| 7 ᠳ᠋ᠤᠭᠠᠷ ᠰᠠᠷ᠎ᠠ ᠶᠢᠨ 3 ᠤ ᠤᠷᠤᠢ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · | ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠳᠡᠭᠦᠰᠬᠦ ᠶᠤᠰᠤᠯᠠᠯ ᠵᠢᠴᠢ ᠱᠠᠩᠨᠠᠯ ᠤᠯᠭᠤᠬᠤ | ᠶᠤᠰᠤᠯᠠᠯ ᠬᠦᠬᠡᠬᠤᠳᠠ ᠶᠢᠨ ᠤᠯᠠᠭᠠᠨ ᠲᠢᠶᠠᠲᠷ ᠲᠤ ᠶᠠᠪᠤᠭᠳᠠᠪᠠ᠃ ᠶᠤᠰᠤᠯᠠᠯ ᠲᠠᠬᠡᠷ᠎ᠠ ᠪᠠᠰᠠ ᠠᠷᠪᠠᠨ ᠨᠢᠭᠡᠳᠦᠭᠡᠷ | ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠰᠠᠷᠠᠨ᠎ᠠ︾ ᠱᠠᠩᠨᠠᠯ ᠤᠨ 69 | ᠪᠦᠳᠦᠭᠡᠯ ᠢ ᠬᠦᠬᠢᠬᠦᠯᠤᠨ ᠱᠠᠩᠨᠠᠭᠰᠠᠨ ᠪᠠᠶᠢᠨ᠎ᠠ᠃ | 7 ᠳ᠋ᠤᠭᠠᠷ ᠰᠠᠷ᠎ᠠ ᠶᠢᠨ 3 ᠤ ᠤᠷᠤᠢ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · | ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠳᠡᠭᠦᠰᠬᠦ ᠶᠤᠰᠤᠯᠠᠯ ᠵᠢᠴᠢ ᠱᠠᠩᠨᠠᠯ ᠤᠯᠭᠤᠬᠤ | ᠶᠤᠰᠤᠯᠠᠯ ᠬᠦᠬᠡᠬᠤᠳᠠ ᠶᠢᠨ ᠤᠯᠠᠭᠠᠨ ᠲᠢᠶᠠᠲᠷ ᠲᠤ ᠶᠠᠪᠤᠭᠳᠠᠯ᠎ᠠ᠃ ᠳᠡᠭᠦᠰᠬᠦ ᠶᠤᠰᠤᠯᠠᠯ ᠳᠤ ᠦᠪᠦᠷ ᠮᠤᠩᠭᠤᠯ ᠤᠨ | ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠠᠷᠠᠳ ᠤᠨ ᠬᠦᠭᠵᠢᠮ ᠤᠨ ᠪᠦᠯᠬᠦᠮ ᠠᠴᠠ | ᠦᠨᠳᠦᠰᠦᠲᠡᠨ ᠤ ᠨᠠᠶᠢᠷᠠᠯ ᠬᠦᠭᠵᠢᠮ ︽ᠤᠮᠠᠷᠠᠳᠦ ᠬᠢᠯᠢ ᠶᠢᠨ ᠳᠡᠭᠷᠢᠯᠢᠭ ᠠᠶ᠎ᠠ︾ ᠶᠢ ᠲᠣᠭᠯᠠᠨ ᠦᠵᠡᠭᠦᠯᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ | ᠤᠨ ᠳᠠᠷᠤᠭ᠎ᠠ ᠤᠯᠠᠭᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ ᠦ᠋ ᠲᠤᠸᠠᠨ ᠶᠢᠩ᠂ ᠦᠪᠡᠷᠳᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ ᠤ ᠳᠡᠳ᠋ ᠳᠠᠷᠢᠭᠦᠯᠡᠭᠴᠢ ᠯᠢᠶᠠᠩ ᠲᠢᠶᠧ ᠴᠧᠩ ᠶᠤᠰᠤᠯᠠᠯ ᠳᠤ ᠤᠷᠤᠯᠴᠠᠬᠰᠠᠨ ᠪᠦᠬᠡᠳ | ᠲᠤᠭᠯᠠᠯᠳᠠ ᠶᠢ ᠰᠤᠨᠢᠷᠬᠠᠪᠠ᠃ | ᠳᠡᠭᠦᠰᠬᠦ ᠶᠤᠰᠤᠯᠠᠯ ᠨᠢ ᠨᠠᠶᠢᠷᠠᠯ ᠬᠦᠭᠵᠢᠮ ︽ᠤᠷᠳᠤᠰ ᠮᠦᠴᠡᠯᠭᠡ ᠠᠶ᠎ᠠ︾ ᠪᠠᠷ ᠬᠦᠰᠢᠭᠡ ᠪᠠᠨ ᠢᠷᠠᠵᠤ᠂ | ᠲᠤᠪᠰᠢᠭᠤᠷ ᠤᠨ ᠭᠦᠭᠵᠢᠮ ︽ᠵᠢᠷᠤᠭ᠎ᠠ ᠶᠢᠨ ᠵᠢᠷᠤᠭ᠎ᠠ︾᠂ ︽ᠮᠢᠩᠭᠠᠨ ᠭᠠᠵᠠᠷ ᠤᠨ ᠳᠠᠯ᠎ᠠ ᠨᠤᠳᠤᠭ︾ ᠵᠡᠷᠭᠡ 7 | ᠪᠦᠳᠦᠭᠡᠯ ᠢ ᠭᠦᠭᠵᠢᠮᠳᠡᠨ ᠰᠤᠨᠢᠷᠬᠠᠭᠤᠯᠪᠠ᠃ | ᠶᠤᠰᠤᠯᠠᠯ ᠳᠡᠭᠡᠷ᠎ᠡ᠂ 2015 — 2016 ᠣᠨ ᠤ ᠰᠢᠯᠢᠳᠡᠭ ᠵᠦᠴᠦᠭᠡ ᠶᠢᠨ ᠱᠠᠩᠨᠠᠯ᠂ ᠱᠤᠭ | ᠵᠦᠴᠦᠭᠡ ᠬᠢᠯᠪᠢᠬᠡᠨ ᠵᠦᠴᠦᠭᠡ ᠶᠢᠨ ᠰᠢᠯᠢᠳᠡᠭ ᠨᠠᠶᠢᠷᠠᠭᠤᠯᠤᠭᠴᠢ᠂ ᠰᠢᠯᠢᠳᠡᠭ ᠤᠳᠤᠷᠢᠳᠤᠭᠠᠴᠢ᠂ ᠰᠢᠯᠢᠳᠡᠭ ᠠᠶ᠎ᠠ | ᠵᠤᠬᠢᠶᠠᠭᠴᠢ᠂ ᠰᠢᠯᠢᠳᠡᠭ ᠲᠤᠭᠯᠠᠭᠴᠢ ᠶᠢᠨ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠵᠤ᠂ ᠶᠠᠷᠢᠶᠠᠳᠤ ᠵᠦᠴᠦᠭᠡ | ︽ᠬᠠᠯᠠᠭᠤᠨ ᠦᠯᠦᠭᠡᠢ︾᠂ ︽ᠬᠠᠶᠢᠷ᠎ᠡ ᠰᠢᠩᠬᠡᠭᠰᠡᠨ ᠲᠤᠤᠷᠠᠢ︾ ᠵᠡᠷᠭᠡ 7 ᠵᠦᠴᠦᠭᠡ᠂ ︽ATM ᠮᠠᠰᠢᠨ︾ | ᠵᠡᠷᠭᠡ 16 ᠮᠤᠩᠭᠤᠯ ᠬᠢᠳᠠᠳ ᠱᠤᠭ ᠵᠦᠴᠦᠭᠡ ᠬᠢᠯᠪᠢᠬᠡᠨ ᠵᠦᠴᠦᠭᠡ ᠰᠢᠯᠢᠳᠡᠭ ᠵᠦᠴᠦᠭᠡ ᠶᠢᠨ ᠱᠠᠩᠨᠠᠯ | ᠬᠦᠷᠳᠡᠭᠰᠡᠨ ᠪᠠᠶᠢᠨ᠎ᠠ᠃ ᠶᠤᠰᠤᠯᠠᠯ ᠳᠤ ᠪᠠᠰᠠ ᠠᠷᠪᠠᠨ ᠨᠢᠭᠡᠳᠦᠭᠡᠷ ᠬᠤᠭᠤᠴᠠᠭᠠᠨ ᠤ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ︽ᠰᠠᠷᠠᠨ᠎ᠠ︾ ᠱᠠᠩᠨᠠᠯ ᠤᠨ ᠳᠠᠭᠤᠦ ᠭᠦᠭᠵᠢᠮ᠂ ᠪᠦᠵᠢᠭ᠂ ᠵᠦᠴᠦᠭᠡ᠂ | ᠲᠠᠭᠤᠤᠷᠢᠯᠢᠭ᠂ ᠺᠢᠨᠣ᠋᠂ ᠷᠠᠳᠢᠣ᠋ ᠲᠧᠯᠸᠢᠰ ᠤᠷᠠᠯᠢᠭ᠂ ᠠᠷᠠᠳ ᠤᠨ ᠤᠷᠠᠯᠢᠭ᠂ ᠼᠢᠷᠺ᠂ ᠤᠷᠠᠨ ᠵᠢᠷᠤᠭ᠂ ᠤᠷᠠᠨ | ᠪᠢᠴᠢᠯᠭᠡ᠂ ᠬᠡᠷᠡᠯ ᠵᠢᠷᠤᠭ᠂ ᠤᠷᠠᠯᠢᠭ ᠤᠨ ᠤᠨᠤᠯ ᠰᠢᠭᠦᠮᠵᠢ ᠵᠡᠷᠭᠡ 12 ᠲᠦᠷᠦᠯ ᠤᠨ 69 ᠪᠦᠳᠦᠭᠡᠯ ᠢ | ᠰᠢᠯᠭᠠᠷᠠᠭᠤᠯᠤᠨ ᠬᠦᠬᠢᠭᠦᠯᠵᠤ᠂ ᠰᠢᠯᠢᠳᠡᠭ ᠵᠦᠴᠦᠭᠡ᠂ ᠰᠢᠯᠢᠳᠡᠭ ᠤᠳᠤᠷᠢᠳᠤᠭᠠᠴᠢ᠂ ᠰᠢᠯᠢᠳᠡᠭ ᠨᠠᠶᠢᠷᠠᠭᠤᠯᠤᠭᠴᠢ᠂ | ᠰᠢᠯᠢᠳᠡᠭ ᠲᠤᠭᠯᠠᠭᠴᠢ ᠶᠢᠨ ᠱᠠᠩᠨᠠᠯ ᠬᠦᠷᠳᠡᠭᠰᠡᠳ ᠲᠤ ᠲᠤᠰ ᠲᠤᠰ ᠱᠠᠩᠨᠠᠯ ᠭᠠᠷᠳᠠᠭᠤᠯᠤᠭᠰᠠᠨ ᠪᠠᠶᠢᠨ᠎ᠠ᠃ | ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ | ᠰᠤᠶᠤᠯ ᠤᠨ ᠨᠠᠶᠢᠷ 6 ᠳ᠋ᠤᠭᠠᠷ ᠰᠠᠷ᠎ᠠ ᠶᠢᠨ 25 ᠠᠴᠠ 7 ᠳ᠋ᠤᠭᠠᠷ ᠰᠠᠷ᠎ᠠ ᠶᠢᠨ 3 ᠤ ᠡᠳᠤᠷ ᠪᠤᠯᠳᠠᠯ᠎ᠠ ᠶᠠᠪᠤᠭᠳᠠᠵᠤ᠂ | ᠦᠨᠳᠦᠰᠦᠲᠡᠨ ᠤ ᠺᠢᠨᠣ᠋ ᠦᠵᠡᠭᠦᠯᠦᠯᠭᠡ ᠶᠢᠨ ᠭᠠᠷᠠᠭ ᠤᠨ ᠠᠵᠢᠯᠯᠠᠭ᠎ᠠ᠂ ᠪᠦᠬᠦ ᠤᠷᠤᠨ ᠤ ᠰᠢᠯᠢᠳᠡᠭ ᠪᠢᠴᠢᠯ ᠺᠢᠨᠣ᠋᠂ | ᠷᠠᠳᠢᠣ᠋ ᠵᠦᠴᠦᠭᠡ ᠶᠢᠨ ᠦᠵᠡᠭᠦᠯᠦᠯᠭᠡ ᠨᠡᠪᠳᠡᠷᠡᠭᠦᠯᠭᠡ᠂ ᠦᠪᠡᠷᠳᠡᠭᠡᠨ ᠵᠠᠰᠠᠬᠤ ᠤᠷᠤᠨ ᠤ ᠪᠦᠵᠢᠭ ᠤᠷᠠᠯᠢᠭ ᠤᠨ | ᠰᠢᠯᠢᠳᠡᠭ ᠴᠢᠳᠠᠪᠤᠷᠢᠳᠠᠨ ᠤ ᠲᠤᠰᠬᠠᠢ ᠲᠤᠭᠯᠠᠯᠳᠠ᠂ ᠦᠨᠳᠦᠰᠦᠲᠡᠨ ᠤ ᠨᠠᠶᠢᠷᠠᠯ ᠬᠦᠭᠵᠢᠮ ᠤᠨ ᠴᠢᠭᠤᠯᠭᠠᠨ᠂ | ᠦᠪᠦᠷ ᠮᠤᠩᠭᠤᠯ ᠤᠨ ᠱᠤᠭᠤᠮᠠᠯ ᠤᠷᠠᠯᠢᠭ ᠤᠨ ᠦᠵᠡᠭᠦᠯᠦᠯᠭᠡ᠂ ᠦᠪᠦᠷ ᠮᠤᠩᠭᠤᠯ ᠤᠨ ᠱᠤᠭ ᠵᠢᠷᠤᠭ ᠤᠨ | ᠪᠦᠳᠦᠭᠡᠯ ᠤᠨ ᠦᠵᠡᠭᠦᠯᠦᠯᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ | ᠦᠢᠯᠡᠰ ᠤᠨ ᠦᠵᠡᠰᠭᠦᠯᠡᠩ᠂ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ | ᠤᠨ ᠲᠤᠭᠯᠠᠯᠳᠠ ᠶᠢᠨ ᠠᠷᠠᠯᠵᠢᠶᠠᠨ ᠤ ᠴᠤᠬᠯᠠᠭᠠᠨ ᠶᠠᠪᠤᠬᠳᠠᠵᠦ᠂ ᠤᠳᠤ ᠦᠶ᠎ᠡ ᠶᠢᠨ ᠮᠤᠩᠭᠤᠯ ᠪᠦᠵᠢᠭᠳᠦ ᠵᠦᠴᠦᠭᠡ | ︽ᠬᠦᠬᠡ ᠳᠤᠯᠪᠤ︾ ᠶᠢ ᠤᠷᠢᠨ ᠲᠤᠭᠯᠠᠭᠤᠯᠬᠤ᠂ ᠦᠩᠬᠡᠷᠡᠭᠰᠡᠨ 12 ᠬᠤᠭᠤᠴᠠᠭᠠᠨ ᠤ ᠳᠠᠯ᠎ᠠ ᠨᠤᠳᠤᠭ ᠤᠨ | ᠰᠤᠶᠤᠯ ᠤᠨ ᠨᠠᠶᠢᠷ ᠤᠨ ᠡᠷᠬᠢᠴᠡᠭᠦᠯᠦᠯ᠂ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠳᠡᠭᠦᠰᠬᠦ ᠶᠤᠰᠤᠯᠠᠯ ᠵᠢᠴᠢ | ᠱᠠᠩᠨᠠᠯ ᠤᠯᠭᠤᠬᠤ ᠶᠤᠰᠤᠯᠠᠯ ᠵᠡᠷᠭᠡ 15 ᠪᠦᠯᠦᠭ ᠢᠶᠠᠷ ᠪᠦᠷᠢᠯᠳᠤᠵᠠᠢ᠃ ᠡᠭᠦᠨ ᠠᠴᠠ ᠭᠠᠳᠠᠨ᠎ᠠ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠦ᠋ᠴᠢᠷ ᠤᠨ ᠮᠤᠩᠭᠤᠯ ᠵᠦᠴᠦᠭᠡ ︽ᠪᠠᠳᠤᠴᠠᠭᠠᠨ ᠤ ᠬᠠᠶᠢᠷ᠎ᠠ︾ | ᠂ ᠬᠠᠷᠠᠴᠢᠨ ᠬᠤᠰᠢᠭᠤᠨ ᠤ ᠤᠯᠠᠭᠠᠨᠮᠦ᠋ᠴᠢᠷ ᠤᠨ ᠶᠠᠷᠢᠶᠠᠳᠤ ᠵᠦᠴᠦᠭᠡ ︽ᠡᠵᠢ︾ ᠵᠡᠷᠭᠡ 11 ᠰᠢᠯᠢᠳᠡᠭ | ᠵᠦᠴᠦᠭᠡ ᠶᠢ ᠪᠦᠬᠦ ᠤᠷᠤᠨ ᠤ ᠬᠡᠪᠴᠢᠶᠡᠨ ᠳᠤ ᠲᠤᠭᠤᠷᠢᠨ ᠲᠤᠭᠯᠠᠭᠤᠯᠵᠤ᠂ ᠰᠢᠯᠢᠳᠡᠭ ᠦᠨᠳᠦᠰᠦᠲᠡᠨ ᠤ ᠺᠢᠨᠣ᠋ ᠶᠢ | 9 ᠳ᠋ᠦ᠋ᠭᠡᠷ ᠰᠠᠷ᠎ᠠ ᠠᠴᠠ ᠡᠬᠢᠯᠡᠨ ᠪᠦᠬᠦ ᠤᠷᠤᠨ ᠤ ᠡᠯ᠎ᠡ ᠶᠡᠭᠡ ᠳᠡᠭᠡᠳᠦ ᠰᠤᠷᠭᠠᠭᠤᠯᠢ ᠪᠠᠷ ᠳᠡᠯᠭᠡᠨ ᠦᠵᠡᠭᠦᠯᠬᠦ | ᠪᠤᠯᠤᠨ᠎ᠠ᠃ |