᠠᠷ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠵᠢᠴᠢ ᠳᠠᠭᠠᠯᠲᠠ ᠪᠡᠯᠡᠳᠭᠡᠮᠵᠢ ᠶᠢ ᠬᠠᠩᠭᠠᠬᠤ ᠳᠠᠭᠠᠨ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠦᠨᠳᠦᠷ ᠦᠭᠡᠢ ᠨᠦᠬᠦᠪᠦᠷᠢ ᠰᠦᠢᠳᠭᠡᠯ ᠬᠤᠷᠢᠶᠠᠬᠤ ᠶᠢᠨ ᠬᠠᠮᠲᠤ᠂ ᠰᠤᠷᠤᠭᠴᠢᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠬᠦᠮᠦᠰ ᠲᠤ ᠦᠨ᠎ᠡ ᠬᠠᠩᠰᠢ ᠶᠢᠨ ᠬᠠᠷᠠᠭᠠᠯᠵᠠᠯ ᠬᠡᠷᠡᠭᠵᠢᠭᠦᠯᠬᠦ ᠶᠢ ᠵᠢᠭᠠᠵᠤ ᠪᠣᠢ᠃      ᠳᠥᠷᠪᠡᠳᠦᠭᠡᠷ ᠵᠦᠢᠯ   ᠵᠠᠰᠠᠭ ᠤᠨ ᠣᠷᠳᠣᠨ ᠠᠴᠠ ᠪᠡᠯᠡ ᠣᠷᠤᠭᠤᠯᠤᠨ ᠡᠭᠦᠰᠭᠡᠨ ᠪᠠᠶᠢᠭᠤᠯᠤᠭᠰᠠᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠦᠨ᠎ᠡ ᠲᠦᠯᠦᠪᠦᠷᠢ ᠦᠭᠡᠢ᠂ ᠰᠦᠢᠳᠭᠡᠯ ᠪᠠᠭ᠎ᠠ ᠬᠤᠷᠢᠶᠠᠵᠤ ᠨᠡᠶᠢᠭᠡᠮ ᠳᠤ ᠴᠢᠯᠦᠭᠡᠲᠡᠢ ᠲᠠᠯᠪᠢᠬᠤ ᠬᠡᠷᠡᠭᠲᠡᠢ᠃ ᠭᠠᠷᠠᠭ ᠪᠦᠷᠢ ᠶᠢᠨ ᠴᠢᠯᠦᠭᠡᠲᠡᠢ ᠲᠠᠯᠪᠢᠬᠤ ᠬᠤᠭᠤᠴᠠᠭ᠎ᠠ ᠶᠢ 35 ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠪᠦᠬᠦ ᠵᠢᠯ ᠤᠨ ᠴᠢᠯᠦᠭᠡᠲᠡᠢ ᠲᠠᠯᠪᠢᠬᠤ ᠬᠤᠭᠤᠴᠠᠭ᠎ᠠ ᠶᠢ 330 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ᠂ ᠰᠤᠷᠭᠠᠭᠤᠯᠢ ᠶᠢᠨ ᠡᠪᠦᠯ ᠵᠤᠨ ᠤ ᠠᠮᠠᠷᠠᠯᠲᠠ ᠶᠢᠨ ᠬᠤᠭᠤᠴᠠᠭ᠎ᠠ ᠵᠡᠷᠭᠡ ᠳᠤ ᠡᠳᠦᠷ ᠪᠦᠷᠢ ᠶᠢᠨ ᠴᠢᠯᠦᠭᠡᠲᠡᠢ ᠲᠠᠯᠪᠢᠬᠤ ᠬᠤᠭᠤᠴᠠᠭ᠎ᠠ ᠶᠢ 8 ᠴᠠᠭ ᠠᠴᠠ ᠳᠤᠲᠠᠭᠤ ᠪᠠᠶᠢᠯᠭᠠᠬᠤ ᠪᠣᠯᠬᠤ ᠦᠭᠡᠢ᠃ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠬᠠᠷᠢᠶ᠎ᠠ ᠪᠦᠬᠦᠢ ᠭᠡᠷ ᠤᠨ ᠭᠠᠳᠠᠨᠠᠬᠢ ᠣᠯᠠᠨ ᠨᠡᠶᠢᠲᠡ ᠶᠢᠨ ᠭᠠᠵᠠᠷ ᠵᠢᠴᠢ ᠭᠡᠷ ᠤᠨ ᠭᠠᠳᠠᠨᠠᠬᠢ ᠪᠡᠶ᠎ᠡ ᠪᠣᠯᠪᠠᠰᠤᠷᠠᠭᠤᠯᠬᠤ ᠬᠡᠷᠡᠭᠰᠡᠯ ᠢ ᠪᠦᠬᠦ ᠵᠢᠯ ᠳᠤ ᠦᠨ᠎ᠡ ᠲᠦᠯᠦᠪᠦᠷᠢ ᠦᠭᠡᠢ ᠪᠠᠷ ᠴᠢᠯᠦᠭᠡᠲᠡᠢ ᠲᠠᠯᠪᠢᠵᠤ᠂ ᠡᠳᠦᠷ ᠪᠦᠷᠢ ᠶᠢᠨ ᠴᠢᠯᠦᠭᠡᠲᠡᠢ ᠲᠠᠯᠪᠢᠬᠤ ᠬᠤᠭᠤᠴᠠᠭ᠎ᠠ ᠶᠢ 12 ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠪᠦᠬᠦ ᠠᠷᠠᠳ ᠢᠶᠠᠷ ᠢᠶᠠᠨ ᠪᠡᠶ᠎ᠡ ᠪᠣᠯᠪᠠᠰᠤᠷᠠᠭᠤᠯᠬᠤ ᠡᠳᠦᠷ ᠲᠤ ᠪᠦᠬᠦᠨ ᠢ ᠦᠨ᠎ᠡ ᠲᠦᠯᠦᠪᠦᠷᠢ ᠦᠭᠡᠢ ᠪᠠᠷ ᠨᠡᠶᠢᠭᠡᠮ ᠳᠤ ᠴᠢᠯᠦᠭᠡᠲᠡᠢ ᠲᠠᠯᠪᠢᠬᠤ ᠬᠡᠷᠡᠭᠲᠡᠢ᠃      ᠲᠠᠪᠤᠳᠤᠭᠠᠷ ᠵᠦᠢᠯ   ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠡᠭᠦᠰᠭᠡᠨ ᠪᠠᠶᠢᠭᠤᠯᠤᠭᠰᠠᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠦᠨ᠎ᠡ ᠲᠦᠯᠦᠪᠦᠷᠢ ᠦᠭᠡᠢ᠂ ᠰᠦᠢᠳᠭᠡᠯ ᠪᠠᠭ᠎ᠠ ᠬᠤᠷᠢᠶᠠᠵᠤ ᠨᠡᠶᠢᠭᠡᠮ ᠳᠤ ᠴᠢᠯᠦᠭᠡᠲᠡᠢ ᠲᠠᠯᠪᠢᠬᠤ ᠶᠢ ᠵᠣᠷᠢᠬᠵᠢᠭᠤᠯᠬᠤ ᠬᠡᠷᠡᠭᠲᠡᠢ᠃      ᠵᠢᠷᠭᠤᠳᠤᠭᠠᠷ ᠵᠦᠢᠯ   ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠬᠢᠴᠢᠶᠡᠯ ᠤᠨ ᠭᠠᠳᠠᠨᠠᠬᠢ ᠴᠢᠯᠦᠬᠡ ᠵᠠᠪ ᠢᠶᠠᠷ ᠰᠤᠷᠤᠭᠴᠢᠳ ᠲᠤ ᠴᠢᠯᠦᠭᠡᠲᠡᠢ ᠲᠠᠯᠪᠢᠵᠤ᠂ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠣᠯᠣᠨ ᠰᠤᠷᠭᠠᠭᠤᠯᠢ ᠶᠢᠨ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠡᠶᠢᠭᠡᠮ ᠳᠤ ᠴᠢᠯᠦᠭᠡᠲᠡᠢ ᠲᠠᠯᠪᠢᠬᠤ ᠬᠡᠷᠡᠭᠲᠡᠢ᠃      ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠡᠭᠦᠰᠭᠡᠨ ᠪᠠᠶᠢᠭᠤᠯᠵᠤ ᠰᠤᠷᠭᠠᠭᠤᠯᠢ ᠳᠤ ᠲᠤᠰᠢᠶᠠᠨ ᠬᠠᠮᠢᠶᠠᠷᠤᠭᠤᠯᠵᠤ ᠪᠠᠶᠢᠭ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠵᠢᠭᠠᠨ ᠰᠣᠷᠭᠠᠬᠤ ᠬᠡᠷᠡᠭᠴᠡᠭᠡ ᠪᠣᠯᠣᠨ ᠵᠢᠭᠠᠨ ᠰᠤᠷᠭᠠᠬᠤ ᠡᠮᠬᠢ ᠵᠢᠷᠤᠮ ᠢ ᠪᠠᠲᠤᠯᠠᠭᠰᠠᠨ ᠤᠷᠢᠳᠠᠯ ᠳᠣᠣᠷ᠎ᠠ᠂ ᠵᠠᠷᠴᠢᠮ ᠳᠡᠭᠡᠷ᠎ᠡ ᠪᠠᠨ ᠳᠡᠭᠡᠷ᠎ᠡ ᠲᠤᠷᠠᠳᠤᠬᠰᠠᠨ ᠳᠦᠷᠪᠡᠳᠦᠭᠡᠷ ᠵᠦᠢᠯ ᠢ ᠯᠠᠪᠯᠠᠵᠤ ᠨᠡᠶᠢᠭᠡᠮ ᠳᠤ ᠴᠢᠯᠦᠭᠡᠲᠡᠢ ᠲᠠᠯᠪᠢᠬᠤ ᠬᠡᠷᠡᠭᠲᠡᠢ᠃      ᠳᠤᠯᠤᠳᠤᠭᠠᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠦᠨ᠎ᠡ ᠲᠦᠯᠦᠪᠦᠷᠢ ᠦᠭᠡᠢ᠂ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠬᠤ ᠲᠤᠰᠠᠯᠠᠮᠵᠢ ᠶᠢᠨ ᠪᠡᠯᠡ ᠮᠦᠩᠭᠦ ᠶᠢ ᠪᠠᠶᠢᠭᠤᠯᠵᠤ᠂ ᠲᠤᠰ ᠭᠠᠵᠠᠷ ᠣᠷᠣᠨ ᠤ ᠡᠯ᠎ᠡ ᠲᠦᠷᠦᠯ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠪᠠᠨ ᠨᠡᠶᠢᠭᠡᠮ ᠳᠤ ᠦᠨ᠎ᠡ ᠲᠦᠯᠦᠪᠦᠷᠢ ᠦᠭᠡᠢ᠂ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠬᠤ ᠶᠢ ᠳᠡᠮᠵᠢᠬᠦ ᠪᠠ ᠵᠣᠷᠢᠬᠵᠢᠭᠤᠯᠬᠤ ᠬᠡᠷᠡᠭᠲᠡᠢ᠃ ᠲᠤᠰᠠᠯᠠᠮᠵᠢ ᠶᠢᠨ ᠪᠡᠯᠡ ᠮᠦᠩᠭᠦ ᠶᠢᠨ ᠪᠠᠷᠢᠮᠵᠢᠶ᠎ᠠ ᠶᠢ ︽ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠦᠨ᠎ᠡ ᠲᠦᠯᠦᠪᠦᠷᠢ ᠦᠭᠡᠢ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠬᠤ ᠲᠤᠰᠠᠯᠠᠮᠵᠢ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠰᠤᠷᠭᠠᠨ ﹇2014﹈ 54 ᠳ᠋ᠤᠭᠡᠷ ᠲᠣᠭᠠᠲᠤ︶᠎ ᠶᠢᠨ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠵᠤ ᠬᠡᠷᠡᠭᠵᠢᠭᠦᠯᠬᠦ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠬᠡᠪᠴᠢᠶ᠎ᠡ ᠪᠠᠨ ᠦᠨᠳᠦᠰᠦᠯᠡᠨ ᠲᠤᠰᠠᠯᠠᠮᠵᠢ ᠣᠯᠭᠤᠬᠤ ᠬᠡᠪᠴᠢᠶ᠎ᠡ ᠪᠣᠯᠣᠨ ᠪᠠᠷᠢᠮᠵᠢᠶ᠎ᠠ ᠶᠢ ᠦᠪᠡᠰᠦᠪᠡᠨ ᠵᠣᠬᠢᠬᠤ ᠬᠡᠮᠵᠢᠶ᠎ᠡ ᠪᠠᠷ ᠲᠣᠬᠢᠷᠠᠭᠤᠯᠵᠤ ᠪᠣᠯᠣᠨ᠎ᠠ᠃ ᠦᠨ᠎ᠡ ᠲᠦᠯᠦᠪᠦᠷᠢ ᠦᠭᠡᠢ᠂ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠭᠰᠠᠨ ᠤ ᠳᠠᠷᠠᠭ᠎ᠠ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠨᠢ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠲᠠᠯᠠᠪᠠᠢ ᠶᠢ ᠲᠥᠪ ᠪᠠ ᠦᠪᠡᠷᠲᠡᠭᠡᠨ ᠵᠠᠰᠠᠬᠤ ᠣᠷᠣᠨ ᠠᠴᠠ ᠬᠥᠬᠢᠭᠦᠯᠦᠨ ᠱᠠᠩᠨᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠲᠥᠪ ᠪᠠ ᠦᠪᠡᠷᠲᠡᠭᠡᠨ ᠵᠠᠰᠠᠬᠤ ᠣᠷᠣᠨ ᠠᠴᠠ ᠲᠤᠰᠠᠯᠠᠮᠵᠢ ᠣᠯᠭᠤᠭᠰᠠᠨ ᠠᠴᠠ ᠪᠣᠯᠵᠤ ᠦᠪᠡᠷ ᠤᠨ ᠣᠷᠤᠭᠤᠯᠤᠯᠲᠠ ᠪᠠᠨ ᠪᠠᠭᠠᠰᠬᠠᠬᠤ ᠪᠣᠶᠣ ᠡᠭᠦᠷᠭᠡᠯᠡᠪᠡᠰᠦ ᠵᠣᠬᠢᠬᠤ ᠲᠤᠰᠠᠯᠠᠮᠵᠢ ᠶᠢᠨ ᠬᠠᠷᠢᠴᠠᠯ ᠢᠶᠠᠨ ᠡᠭᠦᠷᠭᠡᠯᠡᠬᠦ ᠦᠭᠡᠢ ᠪᠠᠶᠢᠵᠤ ᠪᠣᠯᠬᠤ ᠦᠭᠡᠢ᠃      ᠨᠠᠢᠮᠠᠳᠤᠭᠠᠷ ᠵᠦᠢᠯ   ᠲᠤᠰᠠᠯᠠᠮᠵᠢ ᠶᠢᠨ ᠪᠡᠯᠡ ᠮᠦᠩᠭᠦ ᠶᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠦᠨ᠎ᠡ ᠲᠦᠯᠦᠪᠦᠷᠢ ᠦᠭᠡᠢ ᠪᠣᠶᠣ ᠰᠦᠢᠳᠭᠡᠯ ᠪᠠᠭ᠎ᠠ ᠬᠤᠷᠢᠶᠠᠵᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠨᠳᠦᠰᠦᠨ ᠦᠢᠯᠡᠴᠢᠯᠡᠭᠡᠨ ᠤ ᠲᠦᠷᠦᠯ ᠵᠦᠢᠯ ᠢ ᠦᠷᠨᠢᠭᠦᠯᠬᠦ ᠳᠤ ᠬᠡᠷᠡᠭᠰᠡᠬᠦ ᠵᠠᠷᠤᠯᠭ᠎ᠠ ᠳᠤ ᠬᠡᠷᠡᠭᠯᠡᠨ᠎ᠡ᠂ ᠡᠭᠦᠨ ᠳᠤ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠡᠳᠦᠷ ᠲᠤᠳᠤᠮ ᠤᠨ ᠬᠠᠮᠠᠭᠠᠯᠠᠯᠲᠠ᠂ ᠡᠨᠧᠷᠬᠢ ᠶᠢᠨ ᠵᠠᠷᠤᠳᠠᠯ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠬᠦᠳᠡᠯᠭᠡᠭᠡᠨ ᠡᠷᠬᠢᠯᠡᠬᠦ᠂ ᠪᠡᠯᠡᠳᠭᠡᠮᠵᠢ ᠲᠥᠭᠦᠭᠡᠷᠦᠮᠵᠢ ᠶᠢ ᠰᠢᠨᠡᠳᠬᠡᠬᠦ᠂ ᠠᠵᠢᠯᠯᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠪᠠᠭᠲᠠᠨ᠎ᠠ᠃      ᠲᠤᠰᠠᠯᠠᠮᠵᠢ ᠶᠢᠨ ᠪᠡᠯᠡ ᠮᠦᠩᠭᠦ ᠶᠢ ᠡᠯ᠎ᠡ ᠵᠦᠢᠯ ᠤᠨ ᠰᠢᠳᠭᠡᠨ ᠲᠣᠷᠭᠠᠬᠤ᠂ ᠵᠤᠭᠤᠰ ᠬᠠᠨᠳᠢᠪᠯᠠᠬᠤ᠂ ᠳᠡᠮᠵᠢᠬᠦ᠂ ᠪᠡᠯᠡ ᠣᠷᠣᠭᠤᠯᠬᠤ ᠵᠡᠷᠭᠡ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠂ ᠣᠷᠣᠨ ᠲᠤᠭ᠎ᠠ ᠶᠢᠨ ᠳᠤᠲᠤᠷᠠᠬᠢ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠪᠣᠯᠣᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠳ ᠤᠨ ᠴᠠᠯᠢᠩ ᠵᠢᠴᠢ ᠨᠡᠮᠡᠭᠦᠷᠢ ᠵᠤᠭᠤᠰ ᠨᠦᠬᠦᠪᠦᠷᠢ᠂ ᠦᠨᠳᠦᠰᠦᠨ ᠪᠦᠲᠦᠭᠡᠨ ᠪᠠᠶᠢᠭᠤᠯᠤᠯᠲᠠ᠂ ᠶᠡᠭᠡ ᠪᠠᠷ ᠰᠡᠯᠪᠢᠨ ᠵᠠᠰᠠᠵᠤ ᠦᠭᠡᠷᠡᠴᠢᠯᠡᠬᠦ ᠵᠡᠷᠭᠡ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠂ ᠥᠷᠢ ᠥᠭᠴᠡᠭᠡ ᠲᠦᠯᠦᠬᠦ ᠳᠤ ᠬᠡᠷᠡᠭᠯᠡᠵᠦ ᠪᠣᠯᠬᠤ ᠦᠭᠡᠢ᠃      ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠡᠶ᠎ᠡ ᠶᠢᠨ ᠲᠠᠮᠢᠷ ᠤᠨ ᠪᠡᠯᠡᠳᠭᠡᠮᠵᠢ ᠪᠠᠨ ᠦᠨ᠎ᠡ ᠲᠦᠯᠦᠪᠦᠷᠢ ᠦᠭᠡᠢ ᠴᠢᠯᠦᠭᠡᠲᠡᠢ ᠬᠡᠷᠡᠭᠯᠡᠭᠦᠯᠵᠦ ᠪᠠᠶᠢᠭ᠎ᠠ ᠬᠠᠷᠢᠶ᠎ᠠ ᠰᠤᠷᠭᠠᠭᠤᠯᠢ ᠳᠤ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠳᠠᠭᠠᠳᠬᠠᠯ ᠢ ᠭᠦᠢᠴᠡᠳᠭᠡᠵᠦ ᠥᠭᠬᠦ ᠬᠡᠷᠡᠭᠲᠡᠢ᠃      ᠠᠷᠪᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠠᠵᠢᠯ ᠢ ᠣᠷᠣᠨ ᠨᠤᠲᠤᠭ ᠤᠨ ᠬᠥᠭᠵᠢᠯᠲᠡ ᠶᠢᠨ ᠲᠦᠯᠦᠪᠯᠡᠭᠡ ᠳᠡᠭᠡᠨ ᠣᠷᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃      ︵ᠨᠢᠭᠡ︶ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠠᠵᠢᠯ ᠢ ᠪᠣᠲᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ︔ ᠲᠣᠬᠠᠢ ᠶᠢᠨ ᠭᠠᠵᠠᠷ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠪᠣᠯᠪᠠᠰᠤᠷᠠᠭᠤᠯᠬᠤ ᠪᠡᠯᠡᠳᠭᠡᠮᠵᠢ ᠶᠢᠨ ᠨᠡᠷᠡᠶᠢᠳᠦᠯ ᠪᠣᠯᠣᠨ ᠴᠢᠯᠦᠭᠡᠲᠡᠢ ᠲᠠᠯᠪᠢᠬᠤ ᠴᠠᠭ ᠬᠤᠭᠤᠴᠠᠭ᠎ᠠ ᠶᠢ ᠨᠡᠶᠢᠲᠡᠯᠡᠬᠦ ᠬᠡᠷᠡᠭᠲᠡᠢ︔ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠵᠢᠷᠤᠮᠵᠢᠯ︾ ᠪᠠ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠡᠵᠡᠩᠨᠡᠯᠳᠡ ᠬᠠᠮᠢᠶᠠᠷᠤᠯᠲᠠ ᠶᠢᠨ ᠶᠡᠷᠦᠩᠬᠡᠢ ᠦᠨᠡᠯᠡᠯᠲᠡ ᠶᠢᠨ ᠰᠢᠰᠲ᠋ᠧᠮᠵᠢ︾᠎ ᠶᠢ ᠲᠣᠭᠲᠠᠭᠠᠬᠤ ᠬᠡᠷᠡᠭᠲᠡᠢ᠃ ᠴᠢᠯᠦᠭᠡᠲᠡᠢ ᠲᠠᠯᠪᠢᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠭᠤᠷᠢᠨ ᠪᠠᠶᠢᠴᠠᠭᠠᠬᠤ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠵᠢᠯᠴᠠᠨ ᠲᠤᠰᠠᠯᠠᠮᠵᠢ ᠭᠤᠶᠤᠴᠢᠯᠠᠬᠤ ᠪᠠᠷ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠂ ᠭᠤᠶᠤᠴᠢᠯᠠᠭᠰᠠᠨ ᠨᠢᠭᠡᠴᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠡᠵᠡᠩᠨᠡᠯᠲᠡ ᠶᠢ ᠶᠡᠷᠦᠩᠬᠡᠶᠢᠯᠡᠨ ᠦᠨᠡᠯᠡᠵᠦ᠂ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠢ᠃      ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠲᠤᠷᠠᠨ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠦᠨ᠎ᠡ ᠲᠦᠯᠦᠪᠦᠷᠢ ᠦᠭᠡᠢ ᠰᠦᠢᠳᠭᠡᠯ ᠪᠠᠭ᠎ᠠ ᠬᠤᠷᠢᠶᠠᠵᠤ ᠴᠢᠯᠦᠭᠡᠲᠡᠢ ᠲᠠᠯᠪᠢᠬᠤ ᠲᠤᠰᠠᠯᠠᠮᠵᠢ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠬᠤ ᠬᠡᠷᠡᠭᠲᠡᠢ︔ ᠡᠯ᠎ᠡ ᠲᠦᠷᠦᠯ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠲᠤᠰᠠᠯᠠᠮᠵᠢ ᠣᠯᠭᠤᠬᠤ ᠪᠠᠷᠢᠮᠵᠢᠶ᠎ᠠ ᠶᠢ ᠪᠤᠳᠤᠵᠤ᠂ ᠪᠡᠯᠡ ᠮᠦᠩᠭᠦ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠶᠠᠪᠤᠴᠠ ᠶᠢ ᠲᠣᠭᠲᠠᠭᠠᠨ᠂ ᠲᠤᠰᠠᠯᠠᠮᠵᠢ ᠶᠢᠨ ᠪᠡᠯᠡ ᠮᠦᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠯᠤᠭᠤᠳᠤᠨ ᠬᠢᠨᠠᠯᠲᠠ ᠲᠠᠯᠪᠢᠬᠤ ᠬᠡᠷᠡᠭᠲᠡᠢ᠃      ︵ᠭᠤᠷᠪᠠ︶ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠲᠤᠷᠠᠨ ︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠬᠠᠮᠢᠶᠠᠷᠤᠯᠲᠠ ᠶᠢᠨ ᠠᠷᠭ᠎ᠠ︾᠂ ︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠨᠡᠶᠢᠭᠡᠮ ᠳᠤ ᠴᠢᠯᠦᠭᠡᠲᠡᠢ ᠲᠠᠯᠪᠢᠬᠤ ᠠᠵᠢᠯ ᠢ ᠪᠠᠶᠢᠴᠠᠭᠠᠬᠤ᠂ ᠦᠨᠡᠯᠡᠨ ᠵᠢᠱᠢᠬᠦ ᠨᠠᠷᠢᠨ ᠳᠦᠷᠢᠮ︾ ᠵᠡᠷᠭᠡ ᠳᠦᠷᠢᠮ ᠢ ᠲᠣᠭᠲᠠᠭᠠᠵᠤ᠂ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠴᠢᠯᠦᠭᠡᠲᠡᠢ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃      ︵ᠳᠥᠷᠪᠡ︶ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠠᠷᠠᠳ ᠲᠤ ᠠᠰᠢᠭ ᠲᠠᠢ ᠪᠠᠶᠢᠯᠭᠠᠬᠤ᠂ ᠠᠷᠠᠳ ᠲᠤ ᠳᠦᠭᠦᠮ ᠦᠵᠡᠭᠦᠯᠬᠦ ᠵᠠᠷᠴᠢᠮ ᠶᠣᠰᠤᠭᠠᠷ᠂ ᠵᠠᠬ᠎ᠠ ᠳᠡᠯᠭᠡᠭᠦᠷ ᠤᠨ ᠪᠠᠷᠢᠮᠵᠢᠶ᠎ᠠ ᠶᠢ ᠯᠠᠪᠯᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠨᠡᠶᠢᠬᠡᠮ ᠳᠤ ᠴᠢᠯᠦᠭᠡᠲᠡᠢ ᠲᠠᠯᠪᠢᠬᠤ ᠬᠡᠰᠡᠭ ᠤᠨ ᠰᠦᠢᠳᠭᠡᠯ ᠬᠤᠷᠢᠶᠠᠬᠤ ᠲᠦᠷᠦᠯ ᠵᠦᠢᠯ ᠪᠣᠯᠣᠨ ᠪᠠᠷᠢᠮᠵᠢᠶ᠎ᠠ ᠶᠢ ᠬᠢᠨᠠᠨ ᠲᠣᠭᠲᠠᠭᠠᠵᠤ᠂ ᠪᠠᠶᠢᠴᠠᠭᠠᠯᠲᠠ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠳᠦᠷᠢᠶᠡᠰᠦᠯᠡᠬᠦ᠂ ᠬᠡᠷᠡᠭᠯᠡᠬᠦ ᠵᠠᠷᠤᠳᠠᠯ ᠤᠨ ᠪᠠᠷᠢᠮᠵᠢᠶ᠎ᠠ ᠶᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾᠎ ᠲᠤ ᠣᠷᠤᠭᠤᠯᠵᠤ᠂ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠤᠶᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ   ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠰᠡᠯᠪᠢᠨ ᠵᠠᠰᠠᠬᠤ᠂ ᠠᠷᠠᠴᠢᠯᠡᠨ ᠬᠠᠮᠠᠭᠠᠯᠠᠬᠤ᠂ ᠠᠮᠦᠷ ᠲᠥᠪᠰᠢᠨ᠂ ᠰᠤᠷᠢᠵᠦ ᠪᠣᠯᠪᠠᠰᠤᠷᠠᠬᠤ᠂ ᠣᠷᠤᠯᠳᠤᠭᠠᠨ ᠬᠢᠬᠦ᠂ ᠴᠠᠭ ᠠᠭᠤᠷ ᠵᠡᠷᠭᠡ ᠰᠢᠯᠲᠠᠭᠠᠨ ᠠᠴᠠ ᠪᠣᠯᠵᠤ᠂ ᠨᠡᠶᠢᠭᠡᠮ ᠳᠤ ᠴᠢᠯᠦᠭᠡᠲᠡᠢ ᠲᠠᠯᠪᠢᠵᠤ ᠳᠡᠶᠢᠯᠬᠦ ᠦᠭᠡᠢ ᠪᠣᠶᠤ ᠴᠢᠯᠦᠭᠡᠲᠡᠢ ᠲᠠᠯᠪᠢᠬᠤ ᠴᠠᠭ ᠢᠶᠠᠨ ᠲᠣᠬᠢᠷᠠᠭᠤᠯᠬᠤ ᠴᠢᠬᠤᠯᠠᠲᠠᠢ ᠪᠠᠶᠢᠪᠠᠯ᠂ 7 ᠡᠳᠦᠷ ︵ᠣᠨᠴᠤᠭᠤᠢ ᠴᠠᠭ ᠠᠭᠤᠷ ᠤᠨ ᠰᠢᠯᠲᠠᠭᠠᠨ ᠠᠴᠠ ᠪᠤᠰᠤᠳ︶ ᠤᠷᠢᠳᠴᠢᠯᠡᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ   ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠴᠢᠯᠦᠭᠡᠲᠡᠢ ᠲᠠᠯᠪᠢᠬᠤ ᠨᠢᠭᠡᠴᠡ ᠠᠴᠠ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠡᠳᠦᠷ ᠲᠤᠳᠤᠮ ᠤᠨ ᠬᠠᠮᠠᠭᠠᠯᠠᠯᠲᠠ ᠬᠢᠵᠦ᠂ ᠪᠡᠯᠡᠳᠭᠡᠮᠵᠢ ᠲᠥᠭᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ ᠪᠠᠲᠤᠯᠠᠨ᠂ ᠬᠡᠷᠡᠭᠯᠡᠬᠦ ᠳᠤ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠤᠷᠳᠤᠨ ᠲᠠᠯᠠᠪᠠᠢ ᠶᠢᠨ ᠪᠡᠯᠡᠳᠭᠡᠮᠵᠢ ᠶᠢᠨ ᠢᠯᠡ ᠪᠠᠶᠢᠷᠢᠨ ᠳᠤ ᠪᠡᠯᠡᠳᠭᠡᠮᠵᠢ ᠶᠢᠨ ᠬᠡᠷᠡᠭᠯᠡᠬᠦ ᠠᠷᠭ᠎ᠠ ᠪᠣᠯᠣᠨ ᠠᠩᠬᠠᠷᠬᠤ ᠵᠦᠢᠯᠡᠰ ᠢ ᠳᠤᠲᠤᠷᠬᠠᠶᠢᠯᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ  ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢ ᠴᠢᠯᠦᠭᠡᠲᠡᠢ ᠲᠠᠯᠪᠢᠬᠤ ᠨᠢᠭᠡᠴᠡ ᠠᠴᠠ ᠦᠨ᠎ᠡ ᠲᠦᠯᠦᠪᠦᠷᠢ ᠦᠭᠡᠢ ᠬᠡᠷᠡᠭᠯᠡᠭᠦᠯᠬᠦ ᠠᠷᠭ᠎ᠠ ᠪᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ︔ ᠰᠦᠢᠳᠭᠡᠯ ᠪᠠᠭ᠎ᠠ ᠬᠤᠷᠢᠶᠠᠬᠤ ᠶᠢ ᠬᠡᠷᠡᠭᠵᠢᠭᠦᠯᠵᠦ ᠪᠠᠶᠢᠭ᠎ᠠ ᠨᠢ ᠢᠯᠡ ᠪᠠᠶᠢᠷᠢᠨ ᠳᠤ ᠰᠦᠢᠳᠭᠡᠯ ᠬᠤᠷᠢᠶᠠᠬᠤ ᠪᠠᠷᠢᠮᠵᠢᠶ᠎ᠠ ᠪᠠᠨ ᠨᠡᠶᠢᠲᠡᠯᠡᠵᠦ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃      ᠠᠷᠪᠠᠨ ᠳᠦᠷᠪᠡᠳᠦᠭᠡᠷ ᠵᠦᠢᠯ   ᠠᠷᠠᠳ ᠣᠯᠠᠨ ᠪᠠ ᠨᠡᠶᠢᠭᠡᠮ ᠤᠨ ᠪᠦᠯᠭᠦᠮ ᠤᠨ ᠵᠣᠬᠢᠶᠠᠨ ᠪᠠᠶᠢᠭᠤᠯᠤᠯᠲᠠ ᠠᠴᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠬᠡᠷᠡᠭᠯᠡᠬᠦ ᠳᠡᠭᠡᠨ ᠣᠯᠠᠨ ᠨᠡᠶᠢᠲᠡ ᠶᠢᠨ ᠡᠮᠬᠢ ᠵᠢᠷᠤᠮ ᠢ ᠵᠢᠷᠤᠮᠯᠠᠵᠤ᠂ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠶᠢ ᠬᠠᠶᠢᠷᠠᠯᠠᠨ ᠬᠠᠮᠠᠭᠠᠯᠠᠵᠤ᠂ ᠴᠢᠯᠦᠭᠡᠲᠡᠢ ᠲᠠᠯᠪᠢᠭᠰᠠᠨ ᠨᠢᠭᠡᠴᠡ ᠣᠯᠠᠨ ᠲᠦᠮᠡᠨ ᠤ ᠠᠵᠢᠯ ᠪᠠ ᠠᠮᠢᠳᠤᠷᠠᠯ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠳᠤᠨ ᠲᠠᠯᠠᠪᠠᠢ ᠶᠢᠨ ᠪᠡᠯᠡᠳᠭᠡᠮᠵᠢ ᠵᠢᠴᠢ ᠪᠤᠰᠤᠳ ᠪᠡᠯᠡᠳᠭᠡᠮᠵᠢ ᠶᠢ ᠵᠤᠷᠢᠭᠤᠳᠠ ᠡᠪᠳᠡᠭᠰᠡᠨ ᠪᠣᠶᠣ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠬᠰᠠᠨ ᠵᠡᠷᠭᠡ ᠬᠠᠤᠯᠢ ᠪᠤᠰᠤ ᠠᠵᠢᠯᠯᠠᠭ᠎ᠠ ᠦᠢᠯᠡᠳᠦᠭᠴᠢ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ   ᠲᠤᠰ ᠠᠷᠭ᠎ᠠ ᠶᠢ 2016 ᠣᠨ ᠤ 2 ᠳ᠋ᠤᠭᠠᠷ ᠰᠠᠷ᠎ᠠ ᠶᠢᠨ 10᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号