ᠮᠠᠨ ᠤ ᠤᠷᠤᠨ 2020 ᠣᠨ ᠪᠣᠯᠲᠠᠯ᠎ᠠ᠂ ᠪᠥᠬᠦ ᠣᠷᠣᠨ ᠤ ᠤᠢ ᠰᠢᠭᠤᠶ ᠶᠢᠨ ᠪᠦᠷᠬᠦᠴᠡ ᠶᠢᠨ | ᠨᠤᠷᠮ᠎ᠠ ᠶᠢ 23% ᠳᠤ ᠬᠦᠷᠦᠭᠦᠯᠦᠨ᠂ ᠲᠠᠯ᠎ᠠ ᠨᠤᠲᠤᠭ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ | ᠨᠤᠷᠮ᠎ᠠ ᠶᠢ 46% ᠬᠦᠷᠲᠡᠯ᠎ᠡ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢᠨ ᠲᠥᠯᠦᠪᠰᠢᠯ ᠢ ᠦᠨᠳᠦᠰᠦᠨ ᠳᠡᠭᠡᠨ ᠪᠣᠢ ᠪᠣᠯᠭᠠᠨ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠴᠢᠬᠤᠯᠠ ᠶᠡᠭᠡ | ᠰᠢᠪᠲᠤᠯᠤᠯᠲᠠ ᠭᠠᠷᠭᠠᠵᠤ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮᠵᠢ ᠶᠢ ᠤᠯᠠᠮ | ᠲᠡᠭᠦᠯᠳᠡᠷᠵᠢᠭᠦᠯᠦᠨ᠂ ᠠᠷᠠᠳ ᠨᠡᠶᠢᠲᠡ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠤᠬᠠᠮᠰᠠᠷ ᠢ ᠶᠡᠬᠡᠪᠡᠷ | ᠳᠡᠭᠡᠭᠰᠢᠯᠡᠭᠦᠯᠬᠦ ᠪᠠᠷ ᠴᠢᠷᠮᠠᠶᠢᠨ᠎ᠠ᠃ 2015 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ︽ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠶᠡᠷᠦᠩᠬᠡᠶᠢᠯᠡᠨ ᠠᠳᠬᠤᠬᠤ᠂ ᠬᠠᠷᠠᠯᠲᠠ ᠪᠠᠨ ᠨᠠᠷᠢᠯᠢᠭᠵᠢᠭᠤᠯᠤᠨ ᠪᠣᠳᠠᠲᠠᠶ ᠪᠠᠷ ᠠᠳᠬᠤᠬᠤ᠂ | ᠲᠥᠯᠥᠪᠵᠢᠭᠦᠯᠭᠡ ᠪᠠᠨ ᠰᠠᠶᠢᠲᠤᠷ ᠬᠢᠵᠦ ᠪᠠᠶᠢᠩᠭᠤ ᠠᠳᠬᠤᠬᠤ᠂ ᠬᠢᠨᠠᠨ ᠰᠢᠯᠭᠠᠯᠲᠠ ᠶᠢ ᠴᠢᠩᠭᠠᠷᠠᠭᠤᠯᠤᠨ ᠴᠢᠩᠭ᠎ᠠ | ᠠᠳᠬᠤᠬᠤ︾ ᠶᠡᠷᠦᠩᠬᠡᠶ ᠰᠡᠳᠭᠢᠮᠵᠢ ᠶᠢ ᠳᠤᠷᠠᠳᠤᠨ᠂ ︽ᠠᠮᠢ ᠠᠬᠤᠶ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠠᠬᠢᠭᠤᠯᠤᠯᠲᠠ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ︽ | 13·5︾ ᠶᠢᠨ ᠬᠤᠭᠤᠴᠠᠭᠠᠨ ᠳᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠤᠢ | ᠪᠣᠯᠭᠠᠵᠤ᠂ ᠤᠷᠤᠨ ᠢᠶᠠᠨ ᠪᠣᠬᠢᠷᠲᠠᠯ ᠦᠭᠡᠢ ᠪᠠᠷ ᠴᠢᠨᠡᠭᠡᠯᠢᠭᠵᠢᠭᠦᠯᠦᠨ᠂ ᠠᠷᠠᠳ ᠲᠤ ᠪᠣᠬᠢᠷᠲᠠᠯ ᠦᠭᠡᠢ ᠠᠰᠢᠭ | ᠬᠦᠷᠲᠡᠭᠡᠬᠦ ᠪᠣᠯᠪᠠᠰᠤᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠵᠢᠷᠭᠤᠭ᠎ᠠ ᠶᠢ | ᠤᠶᠠᠯᠳᠤᠭᠤᠯᠬᠤ︾ ᠠᠵᠢᠯ ᠤᠨ ᠵᠠᠷᠴᠢᠮ ᠶᠣᠰᠤᠭᠠᠷ᠂ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠶᠢᠨ 12 ᠶᠡᠭᠡ ᠢᠨᠵᠧᠨᠧᠷᠢᠩ᠂ ᠣᠷᠴᠢᠨ ᠲᠣᠭᠤᠷᠢᠨ ᠢ ᠵᠠᠰᠠᠬᠤ ᠪᠠ ᠬᠠᠮᠠᠭᠠᠯᠠᠯᠲᠠ ᠶᠢᠨ 10 ᠶᠡᠭᠡ | ᠢᠨᠵᠧᠨᠧᠷᠢᠩ᠂ 8 ᠵᠦᠢᠯ ᠤᠨ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠ 13 ᠵᠦᠢᠯ ᠤᠨ | ᠭᠤᠣᠯᠳᠠᠯᠭ᠎ᠠ ᠲᠠᠢ ᠲᠦᠯᠬᠢᠨ ᠠᠬᠢᠭᠤᠯᠬᠤ ᠠᠵᠢᠯ ᠢ ᠦᠷᠨᠢᠭᠦᠯᠬᠦ ᠪᠠᠷ ᠳᠤᠷᠠᠳᠪᠠ᠃ ︽ᠠᠮᠢ ᠠᠬᠤᠶ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠬᠢᠭᠤᠯᠤᠯᠲᠠ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ ᠡᠷᠬᠢᠯᠡᠭᠴᠢ ᠪᠣᠯᠭᠠᠵᠤ᠂ ᠬᠤᠪᠢᠳᠠᠨ ᠬᠠᠮᠢᠶᠠᠷᠬᠤ ᠳᠡᠳ᠋ | ᠲᠡᠷᠢᠭᠦᠯᠡᠭᠴᠢ ᠪᠠᠷ ᠳᠡᠳ᠋ ᠡᠷᠬᠢᠯᠡᠭᠴᠢ ᠪᠣᠯᠭᠠᠭᠰᠠᠨ᠂ 26 ᠲᠢᠩᠬᠢᠮ ᠲᠣᠪᠴᠢᠶ᠎ᠠ ᠪᠠᠷ ᠪᠦᠷᠢᠯᠳᠦᠭᠰᠡᠨ ᠠᠮᠢ | ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠪᠯᠡᠯ ᠢ ᠪᠠᠶᠢᠭᠤᠯᠵᠤ᠂ ᠪᠦᠬᠦ ᠣᠷᠣᠨ ᠤ ᠠᠮᠢ | ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠦᠯᠦᠪᠯᠡᠭᠰᠡᠨ ᠪᠥᠭᠡᠳ ︽ | 2016 ᠣᠨ ᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠢ ᠪᠦᠲᠦᠭᠡᠨ ᠪᠠᠶᠢᠭᠤᠯᠬᠤ | ᠠᠵᠢᠯ ᠤᠨ ᠲᠣᠪᠴᠢ︾ ᠶᠢ ᠰᠤᠳᠤᠯᠤᠨ ᠲᠣᠭᠲᠠᠭᠠᠵᠤ᠂ ᠠᠮᠢ ᠠᠬᠤᠶ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ | ᠭᠤᠣᠯᠳᠠᠯᠭᠠᠲᠤ ᠢᠨᠵᠧᠨᠧᠷᠢᠩ᠂ ᠣᠷᠴᠢᠨ ᠲᠣᠭᠤᠷᠢᠨ ᠢ ᠵᠠᠰᠠᠬᠤ ᠪᠠ ᠬᠠᠮᠠᠭᠠᠯᠠᠬᠤ ᠭᠤᠣᠯᠳᠠᠯᠭᠠᠲᠤ ᠢᠨᠵᠧᠨᠧᠷᠢᠩ᠂ | ᠠᠮᠢ ᠠᠬᠤᠶ ᠶᠢᠨ ᠪᠣᠯᠪᠠᠰᠤᠨ ᠤ ᠳᠦᠷᠢᠮ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠷ | ᠦᠷᠨᠢᠭᠦᠯᠵᠡᠢ᠃ |