ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠬᠠᠭᠤᠯᠬᠤ ᠠᠵᠢᠯᠯᠠᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2016/7/4
ᠠᠵᠢᠯᠯᠠᠭ᠎ᠠ ᠳᠤ ᠤᠷᠤᠯᠴᠠᠭᠰᠠᠳ ᠭᠠᠷ ᠤᠨ ᠦᠰᠦᠭ ᠦᠯᠡᠳᠡᠭᠡᠬᠦ ᠬᠡᠷᠡᠮ ᠳᠡᠭᠡᠷ᠎ᠡ ᠭᠠᠷ ᠤᠨ ᠤᠢᠰᠦᠭ ᠵᠢᠷᠤᠵᠤ ᠪᠠᠶᠢᠭ᠎ᠠ ᠨᠢ᠃
ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠵᠠᠭᠪᠤᠷ ᠢ ᠲᠤᠭᠤᠷᠢᠨ ᠦᠵᠡᠵᠦ ᠪᠠᠶᠢᠭ᠎ᠠ ᠎ ᠨᠢ᠃       7 ᠳ᠋ᠤᠭᠠᠷ ᠰᠠᠷ᠎ᠠ ᠶᠢᠨ 2᠎ ᠤᠨ ᠡᠳᠦᠷ 9 ᠴᠠᠭ ᠲᠤ᠂ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠬᠠᠭᠤᠯᠬᠤ ᠠᠵᠢᠯᠯᠠᠭᠠᠨ ᠤ ᠭᠠᠷᠠᠭ ᠤᠨ ᠡᠬᠢᠯᠡᠬᠦ ᠶᠣᠰᠣᠯᠠᠯ ᠬᠥᠬᠡᠬᠤᠲᠠ ᠶᠢᠨ ᠴᠡᠯᠡᠭᠡᠷ ᠲᠠᠯ᠎ᠠ ᠴᠡᠴᠡᠷᠯᠢᠭ ᠲᠤ  ᠶᠠᠪᠤᠭᠳᠠᠪᠠ᠃      ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠬᠠᠭᠤᠯᠬᠤ ᠠᠵᠢᠯᠯᠠᠭ᠎ᠠ ᠶᠢᠨ ᠭᠠᠷᠠᠭ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠡᠷᠦᠩᠬᠡᠶ ᠪᠠᠶᠢᠷᠢᠯᠠᠭᠤᠯᠤᠯᠲᠠ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠪᠤᠬᠢᠷᠳᠤᠯ ᠦᠭᠡᠢ ᠬᠥᠭᠵᠢᠯᠲᠡ ᠶᠢᠨ ᠤᠨᠤᠯᠵᠢᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠤᠯᠤᠨ᠎ᠠ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠦᠬᠦ ᠣᠷᠣᠨ ᠎ ᠳᠤ ᠶᠡᠬᠡᠪᠡᠷ ᠰᠠᠨᠠᠭᠠᠴᠢᠯᠠᠵᠤ᠂ ᠠᠷᠠᠳ ᠨᠡᠶᠢᠲᠡ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠵᠢᠯᠴᠢ ᠠᠷᠪᠢᠴᠢ ᠠᠷᠪᠢᠯᠠᠨ ᠭᠠᠮᠨᠠᠬᠤ᠂ ᠪᠤᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠡᠷᠡᠭᠦᠯ ᠪᠣᠯᠪᠠᠰᠤᠨ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠬᠤ ᠶᠢ ᠲᠦᠯᠬᠢᠨ ᠠᠬᠢᠭᠤᠯᠵᠤ᠂ ᠤᠷᠤᠨ ᠢᠶᠠᠨ ᠪᠤᠬᠢᠷᠳᠤᠯ ᠦᠭᠡᠢ ᠪᠠᠷ ᠴᠢᠨᠡᠭᠡᠯᠢᠭᠵᠢᠭᠦᠯᠬᠦ᠂ ᠠᠷᠠᠳ ᠲᠤ ᠪᠤᠬᠢᠷᠳᠤᠯ ᠦᠭᠡᠢ ᠠᠰᠢᠭ ᠬᠦᠷᠲᠡᠭᠡᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠣᠶᠢᠯᠠᠭᠠᠭᠰᠠᠨ ᠢᠶᠠᠷ᠂ ᠡᠬᠢᠯᠡᠯᠲᠡ ᠶᠢᠨ ᠶᠣᠰᠣᠯᠠᠯ ᠤᠨ ᠳᠠᠷᠠᠭ᠎ᠠ 7 ᠳ᠋ᠤᠭᠠᠷ ᠰᠠᠷ᠎ᠠ ᠶᠢᠨ 3᠎ ᠤ ᠡᠳᠦᠷ - 7᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠬᠠᠭᠤᠯᠬᠤ ᠠᠵᠢᠯᠯᠠᠭ᠎ᠠ ᠶᠢᠨ ᠭᠠᠷᠠᠭ ᠲᠠᠢ ᠨᠢᠭᠲᠠ ᠤᠶᠠᠯᠳᠤᠭᠤᠯᠤᠨ ᠠᠯᠢ ᠤᠯᠠᠨ ᠤᠬᠠᠭᠤᠯᠬᠤ ᠠᠵᠢᠯᠯᠠᠭ᠎ᠠ ᠦᠷᠨᠢᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号