ᠥᠪᠥᠷ ᠮᠣᠩᠭᠤᠯ᠄ ᠠᠮᠢ ᠠᠬᠤᠢ ᠶᠢ ᠲᠡᠷᠢᠭᠦᠨ ᠳᠤ ᠲᠠᠯᠪᠢᠵᠤ  ᠪᠣᠬᠢᠷᠳᠤᠯ ᠦᠭᠡᠢ ᠬᠥᠭᠵᠢᠭᠦᠯᠦᠨ  ᠰᠠᠶᠢᠨ ᠰᠠᠶᠢᠬᠠᠨ ᠭᠡᠷ ᠣᠷᠣᠨ ᠢ ᠬᠠᠮᠳᠤᠪᠡᠷ ᠪᠠᠶᠢᠭᠤᠯᠤᠶ᠎ᠠ
ᠨᠡᠶᠢᠲᠡᠯᠡᠭᠰᠡᠨ ᠴᠠᠭ᠄
2016/7/4
     ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠣᠭᠰᠠᠨ ᠤ ᠬᠤᠪᠢ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠥᠬᠡᠮᠳᠦᠭ ᠠᠭᠤᠯᠠ ᠨᠢ ᠬᠡᠵᠢᠶᠡᠳᠡ ᠤᠭᠤᠭᠠᠨ᠂ ᠴᠡᠩᠭᠡᠭ ᠮᠥᠷᠡᠨ ᠨᠢ ᠭᠡᠵᠢᠶᠡᠳᠡ ᠲᠤᠩᠭᠠᠯᠠᠭ᠂ ᠬᠥᠬᠡ ᠲᠩᠷᠢ ᠨᠢ ᠦᠨᠢᠳᠡ ᠴᠡᠩᠬᠡᠷ ᠪᠠᠶᠢᠳᠠᠭ ᠬᠡᠷ ᠣᠷᠣᠨ ᠢ ᠴᠣᠭᠴᠠᠯᠠᠨ ᠪᠠᠶᠢᠭᠤᠯᠬᠤ ᠪᠣᠯ ᠥᠪᠥᠷ ᠮᠣᠩᠭᠤᠯ ᠤᠨ ᠥᠨᠢᠳᠡ ᠦᠷᠭᠦᠯᠵᠢᠯᠡᠨ ᠬᠥᠭᠵᠢᠬᠦ ᠶᠢᠨ ᠴᠢᠬᠤᠯᠠ ᠨᠥᠬᠦᠴᠡᠯ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠰᠢᠨ᠎ᠡ ᠬᠦᠰᠡᠯ ᠡᠷᠡᠮᠡᠯᠵᠡᠯ ᠮᠥᠨ ᠪᠠᠰᠠ ᠴᠤ ᠮᠠᠨ ᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠥᠬᠦᠷᠡᠯ ᠦᠭᠡᠢ ᠬᠥᠭᠡᠭᠡᠴᠡᠯᠳᠦᠯ ᠪᠣᠯᠬᠤ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠪᠣᠯᠣᠨ ᠬᠦᠰᠡᠯ ᠡᠷᠡᠮᠡᠯᠵᠡᠯ ᠢ ᠴᠠᠭ ᠢᠮᠠᠭᠲᠠ ᠪᠠᠲᠤ ᠴᠡᠭᠡᠵᠢᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠥᠮᠡᠨ ᠢ ᠪᠦᠯᠬᠦᠮᠳᠡᠭᠦᠯᠦᠨ ᠳᠠᠭᠠᠭᠤᠯᠵᠤ ᠪᠣᠬᠢᠷᠲᠤᠯ ᠦᠭᠡᠢ ᠢᠶᠠᠷ ᠣᠷᠣᠨ ᠢᠶᠠᠨ ᠪᠠᠶᠠᠵᠢᠭᠤᠯᠬᠤ᠂ ᠪᠣᠬᠢᠷᠲᠤᠯ ᠦᠭᠡᠢ ᠢᠶᠠᠷ ᠠᠷᠠᠳ ᠲᠤ ᠠᠰᠢᠭ ᠬᠦᠷᠲᠡᠭᠡᠬᠦ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠣᠷᠴᠢᠨ ᠲᠣᠭᠤᠷᠢᠨ ᠤ ᠵᠠᠰᠠᠯᠲᠠ ᠶᠢ ᠲᠠᠰᠤᠷᠠᠯᠲᠠ ᠦᠭᠡᠢ ᠪᠦᠷᠢᠨᠰᠢᠭᠦᠯᠦᠨ᠂ ᠡᠯ᠎ᠡ ᠵᠦᠢᠯ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠬᠡᠯᠪᠡᠷᠢ᠂ ᠣᠷᠴᠢᠨ ᠲᠣᠭᠤᠷᠢᠨ ᠳᠤ ᠨᠥᠬᠦᠷᠰᠡᠭ ᠬᠠᠨᠳᠤᠬᠤ ᠬᠡᠯᠪᠡᠷᠢ ᠪᠥᠬᠦᠢ ᠨᠡᠶᠢᠭᠡᠮ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠴᠣ ᠰᠢᠨ᠎ᠡ ᠪᠠᠶᠢᠳᠠᠯ ᠲᠠᠢ ᠪᠣᠯᠪᠠ᠃      ᠪᠢᠳᠡ ᠠᠮᠢ ᠠᠬᠤᠶ ᠶᠢ ᠲᠡᠷᠢᠭᠦᠨ ᠳᠤ ᠲᠠᠯᠪᠢᠨ ᠪᠣᠬᠢᠷᠲᠤᠯ ᠦᠭᠡᠢ ᠬᠥᠭᠵᠢᠭᠦᠯᠬᠦ ᠵᠠᠮ ᠢ ᠢᠮᠠᠭᠲᠠ ᠪᠠᠷᠢᠮᠲᠠᠯᠠᠵᠤ᠂ ᠠᠮᠢ ᠠᠬᠤᠶ ᠶᠢᠨ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠪᠠ᠃ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ᠤᠮᠠᠷᠠᠲᠤ ᠶᠢᠨ ᠭᠤᠷᠪᠠᠨ ᠬᠠᠯᠬᠠᠪᠴᠢ ᠤᠢ᠂ ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ᠭᠤᠷᠪᠠᠨ ᠵᠢᠯ ᠳᠤ ᠨᠡᠶᠢᠳᠡ 387 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠡᠷᠡᠭᠵᠢᠭᠦᠯᠦᠭᠰᠡᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 2 ᠳ᠋ᠦᠩᠰᠢᠭᠤᠷ ᠮᠥ ᠳᠤ ᠬᠦᠷᠴᠡᠢ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 180 ᠳ᠋ᠦᠩᠰᠢᠭᠤᠷ ᠲᠥᠭᠦᠷᠢᠭ ᠣᠷᠤᠭᠤᠯᠤᠨ᠂ 10.1 ᠳ᠋ᠦᠩᠰᠢᠭᠤᠷ ᠮᠦ ᠠᠰᠢᠭᠯᠠᠵᠤ ᠪᠣᠯᠬᠤᠶᠢᠴᠠ ᠨᠤᠲᠤᠭ ᠪᠡᠯᠴᠢᠭᠡᠷ ᠢ ᠴᠦᠮ ᠬᠠᠮᠠᠭᠠᠯᠠᠬᠤ ᠬᠡᠪᠴᠢᠶᠡᠨ ᠳᠤ ᠣᠷᠤᠭᠤᠯᠪᠠ᠃ ᠵᠢᠷᠭᠤᠭᠠᠨ ᠲᠤᠮᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠢᠳᠡᠪᠬᠢᠲᠡᠶ ᠲᠦᠯᠬᠢᠨ ᠠᠬᠢᠭᠤᠯᠵᠤ᠂ 615 ᠲᠥᠮᠡᠨ ᠮᠦ ᠳᠠᠯᠠᠪᠠᠢ ᠶᠢ ᠨᠣᠭᠤᠭᠠᠷᠠᠭᠤᠯᠪᠠ᠃ ᠴᠤᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠭᠤᠯᠤᠨ᠂ 2015 ᠣᠨ ᠳᠤ ᠪᠥᠬᠦ ᠣᠷᠣᠨ ᠤ ᠤᠢ ᠰᠢᠭᠤᠶ ᠶᠢᠨ ᠪᠦᠷᠬᠦᠴᠡ ᠶᠢᠨ ᠨᠤᠷᠮ᠎ᠠ 21.03%᠎ ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 44%᠎ ᠳᠤ ᠬᠦᠷᠴᠦ᠂ ︽ᠪᠦᠬᠦᠯᠢ ᠴᠣᠭᠴᠠ ᠪᠠᠷ ᠢᠶᠠᠨ ᠮᠠᠭᠤᠵᠢᠷᠠᠬᠤ ᠶᠢ ᠠᠯᠭᠤᠷᠯᠠᠭᠤᠯᠵᠤ᠂ ᠵᠠᠰᠠᠯᠲᠠ ᠶᠢᠨ ᠣᠷᠣᠨ ᠢᠯᠡᠳᠲᠡ ᠰᠠᠶᠢᠵᠢᠷᠠᠭᠰᠠᠨ︾ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠳᠠᠯ ᠢ ᠪᠣᠢ ᠪᠣᠯᠭᠠᠪᠠ᠃      ᠪᠢᠳᠡ ᠣᠷᠴᠢᠨ ᠲᠣᠭᠤᠷᠢᠨ ᠤ ᠵᠠᠰᠠᠯᠲᠠ ᠶᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ ᠣᠷᠴᠢᠨ ᠲᠣᠭᠤᠷᠢᠨ ᠢ ᠬᠠᠮᠠᠭᠠᠯᠠᠬᠤ ᠡᠨᠡᠬᠦ ᠬᠥᠪᠴᠢ ᠶᠢ ᠰᠤᠯᠠᠷᠠᠭᠤᠯᠤᠯ ᠦᠭᠡᠶ ᠢᠮᠠᠭᠲᠠ ᠴᠢᠩᠭ᠎ᠠ ᠠᠳᠬᠤᠪᠠ᠃ ᠤᠯᠤᠰ ᠤᠨ ︽ᠠᠭᠠᠷ ᠮᠠᠨᠳᠠᠯ ᠤᠨ ᠠᠷᠪᠠᠨ ᠵᠤᠷᠪᠤᠰ ᠲᠣᠭᠲᠠᠭᠠᠯ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠪᠣᠬᠢᠷᠲᠤᠯ ᠤᠨ ᠵᠠᠰᠠᠯᠲᠠ ᠶᠢ ᠲᠦᠷᠭᠡᠨ ᠠᠬᠢᠭᠤᠯᠵᠤ᠂ 2015 ᠣᠨ ᠳᠤ ᠪᠦᠬᠦ ᠣᠷᠣᠨ ᠤ 12 ᠠᠶᠢᠮᠠᠭ ᠬᠤᠳᠠ ᠶᠢᠨ ᠠᠭᠠᠷ ᠤᠨ ᠴᠡᠪᠡᠷᠴᠡ ᠶᠢᠨ ᠳᠤᠮᠳᠠᠴᠢ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠶᠢᠨ ᠬᠠᠷᠢᠴᠠᠯ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 4.2 ᠵᠠᠭᠤᠨ ᠤ ᠬᠤᠪᠢ ᠥᠨᠳᠥᠷ ᠳᠠᠪᠠᠪᠠ᠃ ︽ᠤᠰᠤᠨ ᠤ ᠠᠷᠪᠠᠨ ᠵᠤᠷᠪᠤᠰ ᠲᠣᠭᠲᠠᠭᠠᠯ︾᠎ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰᠬᠠᠶ ᠣᠷᠣᠨ ᠤ ᠲᠡᠰ ᠤᠨ ᠬᠤᠲᠠ ᠶᠢᠨ ᠬᠠᠷ᠎ᠠ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠵᠤ᠂ ᠲᠤᠰᠬᠠᠶ ᠣᠷᠣᠨ ᠤ ᠲᠡᠰ ᠤᠨ ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ 8 ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ᠂ ᠲᠤᠰᠬᠠᠶ ᠣᠷᠣᠨ ᠤ ᠳᠡᠰ ᠤᠨ ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠳᠤᠮᠳᠠᠴᠢ ᠤᠰᠤ ᠲᠠᠲᠠᠬᠤ ᠣᠰᠣᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ ᠶᠢ 89%᠎ ᠳᠤ ᠬᠦᠷᠦᠭᠦᠯᠵᠦ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠭᠰᠠᠨ ᠨᠢ ᠤᠯᠤᠰ ᠤᠨ ᠱᠠᠭᠠᠷᠳᠠᠯᠭ᠎ᠠ ᠳᠤ ᠬᠦᠷᠴᠡᠢ᠃ ᠤᠯᠤᠰ ᠤᠨ ︽ᠭᠠᠵᠠᠷ ᠰᠢᠷᠤᠢ ᠶᠢᠨ ᠠᠷᠪᠠᠨ ᠵᠤᠷᠪᠤᠰ ᠲᠣᠭᠲᠠᠭᠠᠯ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠥᠷᠥᠰᠥ ᠰᠢᠷᠣᠶ ᠳᠤ ᠪᠣᠬᠢᠷᠲᠤᠯ ᠤᠨ ᠪᠠᠶᠢᠴᠠᠭᠠᠯᠲᠠ ᠶᠢ ᠪᠡᠶᠡᠯᠡᠭᠦᠯᠦᠨ᠂ ᠤᠷᠳᠤᠰ ᠬᠤᠳᠠ ᠶᠢᠨ ᠬᠥᠷᠥᠰᠥ ᠰᠢᠷᠣᠶ ᠶᠢᠨ ᠪᠣᠬᠢᠷᠲᠤᠯ ᠢ ᠵᠠᠰᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠡᠬᠢᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠵᠠᠷ ᠣᠷᠣᠨ ᠤ ᠣᠷᠴᠢᠨ ᠲᠣᠭᠤᠷᠢᠨ ᠢ ᠵᠠᠰᠠᠬᠤ ᠠᠷᠭ᠎ᠠ︾᠎ ᠶᠢ ᠨᠡᠶᠢᠲᠡᠯᠡᠵᠦ᠂ ︽ᠨᠢᠭᠡ ᠠᠭᠤᠷᠬᠠᠶ ᠨᠢᠭᠡ ᠠᠵᠤ ᠠᠬᠤᠶᠢᠯᠠᠯ ᠨᠢ ᠨᠢᠭᠡ ᠠᠭᠤᠯᠠ ᠨᠢᠭᠡ ᠭᠤᠣᠯ ᠢ ᠵᠠᠰᠠᠬᠤ︾ ᠠᠵᠢᠯᠯᠠᠭ᠎ᠠ ᠶᠢ ᠥᠷᠨᠢᠭᠦᠯᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠵᠠᠰᠠᠭᠰᠠᠨ ᠲᠠᠯᠠᠪᠠᠢ ᠨᠢ ᠨᠡᠶᠢᠲᠡ 427.83 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃      ᠪᠢᠳᠡ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠢᠮᠠᠭᠲᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠨᠳᠦᠰᠦᠨ ᠲᠥᠷᠥ ᠶᠢᠨ ᠪᠤᠳᠤᠯᠭ᠎ᠠ ᠪᠣᠯᠭᠠᠵᠤ᠂ ᠡᠬᠢ ᠪᠠᠶᠠᠯᠢᠭ ᠢ ᠠᠰᠢᠭᠯᠠᠬᠤ ᠠᠷᠭ᠎ᠠ  ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠪᠦᠬᠦ ᠶᠠᠪᠤᠴᠠ ᠳᠤ ᠠᠷᠪᠢᠯᠠᠨ ᠭᠠᠮᠨᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ᠂ ᠤᠰᠤ᠂ ᠭᠠᠵᠠᠷ ᠰᠢᠷᠣᠶ ᠶᠢ ᠬᠤᠷᠣᠭᠳᠠᠭᠤᠯᠬᠤ ᠡᠷᠴᠢᠮ ᠢ ᠶᠡᠭᠡ ᠪᠠᠷ ᠪᠠᠭᠤᠷᠠᠭᠤᠯᠵᠤ᠂ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠶᠢᠨ ᠬᠡᠮᠵᠢᠶ᠎ᠡ ᠪᠠᠨ ᠪᠠᠭᠠᠰᠬᠠᠬᠤ᠂ ᠲᠠᠬᠢᠨ ᠠᠰᠢᠭᠯᠠᠬᠤ᠂ ᠡᠬᠢ ᠪᠠᠶᠠᠯᠢᠭᠵᠢᠭᠤᠯᠬᠤ ᠶᠢ ᠡᠷᠴᠢᠮᠲᠡᠢ ᠬᠦᠭᠵᠢᠭᠦᠯᠪᠡ᠃ ᠴᠠᠬᠢᠯᠠᠭᠤᠷ ᠴᠢᠯᠠᠭᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢ ᠬᠠᠷᠠᠯᠲᠠᠲᠤ ᠪᠠᠷᠢᠮᠵᠢᠶ᠎ᠠ ᠳᠤ ᠬᠦᠷᠦᠭᠦᠯᠬᠦ ᠲᠤᠰᠬᠠᠶ ᠠᠵᠢᠯᠯᠠᠭ᠎ᠠ ᠪᠣᠯᠣᠨ ︽ᠶᠢᠰᠦᠨ ᠲᠣᠮᠣ ᠭᠤᠣᠯᠳᠠᠯᠭ᠎ᠠ ᠲᠠᠢ ᠡᠨᠧᠷᠭᠢ ᠠᠷᠪᠢᠯᠠᠬᠤ ᠢᠨᠵᠧᠨᠧᠷᠢᠩ ︾᠎ ᠢ ᠪᠦᠬᠦ ᠲᠠᠯ᠎ᠠ ᠪᠠᠷ ᠦᠷᠨᠢᠭᠦᠯᠵᠦ᠂ ᠪᠦᠬᠦ ᠣᠷᠣᠨ ᠤ ᠨᠢᠭᠡᠴᠢ ᠶᠢᠨ GDP᠎ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ᠲᠠᠯ᠎ᠠ ᠪᠠᠷ ᠤᠯᠤᠰ ᠠᠴᠠ ᠪᠠᠭᠤᠯᠭᠠᠭᠰᠠᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ 30 ᠲᠦᠮᠡᠨ ᠺᠢᠯᠣᠸᠠᠲ ᠠᠴᠠ ᠳᠡᠭᠡᠭᠰᠢᠬᠢ ᠮᠠᠰᠢᠨ ᠴᠣᠭᠴᠠᠯᠠᠪᠤᠷᠢ ᠶᠢ 70%᠎ ᠶᠢ ᠡᠵᠡᠯᠡᠭᠦᠯᠵᠦ᠂ ᠨᠡᠭᠦᠷᠡᠰᠦᠨ ᠠᠭᠤᠷᠬᠠᠶ ᠶᠢᠨ ᠳᠤᠮᠳᠠᠴᠢ ᠨᠢᠭᠡᠴᠢ ᠠᠭᠤᠷᠬᠠᠶ ᠶᠢᠨ ᠬᠤᠳᠳᠤᠭ ᠤᠨ ᠬᠡᠪᠴᠢᠶ᠎ᠡ ᠶᠢ 196 ᠲᠦᠮᠡᠨ ᠲᠤᠨ ᠪᠣᠯᠤᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠬᠠᠭᠤᠷᠠᠶ ᠱᠦᠢᠨᠢ ᠶᠢᠨ ᠬᠠᠷᠢᠴᠠᠯ ᠢ 98%᠎ ᠠᠴᠠ ᠳᠡᠭᠡᠭᠰᠢ ᠳᠤ ᠬᠦᠷᠴᠦ᠂ ᠬᠡᠦᠷᠡᠰᠦ ᠶᠢᠨ 60 ᠲᠦᠮᠡᠨ ᠲᠣᠨ ᠠᠴᠠ ᠳᠣᠷᠤᠭᠰᠢ ᠬᠡᠦᠷᠰᠢᠭᠦᠯᠬᠦ ᠲᠣᠨᠣᠭᠯᠠᠯ ᠪᠦᠬᠦᠨ ᠢ ᠨᠢᠭᠡᠨᠲᠡ ᠬᠠᠭᠠᠵᠤ᠂ 100 ᠲᠦᠮᠡᠨ ᠲᠣᠨ ᠤ ᠲᠡᠰ ᠠᠴᠠ ᠳᠡᠭᠡᠭᠰᠢᠬᠢ ᠬᠡᠦᠷᠰᠢᠭᠦᠯᠬᠦ ᠲᠣᠨᠣᠭᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠨᠢᠭᠡᠨᠲᠡ ᠪᠦᠬᠦ ᠣᠷᠣᠨ ᠤ ᠶᠡᠷᠦᠩᠬᠡᠶ ᠦᠢᠯᠡᠳᠪᠦᠷᠢᠯᠡᠯ ᠤᠨ ᠴᠢᠳᠠᠪᠤᠷᠢ ᠶᠢᠨ 95%᠎ ᠠᠴᠠ ᠳᠡᠭᠡᠭᠰᠢᠬᠢ ᠶᠢ ᠡᠵᠡᠯᠡᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠬᠢᠷᠢ ᠲᠥᠪᠰᠢᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠤᠪᠠ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ 640 ᠭᠠᠷᠤᠢ  ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠪᠠ᠃ ᠪᠦᠬᠦ ᠣᠷᠣᠨ ᠳᠤ ᠮᠥᠩᠭᠦᠨ ᠤᠰᠤ᠂ ᠬᠠᠷ᠎ᠠ ᠲᠤᠭᠤᠯᠭ᠎ᠠ ᠶᠢ ᠬᠠᠰᠤᠬᠤ ᠪᠠ ᠬᠤᠣᠷ ᠶᠡᠬᠡᠲᠡᠶ ᠲᠠᠷᠢᠶᠠᠨ ᠡᠮ ᠢ ᠴᠡᠪᠡᠷ ᠦᠢᠯᠡᠳᠪᠦᠷᠢᠯᠡᠯ ᠢᠶᠠᠷ ᠣᠷᠤᠯᠠᠭᠤᠯᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠪᠡ᠃ ᠲᠠᠷᠢᠶᠠᠯᠠᠩ ᠳᠤ ᠬᠡᠷᠡᠭᠯᠡᠬᠦ ᠪᠦᠷᠭᠦᠪᠴᠢ ᠶᠢ ᠬᠤᠷᠢᠶᠠᠨ ᠠᠪᠬᠤ ᠲᠠᠯᠠᠪᠠᠢ 500 ᠲᠦᠮᠡᠨ ᠮᠥ ᠳᠤ ᠬᠦᠷᠴᠦ᠂ ᠵᠢᠯ ᠪᠦᠷᠢ ᠶᠢᠨ  ᠲᠠᠷᠢᠶᠠᠯᠠᠩ ᠳᠤ ᠬᠡᠷᠡᠭᠯᠡᠭᠰᠡᠨ ᠦᠯᠡᠳᠡᠭᠳᠡᠯ ᠪᠦᠷᠬᠦᠪᠴᠢ ᠨᠢ 1.2 ᠲᠦᠮᠡᠨ ᠲᠣᠨ ᠬᠤᠷᠢᠶᠠᠨ ᠠᠪᠤᠪᠠ᠃ ᠤᠳᠣ ᠪᠠᠶᠢᠭ᠎ᠠ ᠪᠠᠷᠢᠯᠭ᠎ᠠ ᠶᠢᠨ ᠢᠯᠴᠢ ᠬᠠᠩᠭᠠᠬᠤ ᠬᠡᠮᠵᠢᠯᠲᠡ ᠵᠢᠴᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠶᠡᠬᠡᠪᠡᠷ ᠲᠥᠯᠬᠢᠨ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ ᠬᠦᠭᠵᠢᠭᠦᠯᠬᠦ ᠶᠢ ᠲᠦᠯᠬᠢᠨ ᠠᠬᠢᠭᠤᠯᠪᠠ᠃ ︽ᠲᠡᠷᠭᠡ ᠣᠩᠭᠤᠴᠠ ᠶᠢᠨ ᠵᠠᠮ ᠭᠠᠷᠠᠮ︾᠎ ᠤᠨ ᠮᠢᠩᠭᠠᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠲᠡᠭᠡᠭᠡᠪᠦᠷᠢ ᠶᠢᠨ ᠲᠤᠰᠬᠠᠶ ᠠᠵᠢᠯᠯᠠᠭ᠎ᠠ ᠶᠢ ᠦᠷᠨᠢᠭᠦᠯᠪᠡ᠃      ᠪᠢᠳᠡ ᠢᠮᠠᠭᠲᠠ ᠴᠢᠩᠭ᠎ᠠ ᠬᠠᠷᠢᠭᠤᠴᠠᠯᠭ᠎ᠠ ᠶᠢᠨ ᠲᠦᠷᠢᠮ ᠢᠶᠠᠷ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢ ᠪᠠᠷᠢᠮᠲᠠᠯᠠᠵᠤ᠂ ᠰᠢᠨ᠎ᠡ ᠡᠭᠦᠳᠦᠯᠲᠡ ᠪᠠᠷ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ ᠪᠦᠷᠢᠨᠰᠢᠭᠦᠯᠪᠡ᠃ ︽ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠰᠦᠪᠡᠭᠴᠢᠯᠡᠨ ᠵᠣᠬᠢᠶᠠᠬᠤ ᠶᠡᠷᠦᠩᠬᠡᠶ ᠲᠥᠰᠦᠯ︾ ᠪᠣᠯᠣᠨ ᠲᠣᠭᠠᠴᠠᠭ᠎ᠠ ᠬᠢᠬᠦ ᠲᠤᠷᠰᠢᠯᠲᠠ ᠶᠢᠨ ᠲᠥᠰᠦᠯ ᠢ ᠪᠡᠶᠡᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦ᠋ᠷᠦᠩᠭᠡ ᠶᠢ ᠬᠢᠨᠠᠨ ᠪᠤᠳᠤᠬᠤ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠪᠠ ︽ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠲᠦᠷᠢᠮ︾᠎ ᠢ  ᠨᠡᠶᠢᠲᠡᠯᠡᠪᠡ᠃ ᠲᠠᠷᠢᠶᠠᠨ ᠭᠠᠵᠠᠷ ᠤᠨ ᠬᠢᠵᠠᠭᠠᠷ ᠱᠤᠭᠤᠮ ᠢ ᠵᠠᠭᠠᠭᠯᠠᠨ ᠲᠣᠭᠲᠠᠭᠠᠬᠤ ᠶᠢ ᠠᠶᠢᠮᠠᠭ ᠬᠤᠳᠠ ᠶᠢᠨ ᠱᠠᠲᠤᠨ ᠳᠤ ᠡᠮᠬᠢ ᠵᠢᠷᠤᠮ ᠲᠠᠢ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠬᠢᠵᠠᠭᠠᠷ ᠱᠤᠭᠤᠮ︾ ︵ᠤᠰᠤᠨ ᠤ ᠡᠬᠢ ᠪᠠᠶᠠᠯᠢᠭ ᠎ ᠢ ᠨᠡᠭᠡᠭᠡᠨ  ᠠᠰᠢᠭᠯᠠᠬᠤ ᠶᠢ ᠡᠵᠡᠮᠳᠡᠬᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ᠂ ᠤᠰᠤᠨ ᠤ ᠴᠢᠳᠠᠮᠵᠢᠲᠦ ᠣᠷᠣᠨ ᠳᠤ ᠪᠣᠬᠢᠷᠳᠣᠯ ᠪᠣᠳᠠᠰ ᠣᠷᠣᠭᠤᠯᠬᠤ ᠶᠢ ᠬᠢᠵᠠᠭᠠᠷᠯᠠᠬᠤ︶᠎ ᠢ ᠡᠵᠡᠮᠳᠡᠬᠦ ᠭᠦᠢᠴᠡᠳᠬᠡᠬᠦ ᠲᠤᠭ᠎ᠠ ᠶᠢ  ᠠᠶᠢᠮᠠᠭ ᠬᠤᠳᠠ᠂ ᠬᠤᠰᠢᠭᠤ ᠰᠢᠶᠠᠨ ᠬᠦᠷᠲᠡᠯ᠎ᠡ ᠵᠠᠳᠠᠯᠤᠨ ᠰᠠᠯᠭᠠᠵᠤ᠂ ᠦᠨᠳᠦᠰᠦᠨ ᠨᠤᠲᠤᠭ ᠪᠡᠯᠴᠢᠭᠡᠷ ᠤᠨ ᠬᠢᠵᠠᠭᠠᠷ ᠱᠤᠭᠤᠮ ᠢ ᠨᠢᠭᠡᠨᠲᠡ ᠵᠠᠭᠠᠭᠯᠠᠨ ᠲᠣᠭᠲᠠᠭᠠᠵᠤ᠂ ᠣᠢ ᠰᠢᠭᠤᠶ ᠶᠢᠨ ︽ᠳᠥᠷᠪᠡᠨ ᠬᠢᠵᠠᠭᠠᠷ  ᠱᠤᠭᠤᠮ︾ ︵ᠣᠶᠢᠲᠤ ᠭᠠᠵᠠᠷ ᠪᠣᠯᠤᠨ ᠤᠢ ᠰᠢᠭᠤᠶ᠂ ᠨᠤᠭᠤ ᠭᠠᠵᠠᠷ᠂ ᠡᠯᠡᠰᠦᠷᠬᠡᠭ ᠣᠷᠣᠨ ᠤ ᠤᠷᠭᠤᠮᠠᠯ ᠤᠨ ᠬᠤᠴᠢᠯᠭ᠎ᠠ᠂ ᠳᠦᠷᠰᠦ ᠶᠢᠨ ᠬᠢᠵᠠᠭᠠᠷ ᠱᠤᠭᠤᠮ︶᠎ ᠢ ᠬᠤᠪᠢᠶᠠᠷᠢᠯᠠᠨ ᠲᠣᠭᠲᠠᠭᠠᠬᠤ ᠠᠵᠢᠯ  ᠢ ᠪᠦᠬᠦ ᠲᠠᠯ᠎ᠠ ᠪᠠᠷ ᠡᠬᠢᠯᠡᠭᠦᠯᠪᠡ᠃ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠲᠤᠷᠰᠢᠯᠲᠠ ᠶᠢᠨ ᠠᠵᠢᠯ ᠢ ᠦᠷᠨᠢᠭᠦᠯᠬᠦ ᠲᠥᠰᠦᠯ︾᠎ ᠢ ᠲᠣᠭᠲᠠᠭᠠᠵᠤ᠂ ᠬᠥᠬᠡᠬᠤᠲᠠ ᠪᠣᠯᠣᠨ ᠤᠷᠳᠤᠰ ᠬᠤᠳᠠ ᠨᠢ ᠪᠡᠭᠡᠵᠢᠩ ᠬᠤᠲᠠ ᠯᠤᠭ᠎ᠠ᠂ ᠪᠤᠭᠤᠲᠤ ᠬᠤᠳᠠ  ᠎ ᠨᠢ ᠱᠧᠨᠵᠧᠨ ᠬᠤᠲᠠ ᠯᠤᠭ᠎ᠠ ᠣᠷᠣᠨ ᠪᠦᠰᠡ ᠠᠯᠤᠰᠯᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠦᠷᠨᠢᠭᠦᠯᠪᠡ᠃ ︽ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ︾ ᠪᠠᠭᠤᠯᠭᠠᠵᠤ᠂ ᠠᠶᠢᠮᠠᠭ ᠬᠤᠳᠠ ᠶᠢᠨ ᠵᠠᠰᠠᠭ ᠤᠨ ᠣᠷᠳᠣᠨ ᠪᠣᠯᠣᠨ ᠣᠷᠣᠨ ᠤ ᠰᠢᠭᠤᠳ ᠬᠠᠷᠢᠶ᠎ᠠ ᠨᠢᠭᠡᠴᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠪᠠ᠃      ᠭᠡᠪᠡᠴᠦ᠂ ᠪᠢᠳᠡ ᠡᠷᠬᠡᠪᠰᠢ ᠮᠠᠨ ᠤ ᠣᠷᠣᠨ ᠤ ᠣᠳᠣᠬᠠᠨ ᠤ ᠠᠮᠢ ᠠᠬᠤᠶ ᠶᠢᠨ ᠣᠷᠴᠢᠨ ᠲᠣᠭᠤᠷᠢᠨ ᠪᠦᠬᠦᠯᠢ ᠴᠣᠭᠴᠠ ᠪᠠᠷ ᠢᠶᠠᠨ ᠨᠡᠯᠢᠶᠡᠳ ᠪᠠᠭᠤᠷᠠᠶ ᠪᠠᠶᠢᠵᠤ᠂ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠴᠢᠯᠡᠯᠳᠠ ᠶᠢᠨ ᠲᠥᠷᠭᠡᠨ ᠠᠬᠢᠬᠤ ᠶᠢ ᠳᠠᠭᠠᠯᠳᠤᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠳᠤ ᠪᠡᠷᠬᠡ ᠪᠠᠶᠢᠵᠤ᠂ ᠬᠥᠮᠦᠨ ᠪᠣᠯᠣᠨ ᠪᠠᠶᠢᠭᠠᠯᠢ ᠶᠢ ᠡᠶ᠎ᠡ ᠵᠣᠬᠢᠴᠠᠯ ᠲᠠᠢ  ᠬᠦᠭᠵᠢᠭᠦᠯᠬᠦ ᠡᠭᠦᠷᠭᠡ ᠨᠡᠩ ᠨᠦᠰᠡᠷ ᠬᠦᠨᠳᠦ ᠪᠠᠶᠢᠬᠤ ᠶᠢ ᠰᠡᠷᠭᠡᠭ ᠢᠶᠠᠷ ᠲᠠᠨᠢᠭᠰᠠᠨ ᠬᠡᠷᠡᠭᠲᠡᠢ᠃ ︽13 · 5︾᠎ ᠶᠢᠨ ᠲᠡᠦᠬᠡ ᠶᠢᠨ ᠰᠢᠨ᠎ᠡ ᠡᠬᠢᠯᠡᠯᠲᠡ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠨᠢ ︽ᠲᠦᠷᠦᠭᠦᠯᠡᠨ ᠬᠢᠬᠦ ᠰᠠᠯᠠᠭ᠎ᠠ ᠮᠥᠴᠢᠷ ᠪᠥᠬᠦ ᠲᠠᠯ᠎ᠠ ᠶᠢ ᠠᠳᠬᠤᠬᠤ᠂ ᠬᠠᠷᠠᠯᠲᠠ ᠪᠠᠨ ᠨᠠᠷᠢᠯᠢᠭᠵᠢᠭᠤᠯᠬᠤ ᠶᠢ ᠪᠣᠳᠠᠲᠠᠶ ᠠᠳᠬᠤᠬᠤ᠂ ᠲᠥᠯᠥᠪᠵᠢᠭᠦᠯᠭᠡ ᠪᠠᠨ ᠰᠠᠶᠢᠲᠤᠷ ᠬᠢᠬᠦ ᠶᠢ ᠥᠷᠭᠦᠯᠵᠢ ᠠᠳᠬᠤᠬᠤ᠂ ᠴᠢᠩᠭ᠎ᠠ ᠬᠢᠨᠠᠨ ᠰᠢᠯᠭᠠᠬᠤ ᠶᠢ ᠴᠢᠩᠳᠠᠯᠠᠨ ᠠᠳᠬᠤᠬᠤ︾᠎ ᠶᠢ ᠳᠤᠷᠠᠳᠴᠦ᠂ ︽ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠥᠷᠭᠡᠨ ᠲᠦᠯᠬᠢᠨ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾᠂ ︽ᠠᠮᠢ ᠠᠬᠤᠶ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠲᠥᠷᠭᠡᠳᠬᠡᠬᠦ ᠲᠤᠬᠠᠶ ᠰᠠᠨᠠᠯ︾᠎ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠺᠣᠮᠢᠰ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ᠂ ᠠᠵᠢᠯ ᠤᠨ ᠵᠠᠷᠴᠢᠮ᠂ ᠬᠠᠷᠠᠯᠲᠠ ᠶᠢᠨ ᠲᠥᠯᠥᠪ ᠪᠠᠶᠢᠳᠠᠯ ᠢ ᠲᠤᠲᠤᠷᠬᠠᠶᠢᠯᠠᠵᠤ᠂ ᠴᠢᠬᠤᠯᠠ ᠲᠣᠮᠤ ᠢᠨᠵᠧᠨᠧᠷᠢᠩ ᠪᠣᠯᠤᠨ ᠭᠤᠣᠯᠳᠠᠯᠭ᠎ᠠ ᠲᠠᠢ ᠠᠵᠢᠯ ᠢ ᠳᠤᠷᠠᠳᠪᠠ᠃      ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠦᠳᠦᠭᠡᠨ ᠪᠠᠶᠢᠭᠤᠯᠤᠯᠲᠠ ᠶᠢ ᠲᠦᠷᠭᠡᠨ ᠲᠦᠯᠬᠢᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠦᠭᠵᠢᠭᠦᠯᠬᠦ ᠪᠠᠶᠢᠷᠢᠰᠢᠯ ᠢ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠷᠣᠨ ᠵᠠᠶ ᠶᠢᠨ ᠠᠴᠢᠶᠠᠯᠠᠭᠴᠢ ᠮᠥᠨ᠃ ᠤᠯᠤᠰ ᠤᠨ ᠨᠤᠲᠤᠭ ᠳᠡᠪᠢᠰᠬᠡᠷ ᠢ ᠨᠡᠭᠡᠭᠡᠨ ᠬᠦᠭᠵᠢᠭᠦᠯᠬᠦ ᠪᠠᠶᠢᠷᠢᠰᠢᠯ ᠢ ᠶᠡᠬᠡᠪᠡᠷ ᠰᠢᠯᠢᠳᠡᠭᠵᠢᠭᠦᠯᠵᠦ᠂ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠᠷ ᠭᠤᠣᠯ ᠠᠷᠭ᠎ᠠ ᠪᠠᠷᠢᠯ ᠪᠣᠯᠭᠠᠭᠰᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠦᠭᠵᠢᠭᠦᠯᠬᠦ ᠬᠠᠮᠠᠭᠠᠯᠠᠬᠤ ᠲᠦᠷᠢᠮ ᠢ ᠪᠠᠶᠢᠭᠤᠯᠵᠤ᠂ ᠦᠢᠯᠡᠳᠪᠦᠷᠢᠯᠡᠯ ᠤᠨ ᠣᠷᠣᠨ ᠵᠠᠶ᠂ ᠠᠮᠢᠳᠤᠷᠠᠯ ᠤᠨ ᠣᠷᠣᠨ ᠵᠠᠶ ᠪᠠ ᠠᠮᠢ ᠠᠬᠤᠶ ᠶᠢᠨ ᠣᠷᠣᠨ ᠵᠠᠢ ᠶᠢ ᠵᠦᠢ ᠵᠣᠬᠢᠰᠲᠠᠶ ᠪᠠᠶᠢᠷᠢᠯᠠᠭᠤᠯᠬᠤ ᠪᠠ ᠴᠡᠭᠴᠡᠯᠡᠨ ᠵᠠᠰᠠᠨ᠎ᠠ᠃ ᠠᠮᠢ ᠠᠬᠤᠶ ᠶᠢᠨ ᠬᠢᠵᠠᠭᠠᠷ ᠱᠤᠭᠤᠮ ᠤᠨ ᠤᠨᠤᠯᠵᠠᠬᠤᠨ ᠢ ᠨᠡᠩ ᠪᠠᠲᠤ ᠪᠠᠬᠢ ᠪᠤᠢ ᠪᠣᠯᠭᠠᠵᠤ᠂ ᠠᠮᠢ ᠠᠬᠤᠶ᠂ ᠲᠠᠷᠢᠶᠠᠨ ᠭᠠᠵᠠᠷ᠂ ᠦᠨᠳᠦᠰᠦᠨ ᠨᠤᠲᠤᠭ ᠪᠡᠯᠴᠢᠭᠡᠷ᠂ ᠤᠰᠤᠨ ᠤ ᠡᠬᠢ ᠪᠠᠶᠠᠯᠢᠭ ᠪᠠ ᠤᠢ ᠰᠢᠭᠤᠶ ᠶᠢᠨ ᠠᠮᠢ ᠠᠬᠤᠶ ᠶᠢᠨ ᠬᠢᠵᠠᠭᠠᠷ ᠱᠤᠭᠤᠮ ᠢ ᠦᠨᠡᠨ ᠬᠦ ᠨᠠᠶᠢᠳᠠᠪᠤᠷᠢᠵᠢᠭᠤᠯᠵᠤ᠂ ᠴᠢᠩᠭ᠎ᠠ ᠡᠵᠡᠮᠳᠡ ᠬᠠᠮᠢᠶᠠᠷᠴᠤ᠂ ᠤᠯᠤᠰ ᠤᠨ ᠨᠤᠲᠤᠭ ᠳᠡᠪᠢᠰᠬᠡᠷ ᠢ ᠨᠡᠭᠡᠭᠡᠨ ᠬᠦᠭᠵᠢᠭᠦᠯᠬᠦ ᠬᠦᠴᠦᠯᠡᠴᠡ ᠶᠢ 1.6% ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃      ᠪᠠᠶᠢᠭᠠᠯᠢ ᠶᠢᠨ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮᠵᠢ ᠶᠢᠨ ᠤᠯᠡᠠ ᠶᠠᠩᠵᠤᠲᠤ ᠴᠢᠨᠠᠷ ᠢ ᠬᠠᠮᠠᠭᠠᠯᠠᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠣᠯ ᠨᠢᠭᠡᠨ ᠠᠮᠢ ᠨᠠᠰᠤᠨ ᠤ ᠬᠠᠮᠲᠤ ᠶᠢᠨ ᠴᠣᠭᠴᠠ ᠮᠥᠨ᠃ ᠨᠤᠲᠤᠭ ᠪᠡᠯᠴᠢᠭᠡᠷ᠂ ᠤᠢ ᠰᠢᠭᠤᠢ ᠪᠠᠷ ᠭᠤᠣᠯ ᠴᠣᠭᠴᠠ ᠪᠤᠯᠭᠠᠵᠤ᠂ ᠡᠯᠡᠰᠦᠷᠬᠡᠭ ᠭᠠᠵᠠᠷ ᠢ ᠰᠡᠷᠭᠡᠶᠢᠯᠡᠨ ᠵᠠᠰᠠᠬᠤ ᠣᠷᠣᠨ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠣᠷᠣᠨ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠠᠰᠠᠬᠤ ᠣᠷᠣᠨ᠂ ᠰᠢᠷ᠎ᠠ ᠬᠥᠷᠥᠰᠥᠲᠦ ᠦᠨᠳᠦᠷᠯᠢᠭ ᠤᠨ ᠲᠤᠪᠤᠴᠠᠭ ᠭᠤᠤ ᠭᠠᠩᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠠ ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠂ ᠾᠧ ᠯᠠᠨ ᠱᠠᠨ ᠠᠭᠤᠯᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠵᠤ᠂ ᠨᠠᠭᠤᠷ ᠪᠦᠷᠢᠳᠦ᠂ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠨᠡᠭᠡᠭᠡᠨ ᠬᠦᠭᠵᠢᠭᠦᠯᠬᠦ ᠬᠤᠷᠢᠭᠯᠠᠬᠤ ᠣᠷᠣᠨ ᠪᠦᠰᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢ ᠵᠠᠰᠠᠨ ᠰᠠᠶᠢᠵᠢᠷᠠᠭᠤᠯᠬᠤ ᠠᠷᠪᠠᠨ ᠬᠤᠶᠠᠷ ᠲᠤᠮᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 2020 ᠣᠨ ᠪᠣᠯᠬᠤ ᠳᠤ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ 23%᠎ ᠲᠤ ᠬᠦᠷᠦᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 46% ᠬᠦᠷᠲᠡᠯ᠎ᠡ ᠳᠡᠭᠡᠭᠰᠢᠯᠡᠭᠦᠯᠵᠦ᠂ ᠤᠢ ᠰᠢᠭᠤᠶ᠂ ᠨᠤᠲᠤᠭ ᠪᠡᠯᠴᠢᠭᠡᠷ᠂ ᠨᠠᠭᠤᠷ ᠨᠤᠭᠤ ᠭᠠᠵᠠᠷ᠂ ᠭᠤᠣᠯ ᠮᠥᠷᠡᠨ᠂ ᠡᠯᠡᠰᠦ ᠮᠠᠩᠬ᠎ᠠ ᠡᠯᠡᠰᠦᠷᠬᠡᠭ ᠭᠠᠵᠠᠷ᠂ ᠲᠠᠷᠢᠶᠠᠨ ᠭᠠᠵᠠᠷ ᠵᠡᠷᠭᠡ ᠵᠢᠷᠭᠤᠭᠠᠨ ᠲᠤᠮᠤ ᠠᠮᠢ ᠠᠬᠤᠶ ᠶᠢᠨ ᠰᠢᠰᠲ᠋ᠧᠮᠵᠢ ᠶᠢ ᠲᠣᠭᠲᠠᠭᠤᠨ ᠪᠤᠯᠭᠠᠵᠤ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠠᠩᠬ᠎ᠠ ᠠᠯᠬᠤᠮ ᠪᠤᠢ ᠪᠤᠯᠭᠠᠨ᠎ᠠ᠃      ᠣᠷᠴᠢᠨ ᠠᠬᠤᠶ ᠶᠢ ᠴᠡᠭᠴᠡᠯᠡᠨ ᠵᠠᠰᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠴᠢᠨᠠᠷ ᠤᠨ ᠰᠠᠶᠢᠵᠢᠷᠠᠯ ᠢ ᠦᠷᠭᠦᠯᠵᠢᠯᠡᠨ ᠠᠬᠢᠭᠤᠯᠤᠨ᠎ᠠ᠃ ᠡᠬᠢ ᠪᠠᠶᠠᠯᠢᠭ ᠢ ᠠᠷᠪᠢᠯᠠᠬᠤ ᠪᠣᠯ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠦᠨᠳᠦᠰᠦᠨ ᠪᠤᠳᠤᠯᠭ᠎ᠠ ᠮᠥᠨ᠃ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠪᠦᠬᠦ ᠶᠠᠪᠤᠴᠠ ᠳᠤ ᠤᠷᠢᠳᠴᠢᠯᠠᠨ ᠰᠡᠷᠭᠡᠶᠢᠯᠡᠬᠦ ᠪᠠ ᠥᠨᠳᠥᠷ ᠪᠦᠲᠦᠮᠵᠢᠲᠡᠶ ᠵᠠᠰᠠᠬᠤ ᠶᠢ ᠤᠶᠠᠯᠳᠤᠭᠤᠯᠤᠭᠰᠠᠨ ᠰᠡᠷᠭᠡᠶᠢᠯᠡᠨ ᠬᠢᠵᠠᠭᠠᠷᠯᠠᠬᠤ ᠬᠡᠪ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠣᠯᠠᠨ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠯᠠᠨ ᠪᠣᠬᠢᠷᠲᠤᠯᠳᠤ ᠪᠣᠳᠠᠰ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠣᠷᠴᠢᠨ ᠲᠤᠭᠤᠷᠢᠨ ᠢ ᠵᠠᠰᠠᠬᠤ ᠶᠢ ᠲᠦᠯᠬᠢᠨ ᠠᠬᠢᠭᠤᠯᠵᠤ᠂ ᠣᠷᠴᠢᠨ ᠲᠤᠭᠤᠷᠢᠨ ᠤ ᠶᠠᠰᠤ ᠴᠢᠨᠠᠷ ᠢ ᠡᠷᠴᠢᠮᠲᠡᠢ ᠰᠠᠶᠢᠵᠢᠷᠠᠭᠤᠯᠤᠨ᠎ᠠ᠃ ᠡᠨᠧᠷᠭᠢ ᠶᠢᠨ  ᠬᠤᠷᠤᠭᠳᠠᠯ ᠪᠣᠯᠤᠨ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠦᠳᠣᠭᠡᠨ ᠪᠠᠶᠢᠭᠤᠯᠤᠯᠲᠠ ᠲᠤ ᠭᠠᠵᠠᠷ ᠬᠡᠷᠡᠭᠯᠡᠬᠦ ᠵᠡᠷᠭᠡ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠡᠵᠡᠮᠳᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠦᠬᠦ ᠲᠠᠯ᠎ᠠ ᠪᠠᠷ ᠬᠠᠮᠤᠷᠤᠭᠰᠠᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠭᠰᠠᠨ᠂ ᠬᠠᠮᠢᠶᠠᠷᠤᠯᠲᠠ ᠪᠠᠷ ᠴᠢᠩᠭ᠎ᠠ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠪᠦᠬᠦ ᠲᠠᠯ᠎ᠠ ᠪᠠᠷ ᠠᠷᠪᠢᠯᠠᠨ ᠭᠠᠮᠨᠠᠬᠤ ᠳᠦᠷᠢᠮ ᠢ ᠪᠠᠶᠢᠭᠤᠯᠵᠤ᠂ 2020 ᠣᠨ ᠪᠣᠯᠬᠤ ᠳᠤ ᠣᠷᠣᠨ ᠪᠦᠰᠡ ᠶᠢᠨ ᠣᠷᠴᠢᠨ ᠲᠤᠭᠤᠷᠢᠨ ᠤ ᠶᠠᠰᠤ ᠴᠢᠨᠠᠷ ᠢ ᠦᠨᠳᠦᠰᠦ ᠠᠴᠠ ᠨᠢ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃      ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠪᠣᠬᠢᠷᠲᠤᠯ ᠦᠭᠡᠢ ᠪᠠᠷ ᠬᠦᠭᠵᠢᠭᠦᠯᠬᠦ ᠶᠢ ᠡᠷᠴᠢᠮᠲᠡᠢ ᠠᠬᠢᠭᠤᠯᠤᠨ᠎ᠠ᠃ ᠪᠣᠬᠢᠷᠲᠤᠯ ᠦᠭᠡᠢ ᠪᠠᠶᠢᠯᠭᠠᠬᠤ᠂ ᠤᠷᠴᠢᠯᠳᠤᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠨᠳᠦᠰᠦᠨ ᠠᠷᠭ᠎ᠠ ᠵᠠᠮ ᠮᠥᠨ᠃ ᠪᠣᠬᠢᠷᠲᠤᠯ ᠦᠭᠡᠢ ᠪᠠᠶᠢᠯᠭᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠷᠴᠢᠯᠳᠤᠭᠤᠯᠬᠤ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠡ ᠶᠢ ᠬᠦᠴᠦᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠲᠥᠯᠥᠪᠵᠢᠭᠦᠯᠭᠡ ︵2013 — 2020 ᠣᠨ︶︾ ᠪᠤᠯᠤᠨ ︽ᠭᠤᠣᠯᠳᠠᠯᠭ᠎ᠠ ᠲᠠᠢ ᠠᠵᠤ ᠦᠢᠯᠡᠰ ᠤᠨ ᠪᠦᠲᠦᠴᠡ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠪᠠ ᠠᠵᠤ ᠦᠢᠯᠡᠰ ᠢ ᠵᠣᠯᠭᠠᠭᠤᠯᠬᠤ ᠶᠢᠨ ᠬᠡᠷᠡᠭᠵᠢᠭᠦᠯᠬᠦ ᠰᠠᠨᠠᠯ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠳᠡᠰ ᠳᠡᠪᠰᠢᠭᠦᠯᠬᠦ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠦᠢᠯᠡᠰ ᠢ ᠬᠥᠭᠵᠢᠯᠲᠡ ᠶᠢ ᠲᠦᠯᠬᠢᠨ ᠠᠬᠢᠭᠤᠯᠵᠤ᠂ ᠲᠦᠮᠡᠨ ᠠᠵᠤ ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠪᠠ ᠴᠠᠬᠢᠭᠤᠷ ᠴᠢᠯᠠᠭᠤ᠂ ᠲᠡᠮᠦᠷ ᠤᠨ ᠬᠠᠶᠢᠯᠤᠰᠢ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠠᠵᠤ ᠦᠢᠯᠡᠳᠪᠦᠷᠢ ᠶᠢᠨ ᠵᠤᠤᠬ᠎ᠠ ᠶᠢᠨ ᠡᠨᠧᠷᠭᠢ ᠠᠷᠪᠢᠯᠠᠵᠤ ᠳᠡᠰ ᠳᠡᠪᠰᠢᠭᠦᠯᠦᠨ ᠥᠭᠡᠷᠡᠴᠢᠯᠡᠬᠦ ᠠᠵᠢᠯᠯᠠᠭᠠᠨ ᠤ ᠲᠥᠯᠥᠪᠯᠡᠭᠡ ᠶᠢ ᠦᠷᠬᠦᠯᠵᠢᠯᠡᠨ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠦᠢᠯᠡᠳᠦᠯᠴᠡᠬᠦ ᠲᠤᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠴᠢᠨ ᠠᠬᠤᠶ ᠶᠢ ᠬᠠᠮᠠᠭᠠᠯᠠᠬᠤ᠂ ᠶᠠᠰᠤ ᠴᠢᠨᠠᠷ᠂ ᠠᠮᠤᠷ ᠲᠦᠪᠰᠢᠨ᠂ ᠮᠡᠷᠭᠡᠵᠢᠯ ᠵᠡᠷᠭᠡ ᠠᠵᠤ ᠦᠢᠯᠡᠰ ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ᠂ ᠬᠡᠰᠡᠭ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠭᠡᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠦᠢᠯᠡᠴᠢᠯᠡᠭᠡᠨ ᠤ ᠦᠢᠯᠡᠰ ᠢ ᠴᠢᠷᠮᠠᠶᠢᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︽ᠪᠤᠳᠠᠭ᠎ᠠ ᠬᠠᠳᠠᠭᠠᠯᠠᠬᠤ ᠳᠤ ᠭᠠᠵᠠᠷ ᠰᠢᠷᠤᠢ ᠳᠤ ᠲᠦᠰᠢᠭᠯᠡᠬᠦ᠂ ᠠᠮᠤ ᠪᠤᠳᠠᠭ᠎ᠠ ᠬᠠᠳᠠᠭᠠᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠭᠠᠵᠠᠷ ᠰᠢᠷᠤᠢ ᠰᠡᠯᠭᠦᠭᠡᠵᠦ ᠡᠭᠡᠯᠵᠢᠯᠡᠨ ᠲᠠᠷᠢᠬᠤ ᠶᠢ ᠲᠦᠯᠬᠢᠨ ᠠᠬᠢᠭᠤᠯᠵᠤ᠂ ᠬᠠᠳᠤᠯᠠᠩ ᠪᠡᠯᠴᠢᠭᠡᠷ ᠤᠨ ᠠᠵᠤ ᠦᠢᠯᠡᠰ ᠢ ᠬᠥᠭᠵᠢᠭᠦᠯᠵᠦ᠂ ᠪᠣᠬᠢᠷᠲᠤᠯ ᠦᠭᠡᠢ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃      ᠪᠣᠬᠢᠷᠲᠤᠯ ᠦᠭᠡᠢ ᠬᠡᠷᠡᠭᠯᠡᠭᠡᠨ ᠤ ᠦᠵᠡᠯᠲᠡ ᠶᠢ ᠪᠣᠢ ᠪᠣᠯᠭᠠᠨ᠂ ᠪᠣᠬᠢᠷᠳᠤᠯ ᠦᠭᠡᠶ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠡᠯ᠎ᠡ ᠠᠵᠢᠯ ᠲᠦᠷᠦᠯ᠂ ᠦᠢ ᠲᠦᠮᠡᠨ ᠠᠶᠢᠯ ᠡᠷᠦᠭᠡ ᠲᠠᠢ ᠬᠤᠯᠪᠣᠭᠳᠠᠨ᠎ᠠ᠃ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠢ ᠭᠦᠢᠴᠡᠳ ᠳᠠᠶᠢᠴᠢᠯᠠᠵᠤ᠂ ᠣᠷᠴᠢᠨ ᠲᠣᠭᠤᠷᠢᠨ ᠨᠥᠬᠦᠷᠰᠡᠭ ᠬᠡᠯᠪᠡᠷᠢ ᠶᠢᠨ ᠬᠡᠷᠡᠭᠯᠡᠭᠡᠨ ᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠪᠣᠬᠢᠷᠲᠤᠯ ᠦᠭᠡᠢ ᠦᠢᠯᠡᠳᠬᠦᠨ ᠬᠡᠷᠡᠭᠯᠡᠬᠦ ᠶᠢ ᠰᠠᠨᠠᠭᠠᠴᠢᠯᠠᠵᠤ᠂ ᠤᠯᠠᠨ ᠨᠡᠶᠢᠲᠡ ᠪᠠᠷ ᠢᠶᠠᠨ ᠪᠣᠬᠢᠷᠳᠤᠯ ᠦᠭᠡᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ ᠰᠠᠨᠠᠭᠠᠴᠢᠯᠠᠵᠤ᠂ ᠠᠷᠠᠳ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠨᠡᠮᠡᠭᠳᠡᠯ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠣᠨᠣᠯᠵᠢᠬᠤᠨ ᠢ ᠪᠣᠢ ᠪᠣᠯᠭᠠᠵᠤ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠬᠡᠢ ᠠᠶᠠᠯᠠᠯ᠂ ᠪᠣᠬᠢᠷᠳᠤᠯ ᠦᠭᠡᠢ ᠰᠠᠭᠤᠷᠢᠰᠢᠯ ᠢ ᠠᠷᠠᠳ ᠤᠯᠠᠨ ᠤ ᠤᠬᠠᠮᠰᠠᠷᠲᠤ ᠠᠵᠢᠯᠯᠠᠭ᠎ᠠ ᠪᠣᠯᠭᠠᠵᠤ᠂ ᠪᠠᠶᠢᠭᠠᠯᠢ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠪᠢᠴᠢ ᠭᠠᠮᠲᠠᠶ᠂ ᠡᠷᠡᠭᠦᠯ ᠡᠩᠭᠡ ᠶᠢᠨ ᠠᠷᠭ᠎ᠠ ᠬᠡᠯᠪᠡᠷᠢ ᠪᠠᠷ ᠠᠮᠢᠳᠤᠷᠠᠭᠤᠯᠤᠨ᠎ᠠ᠃      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠤᠳᠤ ᠦᠶ᠎ᠡ ᠳᠡᠭᠡᠨ ᠵᠢᠳᠭᠦᠯ ᠢᠶᠠᠨ ᠡᠷᠭᠦᠵᠦ᠂ ᠬᠤᠵᠢᠮ ᠬᠤᠶᠢᠰᠢᠳᠠ ᠠᠰᠢᠭ ᠲᠤᠰᠠ ᠶᠢ ᠨᠢ ᠬᠦᠷᠳᠡᠬᠦ ᠦᠢᠯᠡᠰ ᠪᠣᠯᠣᠨ᠎ᠠ᠃ ᠮᠠᠨ ᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠣᠯᠣᠨ ᠪᠠᠶᠢᠭᠤᠯᠤᠯᠲᠠ ᠨᠢ ︽ᠤᠷᠤᠭᠰᠢᠯᠠᠪᠠᠯ ᠪᠦᠷᠢᠨ ᠢᠯᠠᠯᠲᠠ ᠣᠯᠵᠤ᠂ ᠤᠬᠤᠷᠢᠪᠠᠯ ᠭᠦᠢᠴᠡᠳ ᠢᠯᠠᠭᠳᠠᠬᠤ︾ ᠵᠠᠩᠭᠢᠯᠠᠭ᠎ᠠ ᠶᠢᠨ ᠴᠠᠭ ᠦᠶ᠎ᠡ ᠳᠤ ᠣᠷᠣᠪᠠ᠃ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠠᠪᠤᠳᠠᠯ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠠᠪᠤᠳᠠᠯ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠵᠦ ᠪᠠᠶᠢᠭ᠎ᠠ ᠶᠤᠮ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠡᠷᠴᠢᠮᠲᠡᠢ ᠲᠦᠯᠬᠢᠨ ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠪᠣᠯᠬᠤ ᠮᠥᠷᠲᠡᠭᠡᠨ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠴᠡᠭᠡ ᠪᠣᠯᠬᠤᠷ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ  ᠢ ᠡᠷᠬᠡᠪᠰᠢ ᠪᠠᠲᠤ ᠪᠠᠬᠢ ᠪᠤᠢ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠢ ᠲᠥᠷᠭᠡᠨ ᠠᠬᠢᠭᠤᠯᠬᠤ ᠲᠦᠢᠯ ᠤᠨ ᠴᠢᠬᠤᠯᠠ ᠴᠢᠨᠠᠷ ᠢ ᠪᠠᠶᠢᠯᠳᠤᠬᠤ ᠪᠣᠳᠣᠯᠭ᠎ᠠ ᠪᠣᠯᠣᠨ ᠪᠦᠬᠦ ᠲᠠᠯ᠎ᠠ ᠶᠢᠨ ᠦᠨᠳᠦᠷᠴᠡ ᠠᠴᠠ ᠲᠠᠨᠢᠵᠤ᠂ ᠨᠡᠶᠢᠭᠡᠮ ᠳᠠᠶᠠᠭᠠᠷ ᠢ ᠲᠠᠶᠢᠴᠢᠯᠠᠨ ᠭᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠭᠤᠯᠵᠤ ᠬᠥᠮᠦᠨ ᠪᠣᠯᠣᠨ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠰᠡᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠪᠠᠶᠢᠭ᠎ᠠ ᠡᠨᠡᠬᠦ ᠦᠵᠡᠮᠵᠢ ᠶᠢᠨ ᠣᠷᠣᠨ ᠢ ᠨᠡᠩ ᠥᠩᠭᠡ ᠢᠯᠭᠠᠷᠠᠮ᠎ᠠ ᠪᠣᠯᠭᠠᠨ ᠴᠣᠭᠴᠠᠯᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号